8 ᠰᠠᠷ᠎ᠠ ᠵᠢᠨ 13 ᠤ᠋ ᠡᠳᠦᠷ᠂ ᠥᠪᠥᠷ ᠮᠣᠩᠭᠣᠯ ᠤ᠋ᠨ ᠣᠯᠠᠨ ᠤᠯᠤᠰ ᠤ᠋ᠨ ᠮᠣᠩᠭᠣᠯ ᠡᠮᠨᠡᠯᠭᠡ ᠵᠢᠨ ᠬᠣᠷᠢᠶ᠎ᠠ ᠵᠢᠨ ᠵᠢᠨᠴᠢᠶᠤᠤ ᠬᠤᠪᠢᠶᠠᠷᠢ ᠬᠤᠷᠢᠶ᠎ᠠ ᠪᠥᠬᠥ᠌ ᠲᠠᠯ᠎ᠠ ᠪᠠᠷ ᠡᠮᠴᠢᠯᠡᠭᠡ ᠬᠢᠵᠤ ᠡᠬᠢᠯᠡᠪᠡ᠃ ᠡᠨᠡ ᠨᠢ ᠦᠪᠦᠷ ᠮᠤᠩᠭᠤᠯ ᠤ᠋ᠨ ᠤᠯᠠᠨ ᠤᠯᠤᠰ ᠤ᠋ᠨ ᠮᠤᠩᠭᠤᠯ ᠡᠮᠨᠡᠯᠭᠡ ᠵᠢᠨ ᠬᠤᠷᠢᠶ᠎ᠠ ᠵᠢᠨ ᠬᠦᠭᠵᠢᠯᠳᠡ ᠰᠢᠨ᠎ᠡ ᠨᠢᠬᠡᠨ ᠳᠡᠭᠳᠡᠷ ᠲᠦ᠍ ᠭᠠᠷᠤᠭᠰᠠᠨ ᠢ᠋ ᠬᠠᠷᠠᠭᠤᠯᠵᠦ ᠪᠠᠢᠨ᠎ᠠ᠃
ᠥᠪᠥᠷ ᠮᠣᠩᠭᠣᠯ ᠤ᠋ᠨ ᠣᠯᠠᠨ ᠤᠯᠤᠰ ᠤ᠋ᠨ ᠮᠣᠩᠭᠣᠯ ᠡᠮᠨᠡᠯᠭᠡ ᠵᠢᠨ ᠬᠣᠷᠢᠶ᠎ᠠ ᠵᠢᠨ ᠵᠢᠨᠴᠢᠶᠤᠤ ᠬᠤᠪᠢᠶᠠᠷᠢ ᠬᠤᠷᠢᠶ᠎ᠠ ᠵᠢᠨ ᠠᠰᠠᠷ ᠢ᠋ ᠤᠤᠯ ᠨᠢ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠶᠠᠪᠤᠳᠠᠯ ᠤ᠋ᠨ ᠲᠢᠩᠬᠢᠮ ᠡᠴᠡ ᠬᠤᠳᠠᠯᠳᠤᠨ ᠠᠪᠴᠤ᠌ ᠪᠠᠢᠭᠤᠯᠵᠤ᠂ 2015 ᠣᠨ ᠳ᠋ᠤ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠵᠠᠰᠠᠭ ᠤ᠋ᠨ ᠣᠷᠳᠣᠨ ᠤ᠋ ᠵᠦᠪᠰᠢᠶᠡᠷᠡᠯ ᠵᠢᠡᠷ ᠦᠪᠦᠷ ᠮᠤᠩᠭᠤᠯ ᠤ᠋ᠨ ᠣᠯᠠᠨ ᠤᠯᠤᠰ ᠤ᠋ᠨ ᠮᠣᠩᠭᠣᠯ ᠡᠮᠨᠡᠯᠭᠡ ᠵᠢᠨ ᠬᠣᠷᠢᠶ᠎ᠠ ᠡᠴᠡ ᠡᠵᠡᠩᠨᠡᠨ ᠬᠠᠮᠢᠶᠠᠷᠪᠠ᠃ 2017 ᠣᠨ ᠳ᠋ᠤ ᠤᠯᠤᠰ ᠤ᠋ᠨ ᠬᠥᠭ᠌ᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠤᠯᠤᠰ ᠤ᠋ᠨ ᠬᠢᠲᠠᠳ ᠡᠮ ᠡᠮᠨᠡᠯᠭᠡ ᠵᠢᠨ ᠲᠣᠪᠴᠢᠶ᠎ᠠ ᠡᠴᠡ ᠤᠯᠤᠰ ᠤ᠋ᠨ ᠬᠢᠲᠠᠳ ᠡᠮ ᠡᠮᠨᠡᠯᠭᠡ ᠶ᠋ᠢ ᠤᠯᠠᠮᠵᠢᠯᠠᠨ ᠵᠠᠯᠭᠠᠮᠵᠢᠯᠠᠵᠤ ᠱᠢᠨ᠎ᠡ ᠶ᠋ᠢ ᠡᠭᠦᠳᠬᠦ᠌ ᠢᠨᠵᠧᠨᠧᠷᠢᠩ ᠤ᠋ᠨ ᠮᠣᠩᠭᠣᠯ ᠡᠮᠨᠡᠯᠭᠡ ᠵᠢᠨ ᠬᠣᠷᠢᠶ᠎ᠠ ᠵᠢᠨ ᠭᠤᠤᠯᠳᠠᠯᠭ᠎ᠠ ᠲᠠᠶ ᠪᠥᠲᠥᠭᠡᠨ ᠪᠠᠢᠭᠤᠯᠤᠯᠲᠠ ᠵᠢᠨ ᠲᠥᠷᠥᠯ ᠵᠦᠶ᠋ᠯ ᠳ᠋ᠤ ᠣᠷᠣᠭᠤᠯᠬᠤ ᠪᠡᠷ ᠵᠦᠪᠰᠢᠶᠡᠷᠡᠵᠤ᠂ 2018 ᠣᠨ ᠳ᠋ᠤ ᠥᠪᠡᠷᠲᠡᠭᠡᠨ ᠵᠠᠰᠠᠬᠤ ᠣᠷᠣᠨ ᠤ᠋ ᠬᠥᠭ᠌ᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠠᠩᠬ᠎ᠠ ᠠᠯᠬᠤᠮ ᠤ᠋ᠨ ᠵᠢᠷᠤᠭ ᠲᠥᠯᠥᠪᠯᠡᠭᠡ ᠵᠢᠨ ᠲᠥᠰᠦᠯ ᠢ᠋ ᠴᠣᠬᠣᠯᠠᠪᠤᠷᠢᠯᠠᠨ ᠵᠥᠪᠱᠢᠶᠡᠷᠡᠭ᠌ᠰᠡᠨ ᠤ᠋ ᠳᠠᠷᠠᠭ᠎ᠠ᠂ ᠲᠥᠷᠥᠯ ᠵᠦᠶ᠋ᠯ ᠲᠣᠭ᠍ᠲᠠᠭᠠᠬᠤ᠂ ᠲᠥᠯᠥᠪᠵᠢᠭᠦᠯᠬᠦ᠌᠂ ᠵᠢᠷᠤᠵᠤ ᠲᠥᠯᠥᠪᠯᠡᠬᠦ᠌᠂ ᠳᠠᠭᠠᠭᠠᠴᠢᠯᠠᠯᠲᠠ ᠵᠠᠷᠯᠠᠬᠤ᠂ ᠲᠣᠬᠢᠷᠠᠭᠤᠯᠤᠯᠲᠠ ᠬᠢᠬᠦ ᠵᠡᠷᠭᠡ ᠪᠡᠯᠡᠳᠭᠡᠯ ᠠᠵᠢᠯ ᠢ᠋ ᠠᠯᠬᠤᠮ ᠠᠯᠬᠤᠮ ᠵᠢᠡᠷ ᠪᠡᠶᠡᠯᠡᠭᠦᠯᠵᠦ᠍᠂ 2021 ᠣᠨ ᠡᠴᠡ ᠡᠬᠢᠯᠡᠨ ᠪᠥᠲᠥᠭᠡᠨ ᠪᠠᠢᠭᠤᠯᠵᠦ᠂ ᠡᠮᠦᠨᠡᠬᠢ ᠬᠤᠭᠤᠴᠠᠭᠠᠨ ᠤ᠋ ᠲᠤᠷᠱᠢᠨ ᠠᠵᠢᠯᠯᠠᠭᠤᠯᠬᠤ ᠪᠠᠷ ᠳᠠᠮᠵᠢᠨ ᠡᠨᠡ ᠡᠳᠦᠷ ᠪᠦᠬᠦ᠌ ᠲᠠᠯ᠎ᠠ ᠪᠠᠷ ᠡᠮᠴᠢᠯᠡᠭᠡ ᠬᠢᠵᠤ ᠡᠬᠢᠯᠡᠪᠡ᠃
ᠥᠪᠥᠷ ᠮᠣᠩᠭᠣᠯ ᠤ᠋ᠨ ᠣᠯᠠᠨ ᠤᠯᠤᠰ ᠤ᠋ᠨ ᠮᠣᠩᠭᠣᠯ ᠡᠮᠨᠡᠯᠭᠡ ᠵᠢᠨ ᠬᠣᠷᠢᠶ᠎ᠠ ᠵᠢᠨ ᠵᠢᠨᠴᠢᠶᠤᠤ ᠬᠤᠪᠢᠶᠠᠷᠢ ᠬᠤᠷᠢᠶ᠎ᠠ ᠨᠢ ᠨᠠᠰᠤᠲᠠᠢᠴᠤᠳ ᠤ᠋ᠨ ᠡᠪᠡᠳᠴᠢᠨ ᠡᠮᠭᠡᠭ ᠢ᠋ ᠤᠷᠢᠳᠴᠢᠯᠠᠨ ᠰᠡᠷᠭᠡᠢᠯᠡᠵᠦ ᠡᠮᠨᠡᠨ ᠵᠠᠰᠠᠬᠤ ᠪᠠ ᠤᠳᠠᠭᠠᠨ ᠴᠢᠨᠠᠷᠲᠠᠶ ᠡᠪᠡᠳᠴᠢᠳᠡᠨ ᠤ᠋ ᠬᠠᠮᠢᠶᠠᠷᠤᠯᠲᠠ᠂ ᠡᠷᠡᠭᠦᠯᠵᠢᠯ ᠤ᠋ᠨ ᠠᠨᠠᠭᠠᠬᠤ ᠤᠬᠠᠭᠠᠨ᠂ ᠮᠣᠩᠭᠣᠯ ᠧᠦ᠋ᠷᠣᠫᠠ ᠡᠮᠨᠡᠯᠭᠡ ᠵᠢ ᠤᠶᠠᠯᠳᠤᠭᠤᠯᠤᠭᠰᠠᠨ ᠵᠠᠰᠠᠯᠳᠠ ᠪᠠᠷ ᠭᠤᠤᠯ ᠪᠣᠯᠭᠠᠵᠦ᠂ ᠣᠳᠣᠬᠠᠨ ᠳ᠋ᠤ 16 ᠡᠭᠦᠳᠡᠨ ᠡᠮᠨᠡᠯᠭᠡ᠂ 8 ᠡᠪᠡᠳᠴᠢᠲᠡᠨ ᠤ᠋ ᠲᠣᠭᠣᠷᠢᠭ ᠂ 4 ᠡᠮᠨᠡᠯᠭᠡ ᠵᠢᠨ ᠮᠡᠷᠭᠡᠵᠢᠯ ᠤ᠋ᠨ ᠰᠠᠯᠠᠭ᠎ᠠ ᠲᠠᠰᠤᠭ᠂ 1 ᠬᠡᠳᠦ ᠳᠤᠯᠬᠢᠶᠠᠨ ᠤ᠋ ᠬᠠᠳᠠᠭᠤ ᠵᠠᠰᠠᠯ ᠤ᠋ᠨ ᠲᠥᠪᠭᠠᠷᠭᠠᠪᠠ᠃ ᠡᠮᠴᠢᠯᠡᠭᠡ᠂ ᠵᠢᠭᠠᠨ ᠰᠤᠷᠭᠠᠯᠲᠠ᠂ ᠱᠢᠨᠵᠢᠯᠡᠬᠦ᠌ ᠤᠬᠠᠭᠠᠨ ᠤ᠋ ᠰᠤᠳᠤᠯᠭᠠᠨ᠂ ᠡᠵᠡᠩᠨᠡᠯᠲᠡ ᠵᠡᠷᠭᠡ ᠲᠠᠯ᠎ᠠ ᠪᠠᠷ ᠦᠪᠦᠷ ᠮᠤᠩᠭᠤᠯ ᠤ᠋ᠨ ᠣᠯᠠᠨ ᠤᠯᠤᠰ ᠤ᠋ᠨ ᠮᠣᠩᠭᠣᠯ ᠡᠮᠨᠡᠯᠭᠡ ᠵᠢᠨ ᠬᠣᠷᠢᠶ᠎ᠠ ᠯᠤᠭ᠎ᠠ 《ᠨᠢᠭᠡ ᠡᠮᠨᠡᠯᠭᠡ ᠵᠢᠨ ᠬᠣᠷᠢᠶ᠎ᠠ ᠬᠣᠶᠠᠷ ᠲᠣᠭᠣᠷᠢᠭ》 ᠤ᠋ᠨ ᠨᠢᠭᠡ ᠴᠤᠭ᠍ᠴᠠᠵᠢᠭᠤᠯᠤᠭᠰᠠᠨ ᠬᠠᠮᠢᠶᠠᠷᠤᠯᠳᠠ ᠪᠠ ᠦᠶ᠋ᠯᠡᠴᠢᠯᠡᠭᠡ ᠶ᠋ᠢ ᠬᠡᠷᠡᠭ᠌ᠵᠢᠭᠦᠯᠵᠦ᠍᠂ ᠡᠮᠴᠢᠯᠡᠭᠡᠨ ᠤ᠋ ᠡᠬᠢ ᠪᠠᠶᠠᠯᠢᠭ ᠪᠤᠯᠤᠨ ᠦᠢᠯᠡᠴᠢᠯᠡᠭᠡᠨ ᠤ᠋ ᠴᠢᠳᠠᠮᠵᠢ ᠵᠢ ᠠᠯᠬᠤᠮ ᠠᠯᠬᠤᠮ ᠵᠢᠡᠷ ᠰᠢᠯᠢᠳᠡᠭᠵᠢᠬᠦᠯᠦᠨ ᠳᠤᠬᠢᠷᠠᠭᠤᠯᠵᠦ᠂ ᠮᠣᠩᠭᠣᠯ ᠡᠮ ᠡᠮᠨᠡᠯᠭᠡ ᠪᠡᠷ ᠣᠨᠴᠠᠯᠢᠭ ᠪᠣᠯᠭᠠᠭ᠍ᠰᠠᠨ ᠡᠮᠴᠢᠯᠡᠭᠡᠨ ᠤ᠋ ᠦᠶ᠋ᠯᠡᠴᠢᠯᠡᠭᠡ ᠵᠢᠨ ᠲᠦᠪᠱᠢᠨ ᠬᠢᠭᠡᠳ ᠤᠯᠠᠮᠵᠢᠯᠠᠨ ᠵᠠᠯᠭᠠᠮᠵᠢᠯᠠᠵᠤ ᠱᠢᠨ᠎ᠡ ᠶ᠋ᠢ ᠡᠭᠦᠳᠬᠦ᠌ ᠴᠢᠳᠠᠪᠤᠷᠢ ᠵᠢ ᠪᠥᠬᠥ᠌ ᠲᠠᠯ᠎ᠠ ᠪᠠᠷ ᠳᠡᠭᠡᠭ᠌ᠰᠢᠯᠡᠭᠦᠯᠤᠨ᠂ ᠡᠪᠡᠳᠴᠢᠲᠡᠨ ᠤ᠋ ᠡᠪᠡᠳᠴᠢᠨ ᠦᠵᠡᠭᠦᠯᠬᠦ᠌ ᠬᠠᠨᠤᠮᠵᠢ ᠵᠢᠨ ᠬᠡᠮᠵᠢᠶ᠎ᠡ᠂ ᠳᠥᠭᠥᠮ ᠳᠥᠲᠡ ᠲᠥᠷᠥᠭ᠌ᠳᠡᠯ᠂ ᠲᠠᠭᠠᠯᠠᠮᠵᠢᠲᠠᠶ ᠲᠥᠷᠥᠭ᠌ᠳᠡᠯ ᠪᠠ ᠬᠦᠷᠲᠡᠮᠵᠢ ᠵᠢᠨ ᠲᠥᠷᠥᠭ᠌ᠳᠡᠯ ᠢ᠋ ᠳᠡᠭᠡᠭ᠌ᠰᠢᠯᠡᠭᠦᠯᠬᠦ ᠪᠤᠯᠤᠨ᠎ᠠ ᠃