《ᠤᠮᠠᠷᠠᠲᠤ ᠬᠢᠯᠢ᠎ᠶᠢᠨ ᠰᠣᠶᠣᠯ 》᠎ᠤᠨ ᠰᠤᠳᠤᠯᠭᠠᠨ᠎ᠢ ᠭᠦᠨᠵᠡᠭᠡᠢᠷᠡᠭᠦᠯᠵᠦ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢ ᠠᠬᠢᠭᠤᠯᠤᠶ᠎ᠠ
2023-08-25 11:27:19
ᠵᠣᠬᠢᠶᠠᠭ᠍ᠴᠢ᠄
ᠯᠢᠦ ᠵᠦᠩ ᠢᠦᠢ
ᠣᠩᠱᠢᠭ᠍ᠰᠠᠨ ᠣᠳᠠᠭ᠎ᠠ᠄
★★★☆☆

2019 ᠣᠨ᠎ᠤ 9 ᠰᠠᠷ᠎ᠠ᠎ᠳᠤ ᠂ ᠶᠡᠷᠦᠩᠬᠡᠢ ᠱᠦᠵᠢ ᠰᠢ᠎ᠶᠢᠨ ᠫᠢᠩ ᠪᠦᠬᠦ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠰᠢᠯᠲᠠ ᠵᠢᠨ ᠬᠥᠬᠢᠭᠦᠯᠦᠨ ᠰᠠᠢᠰᠢᠶᠠᠬᠤ ᠶᠡᠬᠡ ᠬᠤᠷᠠᠯ ᠳᠡᠭᠡᠷ᠎ᠡ 《ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢᠨ ᠳᠤᠮᠳᠠᠳᠤ᠎ᠶᠢᠨ ᠵᠡᠭᠦᠳᠦ᠎ᠶᠢ ᠲᠡᠷᠭᠡᠯᠰᠢᠭᠦᠯᠬᠦ᠎ᠳᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭᠠᠵᠤ᠂ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢᠨ ᠦᠢᠯᠡᠰ᠎ᠢ ᠰᠠᠭᠤᠷᠢ ᠴᠢᠨᠠᠷᠲᠠᠢ ᠦᠢᠯᠡᠰ ᠪᠣᠯᠭᠠᠨ ᠴᠢᠩᠭ᠎ᠠ ᠰᠠᠢᠲᠤᠷ ᠠᠳᠬᠤᠬᠤ ᠬᠡᠷᠡᠭᠲᠡᠢ》 ᠭᠡᠵᠦ ᠵᠢᠭᠠᠵᠤ ᠭᠠᠷᠭᠠᠬᠣ ᠵᠢᠨ ᠬᠠᠮᠳᠣ ᠂ ᠡᠭᠦᠨ᠎ᠢᠶᠡᠷ ᠵᠢᠯᠣᠭᠣᠳᠤᠮᠵᠢ ᠪᠣᠯᠭᠠᠵᠤ《ᠦᠨᠳᠦᠰᠦᠲᠡᠨ᠎ᠨᠦᠭᠦᠳ᠎ᠦᠨ ᠬᠠᠮᠲᠤ᠎ᠪᠠᠷ ᠡᠳ᠋ᠯᠡᠬᠦ ᠳᠤᠮᠳᠠᠳᠤ᠎ᠶᠢᠨ ᠰᠣᠶᠣᠯ᠎ᠤᠨ ᠲᠡᠮᠳᠡᠭ ᠪᠣᠯᠣᠨ ᠳᠤᠮᠳᠠᠳᠤ᠎ᠶᠢᠨ ᠦᠨᠳᠦᠰᠦᠲᠡᠨ᠎ᠦ ᠳᠦᠷᠢ ᠲᠥᠷᠬᠦ᠎ᠶᠢ ᠱᠣᠭᠣᠨ ᠲᠤᠪᠤᠢ᠍ᠢᠯᠭᠠᠵᠦ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠳᠤᠮᠳᠠᠳᠤ᠎ᠶᠢᠨ ᠰᠣᠶᠣᠯ᠎ᠤᠨ ᠲᠤᠬᠠᠢ ᠬᠠᠮᠲᠤ ᠵᠢᠨ ᠲᠠᠨᠢᠯᠲᠠ᠎ᠶᠢ ᠴᠢᠩᠭᠠᠳᠬᠠᠬᠤ ᠬᠡᠷᠡᠭᠲᠡᠢ》ᠭᠡᠵᠦ ᠴᠢᠬᠤᠯᠠᠴᠢᠯᠠᠪᠠ᠃ 2022 ᠣᠨ᠎ᠤ 10 ᠰᠠᠷ᠎ᠠ᠎ᠳᠤ᠂ ᠶᠡᠷᠦᠩᠬᠡᠢ ᠱᠦᠵᠢ ᠰᠢ᠎ᠶᠢᠨ ᠫᠢᠩ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠬᠡᠯ᠎ᠳᠡᠭᠡᠨ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭᠠᠵᠤ᠂ ᠨᠠᠮ᠎ᠤᠨ ᠦᠨᠳᠦᠰᠦᠲᠡᠨ᠎ᠦ ᠠᠵᠢᠯ᠎ᠢ ᠴᠢᠩᠭᠠᠳᠬᠠᠨ ᠰᠠᠢᠵᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃  2023 ᠣᠨ᠎ᠤ 6 ᠰᠠᠷ᠎ᠠ᠎ᠳᠤ᠂ ᠶᠡᠷᠦᠩᠬᠡᠢ ᠱᠦᠵᠢ ᠰᠢ᠎ᠶᠢᠨ ᠫᠢᠩ ᠥᠪᠥᠷ ᠮᠣᠩᠭᠣᠯ᠎ᠳᠤ ᠰᠢᠨᠵᠢᠯᠡᠨ ᠪᠠᠢᠴᠠᠭᠠᠬᠤ᠎ᠳᠠᠭᠠᠨ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠪᠣᠯ ᠰᠢᠨ᠎ᠡ ᠴᠠᠭ ᠦᠶ᠎ᠡ᠎ᠶᠢᠨ ᠨᠠᠮ᠎ᠤᠨ ᠦᠨᠳᠦᠰᠦᠲᠡᠨ᠎ᠦ ᠠᠵᠢᠯ᠎ᠤᠨ ᠭᠣᠣᠯ ᠰᠢᠵᠢᠮ ᠮᠥᠨ᠂ ᠪᠠᠰᠠ ᠴᠤ᠌ ᠦᠨᠳᠦᠰᠦᠲᠡᠨ᠎ᠦ ᠭᠠᠵᠠᠷ ᠣᠷᠣᠨ᠎ᠤ ᠡᠯ᠎ᠡ ᠵᠦᠢᠯ᠎ᠦᠨ ᠠᠵᠢᠯ᠎ᠤᠨ ᠭᠣᠣᠯ ᠰᠢᠵᠢᠮ ᠮᠥᠨ᠃ ᠦᠨᠳᠦᠰᠦᠲᠡᠨ᠎ᠦ ᠭᠠᠵᠠᠷ ᠣᠷᠣᠨ᠎ᠤ ᠠᠵᠤ ᠠᠬᠤᠢ᠎ᠶᠢᠨ ᠪᠦᠲᠦᠭᠡᠨ ᠪᠠᠢᠭᠤᠯᠤᠯᠲᠠ᠂ ᠤᠯᠤᠰ ᠲᠦᠷᠦ᠎ᠶᠢᠨ ᠪᠠᠢᠭᠤᠯᠤᠯᠲᠠ᠂ ᠰᠣᠶᠣᠯ᠎ᠤᠨ ᠪᠠᠢᠭᠤᠯᠤᠯᠲᠠ᠂ ᠨᠡᠢᠭᠡᠮ᠎ᠦᠨ ᠪᠠᠢᠭᠤᠯᠤᠯᠲᠠ᠂ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ ᠪᠠ ᠨᠠᠮ᠎ᠤᠨ ᠪᠠᠢᠭᠤᠯᠤᠯᠲᠠ ᠵᠡᠷᠭᠡ᠎ᠶᠢ ᠴᠥᠮ ᠡᠨᠡ ᠬᠦ᠌ ᠭᠣᠣᠯ ᠰᠢᠵᠢᠮ᠎ᠲᠠᠢ ᠨᠢᠭ᠍ᠲᠠ ᠤᠶᠠᠯᠳᠤᠭᠤᠯᠤᠨ᠂ ᠥᠴᠥᠬᠡᠨ ᠴᠦ᠍ ᠬᠡᠯᠪᠡᠢᠯᠭᠡᠵᠦ ᠪᠤᠯᠬᠤ ᠦᠭᠡᠢ  ᠭᠡᠵᠦ ᠴᠢᠬᠤᠯᠠᠴᠢᠯᠠᠪᠠ᠃《ᠤᠮᠠᠷᠠᠲᠤ ᠬᠢᠯᠢ᠎ᠶᠢᠨ ᠰᠣᠶᠣᠯ》 ᠭᠡᠬᠦ ᠡᠨᠡ ᠬᠦ᠌ ᠪᠡᠯᠭᠡ ᠲᠡᠮᠳᠡᠭ᠎ᠦᠨ ᠴᠢᠨᠠᠷᠲᠠᠢ ᠤᠬᠠᠭᠳᠠᠬᠤᠨ ᠨᠢ ᠡᠳᠡᠭᠡᠷ ᠰᠢᠷᠢᠰ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶᠢᠨ ᠲᠥᠯᠥᠭᠡ ᠶᠤᠮ ᠂ ᠪᠦᠬᠦᠯᠢ ᠴᠣᠭᠴᠠ ᠵᠢᠨ ᠬᠤᠪᠢ ᠪᠡᠷ ᠪᠠᠢᠭ᠎ᠠ ᠤᠮᠠᠷᠠᠲᠤ ᠬᠢᠯᠢ᠎ᠶᠢᠨ ᠭᠠᠵᠠᠷ ᠣᠷᠣᠨ᠎ᠤ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡ᠎ᠡᠴᠡ ᠪᠣᠯᠪᠠᠰᠤᠷᠠᠨ ᠭᠠᠷᠴᠤ ᠢᠷᠡᠭᠰᠡᠨ ᠶᠤᠮ ᠂ ᠳᠤᠮᠳᠠᠳᠤ᠎ᠶᠢᠨ ᠦᠨᠳᠦᠰᠦᠲᠡᠨ᠎ᠦ ᠤᠯᠠᠨ ᠡᠰᠢᠵᠢᠨ ᠨᠢᠭᠡ ᠴᠣᠭᠴᠠᠵᠢᠭ᠍ᠰᠠᠨ ᠲᠡᠦᠬᠡᠨ ᠠᠬᠢᠴᠠ᠎ᠳᠤ ᠣᠷᠣᠯᠴᠠᠬᠤ ᠪᠠ ᠳᠤᠮᠳᠠᠳᠤ᠎ᠶᠢᠨ ᠦᠨᠳᠦᠰᠦᠲᠡᠨ᠎ᠦ ᠤᠳᠤ ᠦᠶ᠎ᠡ᠎ᠶᠢᠨ ᠪᠣᠯᠪᠠᠰᠤᠨ᠎ᠢ ᠪᠠᠶ᠋ᠢᠭᠤᠯᠬᠤ ᠬᠡᠰᠡᠨ ᠤᠮᠠᠷᠠᠲᠤ ᠬᠢᠯᠢ᠎ᠶᠢᠨ ᠬᠢᠨ᠎ᠦ ᠰᠠᠨᠠᠭᠠᠴᠢᠯᠠᠭᠠᠲᠤ ᠤᠬᠠᠮᠰᠠᠷ᠎ᠢ ᠲᠣᠳᠣᠷᠬᠠᠢ ᠢᠯᠡᠳᠬᠡᠵᠦ ᠪᠠᠢᠨ᠎ᠠ᠂ 《ᠤᠮᠠᠷᠠᠲᠤ ᠬᠢᠯᠢ ᠵᠢᠨ ᠰᠣᠶᠣᠯ》  ᠎ᠤᠨ ᠲᠦᠷᠦᠯ ᠲᠡᠮᠳᠡᠭ᠎ᠢ ᠡᠭᠦᠳᠬᠦ ᠪᠣᠯ ᠣᠷᠣᠨ ᠵᠠᠢ᠂ ᠰᠣᠶᠣᠯ᠂ ᠠᠵᠤ ᠠᠬᠤᠢ᠂ ᠨᠡᠢᠭᠡᠮ᠂ ᠰᠡᠳᠬᠢᠴᠡ ᠵᠡᠷᠭᠡ ᠲᠠᠯ᠎ᠠ᠎ᠪᠠᠷ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠲᠤ ᠪᠦᠬᠦ ᠲᠠᠯ᠎ᠠ᠎ᠪᠠᠷ ᠨᠡᠪᠴᠢᠨ ᠣᠷᠣᠭᠰᠠᠨ ᠰᠢᠨ᠎ᠡ ᠦᠢᠯᠡᠳᠦᠯᠭᠡ ᠰᠢᠨ᠎ᠡ ᠰᠢᠪᠲᠤᠯᠤᠯᠲᠠ ᠪᠣᠯᠣᠨ᠎ᠠ᠃

ᠤᠷᠳᠤ ᠤᠳᠠᠭᠠᠨ ᠲᠡᠦᠬᠡᠨ ᠬᠥᠭᠵᠢᠯᠲᠡ᠎ᠶᠢᠨ ᠶᠠᠪᠤᠴᠠ᠎ᠳᠤ ᠂ ᠳᠤᠮᠳᠠᠳᠤ᠎ᠶᠢᠨ ᠰᠣᠶᠣᠯ ᠬᠢᠭᠡᠳ ᠦᠨᠳᠦᠰᠦᠲᠡᠨ᠎ᠨᠦᠭᠦᠳ᠎ᠦᠨ ᠰᠣᠶᠣᠯ ᠬᠣᠭᠣᠷᠣᠨᠳᠤ ᠪᠠᠨ ᠬᠠᠷᠢᠯᠴᠠᠨ ᠰᠣᠯᠢᠯᠴᠠᠵᠤ᠂ ᠬᠠᠷᠢᠯᠴᠠᠨ ᠨᠥᠯᠥᠭᠡᠯᠡᠵᠦ ᠂  《 ᠴᠢᠨᠦᠬᠢ ᠳᠣᠲᠣᠷ᠎ᠠ ᠮᠢᠨᠤᠬᠢ ᠪᠤᠢ᠂ ᠮᠢᠨᠤᠬᠢ ᠳᠣᠲᠣᠷ᠎ᠠ ᠴᠢᠨᠦᠬᠢ ᠪᠤᠢ》 ᠭᠡᠬᠦ ᠬᠠᠷᠢᠴᠠᠭ᠎ᠠ᠎ᠶᠢ ᠪᠦᠷᠢᠯᠳᠦᠭᠦᠯᠵᠡᠢ᠃ ᠡᠯ᠎ᠡ ᠦᠨᠳᠦᠰᠦᠲᠡᠨ᠎ᠦ ᠰᠣᠶᠣᠯ ᠨᠢ ᠡᠯ᠎ᠡ ᠦᠨᠳᠦᠰᠦᠲᠡᠨ᠎ᠦ ᠡᠳᠦᠷ ᠲᠤᠲᠤᠮ᠎ᠤᠨ ᠠᠮᠢᠳᠤᠷᠠᠯ᠎ᠳᠤ ᠦᠨᠳᠦᠰᠦᠯᠡᠭᠰᠡᠨ ᠪᠥᠭᠡᠳ ᠡᠯ᠎ᠡ ᠦᠨᠳᠦᠰᠦᠲᠡᠨ᠎ᠦ ᠦᠵᠡᠯ ᠰᠠᠨᠠᠭ᠎ᠠ ᠣᠢᠯᠠᠭᠠᠭᠳᠠᠬᠤᠨ᠂ ᠵᠠᠩ ᠳᠠᠳᠬᠠᠯ ᠂ ᠠᠮᠢᠳᠤᠷᠠᠯ᠎ᠤᠨ ᠠᠷᠭ᠎ᠠ ᠮᠠᠶᠢᠭ᠋ ᠂ ᠬᠠᠢᠷ᠎ᠠ ᠰᠡᠳᠬᠢᠯᠭᠡ᠎ᠶᠢᠨ ᠶᠠᠩᠵᠤ ᠬᠡᠯᠪᠡᠷᠢ᠎ᠶᠢᠨ ᠵᠥᠷᠢᠶ᠎ᠡ ᠡᠴᠡ ᠨᠡᠢᠲᠡᠯᠢᠭ ᠴᠢᠨᠠᠷ ᠪᠦᠷᠢᠯᠳᠦᠭᠰᠡᠨ ᠪᠠᠢᠳᠠᠭ᠃ ᠦᠨᠳᠦᠰᠦᠲᠡᠨ᠎ᠨᠦᠭᠦᠳ᠎ᠦᠨ ᠪᠦᠯᠬᠦᠮᠳᠡᠨ ᠠᠭᠤᠰᠤᠯᠴᠠᠵᠤ ᠂ ᠤᠯᠠᠨ ᠡᠰᠢᠳᠤ ᠡᠴᠡ ᠪᠠᠨ ᠨᠢᠭᠡ ᠴᠣᠭᠴᠠ ᠪᠤᠯᠤᠨ ᠪᠦᠷᠢᠯᠳᠦᠭᠰᠡᠨ ᠨᠢ ᠦᠨᠳᠦᠰᠦᠲᠡᠨ᠎ᠨᠦᠭᠦᠳ᠎ᠦᠨ ᠰᠣᠶᠣᠯ᠎ᠤᠨ ᠲᠠᠯ᠎ᠠ᠎ᠪᠠᠷ ᠪᠦᠬᠦᠨ᠎ᠢ ᠰᠢᠩᠭᠡᠬᠡᠵᠤ ᠪᠠᠢᠳᠠᠭ᠎ᠢ ᠬᠠᠳᠠᠭᠠᠯᠠᠬᠤ᠂ ᠠᠵᠤ ᠠᠬᠤᠢ᠎ᠶᠢᠨ ᠲᠠᠯ᠎ᠠ᠎ᠪᠠᠷ ᠬᠠᠷᠢᠯᠴᠠᠨ ᠲᠦᠰᠢᠭᠯᠡᠯᠴᠡᠵᠦ᠂ ᠬᠠᠢᠷ᠎ᠠ ᠰᠡᠳᠬᠢᠯᠭᠡ᠎ᠶᠢᠨ ᠲᠠᠯ᠎ᠠ᠎ᠪᠠᠷ ᠬᠠᠷᠢᠯᠴᠠᠨ ᠳᠣᠲᠣᠨᠣᠰᠤᠭ ᠪᠠᠢᠬᠤ ᠎ᠡᠴᠡ ᠢᠷᠡᠯᠲᠡ᠎ᠲᠠᠢ᠂ ᠳᠤᠮᠳᠠᠳᠤ᠎ᠶᠢᠨ ᠦᠨᠳᠦᠰᠦᠲᠡᠨ᠎ᠦ ᠪᠦᠯᠬᠦᠮᠳᠡᠯ ᠨᠢᠭᠡᠳᠦᠯ᠎ᠢ ᠬᠥᠭᠡᠭᠡᠴᠡᠯᠳᠦᠬᠦ ᠳᠣᠲᠣᠭᠠᠳᠤ ᠬᠥᠳᠡᠯᠭᠡᠭᠴᠢ ᠬᠦᠴᠦᠨ᠎ᠡᠴᠡ ᠢᠷᠡᠯᠲᠡ᠎ᠲᠠᠢ ᠶᠤᠮ᠃ ᠰᠠᠯᠠᠭ᠎ᠠ ᠨᠠᠮᠠᠭ᠎ᠠ ᠪᠣᠯᠤᠭᠰᠠᠨ《ᠤᠮᠠᠷᠠᠲᠤ ᠬᠢᠯᠢ ᠵᠢᠨ ᠰᠣᠶᠣᠯ》ᠨᠢ ᠶᠠᠭ ᠳᠤᠮᠳᠠᠳᠤ᠎ᠶᠢᠨ ᠦᠨᠳᠦᠰᠦᠲᠡᠨ᠎ᠦ ᠤᠯᠠᠨ ᠡᠰᠢᠲᠦ ᠨᠢᠭᠡ ᠴᠣᠭᠴᠠᠵᠢᠭ᠍ᠰᠠᠨ ᠪᠠᠢᠷᠢᠰᠢᠯ᠎ᠤᠨ ᠲᠡᠦᠬᠡᠨ ᠶᠠᠪᠤᠴᠠ᠎ᠳᠤ ᠪᠦᠷᠢᠯᠳᠦᠵᠠᠢ᠃

ᠡᠢᠮᠦ᠎ᠡᠴᠡ《 ᠤᠮᠠᠷᠠᠲᠤ ᠬᠢᠯᠢ᠎ᠶᠢᠨ ᠰᠣᠶᠣᠯ 》᠎ᠤᠨ ᠲᠤᠬᠠᠢ ᠲᠠᠨᠢᠯᠲᠠ ᠨᠢ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡᠨ ᠪᠠᠢᠷᠢᠰᠢᠯ᠎ᠳᠤ ᠵᠣᠭᠰᠣᠩᠭᠢᠷᠠᠭᠠᠳ ᠪᠠᠢᠵᠤ ᠪᠣᠯᠬᠤ ᠦᠭᠡᠢ ᠂ ᠬᠠᠷᠢᠨ ᠡᠨᠡ ᠬᠦ᠌ ᠲᠡᠦᠬᠡᠨ ᠪᠠᠢᠷᠢᠰᠢᠯ᠎ᠤᠨ ᠪᠦᠷᠢᠯᠳᠦᠬᠰᠡᠨ ᠵᠠᠮ ᠮᠥᠷ ᠪᠣᠯᠣᠨ ᠤᠯᠠᠷᠢᠨ ᠬᠤᠪᠢᠰᠬᠤ ᠲᠣᠭᠲᠠᠴᠠ᠎ᠶᠢᠨ ᠲᠤᠬᠠᠢ ᠬᠠᠢᠨ ᠰᠢᠨᠵᠢᠯᠡᠯᠲᠡ᠎ᠪᠡᠨ ᠭᠦᠨᠵᠡᠭᠡᠢᠷᠡᠭᠦᠯᠵᠦ ᠂ ᠡᠪᠦᠭᠡ ᠳᠡᠭᠡᠳᠦᠰ᠎ᠦᠨ ᠪᠢᠳᠡᠨ᠎ᠳᠦ ᠦᠯᠡᠳᠡᠭᠡᠵᠦ ᠥᠭᠭᠦᠭᠰᠡᠨ ᠴᠢᠬᠤᠯᠠ ᠡᠳ᠋ ᠪᠠᠶᠠᠯᠢᠭ᠋᠎ᠢ ᠪᠦᠳᠦᠭᠡᠯᠴᠢ ᠪᠡᠷ ᠬᠥᠭᠵᠢᠭᠦᠯᠦᠨ ᠰᠢᠨ᠎ᠡ ᠴᠠᠭ ᠦᠶ᠎ᠡ ᠵᠢᠨ ᠳᠤᠮᠳᠠᠳᠤ᠎ᠶᠢᠨ ᠦᠨᠳᠦᠰᠦᠲᠡᠨ᠎ᠦ ᠣᠲᠣ᠌ ᠦᠶ᠎ᠡ᠎ᠶᠢᠨ ᠪᠣᠯᠪᠠᠰᠤᠨ᠎ᠢ ᠪᠦᠲᠦᠭᠡᠨ ᠪᠠᠶ᠋ᠢᠭᠤᠯᠬᠤ ᠴᠢᠬᠤᠯᠠ ᠳᠠᠪᠠᠭᠤᠯᠢᠭ᠋ ᠪᠣᠯᠭᠠᠬᠤ ᠬᠡᠷᠡᠭᠲᠡᠢ ᠃

《ᠤᠮᠠᠷᠠᠲᠤ ᠬᠢᠯᠢ᠎ᠶᠢᠨ ᠰᠣᠶᠣᠯ》 ᠎ᠤᠨ ᠤᠬᠠᠭᠳᠠᠬᠤᠨ᠎ᠢ ᠳᠤᠷᠠᠳᠤᠭᠰᠠᠨ ᠨᠢ ᠳᠤᠮᠳᠠᠳᠤ ᠤᠯᠤᠰ᠎ᠤᠨ ᠤᠨᠤᠯ ᠎ᠢᠶᠠᠷ ᠳᠤᠮᠳᠠᠳᠤ ᠤᠯᠤᠰ᠎ᠤᠨ ᠦᠢᠯᠡᠳᠦᠯᠭᠡ᠎ᠶᠢᠨ ᠰᠢᠨ᠎ᠡ ᠰᠢᠪᠲᠤᠯᠤᠯᠲᠠ᠎ᠶᠢ ᠲᠠᠢᠯᠪᠤᠷᠢᠯᠠᠭᠰᠠᠨ ᠶᠠᠪᠤᠳᠠᠯ ᠪᠣᠯᠣᠨ᠎ᠠ

ᠶᠡᠷᠦᠩᠬᠡᠢ ᠱᠦᠵᠢ ᠰᠢ᠎ᠶᠢᠨ ᠫᠢᠩ ᠳᠤᠮᠳᠠᠳᠤ ᠤᠯᠤᠰ᠎ᠤᠨ ᠦᠭᠡ ᠬᠡᠯᠡᠯᠭᠡ ᠪᠠ ᠳᠤᠮᠳᠠᠳᠤ ᠤᠯᠤᠰ᠎ᠤᠨ ᠦᠯᠢᠭᠡᠷ᠎ᠢ ᠶᠠᠷᠢᠬᠣ ᠰᠢᠰᠲᠧᠮ᠎ᠤᠨ ᠪᠠᠢᠭᠤᠯᠤᠯᠳᠠ ᠵᠢ ᠲᠦᠷᠭᠡᠳᠭᠡᠵᠦ᠂ ᠳᠤᠮᠳᠠᠳᠤ ᠤᠯᠤᠰ᠎ᠤᠨ ᠣᠨᠣᠯ᠎ᠢᠶᠠᠷ ᠳᠤᠮᠳᠠᠳᠤ ᠤᠯᠤᠰ᠎ᠤᠨ ᠦᠢᠯᠡᠳᠦᠯᠭᠡ ᠎ᠶᠢ ᠲᠣᠳᠣᠷᠬᠠᠢᠯᠠᠨ ᠲᠠᠢᠯᠪᠤᠷᠢᠯᠠᠵᠤ ᠂ ᠳᠤᠮᠳᠠᠳᠤ ᠤᠯᠤᠰ᠎ᠤᠨ ᠦᠢᠯᠡᠳᠦᠯᠭᠡ᠎ᠪᠡᠷ ᠳᠤᠮᠳᠠᠳᠤ ᠤᠯᠤᠰ᠎ᠤᠨ ᠣᠨᠣᠯ ᠎ᠢ ᠳᠡᠭᠡᠭᠰᠢᠯᠡᠭᠦᠯᠦᠨ ᠂ ᠳᠤᠮᠳᠠᠳᠤ ᠭᠠᠳᠠᠭᠠᠳᠤ ᠎ᠶᠢ ᠠᠭᠤᠰᠤᠯᠴᠠᠭᠤᠯᠤᠭᠰᠠᠨ ᠰᠢᠨ᠎ᠡ ᠤᠬᠠᠭᠳᠠᠬᠤᠨ᠂ ᠰᠢᠨ᠎ᠡ ᠬᠦᠷᠢᠶ᠎ᠡ ᠂ ᠰᠢᠨ᠎ᠡ ᠥᠭᠦᠯᠡᠯᠲᠡ ᠎ᠶᠢ ᠪᠤᠶ ᠪᠣᠯᠭᠠᠵᠤ ᠂ ᠳᠤᠮᠳᠠᠳᠤ ᠤᠯᠤᠰ᠎ᠤᠨ ᠦᠯᠢᠭᠡᠷ ᠵᠢᠴᠢ ᠲᠡᠭᠦᠨ᠎ᠦ ᠠᠷᠤ᠎ᠳᠠᠬᠢ ᠦᠵᠡᠯ ᠰᠠᠨᠠᠭᠠᠨ᠎ᠤ ᠬᠦᠴᠦᠨ ᠪᠠ ᠣᠶᠤᠨ ᠰᠠᠨᠠᠭᠠᠨ᠎ᠤ ᠬᠦᠴᠦᠨ ᠎ᠢ ᠨᠡᠩ ᠭᠦᠢᠴᠡᠳ ᠂ ᠨᠡᠩ ᠢᠯᠡ ᠲᠣᠳᠣᠷᠬᠠᠢ᠎ᠪᠠᠷ ᠢᠯᠡᠷᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃  ᠮᠣᠩᠭᠣᠯ ᠮᠣᠷᠢᠨ᠎ᠤ ᠵᠣᠷᠢᠭ᠋ ᠰᠠᠨᠠᠭ᠎ᠠ ᠪᠣᠯᠣᠨ《ᠤᠮᠠᠷᠠᠲᠤ᠎ᠶᠢᠨ ᠭᠤᠷᠪᠠᠨ ᠣᠷᠣᠨ᠎ᠤ ᠵᠣᠷᠢᠭ᠋ ᠰᠠᠨᠠᠭ᠎ᠠ》ᠶ᠋ᠢ ᠲᠣᠭᠠᠴᠢᠬᠤ᠎ᠪᠠᠷ ᠭᠣᠣᠯ ᠪᠣᠯᠭᠠᠭᠰᠠᠨ《ᠤᠮᠠᠷᠠᠲᠤ ᠬᠢᠯᠢ᠎ᠶᠢᠨ ᠰᠣᠶᠣᠯ》ᠨᠢ ᠳᠤᠮᠳᠠᠳᠤ᠎ᠶᠢᠨ ᠰᠣᠶᠣᠯ᠎ᠤᠨ ᠦᠯᠢᠭᠡᠷ᠎ᠢ ᠶᠠᠷᠢᠬᠣ ᠰᠢᠰᠲ᠋ᠸᠮ᠎ᠤᠨ ᠴᠢᠬᠤᠯᠠ ᠪᠦᠷᠢᠯᠳᠦᠭᠦᠨ ᠬᠡᠰᠡᠭ ᠪᠣᠯᠬᠤ᠎ᠪᠠᠷ ᠪᠠᠷᠠᠬᠤ ᠦᠭᠡᠢ᠂ ᠡᠨᠡ ᠬᠦ᠌ ᠪᠡᠯᠭᠡ ᠲᠡᠮᠳᠡᠭ᠎ᠦᠨ ᠴᠢᠨᠠᠷᠲᠠᠢ ᠤᠬᠠᠭᠳᠠᠬᠤᠨ᠎ᠢ ᠳᠤᠷᠠᠳᠤᠭᠰᠠᠨ ᠨᠢ ᠰᠢ᠎ᠶᠢᠨ ᠫᠢᠩ ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢᠨ ᠦᠢᠯᠡᠳᠦᠯᠭᠡ᠎ᠶᠢᠨ ᠰᠢᠨ᠎ᠡ ᠰᠢᠪᠲᠤᠯᠤᠯᠲᠠ᠎ᠶᠢ ᠲᠠᠢᠯᠪᠤᠷᠢᠯᠠᠭᠰᠠᠨ ᠶᠠᠪᠤᠳᠠᠯ ᠪᠣᠯᠣᠨ᠎ᠠ᠃《ᠤᠮᠠᠷᠠᠲᠤ ᠬᠢᠯᠢ᠎ᠶᠢᠨ ᠰᠣᠶᠣᠯ》 ᠨᠢ ᠥᠪᠥᠷ ᠮᠣᠩᠭᠣᠯ᠎ᠤᠨ ᠳᠤᠷᠠᠳᠤᠭᠰᠠᠨ ᠪᠡᠯᠭᠡ ᠲᠡᠮᠳᠡᠭ᠎ᠦᠨ ᠴᠢᠨᠠᠷᠲᠠᠢ ᠤᠬᠠᠭᠳᠠᠬᠤᠨ ᠪᠣᠯᠤᠭᠰᠠᠨ᠎ᠤ ᠬᠤᠪᠢ᠎ᠳᠤ ᠂ ᠵᠠᠭᠤ ᠮᠢᠩᠭᠠᠨ ᠵᠢᠯ᠎ᠦᠨ ᠲᠤᠷᠰᠢ ᠤᠮᠠᠷᠠᠲᠤ ᠬᠢᠯᠢ ᠎ᠳᠤ ᠠᠮᠢᠳᠤᠷᠠᠵᠤ ᠪᠠᠢᠭᠰᠠᠨ ᠦᠨᠳᠦᠰᠦᠲᠡᠨ᠎ᠨᠦᠭᠦᠳ᠎ᠦᠨ ᠦᠢᠯᠡᠳᠪᠦᠷᠢᠯᠡᠯ ᠬᠥᠳᠡᠯᠮᠦᠷᠢ ᠪᠠ ᠡᠳᠦᠷ ᠲᠤᠲᠤᠮ᠎ᠤᠨ ᠠᠮᠢᠳᠤᠷᠠᠯ᠎ᠤᠨ ᠳᠤᠮᠳᠠ ᠪᠦᠷᠢᠯᠳᠦᠭᠰᠡᠨ ᠦᠵᠡᠯᠲᠡ ᠂ ᠦᠵᠡᠯ ᠰᠠᠨᠠᠭ᠎ᠠ ᠪᠠ ᠥᠷᠲᠡᠭ᠎ᠦᠨ ᠦᠵᠡᠯᠲᠡ᠎ᠶᠢᠨ ᠭᠣᠣᠯ ᠢᠯᠡᠷᠡᠯ ᠪᠣᠯᠬᠤ ᠎ᠪᠠᠷ ᠪᠠᠷᠠᠬᠤ ᠦᠭᠡᠢ ᠂ ᠲᠡᠦᠬᠡᠨ ᠳᠡᠭᠡᠷ᠎ᠡ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠨᠢᠭ᠍ᠲᠠᠷᠠᠯ᠎ᠤᠨ ᠬᠦᠴᠦᠨ ᠪᠠ ᠲᠥᠪᠯᠡᠩᠭᠦᠢ ᠬᠦᠴᠦᠨ᠎ᠢ ᠴᠢᠩᠭᠠᠳᠬᠠᠬᠤ᠎ᠳᠤ ᠳᠤᠲᠠᠭᠳᠠᠵᠤ ᠪᠣᠯᠣᠰᠢ ᠦᠭᠡᠢ ᠦᠢᠯᠡᠳᠦᠯ᠎ᠢ ᠪᠠᠳᠠᠷᠠᠭᠤᠯᠵᠤ ᠮᠠᠷᠺᠰ᠎ᠤᠨ ᠦᠵᠡᠯ᠎ᠦᠨ ᠦᠨᠳᠦᠰᠦᠨ ᠤᠭ ᠶᠣᠰᠣ᠌ ᠎ᠶᠢ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠲᠠᠢ ᠬᠠᠷᠢᠯᠴᠠᠨ ᠵᠣᠬᠢᠴᠠᠭᠤᠯᠤᠭᠰᠠᠨ᠂ ᠬᠠᠷᠢᠯᠴᠠᠨ ᠤᠶᠠᠯᠳᠤᠭᠤᠯᠤᠭᠰᠠᠨ ᠦᠢᠯᠡᠳᠦᠯᠭᠡ᠎ᠶᠢᠨ ᠠᠴᠢᠶᠠᠯᠠᠪᠤᠷᠢ ᠪᠣᠯᠵᠤ᠂ ᠰᠢᠨ᠎ᠡ ᠴᠠᠭ ᠦᠶ᠎ᠡ᠎ᠳᠦ ᠬᠦᠴᠦᠷᠬᠡᠭ ᠶᠡᠬᠡ ᠦᠷᠳᠡᠭ᠎ᠦᠨ ᠬᠥᠲᠥᠯᠥᠨ ᠳᠠᠭᠠᠭᠤᠯᠬᠤ ᠬᠦᠴᠦᠨ᠂ ᠰᠣᠶᠣᠯ᠎ᠤᠨ ᠨᠢᠭ᠍ᠲᠠᠷᠠᠯ᠎ᠤᠨ ᠬᠦᠴᠦᠨ᠂ ᠤᠶᠤᠨ ᠰᠠᠨᠠᠭᠠᠨ᠎ᠤ ᠲᠦᠯᠬᠢᠴᠡ ᠬᠦᠴᠦᠨ ᠲᠠᠢ ᠠᠮᠢ ᠠᠬᠤᠢ᠎ᠶᠢᠨ ᠦᠵᠡᠯᠲᠡ᠂ ᠡᠮᠬᠢ ᠳᠢᠭ᠌ᠯᠢᠮ᠎ᠦᠨ ᠦᠵᠡᠯᠲᠡ᠂ ᠪᠣᠯᠪᠠᠰᠤᠨ᠎ᠤ ᠦᠵᠡᠯᠲᠡ ᠪᠣᠯᠵᠤ ᠬᠥᠭᠵᠢᠭᠰᠡᠨ ᠪᠠᠢᠨ᠎ᠠ᠃

《 ᠤᠮᠠᠷᠠᠲᠤ ᠬᠢᠯᠢ ᠎ᠶᠢᠨ ᠰᠣᠶᠣᠯ 》᠎ᠤᠨ ᠲᠦᠷᠦᠯ ᠲᠡᠮᠳᠡᠭ᠎ᠢ ᠱᠤᠭᠤᠬᠤ ᠪᠣᠯ ᠤᠯᠤᠰ ᠲᠦᠷᠦ᠎ᠶᠢᠨ ᠦᠭᠡ ᠬᠡᠯᠡᠯᠭᠡ᠎ᠶᠢ ᠰᠣᠶᠣᠯ᠎ᠤᠨ ᠦᠭᠡ ᠶᠠᠷᠢᠶ᠎ᠠ ᠪᠣᠯᠭᠠᠨ ᠬᠤᠪᠢᠷᠠᠭᠤᠯᠬᠤ ᠰᠢᠨ᠎ᠡ ᠦᠢᠯᠡᠳᠦᠯᠭᠡ ᠶ᠋ᠢ ᠠᠬᠢᠭᠤᠯᠵᠤ ᠪᠠᠢᠭ᠎ᠠ ᠶᠠᠪᠤᠳᠠᠯ ᠮᠥᠨ

ᠰᠤᠳᠤᠯᠭᠠᠨ᠎ᠤ ᠣᠳᠣᠬᠢ ᠪᠠᠢᠳᠠᠯ᠎ᠡᠴᠡ ᠦᠵᠡᠪᠡᠯ ᠂ ᠳᠤᠮᠳᠠᠳᠤ ᠤᠯᠤᠰ᠎ᠤᠨ ᠤᠯᠠᠮᠵᠢᠯᠠᠯᠲᠤ ᠰᠣᠶᠣᠯ᠎ᠤᠨ ᠣᠳᠣᠬᠢᠴᠢᠯᠠᠯᠲᠠ  ᠵᠢᠨ ᠲᠣᠬᠠᠢ ᠣᠨᠣᠯ᠎ᠤᠨ ᠲᠠᠢᠯᠪᠤᠷᠢᠯᠠᠯᠲᠠ ᠨᠢ ᠣᠯᠠᠩᠬᠢ᠎ᠳᠠᠭᠠᠨ ᠰᠣᠶᠣᠯ᠎ᠤᠨ ᠢᠯᠡ ᠦᠵᠡᠭᠳᠡᠯ ᠪᠣᠯᠣᠨ ᠮᠠᠷᠺᠰ᠎ᠤᠨ ᠦᠵᠡᠯ᠎ᠦᠨ ᠰᠣᠩᠭᠣᠳᠠᠭ ᠥᠭᠦᠯᠡᠯᠲᠡ᠎ᠶᠢᠨ ᠥᠩᠭᠡᠨ ᠲᠠᠯ᠎ᠠ᠎ᠶᠢᠨ ᠤᠶᠠᠯᠳᠤᠯ ᠳᠡᠭᠡᠷ᠎ᠡ ᠵᠣᠭᠰᠣᠩᠭᠢᠷᠠᠵᠤ ᠂ ᠳᠤᠮᠳᠠᠳᠤ᠎ᠶᠢᠨ ᠪᠣᠯᠪᠠᠰᠤᠨ᠎ᠤ ᠬᠥᠭᠵᠢᠯᠲᠡ᠎ᠶᠢᠨ ᠪᠦᠬᠦᠯᠢ ᠴᠣᠭᠴᠠ᠎ᠶᠢᠨ ᠬᠠᠷᠠᠭᠠᠰᠤ᠎ᠠᠴᠠ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠳᠣᠲᠣᠭᠠᠳᠤ ᠲᠣᠭᠲᠠᠴᠠ ᠪᠣᠯᠣᠨ ᠤᠯᠠᠷᠢᠨ ᠬᠤᠪᠢᠰᠬᠤ ᠠᠷᠭ᠎ᠠ ᠵᠠᠮ᠎ᠤᠨ ᠲᠤᠬᠠᠢ ᠭᠦᠨᠵᠡᠭᠡᠢ ᠰᠦᠪᠡᠭᠴᠢᠯᠡᠯᠲᠡ᠎ᠬᠢᠭᠰᠡᠨ ᠵᠢᠡᠷ ᠳᠤᠲᠠᠮᠠᠭ ᠪᠠᠢᠵᠤ᠂ ᠢᠯᠠᠩᠭᠤᠶ᠎ᠠ ᠲᠠᠪᠤᠨ ᠮᠢᠩᠭ᠎ᠠ ᠭᠠᠷᠤᠢ ᠵᠢᠯ᠎ᠦᠨ ᠳᠤᠮᠳᠠᠳᠤ᠎ᠶᠢᠨ ᠪᠣᠯᠪᠠᠰᠤᠨ᠎ᠤ ᠭᠦᠨ ᠵᠤᠵᠠᠭᠠᠨ ᠰᠠᠭᠤᠷᠢᠨ ᠳᠡᠭᠡᠷ᠎ᠡ ᠳᠤᠮᠳᠠᠳᠤ ᠤᠯᠤᠰ᠎ᠤᠨ ᠣᠨᠴᠠᠯᠢᠭ᠋ ᠲᠠᠢ ᠨᠡᠢᠭᠡᠮ ᠵᠢᠷᠤᠮ᠎ᠢ ᠨᠡᠭᠡᠭᠡᠨ ᠬᠥᠭᠵᠢᠭᠦᠯᠬᠦ ᠵᠢᠴᠢ 《ᠬᠣᠶᠠᠳᠠᠭᠢ ᠤᠶᠠᠯᠳᠤᠯ》᠎ᠤᠨ  ᠲᠡᠦᠬᠡ᠎ᠶᠢᠨ ᠲᠠᠢᠯᠪᠤᠷᠢᠯᠠᠯᠲᠠ᠂ ᠤᠨᠤᠯ᠎ᠤᠨ ᠲᠠᠢᠯᠪᠤᠷᠢᠯᠠᠯᠲᠠ᠎ᠶᠢᠨ ᠲᠤᠬᠠᠢ ᠰᠤᠳᠤᠯᠭᠠᠨ᠎ᠢ ᠴᠢᠩᠭᠠᠳᠬᠠᠬᠤ ᠴᠢᠬᠤᠯᠠᠲᠠᠢ ᠪᠠᠢᠨ᠎ᠠ᠃ ᠶᠡᠷᠦᠩᠬᠡᠢ ᠱᠦᠵᠢ ᠰᠢ᠎ᠶᠢᠨ ᠫᠢᠩ 《ᠥᠷᠥᠨᠡᠳᠠᠬᠢᠨ᠎ᠤ ᠮᠠᠰᠢ ᠤᠯᠠᠨ ᠬᠥᠮᠥᠰ ᠳᠤᠮᠳᠠᠳᠤ ᠤᠯᠤᠰ᠎ᠢ ᠥᠷᠥᠨᠡᠳᠠᠬᠢᠨ᠎ᠤ ᠣᠳᠣᠬᠢᠴᠢᠯᠠᠯᠲᠠ᠎ᠶᠢᠨ ᠤᠨᠤᠯ᠎ᠤᠨ ᠬᠠᠷᠠᠭᠠᠰᠤ ᠡᠴᠡ ᠣᠷᠴᠢᠨ ᠤᠳᠤ ᠦᠶ᠎ᠡ᠎ᠶᠢᠨ ᠦᠨᠳᠦᠰᠦᠲᠡᠨ᠎ᠦ ᠤᠯᠤᠰ ᠬᠡᠮᠡᠨ ᠦᠵᠡᠭᠡᠳ ᠵᠠᠩᠰᠢᠵᠠᠢ ᠂ ᠲᠠᠪᠤᠨ ᠮᠢᠩᠭ᠎ᠠ ᠭᠠᠷᠤᠢ ᠵᠢᠯ᠎ᠦᠨ ᠪᠣᠯᠪᠠᠰᠤᠨ ᠲᠡᠦᠬᠡ᠎ᠶᠢᠨ ᠡᠭᠦᠳᠡᠨ᠎ᠡᠴᠡ ᠳᠤᠮᠳᠠᠳᠤ ᠤᠯᠤᠰ᠎ᠢ ᠠᠵᠢᠭ᠍ᠯᠠᠬᠤ ᠦᠭᠡᠢ ᠪᠣᠯᠪᠠᠯ ᠳᠤᠮᠳᠠᠳᠤ ᠤᠯᠤᠰ᠎ᠤᠨ ᠥᠩᠭᠡᠷᠡᠭᠰᠡᠨ᠂ ᠤᠳᠤ᠂ ᠢᠷᠡᠭᠡᠳᠦᠢ᠎ᠶᠢ ᠦᠨᠡᠨ ᠬᠦ᠌ ᠣᠢᠯᠠᠭᠠᠬᠤ᠎ᠳᠤ ᠪᠡᠷᠬᠡ ᠶᠤᠮ》 ᠭᠡᠵᠦ ᠵᠢᠭᠠᠵᠤ ᠭᠠᠷᠭᠠᠪᠠ᠃ 《 ᠤᠮᠠᠷᠠᠲᠤ ᠬᠢᠯᠢ᠎ᠶᠢᠨ ᠰᠣᠶᠣᠯ 》 ᠪᠣᠯ ᠲᠣᠳᠣᠷᠬᠠᠢ ᠤᠯᠤᠰ ᠲᠥᠷᠥ᠎ᠶᠢᠨ ᠣᠷᠣᠨ ᠵᠠᠢ᠎ᠶᠢᠨ ᠬᠡᠯᠪᠡᠷᠢ ᠪᠠᠢᠳᠠᠯ ᠪᠠ ᠲᠣᠳᠣᠷᠬᠠᠢ ᠳᠤᠮᠳᠠᠳᠤ᠎ᠶᠢᠨ ᠪᠣᠯᠪᠠᠰᠤᠨ᠎ᠤ ᠲᠡᠦᠬᠡ᠎ᠶᠢᠨ ᠪᠠᠢᠭᠤᠯᠤᠯᠲᠠ᠎ᠶᠢᠨ ᠬᠠᠷᠠᠭᠠᠰᠤ᠎ᠲᠠᠢ ᠪᠡᠯᠭᠡ ᠲᠡᠮᠳᠡᠭ᠎ᠦᠨ ᠴᠢᠨᠠᠷᠲᠠᠢ ᠤᠬᠠᠭᠳᠠᠬᠤᠨ ᠮᠥᠨ ᠃ ᠲᠠᠨᠢᠯᠲᠠ᠎ᠶᠢᠨ ᠤᠨᠤᠯ᠎ᠤᠨ ᠲᠠᠯ᠎ᠠ᠎ᠠᠴᠠ ᠠᠪᠴᠤ ᠦᠵᠡᠪᠡᠯ᠂ ᠲᠡᠷᠡ ᠨᠢ ᠳᠤᠮᠳᠠᠳᠤ᠎ᠶᠢᠨ ᠦᠨᠳᠦᠰᠦᠲᠡᠨ᠎ᠦ ᠤᠳᠤ ᠦᠶ᠎ᠡ᠎ᠶᠢᠨ ᠪᠣᠯᠪᠠᠰᠤᠨ᠎ᠢ ᠪᠠᠶ᠋ᠢᠭᠤᠯᠬᠤ ᠶᠡᠬᠡ ᠲᠠᠯ᠎ᠠ᠎ᠶᠢ ᠪᠣᠳᠣᠯᠬᠢᠯᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠦᠨᠳᠦᠰᠦᠲᠡᠨ᠎ᠦ ᠲᠠᠯ᠎ᠠ ᠎ᠶᠢ ᠬᠠᠮᠤᠷᠴᠤ ᠪᠠᠢᠭ᠎ᠠ ᠪᠥᠭᠡᠳ ᠪᠠᠰᠠ ᠬᠥᠮᠥᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢᠨ ᠪᠦᠬᠦ ᠪᠥᠮᠪᠥᠷᠴᠡᠭ᠎ᠦᠨ ᠲᠠᠯ᠎ᠠ ᠎ᠶᠢ ᠬᠠᠮᠤᠷᠴᠤ ᠪᠤᠢ᠃ ᠠᠷᠭ᠎ᠠ᠎ᠶᠢᠨ ᠤᠨᠤᠯ᠎ᠤᠨ ᠡᠭᠦᠳᠡᠨ᠎ᠡᠴᠡ ᠠᠪᠴᠤ ᠬᠡᠯᠡᠪᠡᠯ᠂ ᠲᠡᠷᠡ ᠨᠢ ᠦᠢᠯᠡᠳᠦᠯᠭᠡ᠎ᠶᠢᠨ ᠦᠵᠡᠯᠲᠡ᠂ ᠲᠡᠦᠬᠡ᠎ᠶᠢᠨ ᠦᠵᠡᠯᠲᠡ᠂ ᠬᠤᠪᠢᠰᠤᠩᠭᠤᠢ ᠠᠷᠭ᠎ᠠ᠎ᠶᠢᠨ ᠦᠵᠡᠯᠲᠡ᠂ ᠬᠥᠭᠵᠢᠯᠲᠡ᠎ᠶᠢᠨ ᠦᠵᠡᠯᠲᠡ᠎ᠶᠢ ᠪᠠᠷᠢᠮᠲᠠᠯᠠᠨ ᠬᠡᠷᠡᠭᠯᠡᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠎ᠶᠢ ᠤᠯᠤᠰ ᠲᠥᠷᠥ᠎ᠶᠢᠨ ᠦᠢᠯᠡᠳᠦᠯᠭᠡ᠎ᠡᠴᠡ ᠰᠣᠶᠣᠯ᠎ᠤᠨ ᠦᠢᠯᠡᠳᠦᠯᠭᠡ ᠪᠣᠯᠭᠠᠨ ᠬᠤᠪᠢᠷᠠᠭᠤᠯᠵᠦ᠂ ᠳᠤᠮᠳᠠᠳᠤ᠎ᠶᠢᠨ ᠪᠣᠯᠪᠠᠰᠤᠨ᠎ᠤ ᠲᠡᠦᠬᠡ᠎ᠶᠢᠨ ᠠᠬᠢᠴᠠ᠎ᠳᠤ ᠴᠢᠬᠤᠯᠠ ᠦᠢᠯᠡᠳᠦᠯ ᠦᠵᠡᠭᠦᠯᠦᠭᠰᠡᠨ ᠣᠷᠣᠨ ᠪᠦᠰᠡ᠎ᠶᠢᠨ ᠰᠣᠶᠣᠯ᠎ᠤᠨ ᠪᠦᠷᠢᠯᠳᠦᠯ᠎ᠦᠨ ᠲᠣᠭᠲᠠᠴᠠ ᠪᠣᠯᠣᠨ ᠳᠣᠲᠣᠭᠠᠳᠤ ᠬᠤᠪᠢᠰᠤᠯᠲᠠ᠎ᠶᠢᠨ ᠠᠷᠭ᠎ᠠ ᠵᠠᠮ᠎ᠢ ᠭᠦᠨᠵᠡᠭᠡᠢ ᠰᠦᠪᠡᠭᠴᠢᠯᠡᠬᠦ᠎ᠪᠡᠷ ᠳᠠᠮᠵᠢᠭᠤᠯᠵᠤ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠬᠡᠯ᠎ᠳᠦ ᠴᠢᠬᠤᠯᠠᠴᠢᠯᠠᠭᠰᠠᠨ 《ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠨᠢ ᠬᠥᠮᠥᠨ ᠲᠥᠷᠥᠯᠬᠢᠲᠡᠨ᠎ᠦ ᠣᠳᠣᠬᠢᠴᠢᠯᠠᠯᠲᠠ᠎ᠶᠢ ᠪᠡᠶᠡᠯᠡᠭᠦᠯᠬᠦ᠎ᠳᠦ ᠰᠢᠨ᠎ᠡ ᠰᠣᠩᠭᠣᠯᠲᠠ ᠬᠠᠩᠭᠠᠪᠠ》 ᠭᠡᠬᠦ ᠡᠨᠡ ᠬᠦ᠌ ᠴᠢᠬᠤᠯᠠ ᠨᠤᠲᠠᠯᠠᠯᠲᠠ᠎ᠶᠢ ᠭᠦᠨᠵᠡᠭᠡᠢ ᠲᠠᠢᠯᠪᠤᠷᠢᠯᠠᠬᠤ᠎ᠶᠢᠨ ᠲᠥᠯᠥᠭᠡ ᠶᠤᠮ᠃

《 ᠤᠮᠠᠷᠠᠲᠤ ᠬᠢᠯᠢ ᠵᠢᠨ ᠰᠣᠶᠣᠯ 》᠎ᠤᠨ ᠲᠦᠷᠦᠯ ᠲᠡᠮᠳᠡᠭ᠎ᠢ ᠱᠤᠭᠤᠬᠤ ᠪᠣᠯ ᠳᠤᠮᠳᠠᠳᠤ᠎ᠶᠢᠨ ᠦᠨᠳᠦᠰᠦᠲᠡᠨ᠎ᠦ ᠤᠳᠤ ᠦᠶ᠎ᠡ᠎ᠶᠢᠨ ᠪᠣᠯᠪᠠᠰᠤᠨ ᠎ᠢ ᠪᠠᠢᠭᠤᠯᠬᠤ ᠰᠢᠨ᠎ᠡ ᠠᠷᠭ᠎ᠠ ᠬᠡᠮᠵᠢᠶ᠎ᠡ ᠪᠣᠯᠣᠨ᠎ᠠ

ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠤᠶᠤᠨ ᠰᠠᠨᠠᠭᠠᠨ᠎ᠤ ᠭᠡᠷ ᠣᠷᠣᠨ᠎ᠤ ᠪᠠᠢᠭᠤᠯᠤᠯᠲᠠ᠎ᠶᠢ ᠠᠬᠢᠭᠤᠯᠵᠤ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ᠎ᠳᠤ ᠡᠯ᠎ᠡ ᠵᠦᠢᠯ᠎ᠦᠨ ᠠᠵᠢᠯ᠎ᠢ ᠴᠥᠮ ᠪᠣᠳᠠᠲᠠᠢ᠎ᠪᠠᠷ ᠠᠳᠬᠤᠵᠤ᠂ ᠨᠠᠷᠢᠨ ᠨᠢᠮᠪᠠᠢ ᠪᠠᠢᠬᠤ ᠬᠡᠷᠡᠭᠲᠡᠢ᠃ ᠰᠢᠨ᠎ᠡ ᠴᠠᠭ ᠦᠶ᠎ᠡ᠎ᠳᠦ ᠦᠨᠳᠦᠰᠦᠲᠡᠨ᠎ᠦ ᠭᠠᠵᠠᠷ ᠣᠷᠣᠨ᠎ᠤ ᠡᠯ᠎ᠡ ᠵᠦᠢᠯ᠎ᠦᠨ ᠠᠵᠢᠯ᠎ᠢ ᠴᠢᠨᠠᠷ ᠰᠠᠢᠲᠠᠢ ᠠᠬᠢᠭᠤᠯᠵᠤ ᠂ ᠤᠯᠠᠮᠵᠢᠯᠠᠯᠲᠤ ᠦᠨᠳᠦᠰᠦᠲᠡᠨ᠎ᠦ ᠰᠣᠶᠣᠯ ᠎ᠢ ᠬᠠᠮᠠᠭᠠᠯᠠᠬᠤ ᠪᠠ ᠤᠯᠠᠮᠵᠢᠯᠠᠯ᠎ᠢ ᠴᠢᠩᠭᠠᠳᠬᠠᠬᠤ᠎ᠳᠤ ᠂ ᠨᠢᠭᠡ ᠲᠠᠯ᠎ᠠ᠎ᠪᠠᠷ ᠰᠢᠰᠲᠧᠮᠲᠦ ᠦᠵᠡᠯᠲᠡ᠎ᠶᠢ ᠪᠠᠷᠢᠮᠲᠠᠯᠠᠵᠤ᠂ ᠠᠮᠢ ᠠᠬᠤᠢ᠎ᠶᠢᠨ ᠰᠢᠰᠲᠧᠮ᠎ᠦᠨ ᠪᠦᠬᠦᠯᠢ ᠴᠣᠭᠴᠠᠲᠤ ᠴᠢᠨᠠᠷ ᠪᠠ ᠳᠤᠮᠳᠠᠳᠤ᠎ᠶᠢᠨ ᠦᠨᠳᠦᠰᠦᠲᠡᠨ᠎ᠦ ᠪᠦᠬᠦᠯᠢ ᠴᠣᠭᠴᠠᠲᠤ ᠴᠢᠨᠠᠷ᠎ᠠᠴᠠ ᠡᠭᠦᠰᠴᠦ᠂ ᠳᠦᠷᠢᠮ᠎ᠦᠨ ᠴᠢᠨᠠᠷᠲᠠᠢ ᠲᠠᠢᠯᠪᠤᠷᠢᠯᠠᠯᠲᠠ ᠪᠠ ᠵᠠᠰᠠᠯᠲᠠ᠎ᠶᠢᠨ ᠰᠢᠰᠲᠧᠮᠲᠦ ᠴᠢᠨᠠᠷᠲᠠᠢ ᠪᠠᠢᠭᠤᠯᠤᠯᠲᠠ᠎ᠶᠢ ᠲᠠᠰᠤᠷᠠᠯᠳᠠ ᠦᠭᠡᠢ ᠴᠢᠩᠭᠠᠳᠬᠠᠵᠤ᠂ ᠶᠠᠮᠠᠷᠪᠠ ᠠᠵᠢᠯ᠎ᠢ ᠬᠢᠬᠦ᠂ ᠶᠠᠮᠠᠷᠪᠠ ᠶᠠᠪᠤᠳᠠᠯ᠎ᠢ ᠬᠢᠬᠦ᠎ᠳᠦ ᠴᠥᠮ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠭᠡᠬᠦ ᠡᠨᠡ ᠬᠦ᠌ ᠭᠣᠣᠯ ᠰᠢᠵᠢᠮ᠎ᠲᠠᠢ ᠨᠢᠭ᠍ᠲᠠ ᠤᠶᠠᠯᠳᠤᠭᠤᠯᠤᠨ᠂ ᠥᠴᠥᠬᠡᠨ ᠴᠦ᠍ ᠬᠡᠯᠪᠡᠢᠯᠭᠡᠵᠦ ᠪᠤᠯᠬᠤ ᠦᠭᠡᠢ ᠪᠥᠭᠡᠳ ᠡᠭᠦᠨ᠎ᠢᠶᠡᠷ ᠦᠷ᠎ᠡ ᠪᠦᠲᠦᠮᠵᠢ᠎ᠶᠢ ᠨᠢ ᠦᠨᠡᠯᠡᠨ ᠰᠢᠯᠭᠠᠬᠤ ᠬᠡᠷᠡᠭᠲᠡᠢ ; ᠨᠥᠭᠥᠭᠡ ᠲᠠᠯ᠎ᠠ᠎ᠪᠠᠷ ᠂ ᠮᠣᠩᠭᠣᠯ ᠮᠣᠷᠢᠨ᠎ᠤ ᠵᠣᠷᠢᠭ᠋ ᠰᠠᠨᠠᠭ᠎ᠠ᠂ 《ᠤᠮᠠᠷᠠᠲᠤ᠎ᠶᠢᠨ ᠭᠤᠷᠪᠠᠨ ᠣᠷᠣᠨ᠎ᠤ ᠵᠣᠷᠢᠭ᠋ ᠰᠠᠨᠠᠭ᠎ᠠ 》᠎ᠵᠢ ᠶᠡᠬᠡ᠎ᠪᠡᠷ ᠪᠠᠳᠠᠷᠠᠭᠤᠯᠬᠤ᠎ᠪᠠᠷ ᠳᠠᠮᠵᠢᠭᠤᠯᠤᠨ ᠂ ᠴᠥᠭᠡᠨ ᠲᠣᠭᠠᠲᠤ ᠦᠨᠳᠦᠰᠦᠲᠡᠨ᠎ᠦ ᠰᠣᠶᠣᠯ ᠎ᠢ ᠬᠠᠮᠠᠭᠠᠯᠠᠬᠤ ᠪᠠ ᠤᠯᠠᠮᠵᠢᠯᠠᠬᠣ ᠵᠢ ᠶᠡᠬᠡ᠎ᠪᠡᠷ ᠳᠡᠮᠵᠢᠵᠦ ᠂ ᠣᠷᠣᠨ ᠨᠤᠳᠤᠭ᠎ᠤᠨ ᠳᠣᠲᠣᠷᠠᠬᠢ ᠣᠯᠠᠨ ᠦᠨᠳᠦᠰᠦᠲᠡᠨ᠎ᠦ ᠣᠯᠠᠨ ᠡᠰᠢᠲᠦ ᠰᠣᠶᠣᠯ᠎ᠤᠨ ᠳᠤᠮᠳᠠᠳᠤ᠎ᠶᠢᠨ ᠪᠣᠯᠪᠠᠰᠤᠨ᠎ᠢ ᠤᠯᠠᠮᠵᠢᠯᠠᠨ ᠬᠥᠭᠵᠢᠭᠦᠯᠬᠦ ᠰᠢᠰᠲᠧᠮ᠎ᠦᠨ ᠪᠠᠢᠭᠤᠯᠤᠯᠲᠠ᠎ᠳᠤ ᠣᠷᠣᠯᠴᠠᠬᠤ᠎ᠶᠢ ᠠᠬᠢᠭᠤᠯᠵᠤ ᠂ ᠡᠭᠦᠨ᠎ᠦ ᠤᠯᠠᠮ᠎ᠢᠶᠠᠷ ᠳᠤᠮᠳᠠᠳᠤ᠎ᠶᠢᠨ ᠦᠨᠳᠦᠰᠦᠲᠡᠨ᠎ᠦ ᠪᠦᠬᠦᠯᠢ ᠴᠣᠭᠴᠠ᠎ᠶᠢᠨ ᠲᠡᠦᠬᠡᠨ ᠦᠵᠡᠯᠲᠡ᠎ᠶᠢ ᠪᠤᠢ ᠪᠤᠯᠭᠠᠬᠤ ᠣᠨᠣᠯ᠎ᠤᠨ ᠲᠠᠢᠯᠪᠤᠷᠢᠯᠠᠯᠲᠠ᠎ᠶᠢ ᠴᠢᠩᠭᠠᠳᠬᠠᠬᠤ ᠬᠡᠷᠡᠭᠲᠡᠢ ᠃

ᠳᠤᠮᠳᠠᠳᠤ᠎ᠶᠢᠨ ᠪᠣᠯᠪᠠᠰᠤᠨ᠎ᠤ ᠲᠠᠪᠤᠨ ᠮᠢᠩᠭ᠎ᠠ ᠭᠠᠷᠤᠢ ᠵᠢᠯ᠎ᠦᠨ ᠬᠥᠭᠵᠢᠯᠲᠡ᠎ᠶᠢᠨ ᠲᠡᠦᠬᠡ ᠨᠢ ᠠᠮᠢᠳᠤ ᠪᠣᠳᠠᠰ᠎ᠤᠨ ᠲᠦᠷᠦᠯ ᠂ ᠲᠧᠭ᠌ᠨᠢᠭ᠌ ᠮᠡᠷᠭᠡᠵᠢᠯ᠂ ᠡᠬᠢ ᠪᠠᠶᠠᠯᠢᠭ᠋ ᠴᠢᠨᠠᠭᠰᠢᠯᠠᠪᠠᠯ ᠦᠵᠡᠯ ᠰᠠᠨᠠᠭ᠎ᠠ᠂ ᠰᠣᠶᠣᠯ᠎ᠤᠨ ᠠᠯᠢ ᠨᠢ ᠴᠤ᠌ ᠭᠡᠰᠡᠨ ᠴᠥᠮ ᠲᠠᠰᠤᠷᠠᠯᠳᠡ ᠦᠭᠡᠢ ᠤᠯᠠᠮᠵᠢᠯᠠᠬᠤ᠂ ᠰᠣᠯᠢᠯᠴᠠᠬᠤ᠂ ᠬᠠᠷᠢᠯᠴᠠᠨ ᠦᠢᠯᠡᠳᠦᠯᠴᠡᠬᠦ ᠶᠠᠪᠤᠴᠠ᠎ᠳᠤ ᠬᠥᠭᠵᠢᠨ ᠳᠠᠪᠰᠢᠵᠤ ᠪᠠᠢᠳᠠᠭ ᠬᠡᠳᠡᠭ᠎ᠢ ᠬᠦᠢᠴᠡᠳ ᠭᠡᠷᠡᠴᠢᠯᠡᠪᠡ᠃ ᠶᠡᠷᠦᠩᠬᠡᠢ ᠱᠦᠵᠢ ᠰᠢ᠎ᠶᠢᠨ ᠫᠢᠩ᠎ᠤᠨ ᠰᠣᠶᠣᠯ᠎ᠢ ᠤᠯᠠᠮᠵᠢᠯᠠᠨ ᠬᠥᠭᠵᠢᠭᠦᠯᠬᠦ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠳᠤᠮᠳᠠᠳᠤ᠎ᠶᠢᠨ ᠪᠣᠯᠪᠠᠰᠤᠨ᠎ᠤ ᠲᠠᠪᠤᠨ ᠲᠣᠪᠣᠢᠮ᠎ᠠ ᠣᠨᠴᠠᠯᠢᠭ᠋ ᠂ ᠮᠠᠷᠺᠰ᠎ᠤᠨ ᠦᠵᠡᠯ ᠪᠣᠯᠣᠨ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠬᠣᠭᠣᠷᠣᠨᠳᠤ ᠳᠡᠭᠡᠳᠦ ᠬᠡᠮᠵᠢᠶᠡᠨ᠎ᠦ ᠵᠣᠬᠢᠴᠠᠬᠤ ᠴᠢᠨᠠᠷ ᠣᠷᠣᠰᠢᠵᠤ ᠪᠠᠢᠬᠤ᠂ 《ᠬᠣᠶᠠᠳᠡᠬᠢ ᠤᠶᠠᠯᠳᠤᠯ》 ᠂ ᠳᠤᠮᠳᠠᠳᠤ᠎ᠶᠢᠨ ᠦᠨᠳᠦᠰᠦᠲᠡᠨ᠎ᠦ ᠤᠳᠤ ᠦᠶ᠎ᠡ᠎ᠶᠢᠨ ᠪᠣᠯᠪᠠᠰᠤᠨ᠎ᠢ ᠪᠠᠶ᠋ᠢᠭᠤᠯᠬᠤ ᠵᠡᠷᠭᠡ ᠲᠠᠯ᠎ᠠ᠎ᠪᠠᠷ ᠭᠦᠨᠵᠡᠭᠡᠢ ᠰᠢᠰᠲ᠋ᠸᠮ ᠲᠠᠢ ᠲᠣᠳᠣᠷᠬᠠᠢᠯᠠᠨ ᠥᠭᠦᠯᠡᠪᠡ ᠂ ᠰᠢᠨᠵᠢᠯᠡᠬᠦ ᠤᠬᠠᠭᠠᠨᠴᠢ ᠤᠨᠤᠯ᠎ᠤᠨ ᠯᠣᠭᠢᠭ᠋ ᠪᠠ ᠲᠡᠦᠬᠡ᠎ᠶᠢᠨ ᠯᠣᠭᠢᠭ᠋᠎ᠢ ᠢᠯᠡᠷᠡᠭᠦᠯᠵᠦ᠂ ᠪᠢᠳᠡᠨ᠎ᠦ ᠰᠣᠶᠣᠯ᠎ᠤᠨ ᠢᠲᠡᠭᠡᠯ᠎ᠢᠶᠡᠨ ᠪᠠᠲᠤᠳᠬᠠᠵᠤ᠂ ᠰᠢᠨ᠎ᠡ ᠰᠣᠶᠣᠯ᠎ᠤᠨ ᠡᠭᠦᠷᠭᠡ᠎ᠶᠢ ᠨᠡᠩ ᠰᠠᠢᠲᠤᠷ ᠡᠭᠦᠷᠭᠡᠯᠡᠬᠦ᠎ᠳᠦ ᠰᠢᠨ᠎ᠡ ᠴᠢᠭᠯᠡᠯ᠎ᠢ ᠵᠢᠭᠠᠵᠤ ᠥᠭᠪᠡ᠃ 《ᠤᠮᠠᠷᠠᠲᠤ ᠬᠢᠯᠢ᠎ᠶᠢᠨ ᠰᠣᠶᠣᠯ》 ᠪᠣᠯ ᠶᠠᠭ ᠡᠨᠡ ᠬᠦ᠌ ᠰᠢᠨ᠎ᠡ ᠲᠡᠦᠬᠡ᠎ᠶᠢᠨ ᠠᠵᠠ ᠲᠣᠬᠢᠶᠠᠯ ᠳᠣᠣᠷ᠎ᠠ ᠳᠤᠷᠠᠳᠤᠭᠰᠠᠨ ᠤᠨᠤᠯ᠎ᠢᠶᠠᠷ ᠦᠢᠯᠡᠳᠦᠯᠭᠡ᠎ᠶᠢ ᠠᠬᠢᠭᠤᠯᠬᠤ ᠰᠢᠨ᠎ᠡ ᠤᠬᠠᠭᠳᠠᠬᠤᠨ ᠪᠣᠯᠣᠨ᠎ᠠ᠂ 《ᠤᠮᠠᠷᠠᠲᠤ ᠬᠢᠯᠢ ᠵᠢᠨ ᠰᠣᠶᠣᠯ》᠎ᠤᠨ ᠲᠦᠷᠦᠯ ᠲᠡᠮᠳᠡᠭ᠎ᠢ ᠡᠭᠦᠳᠬᠦ ᠪᠣᠯ ᠳᠤᠮᠳᠠᠳᠤ᠎ᠶᠢᠨ ᠦᠨᠳᠦᠰᠦᠲᠡᠨ᠎ᠦ ᠤᠳᠤ ᠦᠶ᠎ᠡ᠎ᠶᠢᠨ ᠪᠣᠯᠪᠠᠰᠤᠨ᠎ᠢ ᠪᠠᠶ᠋ᠢᠭᠤᠯᠬᠤ ᠰᠢᠨ᠎ᠡ ᠠᠷᠭ᠎ᠠ ᠬᠡᠮᠵᠢᠶ᠎ᠡ ᠪᠣᠯᠣᠨ᠎ᠠ᠃ ᠳᠠᠷᠠᠭᠠᠴᠢ᠎ᠶᠢᠨ ᠠᠯᠬᠤᠮ᠎ᠳᠤ᠂ ᠪᠢᠳᠡ ᠡᠭᠦᠨ᠎ᠢᠶᠡᠷ ᠰᠢᠪᠲᠤᠯᠤᠯᠲᠠ᠎ᠶᠢᠨ ᠴᠡᠭ ᠪᠣᠯᠭᠠᠵᠤ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠳᠣᠲᠣᠭᠠᠳᠤ ᠪᠦᠲᠦᠴᠡ᠎ᠶᠢ ᠭᠦᠨᠵᠡᠭᠡᠢ ᠠᠵᠢᠭ᠍ᠯᠠᠵᠤ᠂ 《ᠤᠮᠠᠷᠠᠲᠤ ᠬᠢᠯᠢ ᠵᠢᠨ ᠰᠣᠶᠣᠯ》 ᠎ᠤᠨ ᠳᠣᠲᠣᠭᠠᠳᠤ ᠬᠤᠪᠢᠰᠤᠯᠲᠠ᠎ᠶᠢᠨ ᠲᠣᠭᠲᠠᠴᠠ᠎ᠶᠢᠨ ᠰᠤᠳᠤᠯᠭᠠᠨ᠎ᠢ ᠭᠦᠨᠵᠡᠭᠡᠢᠷᠡᠭᠦᠯᠬᠦ᠎ᠶᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ ᠪᠣᠯᠣᠨ ᠳᠤᠮᠳᠠᠳᠤ᠎ᠶᠢᠨ ᠦᠨᠳᠦᠰᠦᠲᠡᠨ᠎ᠦ ᠤᠳᠤ ᠦᠶ᠎ᠡ᠎ᠶᠢᠨ ᠪᠣᠯᠪᠠᠰᠤᠨ᠎ᠤ ᠪᠠᠢᠭᠤᠯᠤᠯᠲᠠ᠎ᠶᠢ ᠠᠬᠢᠭᠤᠯᠬᠤ ᠴᠠᠭ ᠦᠶ᠎ᠡ᠎ᠶᠢᠨ ᠱᠠᠭᠠᠷᠳᠠᠯᠭ᠎ᠠ᠎ᠲᠠᠢ ᠰᠠᠢᠲᠤᠷ ᠵᠣᠯᠭᠠᠭᠤᠯᠵᠤ᠂ ᠰᠠᠢᠲᠤᠷ ᠠᠭᠤᠰᠤᠯᠴᠠᠭᠤᠯᠬᠤ ᠬᠡᠷᠡᠭᠲᠡᠢ᠃ ᠢᠩᠭᠢᠮᠡᠨᠵᠢᠨ ᠰᠠᠶᠢ ᠠᠭᠤᠯᠭ᠎ᠠ᠂ ᠬᠡᠯᠪᠡᠷᠢ᠂ ᠠᠴᠢᠶᠠᠯᠠᠪᠤᠷᠢ᠂ ᠠᠷᠭ᠎ᠠ ᠪᠠᠷᠢᠯ ᠵᠡᠷᠭᠡ ᠤᠯᠠᠨ ᠲᠠᠯ᠎ᠠ᠎ᠠᠴᠠ ᠲᠠᠰᠤᠷᠠᠯᠲᠠ ᠦᠭᠡᠢ ᠥᠭᠡᠷᠡᠴᠢᠯᠡᠨ ᠰᠠᠢᠵᠢᠷᠠᠭᠤᠯᠵᠤ ᠰᠢᠨ᠎ᠡ᠎ᠶᠢ ᠡᠭᠦᠳᠴᠦ᠂ 《ᠤᠮᠠᠷᠠᠲᠤ ᠬᠢᠯᠢ ᠵᠢᠨ ᠰᠣᠶᠣᠯ》 ᠎ᠤᠨ ᠳᠣᠲᠣᠭᠠᠳᠤ ᠦᠷᠳᠡᠭ᠎ᠦᠨ ᠬᠥᠲᠥᠯᠥᠨ ᠵᠢᠯᠤᠭᠣᠳᠬᠤ ᠬᠦᠴᠦᠨ ᠪᠣᠯᠣᠨ ᠤᠶᠤᠨ ᠰᠠᠨᠠᠭᠠᠨ᠎ᠤ ᠬᠥᠳᠡᠯᠭᠡᠬᠦ ᠬᠦᠴᠦᠨ᠎ᠢ ᠴᠢᠨᠠᠭᠰᠢᠳᠠ ᠬᠥᠭᠵᠢᠭᠡᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢ ᠪᠦᠬᠦ ᠲᠠᠯ᠎ᠠ᠎ᠪᠠᠷ ᠠᠬᠢᠭᠤᠯᠵᠤ ᠴᠢᠳᠠᠨ᠎ᠠ᠃

(ᠵᠣᠬᠢᠶᠠᠭ᠍ᠴᠢ ᠄ ᠳᠤᠮᠳᠠᠳᠤ ᠤᠯᠤᠰ᠎ᠤᠨ ᠨᠡᠢᠭᠡᠮ᠎ᠦᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠡᠷᠲᠡᠨ᠎ᠦ ᠲᠡᠦᠬᠡ ᠰᠤᠳᠤᠯᠬᠤ ᠭᠠᠵᠠᠷ᠎ᠤᠨ ᠡᠷᠲᠡᠨ᠎ᠦ ᠰᠣᠶᠣᠯ᠎ᠤᠨ ᠲᠡᠦᠬᠡ ᠰᠤᠳᠤᠯᠬᠤ ᠲᠠᠰᠤᠭ᠎ᠤᠨ ᠡᠷᠬᠢᠯᠡᠭᠴᠢ )

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号