ᠠᠵᠤ ᠠᠬᠤᠢᠯᠠᠯ ᠪᠠ ᠠᠷᠠᠳ᠎ᠲᠤ ᠠᠰᠢᠭ᠋ ᠬᠦᠷᠲᠡᠭᠡᠬᠦ ᠠᠷᠭ᠎ᠠ ᠬᠡᠮᠵᠢᠶ᠎ᠡ᠎ᠶᠢ ᠨᠠᠢᠳᠠᠪᠤᠷᠢᠵᠢᠭᠤᠯᠬᠤ᠎ᠶᠢ
ᠦᠷᠭᠦᠯᠵᠢᠯᠡᠨ ᠠᠭᠢᠭᠤᠯᠵᠤ᠂ 《ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠨᠢ ᠬᠦᠮᠦᠨ ᠨᠢᠭᠡ ᠪᠦᠷᠢ ᠪᠠ ᠶᠠᠪᠤᠳᠠᠯ
ᠪᠦᠬᠦᠨ᠎ᠳᠦ ᠬᠠᠮᠢᠶᠠᠲᠠᠢ》 ᠪᠠᠢᠬᠤ ᠠᠵᠢᠯ᠎ᠤᠨ ᠵᠣᠷᠢᠭ᠋ ᠰᠠᠨᠠᠭ᠎ᠠ᠎ᠶᠢ ᠲᠤᠭᠤᠱᠢᠯᠠᠭᠤᠯᠬᠤ
ᠵᠢᠨ ᠲᠦᠯᠦᠭᠡ᠂ ᠵᠠᠷᠤᠳ ᠬᠣᠰᠢᠭᠤᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ ᠨᠢ
ᠠᠵᠤ ᠠᠬᠤᠢᠯᠠᠯ᠎ᠤᠨ ᠣᠲᠣ᠌᠎ᠶᠢᠨ ᠣᠷᠣᠰᠢᠵᠤ ᠪᠠᠢᠭ᠎ᠠ 《ᠪᠠᠴᠢᠮᠳᠠᠵᠦ ᠬᠦᠴᠢᠷᠳᠡᠵᠦ
ᠵᠤᠪᠠᠨᠢᠵᠦ ᠬᠦᠰᠡᠵᠦ》 ᠪᠠᠢᠭ᠎ᠠ ᠠᠰᠠᠭᠤᠳᠠᠯ᠎ᠳᠤ ᠴᠢᠭᠯᠡᠭᠦᠯᠦᠨ᠂ ᠠᠵᠤ
ᠠᠬᠤᠢᠯᠠᠯ᠎ᠢ ᠬᠠᠪᠰᠤᠷᠤᠨ 《ᠲᠤᠯᠭᠠᠮᠳᠠᠭ᠍ᠰᠠᠨ ᠠᠰᠠᠭᠤᠳᠠᠯ᠎ᠤᠳ᠎ᠢ ᠨᠢ ᠰᠢᠢᠳᠪᠦᠷᠢᠯᠡᠬᠦ》 ᠪᠠᠷ
ᠠᠵᠢᠯ᠎ᠤᠨ ᠡᠭᠦᠷᠭᠡ᠎ᠪᠡᠨ ᠪᠣᠯᠭᠠᠵᠤ᠂ 2023 ᠣᠨ᠎ᠤ ᠳᠡᠭᠡᠷ᠎ᠡ ᠬᠠᠭᠠᠰ ᠵᠢᠯ᠎ᠳᠦ ᠤᠯᠠᠨᠳᠠ ᠪᠠᠢᠴᠠᠭᠠᠨ ᠰᠤᠳᠤᠯᠤᠯᠲᠠ
ᠪᠠ ᠠᠵᠤ ᠠᠬᠤᠢᠯᠠᠯᠲᠠᠨ᠎ᠤ ᠶᠠᠷᠢᠯᠴᠠᠬᠤ ᠬᠤᠷᠠᠯ ᠬᠢᠵᠦ᠍᠂ ᠰᠠᠨᠠᠯ ᠰᠠᠨᠠᠭᠤᠯᠭ᠎ᠠ᠎ᠶ᠋ᠢ ᠨᠢ ᠬᠤᠷᠢᠶᠠᠵᠤ᠂ ᠲᠣᠬᠢᠷᠠᠭᠤᠯᠤᠨ
ᠪᠠᠢᠷᠢᠯᠠᠭᠤᠯᠵᠤ ᠨᠠᠢᠳᠠᠪᠤᠷᠢᠵᠢᠭᠤᠯᠬᠤ ᠠᠵᠢᠯ᠎ᠢ ᠥᠷᠨᠢᠭᠦᠯᠵᠦ᠂ ᠡᠭᠦᠨ᠎ᠢᠶᠡᠷ ᠰᠠᠭᠤᠷᠢ ᠪᠣᠯᠭᠠᠨ 《ᠡᠯᠡᠰᠦᠨ ᠬᠠᠢᠷᠴᠠᠭ᠎ᠤᠨ ᠬᠢᠨᠠᠯᠲᠡ ᠬᠠᠮᠢᠶᠠᠷᠤᠯᠲᠠ》᠂ 《ᠬᠦᠷᠦᠯᠴᠡᠬᠦ᠌ ᠮᠠᠶᠢᠭ᠋᠎ᠤᠨ ᠬᠢᠨᠠᠨ ᠬᠠᠮᠢᠶᠠᠷᠤᠯᠲᠠ》᠎ᠶᠢᠨ ᠠᠵᠢᠯ᠎ᠤᠨ ᠵᠠᠭᠪᠤᠷ᠎ᠢ ᠡᠬᠦᠳᠦᠨ
ᠭᠡᠷᠡᠭᠵᠢᠬᠦᠯᠵᠡᠢ᠃ 6 ᠰᠠᠷ᠎ᠠ᠎ᠶᠢᠨ 14᠎ᠦ ᠡᠳᠦᠷ᠂ ᠳᠡᠳ᠋ ᠲᠣᠪᠴᠢᠶᠠᠨ ᠳᠠᠷᠤᠭ᠎ᠠ ᠳ᠋ᠦᠩ ᠰᠢᠶᠣᠣ ᠪᠥᠸᠧ ᠪᠦᠯᠬᠦᠮ
ᠳᠠᠭᠠᠭᠤᠯᠤᠨ ᠯᠦᠪᠸᠢ᠎ᠶ᠋ᠢᠨ ᠠᠵᠤ ᠦᠢᠯᠡᠳᠪᠦᠷᠢ᠎ᠶᠢᠨ ᠬᠦᠷᠢᠶᠡᠯᠡᠩ
ᠲᠣᠭᠣᠷᠢᠭ᠋᠎ᠤᠨ 4 ᠠᠵᠤ ᠠᠬᠤᠢᠯᠠᠯ᠎ᠢᠶᠠᠷ ᠬᠦᠷᠴᠦ᠂ 《ᠡᠯᠡᠰᠦᠨ ᠬᠠᠢᠷᠴᠠᠭ᠎ᠤᠨ
ᠬᠢᠨᠠᠯᠲᠡ ᠬᠠᠮᠢᠶᠠᠷᠤᠯᠲᠠ》᠂ 《ᠬᠦᠷᠦᠯᠴᠡᠬᠦ᠌
ᠮᠠᠶᠢᠭ᠋᠎ᠤᠨ ᠬᠢᠨᠠᠯᠲᠡ ᠬᠠᠮᠢᠶᠠᠷᠤᠯᠲᠠ》᠎ᠶᠢᠨ ᠲᠥᠷᠥ᠎ᠶᠢᠨ ᠪᠣᠳᠣᠯᠭ᠎ᠠ᠎ᠶᠢ ᠤᠬᠠᠭᠤᠯᠤᠭᠰᠠᠨ ᠪᠠᠢᠨ᠎ᠠ᠃


《ᠡᠯᠡᠰᠦᠨ ᠬᠠᠢᠷᠴᠠᠭ᠎ᠤᠨ ᠬᠢᠨᠠᠯᠲᠡ ᠬᠠᠮᠢᠶᠠᠷᠤᠯᠲᠠ》 ᠭᠡᠳᠡᠭ ᠨᠢ ᠤᠷᠢᠳ᠎ᠢᠶᠠᠷ ᠨᠢᠭᠡ ᠬᠦᠷᠢᠶ᠎ᠡ ᠬᠡᠪᠴᠢᠶ᠎ᠡ᠎ᠶᠢ ᠵᠠᠭᠠᠭᠯᠠᠨ ᠲᠣᠭᠲᠠᠭᠠᠵᠤ᠂
《ᠬᠠᠢᠷᠴᠠᠭ》 ᠤᠨ ᠳᠣᠲᠣᠷᠠᠬᠢ
ᠠᠵᠤ ᠠᠬᠤᠢᠯᠠᠯ᠎ᠳᠤ ᠪᠠᠭᠲᠠᠭᠠᠮᠵᠢᠲᠠᠢ ᠪᠥᠭᠡᠳ ᠬᠢᠨᠠᠭᠤᠷ ᠪᠣᠯᠭᠣᠮᠵᠢᠲᠠᠢ ᠬᠢᠨᠠᠯᠲᠠ ᠬᠠᠮᠢᠶᠠᠷᠤᠯᠲᠠ᠎ᠶᠢᠨ ᠠᠷᠭ᠎ᠠ
ᠬᠡᠮᠵᠢᠶ᠎ᠡ ᠠᠪᠬᠤ᠎ᠶᠢᠨ ᠬᠠᠮᠲᠤ ᠠᠰᠠᠭᠤᠳᠠᠯ᠎ᠢ 《ᠬᠠᠢᠷᠴᠠᠭ》 ᠤᠨ ᠬᠡᠪᠴᠢᠶᠡᠨ ᠡᠴᠡ ᠲᠠᠷᠬᠠᠬᠤ᠎ᠡᠴᠡ ᠪᠤᠯᠭᠤᠮᠵᠢᠯᠠᠵᠤ᠂ ᠠᠯᠳᠠᠭ᠎ᠠ ᠪᠤᠷᠤᠭᠤ᠎ᠶᠢ ᠪᠠᠭᠲᠠᠭᠠᠬᠤ
ᠲᠣᠭᠲᠠᠴᠠ᠎ᠶᠢ ᠬᠡᠷᠡᠭᠵᠢᠭᠦᠯᠬᠦ᠎ᠶᠢ ᠵᠢᠭᠠᠵᠤ ᠪᠠᠢᠨ᠎ᠠ᠃ 《ᠬᠦᠷᠦᠯᠴᠡᠬᠦ᠌ ᠮᠠᠶᠢᠭ᠋᠎ᠤᠨ
ᠬᠢᠨᠠᠯᠲᠡ ᠬᠠᠮᠢᠶᠠᠷᠤᠯᠲᠠ》 ᠪᠣᠯ ᠨᠢᠭᠡ ᠵᠦᠢᠯ᠎ᠦᠨ ᠰᠢᠨ᠎ᠡ ᠮᠠᠶᠢᠭ᠋᠎ᠤᠨ
ᠬᠢᠨᠠᠯᠲᠡ ᠬᠠᠮᠢᠶᠠᠷᠤᠯᠲᠠ᠎ᠶᠢᠨ ᠲᠣᠭᠲᠠᠴᠠ ᠮᠥᠨ᠂ ᠥᠭᠡᠷ᠎ᠡ᠎ᠪᠡᠷ ᠬᠡᠯᠡᠪᠡᠯ ᠰᠣᠯᠠ ᠮᠠᠶᠢᠭ᠋᠎ᠤᠨ ᠬᠢᠨᠠᠯᠲᠡ ᠬᠠᠮᠢᠶᠠᠷᠤᠯᠲᠠ ᠮᠥᠨ᠃ ᠠᠵᠤ ᠠᠬᠤᠢᠯᠠᠯ᠎ᠳᠤ ᠬᠥᠭᠵᠢᠯᠲᠡ᠎ᠶᠢᠨ
ᠲᠠᠭᠠᠲᠠᠢ ᠣᠷᠴᠢᠨ ᠨᠥᠬᠥᠴᠡᠯ᠎ᠢ ᠬᠠᠩᠭᠠᠬᠤ᠎ᠶᠢᠨ ᠬᠠᠮᠲᠤ᠂ 《ᠭᠣᠣᠯᠳᠠᠯᠭ᠎ᠠ᠎ᠲᠠᠢ
ᠬᠢᠨᠠᠨ ᠬᠠᠮᠢᠶᠠᠷᠬᠤ ᠵᠦᠢᠯᠡᠰ》᠎ᠢ ᠵᠦᠷᠢᠴᠡᠵᠦ᠍ ᠪᠣᠯᠣᠰᠢ ᠦᠭᠡᠢ ᠬᠢᠨᠠᠯᠲᠡ ᠬᠠᠮᠢᠶᠠᠷᠤᠯᠲᠠ᠎ᠶᠢᠨ ᠬᠣᠷᠢᠭ᠎ᠠ
ᠱᠤᠭᠤᠮ ᠪᠣᠯᠭᠠᠨ ᠲᠣᠭᠲᠠᠭᠠᠵᠤ᠂ ᠵᠦᠷᠢᠴᠡᠭ᠌ᠰᠡᠨ ᠪᠠᠢᠳᠠᠯ ᠳᠤᠤᠷ᠎ᠠ ᠬᠢᠨᠠᠯᠲᠡ ᠬᠠᠮᠢᠶᠠᠷᠤᠯᠲᠠ᠎ᠶᠢᠨ ᠬᠠᠤᠯᠢ
ᠪᠠᠷ ᠱᠢᠢᠳᠪᠦᠷᠢᠯᠡᠨ᠎ᠡ᠃

ᠲᠣᠭᠲᠠᠴᠠ᠎ᠶᠢᠨ ᠨᠠᠢᠳᠠᠪᠤᠷᠢᠵᠢᠭᠤᠯᠤᠯᠲᠠ᠎ᠶᠢ ᠠᠬᠢᠭᠤᠯᠬᠤ᠎ᠶᠢᠨ ᠲᠥᠯᠥᠭᠡ᠂ ᠵᠠᠷᠤᠳ
ᠬᠣᠰᠢᠭᠤᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ
ᠲᠣᠪᠴᠢᠶ᠎ᠠ ᠪᠠᠰᠠ ᠬᠣᠶᠠᠷ ᠵᠦᠢᠯ᠎ᠦᠨ ᠢᠵᠢ ᠪᠦᠷᠢᠳᠦᠭᠦᠯᠦᠭ᠌ᠰᠡᠨ ᠠᠷᠭ᠎ᠠ ᠬᠡᠮᠵᠢᠶ᠎ᠡ᠎ᠶᠢ ᠨᠡᠢᠲᠡᠯᠡᠪᠡ᠄ ᠨᠢᠭᠡ᠎ᠳᠦ᠂
《ᠠᠯᠳᠠᠭ᠎ᠠ ᠪᠤᠷᠤᠭᠤ᠎ᠶᠢ ᠪᠠᠭᠲᠠᠭᠠᠬᠤ ᠲᠣᠭᠲᠠᠴᠠ》 ᠵᠢᠨ ᠬᠢᠨᠠᠯᠲᠡ ᠬᠠᠮᠢᠶᠠᠷᠤᠯᠲᠠ᠎ᠶᠢ
ᠪᠠᠢᠭᠤᠯᠤᠨ᠎ᠠ᠃ ᠠᠵᠤ ᠠᠬᠤᠢᠯᠠᠯ᠎ᠤᠨ ᠬᠠᠤᠯᠢ ᠲᠣᠭᠲᠠᠭᠠᠯ᠎ᠠᠴᠠ ᠬᠥᠩᠭᠡᠪᠲᠦᠷ ᠵᠥᠷᠢᠴᠡᠭᠰᠡᠨ᠂ ᠦᠶ᠋ᠯᠡ ᠪᠠᠢᠳᠠᠯ
ᠨᠢ ᠬᠦᠨᠳᠦ ᠨᠣᠴᠢᠲᠠᠢ ᠪᠢᠰᠢ ᠪᠥᠭᠡᠳ ᠴᠠᠭ ᠲᠤᠬᠠᠢ ᠳ᠋ᠤᠨᠢ ᠵᠠᠯᠠᠷᠠᠭᠤᠯᠤᠭᠰᠠᠨ᠂ ᠬᠣᠣᠷ ᠬᠥᠨᠥᠭᠡᠯ ᠦᠵᠡᠭᠦᠯᠦᠭ᠌ᠰᠡᠨ
ᠦᠭᠡᠢ ᠪᠠᠢᠪᠠᠯ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
ᠵᠠᠬ᠎ᠠ ᠳᠡᠯᠭᠡᠭᠦᠷ᠎ᠦᠨ ᠬᠢᠨᠠᠯᠲᠡ ᠬᠠᠮᠢᠶᠠᠷᠤᠯᠲᠠ᠎ᠶᠢᠨ ᠬᠠᠤᠯᠢ᠎ᠠᠴᠠ ᠬᠥᠩᠭᠡᠪᠲᠦᠷ ᠵᠥᠷᠢᠴᠡᠭᠰᠡᠨ ᠦᠶ᠋ᠯᠡ ᠠᠵᠢᠯᠯᠠᠭ᠎ᠠ᠎ᠳᠤ
ᠵᠠᠰᠠᠭ ᠵᠠᠬᠢᠷᠭᠠᠨ᠎ᠤ ᠰᠢᠢᠳᠬᠡᠯ ᠥᠯᠥ᠍ ᠣᠯᠭᠣᠬᠤ ᠨᠠᠷᠢᠨ ᠲᠠᠩᠰᠠ》 ᠶᠣᠰᠣᠭᠠᠷ᠂
ᠵᠠᠰᠠᠭ ᠵᠠᠬᠢᠷᠭᠠᠨ᠎ᠤ ᠰᠢᠢᠳᠬᠡᠯ ᠣᠯᠭᠣᠬᠤ ᠦᠭᠡᠢ᠃ ᠠᠯᠪᠠᠳᠠᠯᠭ᠎ᠠ᠎ᠶᠢᠨ ᠪᠤᠰᠤ ᠠᠷᠭ᠎ᠠ ᠬᠡᠮᠵᠢᠶ᠎ᠡ᠎ᠪᠡᠷ ᠵᠠᠰᠠᠭ ᠵᠠᠬᠢᠷᠭᠠᠨ᠎ᠤ ᠬᠠᠮᠢᠶᠠᠷᠤᠯᠲᠠ᠎ᠶᠢᠨ
ᠵᠣᠷᠢᠯᠭ᠎ᠠ᠎ᠳᠤ ᠬᠦᠷᠴᠦ ᠳᠡᠶ᠋ᠢᠯᠬᠦ ᠪᠠᠢᠳᠠᠯ ᠲᠤᠤᠷ᠎ᠠ᠂
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ
ᠬᠢᠨᠠᠨ ᠬᠠᠮᠢᠶᠠᠷᠤᠯᠲᠠ᠎ᠳᠤ ᠵᠠᠰᠠᠭ ᠵᠠᠬᠢᠷᠭᠠᠨ᠎ᠤ ᠠᠯᠪᠠᠳᠠᠯᠭ᠎ᠠ᠎ᠶᠢᠨ ᠠᠷᠭ᠎ᠠ ᠬᠡᠮᠵᠢᠶ᠎ᠡ᠎ᠶᠢ ᠥᠯᠥ ᠠᠪᠬᠤ
ᠨᠠᠷᠢᠨ ᠲᠠᠩᠰᠠ》ᠵᠢᠨ ᠶᠣᠰᠣᠭᠠᠷ᠂ ᠵᠠᠰᠠᠭ ᠵᠠᠬᠢᠷᠭᠠᠨ᠎ᠤ ᠠᠯᠪᠠᠳᠠᠯᠭ᠎ᠠ᠎ᠶᠢᠨ ᠠᠷᠭ᠎ᠠ ᠬᠡᠮᠵᠢᠶ᠎ᠡ ᠠᠪᠬᠤ ᠦᠭᠡᠢ᠃ ᠬᠤᠶᠠᠷ᠎ᠲᠤ᠂ ᠤᠶᠠᠨ᠎ᠢᠶᠠᠷ ᠬᠠᠤᠯᠢ ᠬᠡᠷᠡᠭᠵᠢᠭᠦᠯᠬᠦ
ᠠᠷᠭ᠎ᠠ ᠮᠠᠶᠢᠭ᠋᠎ᠤᠨ ᠬᠢᠨᠠᠯᠲᠡ ᠬᠠᠮᠢᠶᠠᠷᠤᠯᠲᠠ᠎ᠶᠢ ᠪᠠᠢᠭᠤᠯᠤᠨ᠎ᠠ᠃
ᠢᠳᠬᠠᠨ ᠰᠤᠷᠭᠠᠬᠤ᠂ ᠳᠠᠭᠤᠳᠠᠨ ᠶᠠᠷᠢᠯᠴᠠᠵᠤ ᠰᠡᠷᠡᠮᠵᠢᠯᠡᠭᠦᠯᠬᠦ ᠵᠡᠷᠭᠡ ᠠᠷᠭ᠎ᠠ ᠮᠠᠶᠢᠭ᠋᠎ᠢ ᠬᠠᠤᠯᠢ ᠶᠣᠰᠣᠭᠠᠷ
ᠬᠡᠷᠡᠭᠯᠡᠵᠦ᠂ ᠵᠠᠬ᠎ᠠ ᠳᠡᠯᠭᠡᠭᠦᠷ᠎ᠦᠨ ᠪᠡᠶᠡᠴᠢ ᠴᠣᠭᠴᠠ᠎ᠶᠢᠨ ᠤᠬᠠᠮᠰᠠᠷ᠎ᠠᠴᠠ᠎ᠪᠠᠨ ᠬᠠᠤᠯᠢ ᠴᠠᠭᠠᠵᠠ᠎ᠶᠢᠨ ᠡᠭᠦᠷᠭᠡ᠎ᠪᠡᠨ
ᠭᠦᠢᠴᠡᠳᠬᠡᠬᠦ᠂ ᠬᠠᠤᠯᠢ ᠡᠴᠡ ᠵᠥᠷᠢᠴᠡᠭᠰᠡᠨ ᠦᠢᠯᠡ ᠠᠵᠢᠯᠯᠠᠭ᠎ᠠ᠎ᠪᠠᠨ ᠵᠠᠯᠠᠷᠠᠭᠤᠯᠬᠤ᠂ ᠬᠣᠣᠷ ᠨᠦᠯᠦᠭᠡ᠎ᠪᠠᠨ ᠠᠷᠢᠯᠭᠠᠬᠤ᠎ᠶ᠋ᠢ ᠨᠢ ᠬᠢᠨᠠᠨ ᠵᠢᠯᠤᠭᠤᠳᠴᠦ᠍᠂ ᠬᠢᠨᠠᠯᠲᠡ ᠬᠠᠮᠢᠶᠠᠷᠤᠯᠲᠠ᠎ᠶᠢ
ᠬᠦᠴᠦ᠍᠎ᠲᠠᠢ ᠮᠥᠷᠲᠡᠭᠡᠨ ᠡᠭᠡᠯᠢ ᠲᠠᠢ ᠪᠣᠯᠭᠠᠵᠤ᠂ ᠴᠢᠩᠭ᠎ᠠ
ᠰᠤᠯᠠ ᠬᠠᠮᠢᠶᠠᠷᠤᠯᠲᠠ᠎ᠶᠢ ᠬᠤᠤᠰᠯᠠᠭᠤᠯᠤᠨ᠂ ᠬᠠᠤᠯᠢ
ᠴᠠᠭᠠᠵᠠ ᠶᠤᠰᠤ ᠵᠦᠢ᠎ᠶᠢ ᠬᠠᠷᠢᠯᠴᠠᠨ ᠠᠭᠤᠰᠤᠯᠴᠠᠭᠤᠯᠵᠤ᠂ ᠵᠠᠬ᠎ᠠ ᠳᠡᠯᠭᠡᠭᠦᠷ᠎ᠦᠨ ᠭᠤᠤᠯ ᠴᠣᠭᠴᠠ᠎ᠶᠢᠨ ᠬᠠᠤᠯᠢ
ᠶᠣᠰᠣᠭᠠᠷ ᠦᠨᠡᠨᠴᠢ ᠢᠲᠡᠭᠡᠮᠵᠢᠲᠡᠢ᠎ᠪᠡᠷ ᠬᠤᠳᠠᠯᠳᠤᠭ᠎ᠠ ᠡᠷᠬᠢᠯᠡᠬᠦ ᠶᠢ ᠵᠢᠯᠤᠭᠣᠳᠬᠤ᠎ᠶ᠋ᠢᠨ ᠬᠠᠮᠲᠤ ᠴᠢᠩᠭ᠎ᠠ ᠱᠠᠭᠠᠷᠳᠠᠨ᠎ᠠ᠃

ᠤᠳᠤᠬᠠᠨ ᠪᠤᠯᠳᠠᠯ᠎ᠠ᠂ ᠵᠠᠷᠤᠳ ᠬᠣᠰᠢᠭᠤᠨ᠎ᠤ ᠵᠠᠬ᠎ᠠ ᠳᠡᠯᠭᠡᠭᠦᠷ᠎ᠦᠨ ᠬᠢᠨᠠᠯᠲᠠ
ᠬᠠᠮᠢᠶᠠᠷᠤᠯᠲᠠ᠎ᠶᠢᠨ ᠲᠣᠪᠴᠢᠶ᠎ᠠ ᠨᠢᠭᠡᠨᠲᠡ ᠯᠦᠪᠸᠢ ᠶ᠋ᠢᠨ
ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋᠎ᠲᠠᠬᠢ 35 ᠠᠵᠤ ᠠᠬᠤᠢᠯᠠᠯ᠎ᠢ 《ᠡᠯᠡᠰᠦᠨ ᠬᠠᠢᠷᠴᠠᠭ᠎ᠤᠨ ᠬᠢᠨᠠᠯᠲᠡ ᠬᠠᠮᠢᠶᠠᠷᠤᠯᠲᠠ》᠂ 《ᠬᠦᠷᠦᠯᠴᠡᠬᠦ᠌ ᠮᠠᠶᠢᠭ᠋᠎ᠤᠨ ᠬᠢᠨᠠᠯᠲᠡ ᠬᠠᠮᠢᠶᠠᠷᠤᠯᠲᠠ》᠎ᠶᠢᠨ ᠦᠢᠯᠡᠴᠢᠯᠡᠭᠡᠨ᠎ᠦ ᠡᠲᠡᠭᠡᠳ᠎ᠲᠦ ᠵᠢᠭ᠍ᠰᠠᠭᠠᠨ ᠣᠷᠣᠭᠤᠯᠵᠤ᠂ ᠠᠵᠤ ᠠᠬᠤᠢᠯᠠᠯ᠎ᠤᠨ
ᠡᠵᠡᠩᠨᠡᠯᠲᠡ᠎ᠶ᠋ᠢ ᠵᠢᠷᠤᠮᠵᠢᠭᠤᠯᠬᠤ᠎ᠳᠤ ᠠᠵᠤ ᠠᠬᠤᠢᠯᠠᠯ᠎ᠤᠨ
ᠢᠲᠡᠭᠡᠮᠵᠢ᠂ ᠦᠢᠯᠡᠳᠬᠦᠨ᠎ᠦ ᠶᠠᠰᠤ ᠴᠢᠨᠠᠷ᠂ ᠮᠡᠳᠡᠯᠭᠡ᠎ᠶ᠋ᠢᠨ ᠦᠮᠴᠢᠯᠡᠯ᠎ᠤᠨ ᠡᠷᠬᠡ ᠵᠡᠷᠭᠡ ᠲᠠᠯ᠎ᠠ᠎ᠪᠠᠷ ᠬᠠᠪᠰᠤᠷᠤᠨ
ᠲᠡᠳᠬᠦᠬᠦ ᠵᠢᠯᠣᠭᠣᠳᠤᠯᠭ᠎ᠠ ᠬᠠᠩᠭᠠᠵᠤ᠂ ᠲᠠᠷᠠᠭᠠᠴᠢ᠎ᠶᠢᠨ ᠠᠯᠬᠤᠮ᠎ᠳᠤ
ᠲᠣᠰ ᠵᠠᠭᠪᠤᠷ᠎ᠢ ᠰᠠᠯᠠᠭ᠎ᠠ ᠮᠥᠴᠢᠷ ᠠᠯᠤᠰᠯᠠᠭ᠍ᠰᠠᠨ ᠬᠢᠨᠠᠨ
ᠬᠠᠮᠢᠶᠠᠷᠬᠤ ᠠᠵᠢᠯ᠎ᠳᠤ ᠭᠡᠷᠡᠭ᠌ᠵᠢᠭᠦᠯᠵᠦ᠍᠂ ᠠᠵᠤ ᠠᠬᠤᠢᠯᠠᠯ᠎ᠤᠨ ᠬᠢᠨᠠᠨ ᠬᠠᠮᠢᠶᠠᠷᠬᠤ ᠤᠳᠠᠭ᠎ᠠ ᠪᠠ ᠬᠠᠷᠰᠢᠯᠠᠯ᠎ᠢ ᠪᠠᠭᠠᠰᠬᠠᠵᠤ᠂
ᠠᠵᠤ ᠠᠬᠤᠢᠯᠠᠯ᠎ᠳᠤ 《ᠢᠲᠡᠭᠡᠮᠵᠢ᠎ᠲᠠᠢ ᠠᠵᠤ ᠠᠬᠤᠢᠯᠠᠯ ᠢ ᠠᠰᠠᠭᠤᠳᠠᠯ ᠦᠭᠡᠢ ᠪᠤᠯ ᠬᠠᠷᠰᠢᠯᠠᠬᠤ ᠦᠭᠡᠢ ᠪᠠᠢᠬᠤ》 ᠬᠢᠨᠠᠨ ᠬᠠᠮᠢᠶᠠᠷᠬᠤ ᠠᠷᠭ᠎ᠠ ᠮᠠᠶᠢᠭ᠋᠎ᠢ ᠬᠡᠷᠡᠭᠵᠢᠭᠦᠯᠬᠦ᠎ᠪᠡᠷ
ᠳᠠᠮᠵᠢᠭᠤᠯᠤᠨ᠂ ᠵᠠᠬ᠎ᠠ ᠳᠡᠯᠭᠡᠭᠦᠷ᠎ᠦᠨ ᠭᠣᠣᠯ ᠴᠣᠭᠴᠠ᠎ᠶᠢᠨ ᠠᠮᠢᠵᠢᠷᠠᠯ᠎ᠤᠨ ᠬᠦᠴᠦᠨ᠎ᠢ ᠪᠦᠲᠦᠮᠵᠢᠲᠡᠶ ᠬᠥᠭᠵᠢᠭᠡᠵᠦ᠂
ᠬᠤᠳᠠᠯᠳᠤᠭ᠎ᠠ ᠡᠷᠭᠢᠯᠡᠬᠦ ᠣᠷᠴᠢᠨ ᠨᠥᠬᠥᠴᠡᠯ᠎ᠢ ᠦᠷᠭᠦᠯᠵᠢᠯᠡᠨ ᠰᠢᠯᠢᠳᠡᠭᠵᠢᠭᠦᠯᠬᠦ᠎ᠪᠡᠷ ᠴᠢᠷᠮᠠᠢᠵᠦ
ᠪᠠᠢᠨ᠎ᠠ᠃