ᠠᠮᠢ ᠠᠬᠤᠢ ᠡᠴᠡ ᠠᠰᠢᠭ ᠬᠦᠷᠳᠡᠵᠤ ᠮᠠᠯᠴᠢᠨ ᠲᠠᠷᠢᠶᠠᠴᠢᠨ 《ᠨᠤᠭᠤᠭᠠᠨ ᠪᠠᠩᠬᠢ》 ᠲᠠᠢ ᠪᠣᠯᠪᠠ
2023-08-12 10:37:24
ᠵᠣᠬᠢᠶᠠᠭ᠍ᠴᠢ᠄
ᠡᠾᠦᠸᠸ ᠱᠢᠶᠤᠤ ᠴᠢᠩ
ᠣᠩᠱᠢᠭ᠍ᠰᠠᠨ ᠣᠳᠠᠭ᠎ᠠ᠄
★★★☆☆

— ᠣᠷᠳᠣᠰ ᠬᠣᠲᠠ ᠬᠡᠷ ᠪᠦᠯᠢ ᠢ᠋ᠢᠨ ᠣᠶ ᠰᠢᠭᠤᠢ (ᠡᠪᠡᠰᠤ) ᠶ᠋ᠢᠨ ᠲᠠᠯᠠᠪᠠᠶ ᠵᠢᠨ ᠵᠠᠭᠪᠤᠷ ᠵᠢᠡᠷ ᠲᠠᠮᠵᠢᠨ ᠠᠮᠢ ᠠᠬᠤᠶ  ᠢ᠋ᠢ ᠰᠡᠷᠭᠦᠭᠡᠨ ᠵᠠᠰᠠᠬᠤ  ᠢ᠋ᠢ  ᠬᠡᠪᠴᠢᠶᠡᠵᠢᠭᠦᠯᠦᠨ ᠠᠬᠢᠭᠤᠯᠵᠤ ᠪᠠᠢᠨ᠎ᠠ

  

ᠬᠥᠪᠡᠭᠡ ᠬᠢᠵᠠᠭᠠᠷ ᠦᠭᠡᠢ ᠦᠷᠭᠦᠯᠵᠢᠯᠡᠬᠦ ᠪᠤᠷᠭᠠᠰᠤ ᠪᠠ ᠬᠠᠷᠭᠠᠨ᠎ᠠ ᠢ᠋ᠢᠨ ᠣᠢ ᠬᠠᠷᠠᠭ᠎ᠠ ᠴᠢᠯᠡᠬᠡᠨ ᠬᠦᠬᠡᠷᠡᠵᠤ ᠂ ᠣᠢ ᠢ᠋ᠢᠨ ᠭᠦᠨ ᠵᠦᠭ ᠲᠤᠲᠤᠭᠰᠢᠯᠠᠪᠠᠯ 《ᠵᠧᠸ᠋ ᡁᠢ ᠵᠥᠩ ᠤ᠋ᠨ ᠬᠡᠷ ᠪᠦᠯᠢ ᠢ᠋ᠢᠨ ᠣᠶ ᠱᠢᠭᠤᠶ ᠢ᠋ᠢᠨ ᠲᠠᠯᠠᠪᠠᠶ》 ᠭᠡᠬᠦ᠌ ᠫᠠᠢᠰᠠ ᠬᠠᠷᠠᠭᠠᠨ ᠳ᠋ᠤ ᠲᠤᠳᠤᠷᠠᠯ᠎ᠠ᠃

《ᠥᠩᠭᠡᠷᠡᠭᠡᠭ᠌ᠰᠡᠨ ᠳ᠋ᠤ ᠡᠨᠡ ᠬᠠᠪᠢ ᠪᠡᠷ ᠪᠦᠷ ᠡᠯᠡᠰᠦ ᠪᠠᠢᠵᠤ᠂ ᠬᠥᠮᠦᠰ ᠣᠷᠣᠱᠢᠨ ᠲᠣᠭ᠍ᠲᠠᠨᠢᠬᠤ ᠢ᠋ᠢᠨ ᠠᠷᠭ᠎ᠠ ᠦᠭᠡᠢ ᠪᠤᠯᠤᠭᠠᠳ ᠨᠡᠭᠦᠵᠦ᠍ ᠶᠠᠪᠤᠪᠠ᠃ ᠣᠲᠣ ᠣᠶ ᠮᠤᠳᠤ ᠢᠭᠴᠤᠷᠠᠨ ᠨᠢᠴᠦᠬᠦᠨ ᠡᠯᠡᠰᠦ ᠬᠠᠷᠠᠭ᠍ᠳᠠᠬᠤ ᠥᠬᠡᠶ ᠪᠣᠯᠴᠢᠬᠠᠯ᠎ᠠ ᠂ ᠮᠠᠨ ᠤ᠋ ᠪᠥᠬᠥ᠌ ᠬᠡᠷ ᠤ᠋ᠨ ᠠᠮᠢᠳᠤᠷᠠᠯ ᠴᠤ᠌ ᠡᠨᠡ ᠬᠡᠰᠡᠭ ᠣᠶ ᠪᠡᠨ ᠲᠦᠱᠢᠵᠦ᠍ ᠪᠠᠢᠨ᠎ᠠ》 ᠬᠡᠵᠤ ᠵᠧᠦ ᡁᠢ ᠵᠦᠩ ᠶᠠᠷᠢᠨ᠎ᠠ᠃ ᠲᠡᠷᠡ ᠲᠤᠬᠠᠢ ᠢ᠋ᠢᠨ ᠵᠢᠯ ᠳ᠋ᠤ ᠣᠷᠣᠱᠢᠨ ᠰᠠᠭᠤᠷᠢᠰᠢᠬᠤ ᠣᠷᠴᠢᠨ ᠨᠦᠬᠦᠴᠡᠯ ᠵᠢᠡᠨ ᠬᠤᠪᠢᠷᠠᠭᠤᠯᠬᠤ ᠢ᠋ᠢᠨ ᠲᠥᠯᠥᠭᠡ 30 ᠭᠠᠷᠤᠢ ᠲᠦᠮᠡᠨ ᠮᠦ᠍ ᠪᠤᠳᠠᠯᠢᠭ ᠮᠣᠳᠣ ᠲᠠᠷᠢᠵᠤ ᠤᠢᠵᠢᠭᠤᠯᠤᠭᠰᠠᠨ ᠡᠴᠡ ᠤᠳᠤ ᠨᠢᠬᠡᠨᠳᠡ ᠨᠢᠭᠡ ᠭᠡᠷ ᠤ᠋ᠨ ᠬᠦᠮᠦᠰ ᠤ᠋ᠨ 《ᠨᠤᠭᠤᠭᠠᠨ ᠪᠠᠩᠬᠢ》 ᠪᠣᠯᠴᠢᠬᠠᠵᠠᠢ ᠃

ᠵᠧᠦ ᡁᠢ ᠵᠦᠩ ᠡᠨᠡ ᠵᠢᠯ 54 ᠨᠠᠰᠤᠲᠠᠢ᠂ ᠤᠷᠳᠤᠰ ᠬᠤᠳᠠ ᠢ᠋ᠢᠨ ᠲᠠᠯᠠᠳ ᠬᠣᠱᠢᠭᠤᠨ ᠤ᠋ ᠵᠦᠩ ᠾᠧ ᠰᠢ ᠪᠠᠯᠭᠠᠰᠤ ᠵᠢᠨ ᠭᠤᠸᠠᠨ ᠵᠢᠩ ᠲᠣᠰᠭᠣᠨ ᠤ᠋ ᠲᠠᠷᠢᠶᠠᠴᠢᠨ ᠶᠤᠮ᠃ ᠭᠤᠸᠠᠨ ᠵᠢᠩ ᠲᠣᠰᠭᠣᠨ ᠬᠥᠪᠴᠢ ᠢ᠋ᠢᠨ ᠡᠯᠡᠰᠦᠨ ᠤ᠋ ᠡᠮᠦᠨ᠎ᠡ ᠵᠠᠬ᠎ᠠ ᠳ᠋ᠤ ᠪᠠᠢᠷᠢᠯᠠᠵᠤ᠂ ᠦᠡᠭᠭᠡᠷᠡᠭᠰᠡᠨ ᠳ᠋ᠤ ᠵᠢᠯ ᠳᠠᠷᠠᠭᠠᠯᠠᠨ ᠡᠯᠡᠰᠦᠨ ᠰᠢᠭᠤᠷᠭ᠎ᠠ ᠳ᠋ᠤ ᠳᠠᠭᠠᠷᠢᠭᠳᠠᠵᠤ ᠪᠠᠢᠭ᠍ᠰᠠᠨ ᠤ᠋ ᠳᠡᠭᠡᠷ᠎ᠡ ᠪᠡᠯᠴᠢᠬᠡᠷ ᠤ᠋ᠨ ᠳᠠᠭᠠᠭᠠᠴᠠ ᠡᠴᠡ ᠬᠡᠲᠦᠷᠡᠲᠡᠯ᠎ᠡ ᠮᠠᠯ ᠮᠠᠯᠵᠢᠭ᠍ᠰᠠᠨ ᠡᠴᠡ ᠨᠤᠲᠤᠭ ᠪᠡᠯᠴᠢᠭᠡᠷ ᠨᠢ ᠬᠦᠨᠳᠦ ᠨᠣᠴᠢᠲᠠᠢ ᠡᠯᠡᠰᠦᠷᠬᠡᠭ᠌ᠵᠢᠪᠠ᠃ 2008 ᠣᠨ ᠡᠴᠡ ᠡᠬᠢᠯᠡᠨ ᠵᠧᠸ᠋ ᡁᠢ ᠵᠥᠩ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ ᠂ ᠪᠡᠭᠡᠵᠢᠩ ᠲᠢᠶᠠᠨᠵᠢᠨ ᠤ᠋ ᠡᠷᠬᠢᠨ ᠲᠤᠭᠤᠷᠢᠨ ᠤ᠋ ᠰᠠᠯᠬᠢ ᠡᠯᠡᠰᠦᠨ ᠤ᠋ ᠡᠬᠢ ᠢ᠋ᠢ ᠵᠠᠰᠠᠬᠤ ᠵᠡᠷᠭᠡ ᠤᠯᠤᠰ ᠤ᠋ᠨ ᠭᠣᠣᠯᠳᠠᠯᠭ᠎ᠠ ᠲᠠᠶ ᠠᠮᠢ ᠠᠬᠤᠶ ᠢ᠋ᠢᠨ ᠢᠨᠵᠧᠨᠧᠷᠢᠩ ᠳ᠋ᠤ ᠲᠦᠰᠢᠭᠯᠡᠨ ᠲᠣᠰᠭᠣᠨ ᠳ᠋ᠠᠭᠠᠨ ᠬᠠᠮᠤᠭ ᠤ᠋ᠨ ᠲᠦᠷᠦᠭᠦᠨ ᠳ᠋ᠤ ᠠᠲᠠᠷ ᠭᠠᠵᠠᠷ ᠢ᠋ ᠳᠠᠭᠠᠭᠠᠴᠢᠯᠠᠨ ᠮᠣᠳᠣ ᠲᠠᠷᠢᠵᠤ ᠣᠢᠵᠢᠭᠤᠯᠪᠠ᠃ ᠲᠤᠷᠱᠢᠯᠭ᠎ᠠ ᠬᠤᠷᠠᠮᠳᠤᠭᠤᠯᠤᠭ᠍ᠰᠠᠨ ᠤ᠋ ᠳᠠᠷᠠᠭ᠎ᠠ᠂ ᠲᠡᠷᠡ ᠲᠣᠰᠭᠣᠨ ᠤ᠋ ᠠᠷᠠᠳ ᠢ᠋ ᠳᠠᠭᠠᠭᠤᠯᠤᠨ ᠠᠷᠪᠠᠨ ᠬᠡᠳᠦᠨ ᠵᠢᠯ ᠴᠢᠷᠮᠠᠢᠨ ᠠᠵᠢᠯᠯᠠᠵᠤ᠂ ᠬᠥᠪᠴᠢ ᠢ᠋ᠢᠨ ᠡᠯᠡᠰᠦᠨ ᠤ᠋ ᠬᠥᠪᠡᠭᠡᠨ ᠳ᠋ᠡᠬᠢ ᠡᠯᠡᠰᠦᠷᠬᠡᠭ ᠭᠠᠵᠠᠷ᠂ ᠠᠳᠠᠷ ᠭᠠᠵᠠᠷ ᠢ᠋ ᠢᠳᠡᠭ ᠢᠳᠡᠭ ᠢ᠋ᠢᠡᠷ ᠨᠣᠭᠣᠭᠠᠷᠠᠭᠤᠯᠤᠭᠰᠨᠨ ᠪᠠᠢᠨ᠎ᠠ᠃

2019 ᠣᠨ ᠳ᠋ᠤ ᠣᠷᠳᠣᠰ ᠬᠣᠲᠠ ᠬᠡᠷ ᠪᠦᠯᠢ ᠢ᠋ᠢᠨ ᠣᠶ ᠰᠢᠭᠤᠢ (ᠡᠪᠡᠰᠤ) ᠵᠢᠨ ᠠᠮᠢ ᠠᠬᠤᠶ ᠢ᠋ᠢᠨ ᠵᠠᠰᠠᠯᠲᠠ ᠢ᠋ᠢᠨ ᠵᠠᠭ᠍ᠪᠤᠷ ᠢ᠋ ᠭᠠᠷᠭᠠᠪᠠ᠃ ᠠᠮᠢ ᠠᠬᠤᠶ ᠢ᠋ᠢᠨ ᠪᠦᠲᠦᠭᠡᠨ ᠪᠠᠢᠭᠤᠯᠤᠯᠲᠠ ᠳ᠋ᠤ ᠤᠷᠲᠤ ᠬᠤᠭᠤᠴᠠᠭ᠎ᠠ ᠣᠷᠣᠯᠴᠠᠭ᠍ᠰᠠᠨ ᠮᠠᠯᠴᠢᠨ ᠲᠠᠷᠢᠶᠠᠴᠢᠳ ᠲᠦ᠍ ᠠᠪᠴᠤ᠌ ᠬᠡᠯᠡᠪᠡᠯ ᠡᠨᠡ ᠨᠢ ᠯᠤᠲᠤ ᠶᠡᠬᠡ ᠠᠱᠢᠭ᠍ᠲᠠᠶ ᠲᠥᠷᠥ ᠢ᠋ᠢᠨ ᠪᠣᠳᠣᠯᠭ᠎ᠠ ᠪᠣᠯᠬᠤ ᠨᠢ ᠳᠠᠮᠵᠢᠭ ᠦᠭᠡᠶ᠃ 《ᠲᠦᠷᠦᠯ ᠵᠦᠢᠯ ᠤ᠋ᠨ ᠳᠠᠭᠠᠭᠠᠴᠢᠯᠠᠯᠲᠠ ᠵᠠᠷᠯᠠᠬᠤ ᠪᠣᠯ ᠥᠩᠭᠡᠷᠡᠭ᠌ᠰᠡᠨ ᠤ᠋ ᠠᠮᠢ ᠠᠬᠤᠢ ᠢ᠋ᠢ ᠰᠡᠷᠭᠦᠭᠡᠨ ᠵᠠᠰᠠᠬᠤ ᠴᠢᠬᠤᠯᠠ ᠠᠷᠭ᠎ᠠ ᠵᠠᠮ ᠪᠣᠯᠤᠨ᠎ᠠ᠂ ᠭᠡᠪᠡᠴᠦ᠍ ᠶᠠᠪᠤᠴᠠ ᠨᠢ ᠪᠤᠳᠤᠯᠢᠶᠠᠨᠲᠠᠢ᠂ ᠮᠠᠯᠴᠢᠨ ᠲᠠᠷᠢᠶᠠᠴᠢᠨ ᠤ᠋ ᠬᠦᠯᠢᠶᠡᠨ ᠠᠪᠬᠤ ᠬᠡᠮᠵᠢᠢ᠎ᠡ ᠠᠨᠠᠢ᠂ ᠵᠠᠰᠠᠯᠲᠠ ᠢ᠋ᠢᠨ ᠦᠷ᠎ᠡ ᠪᠦᠲᠦᠮᠵᠢ ᠢᠯᠡᠷᠬᠡᠢ ᠪᠢᠰᠢ ᠶᠤᠮ᠃ ᠭᠡᠷ ᠪᠦᠯᠢ ᠢ᠋ᠢᠨ ᠣᠶ ᠱᠢᠭᠤᠶ (ᠡᠪᠡᠰᠤ) ᠵᠢᠨ ᠲᠠᠯᠠᠪᠠᠢ ᠵᠢᠨ ᠵᠠᠭ᠍ᠪᠤᠷ ᠲᠤ᠌ ᠬᠤᠪᠢ ᠬᠥᠮᠦᠨ ᠤ᠋ ᠳᠠᠭᠠᠭᠠᠴᠢᠯᠠᠯᠲᠠ ᠪᠠᠷ ᠥᠩᠭᠡᠷᠡᠭ᠌ᠰᠡᠨ ᠤ᠋ ᠲᠥᠷᠥᠯ ᠵᠦᠢᠯ ᠤ᠋ᠨ ᠳᠠᠭᠠᠭᠠᠴᠢᠯᠠᠯᠲᠠ ᠵᠠᠷᠯᠠᠬᠤ ᠬᠡᠯᠪᠡᠷᠢ ᠢ᠋ᠢ ᠣᠷᠣᠯᠠᠭᠤᠯᠵᠤ᠂ ᠬᠢᠷᠢ ᠬᠡᠮ ᠲᠡᠶ ᠮᠦᠷᠳᠡᠬᠡᠨ ᠡᠯᠡᠰᠦ ᠵᠢ ᠨᠢ ᠵᠠᠰᠠᠬᠰᠠᠨ ᠰᠠᠭᠤᠷᠢ ᠲᠠᠶ ᠨᠤᠲᠤᠭ ᠪᠡᠯᠴᠢᠭᠡᠷ ᠢ᠋ ᠡᠷᠦᠬᠡ ᠢ᠋ᠢᠨ ᠡᠵᠡᠨ ᠤ᠋ ᠨᠡᠷ᠎ᠡ ᠪᠡᠷ ᠭᠡᠷ ᠪᠦᠯᠢ ᠢ᠋ᠢᠨ ᠣᠶ ᠱᠢᠭᠤᠶ (ᠡᠪᠡᠰᠤ) ᠵᠢᠨ ᠲᠠᠯᠠᠪᠠᠢ ᠭᠡᠵᠦ᠍ ᠨᠡᠷᠡᠯᠡᠵᠦ᠍᠂ ᠮᠠᠯᠴᠢᠨ ᠲᠠᠷᠢᠶᠠᠴᠢᠨ ᠢ᠋ ᠠᠮᠢ ᠠᠬᠤᠶ ᠢ᠋ᠢᠨ ᠵᠠᠰᠠᠯᠲᠠ ᠢ᠋ᠢᠨ ᠲᠥᠷᠥᠯ ᠵᠦᠢᠯ ᠤ᠋ᠨ ᠱᠢᠭᠤᠳ ᠳᠠᠭᠠᠭᠠᠴᠢᠯᠠᠭ᠍ᠴᠢ ᠪᠣᠯᠭᠠᠬᠤ ᠢ᠋ᠢᠨ ᠬᠠᠮᠲᠤ ᠬᠠᠷᠠᠭᠠᠯᠵᠠᠭᠰᠠᠨ ᠲᠥᠷᠥ ᠢ᠋ᠢᠨ ᠪᠣᠳᠣᠯᠭ᠎ᠠ ᠪᠠ ᠪᠡᠯᠡ ᠮᠥᠩᠭᠥ ᠢ᠋ᠢᠨ ᠲᠠᠮᠵᠢᠯᠬᠡ ᠣᠯᠭᠣᠪᠠ》 ᠭᠡᠵᠦ᠍ ᠲᠠᠯᠠᠳ ᠬᠣᠱᠢᠭᠤᠨ ᠤ᠋ ᠤᠢ ᠱᠢᠭᠤᠢ ᠪᠠ ᠨᠤᠲᠤᠭ ᠪᠡᠯᠴᠢᠭᠡᠷ ᠤ᠋ᠨ ᠲᠤᠪᠴᠢᠶ᠎ᠠ ᠵᠢᠨ ᠳᠠᠷᠤᠭ᠎ᠠ ᠶᠠᠨ ᠵᠢᠶᠠᠨ ᠭᠦᠸᠧ ᠲᠠᠨᠢᠯᠴᠠᠭᠤᠯᠤᠨ᠎ᠠ᠃

2019 ᠣᠨ ᠳ᠋ᠤ ᠣᠷᠳᠣᠰ ᠬᠣᠲᠠ ᠪᠥᠬᠥ᠌ ᠬᠣᠲᠠ ᠵᠢᠨ ᠨᠢᠭᠡᠳᠦᠭᠡᠷ ᠪᠦᠯᠦᠭ ᠤ᠋ᠨ 7 ᠬᠡᠷ ᠪᠦᠯᠢ ᠢ᠋ᠢᠨ ᠣᠶ ᠰᠢᠭᠤᠢ (ᠡᠪᠡᠰᠤ) ᠵᠢᠨ ᠲᠠᠯᠠᠪᠠᠶ ᠢ᠋ᠢ ᠱᠢᠯᠭᠠᠷᠠᠭᠤᠯᠤᠨ ᠭᠠᠷᠭᠠᠵᠤ᠂ ᠵᠧᠸ᠋ ᡁᠢ ᠵᠥᠩ ᠢ᠋ ᠪᠠᠭ᠍ᠲᠠᠭᠠᠭ᠍ᠰᠠᠨ 5 ᠡᠷᠦᠬᠡ ᠨᠢ ᠭᠤᠸᠠᠨ ᠵᠢᠩ ᠲᠣᠰᠭᠣᠨ ᠤ᠋ ᠬᠢ ᠪᠠᠢᠪᠠ ᠃ ᠤᠳᠤ ᠭᠤᠸᠠᠨ ᠵᠢᠩ ᠲᠣᠰᠭᠣᠨ ᠤ᠋ 20 ᠡᠷᠦᠬᠡ ᠵᠢᠨ ᠬᠢᠨ ᠭᠡᠷ ᠪᠦᠯᠢ ᠢ᠋ᠢᠨ ᠤᠢ ᠱᠢᠭᠤᠢ ᠢ᠋ᠢᠨ ᠲᠠᠯᠠᠪᠠᠢ ᠲᠠᠢ ᠪᠤᠯᠵᠠᠢ ᠃

《ᠠᠮᠢ ᠠᠬᠤᠶ ᠢ᠋ᠢᠨ ᠪᠥᠲᠥᠭᠡᠨ ᠪᠠᠢᠭᠤᠯᠤᠯᠲᠠ ᠢ᠋ᠢᠨ ᠢᠨᠵᠧᠨᠧᠷᠢᠩ ᠤ᠋ᠨ ᠲᠥᠷᠥᠯ ᠵᠦᠶ᠋ᠯ ᠳ᠋ᠤ ᠬᠡᠷ ᠪᠦᠯᠢ ᠢ᠋ᠢᠨ ᠣᠶ ᠱᠢᠭᠤᠶ ᠢ᠋ᠢᠨ ᠲᠠᠯᠠᠪᠠᠶ ᠢ᠋ᠢ ᠡᠩ ᠲᠡᠷᠢᠭᠦᠨ ᠳ᠋ᠤ ᠪᠣᠳᠣᠯᠬᠢᠯᠠᠳᠠᠭ ᠪᠤᠯᠬᠤᠷ ᠵᠢᠯ ᠪᠦᠷᠢ ᠤᠯᠤᠰ ᠤ᠋ᠨ ᠨᠡᠢᠲᠡ ᠢ᠋ᠢᠨ ᠠᠰᠠᠷᠠᠮᠵᠢ ᠢ᠋ᠢᠨ ᠣᠶ ᠢ᠋ᠢᠨ ᠨᠥᠬᠥᠪᠥᠷᠢ ᠵᠢ ᠬᠦᠷᠳᠡᠵᠤ᠂ ᠪᠤᠷᠭᠠᠰᠤ ᠪᠠᠨ ᠬᠠᠳᠤᠵᠤ ᠵᠠᠰᠠᠪᠠᠯ ᠪᠠᠰᠠ ᠣᠶ ᠱᠢᠭᠤᠶ ᠢ᠋ᠢᠨ ᠠᠷᠠᠴᠢᠯᠠᠨ ᠪᠣᠢᠵᠢᠭᠤᠯᠬᠤ ᠨᠥᠬᠥᠪᠥᠷᠢ ᠢ᠋ᠢ ᠣᠯᠵᠤ ᠪᠣᠯᠤᠨ᠎ᠠ᠃ ᠣᠶ ᠱᠢᠭᠤᠶ ᠪᠠ ᠨᠤᠲᠤᠭ ᠪᠡᠯᠴᠢᠭᠡᠷ ᠤ᠋ᠨ ᠰᠠᠯᠠᠭ᠎ᠠ ᠮᠥᠴᠢᠷ ᠡᠴᠡ ᠪᠠᠰᠠ ᠰᠦᠶ᠋ᠳᠭᠡᠯ ᠬᠤᠷᠢᠶᠠᠬᠤ ᠥᠬᠡᠶ ᠪᠡᠷ ᠲᠷᠠᠺᠲ᠋ᠣᠷ᠂ ᠬᠠᠳᠤᠵᠤ ᠤᠰᠤᠯᠠᠬᠤ ᠮᠠᠱᠢᠨ ᠵᠡᠷᠭᠡ ᠲᠣᠮᠣ ᠬᠡᠯᠪᠡᠷᠢ ᠢ᠋ᠢᠨ ᠲᠥᠬᠥᠭᠡᠷᠦᠮᠵᠢ ᠳᠣᠭᠢᠷᠠᠭᠤᠯᠵᠤ᠂ ᠪᠠᠢᠳᠠᠯ ᠢ᠋ᠢᠡᠷ ᠠᠨᠠᠶ ᠣᠶ ᠱᠢᠭᠤᠶ ᠨᠤᠲᠤᠭ ᠪᠡᠯᠴᠢᠭᠡᠷ ᠢ᠋ ᠵᠠᠰᠠᠵᠤ ᠰᠠᠢᠵᠢᠷᠠᠭᠤᠯᠪᠠ᠃ ᠦᠡᠭᠭᠡᠷᠡᠭᠰᠡᠨ ᠳ᠋ᠤ ᠮᠣᠳᠣ ᠲᠠᠷᠢᠬᠤ ᠳ᠋ᠤ ᠥᠪᠡᠷ ᠢ᠋ᠢᠡᠨ ᠵᠣᠭᠣᠰ ᠭᠠᠷᠭᠠᠳᠠᠭ ᠪᠠᠢᠭᠰᠠᠨ᠂ ᠣᠳᠣ ᠵᠠᠰᠠᠭ ᠤ᠋ᠨ ᠣᠷᠳᠣᠨ ᠡᠴᠡ ᠨᠥᠬᠥᠪᠥᠷᠢ ᠥᠭ᠌ᠴᠤ ᠪᠠᠢᠨ᠎ᠠ》 ᠭᠡᠵᠤ ᠵᠧᠦ ᡁᠢ ᠵᠦᠩ ᠰᠡᠳᠭᠢᠯ ᠳᠦᠭᠦᠷᠡᠡᠭ ᠬᠡᠯᠡᠨ᠎ᠠ ᠃

ᠤᠢᠯᠠᠭᠠᠭᠰᠠᠨ ᠵᠢᠡᠷ ᠂ ᠲᠤᠬᠠᠢ ᠵᠢᠨ ᠭᠠᠵᠠᠷ ᠤ᠋ᠨ ᠲᠠᠷᠢᠶᠠᠴᠢᠳ ᠵᠢᠯ ᠪᠦᠷᠢ ᠵᠢᠨ ᠰᠡᠯᠬᠦᠨ ᠬᠠᠳᠤᠭᠰᠠᠨ ᠪᠤᠷᠭᠠᠰᠤ ᠪᠠᠨ ᠬᠡᠰᠡᠭ ᠬᠡᠰᠡᠭ ᠪᠤᠯᠭᠠᠨ ᠬᠡᠷᠴᠢᠭ᠌ᠰᠡᠨ ᠤ᠋ ᠳᠠᠷᠠᠭ᠎ᠠ ᠴᠢᠨᠠᠷ ᠰᠠᠢᠲᠠᠶ ᠪᠤᠷᠭᠠᠰᠤᠨ ᠴᠢᠬᠢ ᠪᠡᠷ ᠱᠢᠨᠵᠢᠶᠠᠩ ᠂ ᠲᠥᠪᠡᠳ ᠂ ᠬᠥᠬᠡᠨᠠᠭᠤᠷ ᠵᠡᠷᠭᠡ ᠭᠠᠵᠠᠷ ᠲᠦ᠍ ᠬᠤᠳᠠᠯᠳᠤᠵᠤ ᠪᠤᠢ᠃ ᠤᠳᠤ ᠭᠤᠸᠠᠨ ᠵᠢᠩ ᠲᠣᠰᠭᠣᠨ ᠨᠢᠬᠡᠨᠳᠡ ᠡᠷᠬᠢᠨ ᠲᠣᠭᠣᠷᠢᠨ ᠤ᠋ ᠭᠠᠵᠠᠷ ᠣᠷᠣᠨ ᠪᠣᠯᠤᠨ ᠢ ᠯᠢ ᠡᠬᠢ ᠪᠠᠶᠠᠯᠢᠭ ᠤ᠋ᠨ ᠪᠦᠯᠦᠭ᠌ᠯᠡᠯ ᠤ᠋ᠨ ᠴᠦᠯᠯᠡᠷᠭᠡᠭ᠌ᠵᠢᠯ ᠢ᠋ ᠵᠠᠰᠠᠬᠤ ᠴᠢᠬᠢ ᠬᠠᠩᠭᠠᠬᠤ ᠰᠠᠭᠤᠷᠢᠨ ᠪᠤᠯᠵᠤ᠂ ᠪᠤᠷᠭᠠᠰᠤ ᠬᠠᠳᠤᠬᠤ ᠤᠯᠠᠷᠢᠯ ᠬᠦᠷᠴᠦ ᠢᠷᠡᠭᠰᠡᠬᠡᠷ ᠵᠧᠸ᠋ ᡁᠢ ᠵᠥᠩ ᠳᠥᠴᠢ ᠲᠠᠪᠢᠨ ᠠᠵᠢᠯᠴᠢᠨ ᠢ᠋ ᠳᠠᠭᠠᠭᠤᠯᠤᠨ ᠥᠪᠡᠷ ᠤ᠋ᠨ ᠣᠢᠲᠤ ᠭᠠᠵᠠᠷ ᠤ᠋ᠨ ᠵᠢᠡᠨ ᠪᠤᠷᠭᠠᠰᠤ ᠵᠢ ᠬᠠᠳᠤᠵᠤ ᠪᠠᠷᠠᠭ᠍ᠰᠠᠨ ᠤ᠋ ᠳᠠᠷᠠᠭ᠎ᠠ ᠪᠤᠰᠤᠳ ᠡᠷᠦᠬᠡ ᠢ᠋ᠢᠨ ᠪᠤᠷᠭᠠᠰᠤᠨ ᠤᠢ ᠵᠢ ᠳᠠᠭᠠᠭᠠᠴᠢᠯᠠᠨ ᠬᠠᠳᠤᠵᠤ ᠂ ᠵᠢᠯ ᠤ᠋ᠨ ᠪᠤᠷᠭᠠᠰᠤᠨ ᠴᠢᠬᠢ ᠬᠤᠳᠠᠯᠳᠤᠭᠰᠠᠨ ᠤᠷᠤᠯᠭ᠎ᠠ ᠨᠢ ᠲᠠᠷᠤᠢ ᠭᠤᠴᠢ ᠳᠥᠴᠢᠨ ᠲᠦᠮᠡᠨ ᠲᠥᠭᠥᠷᠢᠭ ᠲᠦ᠍ ᠬᠦᠷᠴᠦ ᠪᠠᠢᠨ᠎ᠠ᠃

ᠠᠮᠢ ᠠᠬᠤᠶ ᠰᠠᠢᠵᠢᠷᠠᠵᠤ ᠂ ᠦᠬᠡᠷ ᠬᠣᠨᠢ ᠵᠢᠨ ᠡᠪᠡᠰᠤ ᠪᠤᠷᠳᠤᠭ᠎ᠠ ᠳ᠋ᠤ ᠵᠤᠪᠠᠬᠤ ᠤᠴᠢᠷ ᠦᠬᠡᠢ ᠪᠤᠯᠵᠤ ᠂ ᠦᠷ᠎ᠡ ᠠᠱᠢᠭ ᠴᠤ᠌ ᠠᠶᠠᠨᠳᠠᠭᠠᠨ ᠳᠡᠭᠡᠭᠰᠢᠯᠡᠭᠰᠠᠨ ᠠᠵᠢ᠃ ᠬᠡᠷ ᠪᠦᠯᠢ ᠵᠢᠨ ᠣᠶ ᠱᠢᠭᠤᠶ (ᠡᠪᠡᠰᠤ) ᠵᠢᠨ ᠲᠠᠯᠠᠪᠠᠢ ᠳ᠋ᠠᠭᠠᠨ ᠲᠦᠰᠢᠭᠯᠡᠨ ᠴᠥᠭᠡᠨ ᠪᠤᠰᠤ ᠡᠷᠦᠬᠡ ᠵᠢᠨ ᠬᠢᠨ ᠪᠦᠷ ᠮᠠᠯ ᠠᠵᠤ ᠠᠬᠤᠢ ᠪᠠ ᠠᠵᠤ ᠠᠬᠤᠢ ᠢ᠋ᠢᠨ ᠤᠢ ᠢ᠋ᠢᠨ ᠲᠠᠷᠢᠮᠠᠯ ᠢ᠋ ᠬᠥᠭ᠌ᠵᠢᠭᠦᠯᠦᠭ᠌ᠰᠡᠨ ᠪᠢᠯᠡ᠃ ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠲᠠ ᠮᠥᠩᠭᠥᠨ ᠠᠭᠤᠯᠠ ᠮᠥᠨ ᠂ ᠭᠡᠷ ᠪᠦᠯᠢ ᠢ᠋ᠢᠨ ᠣᠶ ᠱᠢᠭᠤᠶ (ᠡᠪᠡᠰᠤ) ᠵᠢᠨ ᠲᠠᠯᠠᠪᠠᠢ ᠵᠢᠨ ᠠᠮᠢ ᠠᠬᠤᠢ ᠢ᠋ᠢᠨ ᠵᠠᠰᠠᠯᠲᠠ ᠢ᠋ᠢᠨ ᠵᠠᠭ᠍ᠪᠤᠷ ᠨᠢ ᠮᠠᠯᠴᠢᠨ ᠲᠠᠷᠢᠶᠠᠴᠢᠨ ᠢ᠋ ᠠᠮᠢ ᠠᠬᠤᠢ ᠢ᠋ᠢᠨ ᠪᠦᠲᠦᠭᠡᠨ ᠪᠠᠢᠭᠤᠯᠤᠯᠲᠠ ᠢ᠋ᠢᠨ ᠢᠨᠵᠧᠨᠧᠷᠢᠩ ᠤ᠋ᠨ ᠲᠥᠷᠥᠯ ᠵᠦᠢᠯ ᠤ᠋ᠨ ᠪᠦᠲᠦᠭᠡᠨ ᠪᠠᠢᠭᠤᠯᠤᠭ᠍ᠴᠢ ᠪᠠ ᠱᠢᠭᠤᠳ ᠠᠱᠢᠭ ᠬᠦᠷᠲᠡᠭ᠌ᠴᠢ ᠪᠣᠯᠭᠠᠵᠤ᠂ ᠪᠣᠳᠠᠲᠤ ᠦᠷ᠎ᠡ ᠠᠱᠢᠭ ᠤᠯᠭᠤᠯ᠎ᠠ ᠃

ᠠᠮᠢ ᠠᠬᠤᠶ ᠪᠡᠷ ᠠᠰᠢᠭ ᠬᠦᠷᠳᠡᠬᠡᠬᠦ ᠡᠨᠡ ᠬᠦ᠌ ᠲᠥᠷᠥ ᠢ᠋ᠢᠨ ᠪᠣᠳᠣᠯᠭ᠎ᠠ ᠨᠡᠢᠲᠡᠯᠡᠭᠳᠡᠮᠡᠭᠴᠡ ᠬᠢᠵᠠᠭᠠᠷᠯᠡᠰᠢ ᠦᠭᠡᠢ ᠠᠮᠢᠵᠢᠷᠠᠯ ᠤ᠋ᠨ ᠬᠦᠴᠦᠨ ᠢ᠋ ᠬᠥᠭ᠌ᠵᠢᠭᠡᠪᠡ᠃ ᠮᠠᠯᠵᠢᠬᠤ ᠲᠠᠷᠢᠶᠠᠯᠠᠬᠤ ᠡᠷᠦᠬᠡ ᠨᠤᠬᠦᠳ ᠬᠤᠢᠨ᠎ᠠ ᠬᠤᠢᠨ᠎ᠠ ᠡᠴᠡ ᠪᠠᠨ ᠡᠯᠡᠰᠦ ᠢ᠋ᠢ ᠵᠠᠰᠠᠵᠤ ᠣᠶ ᠮᠣᠳᠣ ᠲᠠᠷᠢᠬᠤ ᠠᠵᠢᠯ ᠳ᠋ᠤ ᠤᠷᠤᠯᠴᠠᠵᠤ᠂ ᠣᠷᠳᠣᠰ ᠤ᠋ᠨ ᠡᠬᠡ ᠭᠠᠵᠠᠷ ᠲᠦ᠍ ᠬᠡᠷ ᠪᠦᠯᠢ ᠪᠡᠷ ᠨᠢᠭᠡᠴᠢ ᠪᠣᠯᠭᠠᠭᠰᠠᠨ ᠠᠮᠢ ᠠᠬᠤᠶ ᠢ᠋ᠢ ᠰᠡᠷᠭᠦᠭᠡᠨ ᠵᠠᠰᠠᠬᠤ ᠵᠢ ᠬᠡᠪᠴᠢᠶᠡᠵᠢᠭᠦᠯᠦᠨ ᠠᠬᠢᠭᠤᠯᠵᠤ ᠡᠬᠢᠯᠡᠪᠡ᠃ ᠤᠳᠤ ᠤᠷᠳᠤᠰ ᠬᠤᠳᠠ ᠳ᠋ᠤ 500 ᠬᠡᠷ ᠪᠦᠯᠢ ᠢ᠋ᠢᠨ ᠣᠶ ᠱᠢᠭᠤᠶ (ᠡᠪᠡᠰᠤ) ᠵᠢᠨ ᠲᠠᠯᠠᠪᠡᠢ ᠲᠠᠢ ᠪᠤᠯᠵᠤ᠂ ᠠᠮᠢ ᠠᠬᠤᠶ ᠢ᠋ᠢᠨ ᠪᠦᠷᠬᠦᠴᠡ ᠢ᠋ᠢᠨ ᠶᠡᠷᠦᠩᠬᠡᠶ ᠲᠠᠯᠠᠪᠠᠶ ᠨᠢ 200 ᠲᠦᠮᠡᠨ ᠮᠤ᠌ ᠵᠢ ᠲᠠᠪᠠᠪᠠ᠃

ᠥᠩᠭᠡᠷᠡᠭ᠌ᠰᠡᠨ ᠳ᠋ᠤ ᠠᠮᠢ ᠠᠬᠤᠶ ᠮᠠᠭᠤᠳᠠᠭᠠᠳ ᠬᠠᠷᠢᠬᠤ ᠵᠢᠨ ᠠᠷᠭ᠎ᠠ ᠦᠬᠡᠢ ᠪᠠᠢᠭᠰᠠᠨ ᠨᠤᠳᠤᠭ ᠣᠳᠣ ᠬᠥᠮᠦᠨ ᠪᠦᠬᠦᠨ ᠤ᠋ ᠬᠦᠰᠡᠵᠦ᠍ ᠮᠦᠷᠦᠭᠡᠳᠦᠭᠰᠡᠨ ᠡᠷᠳᠡᠨᠢ ᠢ᠋ᠢᠨ ᠤᠷᠤᠨ ᠪᠤᠯᠵᠤ ᠂ ᠥᠩᠭᠡᠷᠡᠭ᠌ᠰᠡᠨ ᠤ᠋ ᠮᠠᠯᠴᠢᠨ ᠲᠠᠷᠢᠶᠠᠴᠢᠳ ᠤᠳᠤ ᠠᠮᠢ ᠠᠬᠤᠶ ᠢ᠋ᠢᠨ ᠪᠥᠲᠥᠭᠡᠨ ᠪᠠᠢᠭᠤᠯᠤᠭ᠍ᠴᠢ ᠪᠠ ᠠᠱᠢᠭ ᠬᠦᠷᠲᠡᠭ᠌ᠴᠢ ᠪᠣᠯᠪᠠ᠃ ᠬᠡᠷ ᠪᠦᠯᠢ ᠢ᠋ᠢᠨ ᠣᠶ ᠰᠢᠭᠤᠢ (ᠡᠪᠡᠰᠤ) ᠵᠢᠨ ᠲᠠᠯᠠᠪᠠᠶ ᠨᠢ ᠠᠮᠢ ᠠᠬᠤᠶ ᠢ᠋ᠢ ᠬᠠᠮᠠᠭᠠᠯᠠᠨ ᠰᠡᠷᠭᠦᠭᠡᠬᠦ᠌ ᠪᠠ ᠠᠮᠢ ᠠᠬᠤᠶ ᠢ᠋ᠢᠨ ᠡᠬᠢ ᠪᠠᠶᠠᠯᠢᠭ ᠢ᠋ ᠵᠦᠶ ᠵᠣᠬᠢᠰᠲᠠᠶ ᠠᠱᠢᠭ᠍ᠯᠠᠬᠤ ᠢ᠋ᠢ ᠠᠬᠢᠭᠤᠯᠵᠤ᠂ ᠠᠮᠢ ᠠᠬᠤᠶ᠂ ᠦᠶ᠋ᠯᠡᠳᠪᠦᠷᠢᠯᠡᠯ ᠪᠠ ᠠᠮᠢᠳᠤᠷᠠᠯ ᠤ᠋ᠨ ᠬᠠᠮᠤᠭ ᠤ᠋ᠨ ᠰᠠᠢᠨ ᠲᠡᠩᠴᠡᠭᠦᠷᠢ ᠢ᠋ᠢᠨ ᠴᠡᠭ ᠪᠤᠯᠵᠤ᠂ ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠲᠠ ᠮᠥᠩᠭᠥᠨ ᠠᠭᠤᠯᠠ ᠮᠥᠨ ᠭᠡᠬᠦ᠌ ᠤᠢᠯᠠᠭᠠᠭᠳᠠᠬᠤᠨ ᠤ᠋ ᠣᠷᠳᠣᠰ ᠤ᠋ᠨ ᠦᠶ᠋ᠯᠡᠳᠦᠯᠭᠡ ᠢ᠋ᠢ ᠠᠮᠵᠢᠯᠲᠠ ᠲᠠᠶ ᠪᠣᠶ ᠪᠣᠯᠭᠠᠭᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠮᠦᠩᠭᠦᠨᠬᠤᠸᠠᠷ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号