《ᠤᠷᠠᠨ ᠪᠦᠰᠡᠭᠦᠢ》 ᠤᠷ᠎ᠠ ᠮᠡᠷᠬᠡᠵᠢᠯ ᠤᠯᠠᠮᠵᠢᠯᠠᠨ᠎ᠠ
2023-07-20 16:39:09
ᠵᠣᠬᠢᠶᠠᠭ᠍ᠴᠢ᠄
ᠬᠣᠩ ᠱᠢᠶᠠ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠬᠴᠢ ᠬᠥᠬᠡᠬᠣᠲᠠ᠎ᠶ᠋ᠢᠨ ᠦᠴᠦᠸᠠᠨ ᠱᠢᠶᠠᠨ᠎ᠤ ᠱᠢᠩ ᠱᠧᠩ ᠨᠡᠢᠭᠡᠮ ᠲᠣᠭᠣᠷᠢᠭ᠎ᠲᠤ ᠬᠦᠷᠬᠦ ᠳ᠋ᠦ᠂ 《ᠪᠠᠳᠮᠠᠯᠠᠨ ᠲᠡᠯᠭᠡᠷᠡᠬᠦ ᠯᠢᠩᠬᠤ᠎ᠠ ᠬᠤᠸᠠᠷ ᠲᠡᠭᠡᠷ᠎ᠡ ᠬᠠᠵᠠᠭᠤᠯᠠᠨ ᠬᠡᠪᠳᠡᠬᠦ ᠡᠨᠡ ᠬᠦᠭᠡᠷᠦᠬᠦᠢ ᠵᠢᠭᠠᠯ ᠪᠤᠯ ᠬᠡᠷ ᠪᠦᠯᠢ ᠵᠢᠨ ᠡᠶ᠎ᠡ ᠵᠤᠬᠢᠴᠠᠩᠭᠤᠢ ᠬᠦᠭᠵᠢᠯ ᠪᠠᠳᠠᠷᠠᠯ ᠲᠠᠢ ᠬᠦᠰᠡᠯ ᠡᠷᠡᠮᠡᠯᠵᠡᠯ ᠲᠠᠢ ᠪᠠᠢᠬᠤ ᠵᠢ ᠪᠡᠯᠭᠡᠳᠡᠭᠰᠡᠨ ᠵᠢᠡᠷ ᠪᠠᠷᠠᠬᠤ ᠥᠬᠡᠶ ᠪᠠᠰᠠ ᠲᠥᠷᠥ᠍ ᠲᠦᠪᠱᠢᠨ ᠲᠦᠮᠡᠨ ᠠᠮᠤᠭᠤᠯᠠᠩ ᠪᠠᠢᠬᠤ ᠰᠠᠢᠨ ᠰᠠᠢᠬᠠᠨ ᠬᠦᠰᠡᠯ ᠵᠥᠩᠨᠡᠯ᠎ᠢ  ᠢᠯᠡᠷᠡᠬᠦᠯᠵᠡᠢ》 ᠭᠡᠵᠦ 《ᠤᠷᠠᠨ ᠪᠦᠰᠡᠭᠦᠢ》 ᠡᠮᠡᠭ᠌ᠲᠡᠢᠴᠦᠳ᠎ᠦᠨ ᠠᠵᠢᠯᠯᠠᠬᠤ ᠦᠷᠦᠭᠡ ᠵᠢᠨ ᠬᠡᠰᠢᠭᠦᠨ ᠯᠢᠦ ᠱᠦ᠍ ᠶᠢᠩ ᠦᠪᠡᠷ᠎ᠤᠨ ᠦᠢᠯᠡᠳᠦᠭ᠌ᠰᠡᠨ ᠪᠦᠰ ᠤᠷᠠᠯᠠᠯ᠎ᠤᠨ ᠪᠦᠲᠦᠭᠡᠯ᠎ᠵᠢᠡᠨ ᠲᠠᠨᠢᠯᠴᠠᠭᠤᠯᠵᠤ ᠪᠠᠢᠯ᠎ᠠ᠃

ᠲᠦᠷᠦᠭᠦᠬᠡᠨ᠂ ᠬᠦᠬᠡᠬᠤᠳᠠ ᠵᠢᠨ ᠦᠴᠦᠸᠠᠨ ᠱᠢᠶᠠᠨ᠎ᠤ ᠡᠮᠡᠭ᠌ᠲᠡᠢᠴᠦᠳ᠎ᠦᠨ ᠬᠣᠯᠪᠣᠭ᠎ᠠ ᠱᠢᠩ ᠱᠧᠩ ᠨᠡᠢᠭᠡᠮ ᠲᠣᠭᠣᠷᠢᠭ᠎ᠲᠤ 《ᠤᠷᠠᠨ ᠪᠦᠰᠡᠭᠦᠢ》 ᠡᠮᠡᠭ᠌ᠲᠡᠢᠴᠦᠳ᠎ᠦᠨ ᠠᠵᠢᠯᠯᠠᠬᠤ ᠦᠷᠦᠭᠡ ᠵᠢ ᠪᠠᠢᠭᠤᠯᠵᠦ᠂ ᠪᠠᠯᠭᠠᠰᠤᠨ᠎ᠤ ᠡᠮᠡᠭ᠌ᠲᠡᠢᠴᠦᠳ᠎ᠲᠦ ᠤᠷ᠎ᠠ ᠴᠢᠳᠠᠪᠤᠷᠢ ᠶ᠋ᠢᠨ ᠪᠣᠯᠪᠠᠰᠤᠷᠠᠯ ᠬᠦᠷᠲᠡᠭᠡᠵᠦ ᠪᠠᠢᠭ᠎ᠠ ᠠᠵᠢ᠃ ᠡᠮᠡᠭ᠌ᠲᠡᠢᠴᠦᠳ᠎ᠦᠨ ᠠᠵᠢᠯᠯᠠᠬᠤ ᠦᠷᠦᠭᠡ ᠨᠢ ᠯᠢᠦ ᠱᠦ᠍ ᠶᠢᠩ ᠵᠡᠷᠭᠡ ᠨᠡᠬᠡᠮᠡᠯ᠂ ᠬᠠᠳᠭᠤᠮᠠᠯ ᠪᠠ ᠬᠠᠢᠴᠢᠯᠠᠵᠤ ᠰᠡᠢᠯᠬᠦ᠌᠎ᠳᠡᠭᠡᠨ ᠴᠢᠳᠠᠮᠠᠭᠠᠢ 3 ᠡᠮᠡᠭ᠌ᠲᠡᠢ ᠪᠡᠷ ᠪᠦᠷᠢᠯᠳᠦᠵᠡᠢ᠃ 《ᠪᠢ ᠭᠤᠤᠯᠳᠠᠭᠤ ᠴᠠᠭᠠᠰᠤᠨ ᠬᠠᠢᠴᠢᠯᠠᠮᠠᠯ᠂ ᠪᠥᠰ ᠮᠡᠷᠭᠡᠵᠢᠯ᠎ᠳᠦ ᠪᠣᠯᠪᠠᠰᠤᠷᠠᠩᠭᠤᠶ᠃ ᠠᠵᠢᠯᠯᠠᠬᠤ ᠦᠷᠦᠭᠡ ᠪᠠᠢᠭᠤᠯᠤᠭ᠍ᠳᠠᠭ᠍ᠰᠠᠨ᠎ᠤ ᠳᠠᠷᠠᠭ᠎ᠠ᠂ ᠡᠵᠡᠮᠰᠢᠭᠰᠡᠨ ᠤᠷ᠎ᠠ ᠮᠡᠷᠭᠡᠵᠢᠯ᠎ᠢᠶᠡᠨ ᠡᠭᠡᠴᠢ ᠳᠡᠭᠦᠦ᠍᠎ᠨᠡᠷ᠎ᠲᠡᠭᠡᠨ ᠵᠢᠭᠠᠨ ᠥᠭ᠌ᠴᠦ᠂ ᠲᠡᠳᠡᠨ᠎ᠢ ᠬᠠᠪᠰᠤᠷᠤᠨ ᠣᠷᠣᠯᠭ᠎ᠠ᠎ᠶ᠋ᠢ ᠨᠢ ᠨᠡᠮᠡᠭ᠌ᠳᠡᠭᠦᠯᠬᠦ ᠵᠢᠨ ᠬᠠᠮᠲᠤ᠂ ᠪᠠᠰᠠ ᠪᠤᠰᠤᠳ ᠭᠠᠷ ᠤᠷᠠᠯᠠᠯ᠎ᠤᠨ ᠤᠷ᠎ᠠ ᠮᠡᠷᠭᠡᠵᠢᠯ᠎ᠢ ᠰᠤᠷᠴᠤ ᠡᠵᠡᠮᠰᠢᠬᠦ ᠳ᠋ᠤ ᠲᠦᠬᠦᠮ ᠪᠤᠯᠵᠠᠢ》 ᠬᠡᠵᠦ ᠯᠢᠦ ᠱᠦ᠍ ᠶᠢᠩ ᠬᠡᠯᠡᠨ᠎ᠡ᠃ ᠲᠡᠷᠡ ᠪᠡᠷ ᠪᠠᠰᠠ᠄ 《ᠪᠢᠳᠡ ᠦᠨᠳᠦᠰᠦᠨ ᠱᠠᠲᠤᠨ᠎ᠳᠤ ᠭᠦᠨᠵᠡᠭᠡᠢᠷᠡᠵᠦ᠍᠂ ᠬᠥᠳᠡᠯᠵᠦ᠍ ᠪᠠᠷᠢᠬᠤ᠎ᠳᠤ ᠳᠥᠭᠥᠮ ᠦᠭᠡᠢ ᠡᠮᠡᠭ᠌ᠲᠡᠢᠴᠦᠳ᠎ᠦᠨ ᠭᠡᠷ᠎ᠲᠦᠨᠢ ᠬᠦᠷᠴᠦ᠍ ᠮᠡᠷᠭᠡᠵᠢᠯ ᠴᠢᠳᠠᠪᠤᠷᠢ᠂ ᠦᠢᠯᠡᠴᠢᠯᠡᠭᠡ ᠬᠦᠷᠭᠡᠵᠦ᠂ ᠨᠡᠩ ᠤᠯᠠᠨ ᠡᠮᠡᠭ᠌ᠲᠡᠢᠴᠦᠳ᠎ᠦᠨ ᠤᠷ᠎ᠠ ᠮᠡᠷᠭᠡᠵᠢᠯ ᠰᠤᠷᠬᠤ᠎ᠶ᠋ᠢ ᠳᠠᠢ᠌ᠴᠢᠯᠠᠵᠤ᠂ ᠲᠡᠳᠡᠨ᠎ᠤ ᠭᠡᠷ᠎ᠦᠨ᠎ᠢᠶᠡᠨ ᠡᠭᠦᠳᠡᠨ᠎ᠳᠦ ᠠᠵᠢᠯ ᠤᠯᠬᠤ᠎ᠶ᠋ᠢ ᠪᠡᠶᠡᠯᠡᠭᠦᠯᠵᠦ᠍᠂ ᠡᠬᠦᠨ᠎ᠤ ᠤᠯᠠᠮ ᠵᠢᠡᠷ ᠡᠮᠡᠭ᠌ᠲᠡᠢᠴᠦᠳ᠎ᠦᠨ ᠠᠵᠢᠯ᠎ᠤᠨ ᠴᠢᠯᠥᠭᠡᠨ᠎ᠦ ᠠᠮᠢᠳᠤᠷᠠᠯ᠎ᠢ ᠪᠠᠶᠠᠯᠢᠭ᠍ᠵᠢᠭᠤᠯᠵᠤ᠂ ᠦᠷᠭᠡᠨ ᠤᠯᠠᠨ ᠡᠮᠡᠭᠳᠡᠢᠴᠦᠳ᠎ᠢ ᠲᠠᠢᠴᠢᠯᠠᠨ ᠬᠥᠳᠡᠭᠡ ᠲᠣᠰᠭᠣᠨ᠎ᠤ ᠪᠣᠯᠪᠠᠰᠤᠨ ᠱᠢᠨ᠎ᠡ ᠬᠡᠪ ᠰᠤᠷᠲᠠᠯ᠎ᠢ ᠪᠤᠢ ᠪᠤᠯᠭᠠᠬᠤ ᠭᠤᠤᠯ ᠬᠦᠴᠦᠨ ᠴᠡᠷᠢᠭ ᠪᠤᠯᠭᠠᠨ᠎ᠠ》 ᠭᠡᠯ᠎ᠡ᠃

ᠡᠮᠡᠭ᠌ᠲᠡᠢᠴᠤᠳ᠎ᠤᠨ ᠠᠵᠢᠯᠯᠠᠬᠤ ᠦᠷᠦᠭᠡ ᠨᠢ ᠪᠠᠰᠠ ᠵᠠᠬ᠎ᠠ ᠳᠡᠯᠭᠡᠭᠦᠷ᠎ᠦᠨ ᠬᠡᠷᠡᠭ᠌ᠴᠡᠭᠡ᠎ᠶ᠋ᠢ ᠦᠨᠳᠦᠰᠦᠯᠡᠨ᠂ ᠣᠷᠣᠯᠭ᠎ᠠ ᠴᠦᠭᠡᠨ ᠡᠮᠡᠭ᠌ᠲᠡᠢᠴᠦᠳ ᠪᠠ ᠦᠶ᠋ᠯᠡᠰ ᠪᠤᠰᠬᠠᠬᠤ ᠬᠦᠰᠡᠯ᠎ᠲᠠᠶ ᠡᠮᠡᠭ᠌ᠲᠡᠢᠴᠦᠳ᠎ᠢ ᠵᠣᠬᠢᠶᠠᠨ ᠪᠠᠢᠭᠤᠯᠤᠨ ᠣᠷᠢᠶᠠᠩᠭᠤ ᠬᠠᠳᠬᠤᠮᠠᠯ᠂ ᠨᠤᠤᠰᠤᠨ ᠤᠲᠠᠰᠤ ᠲᠠᠮᠤᠬᠤ ᠵᠡᠷᠭᠡ ᠪᠣᠯᠪᠠᠰᠤᠷᠠᠯ᠎ᠳᠤ ᠣᠷᠣᠯᠴᠠᠭᠤᠯᠵᠤ᠂ ᠠᠵᠢᠯ ᠣᠯᠬᠤ ᠠᠷᠭ᠎ᠠ ᠵᠠᠮ᠂ ᠣᠷᠣᠯᠭ᠎ᠠ ᠪᠠᠨ ᠨᠡᠮᠡᠭ᠌ᠳᠡᠭᠦᠯᠬᠦ᠌ ᠠᠷᠭ᠎ᠠ ᠵᠠᠮ᠎ᠢ ᠥᠷᠭᠡᠳᠭᠡᠵᠦ᠍᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠨ᠎ᠡ᠃ 《ᠡᠭᠡᠴᠢ ᠳᠡᠭᠦᠦ᠍᠎ᠨᠡᠷ᠎ᠲᠡᠶ᠎ᠪᠡᠨ ᠬᠠᠮᠲᠤ ᠪᠣᠯᠪᠠᠰᠤᠷᠠᠯ᠎ᠳᠤ ᠣᠷᠣᠯᠴᠠᠵᠤ᠂ ᠤᠷ᠎ᠠ ᠮᠡᠷᠭᠡᠵᠢᠯ ᠰᠤᠷᠤᠭ᠍ᠰᠠᠨ᠎ᠢᠶᠠᠷ ᠪᠠᠷᠠᠬᠤ ᠦᠭᠡᠢ ᠪᠠᠰᠠ ᠮᠠᠰᠢ ᠤᠯᠠᠨ ᠲᠤᠷ᠎ᠠ ᠰᠣᠨᠢᠷᠬᠠᠯ ᠨᠢᠭᠡᠲᠡᠢ ᠨᠠᠢᠵᠠ ᠲᠠᠶ ᠪᠤᠯᠵᠤ᠂ ᠡᠮᠡᠭ᠌ᠲᠡᠢᠴᠦᠳ᠎ᠦᠨ ᠬᠦᠴᠦᠨ᠎ᠢ ᠪᠤᠵᠠᠭᠠᠢᠷᠠᠭᠤᠯᠪᠠ》 ᠭᠡᠵᠦ᠍ ᠪᠣᠯᠪᠠᠰᠤᠷᠠᠯ᠎ᠳᠤ ᠣᠷᠣᠯᠴᠠᠬᠤ᠎ᠪᠠᠷ ᠢᠷᠡᠭ᠌ᠰᠡᠨ ᠯᠢ ᠬᠣᠩ ᠮᠧᠶ ᠪᠠᠶᠠᠷᠲᠠᠶ ᠬᠡᠯᠡᠨ᠎ᠡ᠃

ᠣᠢᠯᠠᠭᠠᠭ᠍ᠰᠠᠨ᠎ᠢᠶᠠᠷ᠂ ᠡᠮᠡᠭ᠌ᠲᠡᠢᠴᠦᠳ᠎ᠦᠨ ᠠᠵᠢᠯᠯᠠᠬᠤ ᠦᠷᠦᠭᠡ ᠵᠢ ᠪᠠᠢᠭᠤᠯᠬᠤ ᠪᠣᠯ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠡᠮᠡᠭ᠌ᠲᠡᠢᠴᠦᠳ᠎ᠦᠨ ᠬᠣᠯᠪᠣᠭ᠎ᠠ ᠵᠢᠨ ᠵᠣᠬᠢᠶᠠᠨ ᠪᠠᠢᠭᠤᠯᠤᠯᠲᠠ ᠵᠢᠨ ᠡᠮᠡᠭ᠌ᠲᠡᠢᠴᠦᠳ ᠲᠸ᠋ ᠦᠶ᠋ᠯᠡᠴᠢᠯᠡᠬᠦ᠌ ᠪᠠ ᠲᠡᠳᠡᠨ ᠲᠠᠢ ᠬᠠᠷᠢᠯᠴᠠᠬᠤ ᠴᠢᠬᠤᠯᠠ ᠭᠠᠷᠳᠠᠴᠠ ᠪᠤᠯᠤᠨ᠎ᠠ᠂ ᠡᠮᠡᠭ᠌ᠲᠡᠢᠴᠦᠳ᠎ᠢ ᠬᠠᠪᠰᠤᠷᠤᠨ ᠬᠦᠴᠢᠷ ᠵᠣᠪᠠᠭᠤᠷᠢ᠎ᠶ᠋ᠢ ᠨᠢ ᠱᠢᠶ᠋ᠳᠪᠦᠷᠢᠯᠡᠨ ᠦᠭᠴᠦ ᠂ ᠦᠪᠡᠷᠲᠡᠬᠡᠨ ᠵᠠᠰᠠᠬᠤ ᠤᠷᠤᠨ᠎ᠤ ᠬᠣᠶᠠᠷ ᠶᠡᠬᠡ ᠶᠠᠪᠤᠳᠠᠯ ᠢ᠋ ᠰᠠᠢᠲᠤᠷ ᠬᠢᠬᠦ᠌᠎ᠳᠦ ᠡᠮᠡᠭ᠌ᠲᠡᠢᠴᠦᠳ᠎ᠦᠨ ᠣᠶᠤᠨ ᠤᠬᠠᠭᠠᠨ ᠪᠠ ᠬᠦᠴᠦᠨ ᠴᠢᠳᠠᠯ᠎ᠢ ᠡᠷᠭᠦᠬᠦ ᠪᠡᠷ ᠵᠤᠷᠢᠯᠭ᠎ᠠ ᠪᠤᠯᠭᠠᠵᠠᠢ᠃ ᠬᠦᠬᠡᠬᠤᠳᠠ ᠵᠢᠨ ᠦᠴᠦᠸᠠᠨ ᠱᠢᠶᠠᠨ᠎ᠤ ᠡᠮᠡᠭ᠌ᠲᠡᠢᠴᠦᠳ᠎ᠦᠨ ᠬᠣᠯᠪᠣᠭ᠎ᠠ 《ᠤᠷᠠᠨ ᠪᠦᠰᠡᠭᠦᠢ》 ᠡᠮᠡᠭ᠌ᠲᠡᠢᠴᠤᠳ᠎ᠤᠨ ᠠᠵᠢᠯᠯᠠᠬᠤ ᠦᠷᠦᠭᠡ ᠪᠡᠷ ᠭᠠᠷᠳᠠᠴᠠ ᠪᠣᠯᠭᠠᠵᠤ᠂ ᠨᠡᠩ ᠤᠯᠠᠨ 《ᠡᠮᠡᠭ᠌ᠲᠡᠢ ᠤᠷᠠᠨ ᠲᠠᠷᠬᠠᠨ》 ᠢ᠋ ᠢᠯᠡᠷᠡᠬᠦᠯᠵᠦ᠂ ᠨᠡᠩ ᠤᠯᠠᠨ ᠬᠥᠳᠡᠭᠡ ᠲᠣᠰᠭᠣᠨ᠎ᠤ ᠡᠮᠡᠭ᠌ᠲᠡᠢᠴᠦᠳ᠎ᠢ ᠳᠠᠢ᠌ᠴᠢᠯᠠᠨ ᠪᠡᠶ᠎ᠡ᠎ᠪᠡᠨ ᠳᠠᠭᠠᠭᠠᠵᠤ ᠦᠢᠯᠡᠰ ᠪᠤᠰᠭᠠᠬᠤ ᠵᠠᠮ᠎ᠢᠶᠠᠷ ᠵᠠᠮᠨᠠᠭᠤᠯᠤᠨ᠎ᠠ᠃

ᠣᠳᠣᠬᠠᠨ ᠪᠤᠯᠳᠠᠯ᠎ᠠ ᠪᠥᠬᠥ᠌ ᠣᠷᠣᠨ᠎ᠳᠤ 3000 ᠱᠢᠬᠠᠮ ᠡᠮᠡᠭ᠌ᠲᠡᠢᠴᠤᠳ᠎ᠤᠨ ᠠᠵᠢᠯᠯᠠᠬᠤ ᠦᠷᠦᠭᠡ ᠲᠠᠢ ᠪᠤᠯᠵᠦ᠂ ᠡᠮᠡᠭ᠌ᠲᠡᠢᠴᠦᠳ᠎ᠦᠨ ᠠᠵᠢᠯ ᠣᠯᠵᠤ ᠦᠶ᠋ᠯᠡᠰ ᠪᠤᠰᠬᠠᠬᠤ᠎ᠶ᠋ᠢ ᠠᠬᠢᠭᠤᠯᠬᠤ᠎ᠶ᠋ᠢᠨ ᠬᠠᠮᠲᠤ᠂ ᠡᠮᠡᠭ᠌ᠲᠡᠢᠴᠦᠳ᠎ᠦᠨ ᠡᠷᠬᠡ ᠠᠱᠢᠭ᠎ᠢ ᠬᠠᠮᠠᠭᠠᠯᠠᠬᠤ᠂ ᠡᠮᠡᠭ᠌ᠲᠡᠢᠴᠦᠳ ᠲᠸ᠋ ᠦᠢᠯᠡᠴᠢᠯᠡᠬᠦ᠂ ᠦᠵᠡᠯ ᠰᠠᠨᠠᠭ᠎ᠠ᠎ᠶ᠋ᠢ ᠬᠥᠲᠥᠯᠥᠨ ᠳᠠᠭᠠᠭᠤᠯᠬᠤ ᠵᠡᠷᠭᠡ ᠠᠵᠢᠯ᠎ᠢ ᠢᠳᠡᠪᠬᠢᠲᠡᠶ ᠦᠷᠨᠢᠬᠦᠯᠵᠦ᠂ ᠡᠮᠡᠭ᠌ᠲᠡᠢᠴᠦᠳ᠎ᠦᠨ ᠶᠡᠷᠦᠩᠬᠡᠢᠯᠡᠭᠰᠡᠨ ᠬᠡᠪ ᠴᠢᠨᠠᠷ ᠪᠠ ᠬᠡᠷ ᠪᠦᠯᠢ ᠶ᠋ᠢᠨ ᠵᠣᠯ ᠵᠢᠷᠭᠠᠯ᠎ᠤᠨ ᠵᠢᠭᠠᠯᠲᠠ ᠲᠣᠭ᠎ᠠ᠎ᠶ᠋ᠢ ᠳᠡᠭᠡᠭ᠌ᠰᠢᠯᠡᠭᠦᠯᠪᠡ᠃

ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ ᠬᠠᠮᠢᠶ᠎ᠠ ᠪᠥᠬᠥᠶ ᠬᠠᠷᠢᠭᠤᠴᠠᠯᠭᠠᠲᠠᠨ᠎ᠤ ᠲᠠᠨᠢᠯᠴᠠᠭᠤᠯᠬᠤ ᠪᠡᠷ᠂ ᠡᠨᠡ ᠵᠢᠯ ᠮᠠᠨ᠎ᠤ ᠣᠷᠣᠨ ᠡᠮᠡᠭ᠌ᠲᠡᠢᠴᠦᠳ᠎ᠦᠨ ᠠᠵᠢᠯᠯᠠᠬᠤ ᠦᠷᠦᠭᠡ ᠵᠢᠨ ᠦᠶ᠋ᠯᠡᠴᠢᠯᠡᠭᠡᠨ᠎ᠦ ᠬᠡᠪᠴᠢᠶ᠎ᠡ᠎ᠶ᠋ᠢ ᠲᠠᠰᠤᠷᠠᠯᠲᠠ ᠥᠬᠡᠶ ᠥᠷᠭᠡᠳᠭᠡᠵᠦ᠍᠂ ᠣᠨᠴᠠᠯᠢᠭ᠎ᠢᠶᠠᠷ ᠢᠯᠡ ᠲᠣᠳᠣ᠂ ᠢᠳᠡᠭᠡᠯ ᠨᠠᠢᠳᠠᠪᠤᠷᠢᠳᠠᠢ ᠡᠮᠡᠭ᠌ᠲᠡᠢᠴᠦᠳ᠎ᠦᠨ ᠠᠵᠢᠯᠯᠠᠬᠤ ᠦᠷᠦᠭᠡ ᠵᠢ ᠨᠠᠩ ᠣᠯᠠᠨ ᠪᠠᠢᠭᠤᠯᠵᠤ᠂ ᠨᠡᠩ ᠤᠯᠠᠨ ᠡᠮᠡᠭ᠌ᠲᠡᠢᠴᠦᠳ᠎ᠲᠦ ᠬᠠᠮᠤᠭ᠎ᠤᠨ ᠳᠣᠲᠣᠨᠣ᠂ ᠬᠠᠮᠤᠭ᠎ᠤᠨ ᠬᠥᠭ᠌ᠵᠢᠶᠡᠨᠲᠡᠶ ᠦᠢᠯᠡᠴᠢᠯᠡᠭᠡ ᠬᠠᠩᠭᠠᠬᠤ ᠪᠡᠷ ᠴᠢᠷᠮᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号