ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠶᠢᠨ ᠴᠢᠬᠤᠯᠠ ᠲᠠᠯ᠎ᠠ ᠪᠣᠯ ᠰᠣᠶᠣᠯ᠎ᠤᠨ ᠪᠠᠢᠭᠤᠯᠤᠯᠲᠠ᠎ᠶᠢ ᠰᠠᠢᠲᠤᠷ ᠠᠳᠬᠤᠵᠤ᠂ ᠰᠣᠶᠣᠯ᠎ᠤᠨ ᠲᠠᠨᠢᠯᠲᠠ ᠶᠢ ᠲᠡᠭᠡᠭᠰᠢᠯᠡᠬᠦᠯᠬᠦ ᠶᠠᠪᠤᠳᠠᠯ ᠪᠣᠯᠣᠨ᠎ᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠡᠴᠡ 《ᠤᠮᠠᠷᠠᠲᠤ ᠬᠢᠯᠢ᠎ᠶᠢᠨ ᠰᠣᠶᠣᠯ》 ᠭᠡᠬᠦ ᠡᠨᠡ ᠬᠦ᠌ ᠥᠪᠥᠷ ᠮᠣᠩᠭᠣᠯ᠎ᠤᠨ ᠣᠨᠴᠠᠯᠢᠭ᠋ ᠲᠠᠢ ᠣᠷᠣᠨ ᠨᠤᠲᠤᠭ᠎ᠤᠨ ᠴᠢᠨᠠᠷᠲᠠᠢ ᠰᠣᠶᠣᠯ᠎ᠤᠨ ᠲᠦᠷᠦᠯ ᠲᠡᠮᠳᠡᠭ᠎ᠢ ᠱᠣᠭᠣᠬᠣ ᠪᠡᠷ ᠲᠣᠷᠠᠳᠣᠬᠰᠠᠨ ᠨᠢ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠬᠥᠭᠵᠢᠭᠦᠯᠵᠦ᠂ ᠤᠮᠠᠷᠠᠲᠤ ᠬᠢᠯᠢ᠎ᠶᠢᠨ ᠡᠬᠡ ᠭᠠᠵᠠᠷ᠎ᠲᠤ ᠦᠨᠳᠦᠰᠦᠯᠡᠭᠰᠡᠨ ᠰᠢᠯᠢᠳᠡᠭ ᠰᠣᠶᠣᠯ᠎ᠢ ᠰᠢᠨ᠎ᠡ ᠴᠠᠭ ᠦᠶ᠎ᠡ᠎ᠳᠦ ᠠᠮᠢᠳᠤᠯᠢᠭ᠍ᠵᠢᠭᠤᠯᠵᠤ ᠬᠥᠭᠵᠢᠶᠡᠨᠲᠡᠢ ᠪᠣᠯᠭᠠᠵᠤ᠂ ᠥᠪᠥᠷ ᠮᠣᠩᠭᠣᠯ᠎ᠤᠨ ᠵᠥᠪ ᠲᠠᠯ᠎ᠠ᠎ᠶᠢᠨ ᠳᠦᠷᠢ ᠲᠥᠷᠬᠦ᠎ᠶᠢ ᠳᠡᠭᠡᠭᠰᠢᠯᠡᠭᠦᠯᠬᠦ᠎ᠳᠦ ᠬᠦᠴᠦᠲᠡᠢ ᠲᠤᠯᠭᠠᠭᠤᠷᠢᠯᠠᠯ ᠬᠠᠩᠭᠠᠵᠤ᠂ ᠣᠳᠣᠬᠢᠴᠢᠯᠠᠬᠤ ᠪᠦᠲᠦᠭᠡᠨ ᠪᠠᠢᠭᠤᠯᠤᠯᠲᠠ᠎ᠶᠢ ᠠᠬᠢᠭᠤᠯᠬᠤ᠎ᠳᠤ ᠬᠦᠴᠦᠷᠬᠡᠭ ᠶᠡᠬᠡ ᠤᠶᠤᠨ ᠰᠠᠨᠠᠭᠠᠨ᠎ᠤ ᠬᠦᠴᠦᠨ ᠴᠢᠳᠠᠯ ᠨᠡᠮᠡᠷᠢᠯᠡᠬᠦ ᠵᠢᠨ ᠲᠦᠯᠦᠭᠡ ᠶᠣᠮ᠃
ᠤᠯᠤᠰ ᠲᠦᠷᠦ᠎ᠶᠢᠨ ᠲᠠᠯ᠎ᠠ᠎ᠪᠠᠷ ᠂ ᠨᠠᠮ᠎ᠤᠨ ᠤᠳᠤᠷᠢᠳᠤᠯᠭ᠎ᠠ᠎ᠶᠢ ᠪᠠᠷᠢᠮᠲᠠᠯᠠᠵᠤ ᠂ 《ᠤᠮᠠᠷᠠᠲᠤ ᠬᠢᠯᠢ ᠵᠢᠨ ᠰᠣᠶᠣᠯ》 ᠤᠨ ᠪᠠᠢᠭᠤᠯᠤᠯᠲᠠ᠎ᠶᠢ ᠢᠮᠠᠭᠲᠠ ᠳᠤᠮᠳᠠᠳᠤ ᠤᠯᠤᠰ᠎ᠤᠨ ᠣᠨᠴᠠᠯᠢᠭ᠋᠎ᠲᠠᠢ ᠨᠡᠢᠭᠡᠮ ᠵᠢᠷᠤᠮ᠎ᠤᠨ ᠰᠣᠶᠣᠯ᠎ᠤᠨ ᠬᠥᠭᠵᠢᠯᠲᠡ᠎ᠶᠢᠨ ᠵᠠᠮ᠎ᠢᠶᠠᠷ ᠭᠤᠢᠪᠢᠰᠢ ᠦᠭᠡᠢ ᠤᠷᠤᠭᠰᠢᠯᠠᠭᠤᠯᠬᠤ᠎ᠶᠢ ᠪᠠᠲᠤᠯᠠᠬᠤ ᠬᠡᠷᠡᠭᠲᠡᠢ ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ ᠂ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠰᠣᠶᠣᠯ᠎ᠤᠨ ᠪᠠᠢᠭᠤᠯᠤᠯᠲᠠ᠎ᠶᠢ ᠪᠦᠬᠦ ᠲᠠᠯ᠎ᠠ᠎ᠶᠢᠨ ᠠᠵᠢᠯ᠎ᠤᠨ ᠴᠢᠬᠤᠯᠠ ᠪᠠᠢᠷᠢᠨ᠎ᠳᠤ ᠲᠠᠯᠪᠢᠵᠤ ᠂ ᠪᠦᠲᠦᠭᠡᠯᠴᠢ᠎ᠪᠡᠷ ᠬᠤᠪᠢᠷᠠᠭᠤᠯᠬᠤ ᠂ ᠪᠦᠳᠦᠭᠡᠯᠴᠢ ᠪᠠᠷ ᠬᠥᠭᠵᠢᠭᠦᠯᠬᠦ᠎ᠶᠢ ᠪᠠᠷᠢᠮᠲᠠᠯᠠᠵᠤ᠂ ᠰᠢᠷᠢᠰ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ ᠂ ᠰᠢᠨ᠎ᠡ ᠨᠤᠲᠠᠯᠠᠯᠲᠠ᠎ᠶᠢ ᠳᠤᠷᠠᠳᠴᠤ ᠂ ᠬᠦᠴᠦᠷᠭᠡᠭ ᠤᠯᠤᠰ᠎ᠤᠨ ᠪᠦᠲᠦᠭᠡᠨ ᠪᠠᠢᠭᠤᠯᠤᠯᠲᠠ ᠂ ᠦᠨᠳᠦᠰᠦᠲᠡᠨ᠎ᠦ ᠰᠡᠷᠭᠦᠨ ᠮᠠᠨᠳᠤᠯᠲᠠ᠎ᠳᠤ ᠰᠢᠪᠬᠠᠭᠠᠳ ᠳᠠᠭᠤᠰᠤᠰᠢ ᠦᠭᠡᠢ ᠤᠶᠤᠨ ᠰᠠᠨᠠᠭᠠᠨ᠎ᠤ ᠬᠥᠳᠡᠯᠭᠡᠬᠦ ᠬᠦᠴᠦᠨ᠎ᠢ ᠨᠡᠮᠡᠷᠢᠯᠡᠪᠡ ᠃ ᠨᠠᠮ᠎ᠤᠨ ᠤᠳᠤᠷᠢᠳᠤᠯᠭ᠎ᠠ ᠪᠣᠯ ᠨᠡᠢᠭᠡᠮ ᠵᠢᠷᠤᠮᠳᠤ ᠰᠣᠶᠣᠯ᠎ᠤᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ᠎ᠶᠢᠨ ᠦᠨᠳᠦᠰᠦᠨ ᠪᠠᠲᠤᠯᠠᠭ᠎ᠠ ᠮᠥᠨ ᠭᠡᠳᠡᠭ᠎ᠢ ᠦᠢᠯᠡᠳᠦᠯᠭᠡ ᠭᠡᠷᠡᠴᠢᠯᠡᠵᠡᠢ᠃《ᠤᠮᠠᠷᠠᠲᠤ ᠬᠢᠯᠢ᠎ᠶᠢᠨ ᠰᠣᠶᠣᠯ》 ᠤᠨ ᠪᠠᠢᠭᠤᠯᠤᠯᠲᠠ᠎ᠶᠢᠨ ᠶᠠᠪᠤᠴᠠ᠎ᠳᠤ᠂ ᠪᠢᠳᠡ ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ᠎ᠶᠢ ᠭᠤᠢᠪᠢᠰᠢ ᠦᠭᠡᠢ ᠪᠠᠷᠢᠮᠲᠠᠯᠠᠨ ᠴᠢᠩᠭᠠᠳᠬᠠᠬᠤ ᠬᠡᠷᠡᠭᠲᠡᠢ᠃ ᠣᠳᠣᠬᠠᠨ᠎ᠳᠤ ᠂ ᠪᠦᠬᠦ ᠣᠷᠣᠨ᠎ᠤ ᠡᠯ᠎ᠡ ᠱᠠᠲᠤᠨ᠎ᠤ ᠨᠠᠮ᠎ᠤᠨ ᠬᠣᠷᠢᠶ᠎ᠠ ᠭᠣᠣᠯ ᠴᠣᠭᠴᠠ᠎ᠶᠢᠨ ᠬᠠᠷᠢᠭᠤᠴᠠᠯᠭ᠎ᠠ ᠶᠢ ᠨᠠᠢᠳᠠᠪᠤᠷᠢᠵᠢᠭᠤᠯᠵᠤ ᠂ ᠶᠡᠷᠦᠩᠬᠡᠢ ᠱᠦᠵᠢ ᠰᠢ᠎ᠶᠢᠨ ᠫᠢᠩ᠎ᠤᠨ ᠰᠣᠶᠣᠯ᠎ᠤᠨ ᠪᠠᠢᠭᠤᠯᠤᠯᠲᠠ᠎ᠶᠢᠨ ᠲᠤᠬᠠᠢ ᠴᠢᠬᠤᠯᠠ ᠥᠭᠦᠯᠡᠯᠲᠡ ᠂ ᠢᠯᠠᠩᠭᠤᠶ᠎ᠠ ᠰᠣᠶᠣᠯ᠎ᠢ ᠤᠯᠠᠮᠵᠢᠯᠠᠨ ᠬᠥᠭᠵᠢᠭᠦᠯᠬᠦ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ᠎ᠶᠢ ᠴᠢᠬᠤᠯᠠ ᠶᠡᠬᠡ ᠤᠯᠤᠰ ᠲᠥᠷᠥ᠎ᠶᠢᠨ ᠡᠭᠦᠷᠭᠡ ᠪᠣᠯᠭᠠᠵᠤ ᠂ ᠶᠡᠷᠦᠩᠬᠡᠢ ᠱᠦᠵᠢ ᠰᠢ᠎ᠶᠢᠨ ᠫᠢᠩ ᠤᠨ ᠥᠪᠥᠷ ᠮᠣᠩᠭᠣᠯ᠎ᠳᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠵᠢᠭᠠᠪᠤᠷᠢ ᠪᠣᠯᠣᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠯᠤᠭ᠎ᠠ ᠨᠢᠭ᠍ᠲᠠ ᠤᠶᠠᠯᠳᠤᠭᠤᠯᠵᠤ᠂ ᠪᠥᠬᠥ ᠣᠷᠣᠨ᠎ᠤ ᠺᠠᠳ᠋ᠷ ᠣᠯᠠᠨ ᠲᠦᠮᠡᠨ᠎ᠢ ᠬᠥᠮᠥᠵᠢᠭᠦᠯᠦᠨ ᠬᠥᠲᠥᠯᠥᠨ ᠵᠢᠯᠤᠭᠣᠳᠴᠤ ᠪᠠᠢᠭᠠᠳ 《 ᠬᠣᠶᠠᠷ᠎ᠢ ᠲᠣᠭᠲᠠᠭᠠᠭᠰᠠᠨ 》 ᠤ ᠰᠢᠢᠳᠪᠦᠷᠢᠯᠡᠭᠴᠢ ᠠᠴᠢ ᠬᠣᠯᠪᠣᠭᠳᠠᠯ᠎ᠢ ᠭᠦᠨᠵᠡᠭᠡᠢ ᠣᠢᠯᠠᠭᠠᠭᠤᠯᠵᠤ ᠂ 《 ᠤᠮᠠᠷᠠᠲᠤ ᠬᠢᠯᠢ᠎ᠶᠢᠨ ᠰᠣᠶᠣᠯ 》᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ ᠤᠯᠤᠰ ᠲᠥᠷᠥ᠎ᠶᠢᠨ ᠠᠵᠢᠯᠯᠠᠭ᠎ᠠ᠎ᠶᠢᠨ ᠤᠬᠠᠮᠰᠠᠷ᠎ᠢ ᠦᠨᠡᠨ ᠬᠦ᠌ ᠴᠢᠩᠭᠠᠳᠬᠠᠬᠤ ᠬᠡᠷᠡᠭᠲᠡᠢ ᠃ ᠡᠭᠦᠨ᠎ᠦ ᠬᠠᠮᠲᠤ ᠶᠠᠷᠢᠶᠠᠨ᠎ᠤ ᠵᠣᠷᠢᠭ᠋ ᠰᠠᠨᠠᠭ᠎ᠠ ᠲᠠᠢ ᠲᠣᠬᠢᠷᠠᠯᠴᠠᠭᠤᠯᠵᠤ᠂ ᠰᠢᠭᠤᠷᠬᠠᠢ ᠬᠢᠵᠦ᠂ ᠳᠠᠷᠤᠢᠬᠠᠨ ᠭᠦᠢᠴᠡᠳᠬᠡᠵᠦ ᠂ ᠥᠪᠡᠷᠲᠡᠭᠡᠨ ᠵᠠᠰᠠᠬᠤ ᠣᠷᠣᠨ᠎ᠤ ᠳᠠᠪᠬᠤᠷᠭ᠎ᠠ᠎ᠠᠴᠠ ᠥᠨᠳᠥᠷ ᠲᠦᠪᠰᠢᠨ᠎ᠢᠶᠡᠷ ᠠᠬᠢᠭᠤᠯᠬᠤ᠂ ᠦᠵᠦ ᠲᠥᠯᠥᠪᠯᠡᠭᠡ᠎ᠶᠢ ᠰᠠᠢᠲᠤᠷ ᠬᠢᠵᠦ᠂ 《ᠤᠮᠠᠷᠠᠲᠤ ᠬᠢᠯᠢ᠎ᠶᠢᠨ ᠰᠣᠶᠣᠯ》 ᠤᠨ ᠪᠠᠢᠭᠤᠯᠤᠯᠲᠠ᠎ᠶᠢᠨ ᠠᠵᠢᠯ᠎ᠢ ᠬᠣᠶᠠᠷ ᠶᠡᠬᠡ ᠶᠠᠪᠤᠳᠠᠯ ᠢ ᠨᠠᠢᠳᠠᠪᠤᠷᠢᠵᠢᠭᠤᠯᠬᠤ ᠪᠦᠬᠦᠯᠢ ᠴᠣᠭᠴᠠ᠎ᠶᠢᠨ ᠪᠠᠢᠷᠢᠰᠢᠭᠤᠯᠤᠯᠲᠠ᠎ᠳᠤ ᠣᠷᠣᠭᠤᠯᠵᠤ ᠂ ᠬᠥᠭᠵᠢᠯᠲᠡ᠎ᠶᠢᠨ ᠲᠥᠯᠦᠪᠵᠢᠭᠦᠯᠭᠡ᠂ ᠠᠵᠢᠯ᠎ᠤᠨ ᠲᠥᠰᠥᠯ ᠵᠢᠴᠢ ᠬᠠᠮᠢᠶ᠎ᠠ ᠪᠦᠬᠦᠢ ᠳᠦᠷᠢᠮ ᠬᠠᠤᠯᠢ ᠲᠣᠭᠲᠠᠭᠠᠯ᠎ᠢ ᠲᠦᠷᠭᠡᠨ ᠰᠤᠳᠤᠯᠤᠨ ᠲᠤᠭᠳᠠᠭᠠᠵᠦ ᠂ ᠠᠯᠤᠰ ᠬᠡᠳᠤ᠎ᠶᠢᠨ ᠪᠠ ᠶᠡᠬᠡ ᠲᠠᠯ᠎ᠠ᠎ᠳᠤ ᠰᠠᠭᠤᠷᠢᠯᠠᠵᠤ 《ᠤᠮᠠᠷᠠᠲᠤ ᠬᠢᠯᠢ᠎ᠶᠢᠨ ᠰᠣᠶᠣᠯ》 ᠤᠨ ᠪᠠᠢᠭᠤᠯᠤᠯᠲᠠ᠎ᠶᠢ ᠠᠬᠢᠭᠤᠯᠵᠤ ᠠᠮᠵᠢᠯᠲᠠ ᠪᠦᠲᠦᠮᠵᠢ ᠭᠠᠷᠭᠠᠬᠤ᠎ᠶᠢ ᠠᠬᠢᠭᠤᠯᠬᠤ ᠬᠡᠷᠡᠭᠲᠡᠢ᠃
ᠤᠨᠤᠯ᠎ᠤᠨ ᠲᠠᠯ᠎ᠠ᠎ᠪᠠᠷ ᠂ 《ᠬᠣᠶᠠᠷ᠎ᠢ ᠤᠶᠠᠯᠳᠤᠭᠤᠯᠬᠤ》 ᠪᠡᠷ 《ᠤᠮᠠᠷᠠᠲᠤ ᠬᠢᠯᠢ ᠶᠢᠨ ᠰᠣᠶᠣᠯ》 ᠢ ᠪᠦᠲᠦᠭᠡᠯᠴᠢ᠎ᠪᠡᠷ ᠬᠤᠪᠢᠷᠠᠭᠤᠯᠬᠤ ᠂ ᠪᠦᠳᠦᠭᠡᠯᠴᠢ ᠪᠠᠷ ᠬᠥᠭᠵᠢᠭᠦᠯᠬᠦ᠎ᠶᠢ ᠠᠬᠢᠭᠤᠯᠬᠤ ᠬᠡᠷᠡᠭᠲᠡᠢ᠃ ᠠᠭᠤᠯᠤᠭᠳᠠᠬᠤᠨ᠎ᠤ ᠲᠠᠯ᠎ᠠ᠎ᠠᠴᠠ ᠠᠪᠴᠤ ᠦᠵᠡᠪᠡᠯ 《ᠤᠮᠠᠷᠠᠲᠤ ᠬᠢᠯᠢ᠎ᠶᠢᠨ ᠰᠣᠶᠣᠯ》 ᠪᠣᠯ ᠬᠤᠪᠢᠰᠬᠠᠯ᠎ᠤᠨ ᠰᠣᠶᠣᠯ ᠂ ᠲᠠᠯ᠎ᠠ ᠨᠤᠲᠤᠭ᠎ᠤᠨ ᠰᠣᠶᠣᠯ ᠂ ᠲᠠᠷᠢᠶᠠᠯᠠᠬᠤ ᠰᠣᠶᠣᠯ ᠂ ᠬᠠᠲᠤᠨ ᠭᠣᠣᠯ᠎ᠤᠨ ᠰᠣᠶᠣᠯ ᠂ ᠣᠷᠳᠣ᠌ ᠴᠠᠭᠠᠨ ᠬᠡᠷᠡᠮ᠎ᠦᠨ ᠰᠣᠶᠣᠯ ᠂ ᠮᠣᠩᠭᠣᠯ ᠮᠣᠷᠢᠨ᠎ᠤ ᠵᠣᠷᠢᠭ᠋ ᠰᠠᠨᠠᠭ᠎ᠠ ᠪᠠ 《ᠤᠮᠠᠷᠠᠲᠤ᠎ᠶᠢᠨ ᠭᠤᠷᠪᠠᠨ ᠣᠷᠣᠨ᠎ᠤ ᠵᠣᠷᠢᠭ᠋ ᠰᠠᠨᠠᠭ᠎ᠠ》 ᠵᠢᠴᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠵᠡᠷᠭᠡ᠎ᠶᠢ ᠪᠠᠭᠲᠠᠭᠠᠭᠰᠠᠨ ᠥᠪᠥᠷ ᠮᠣᠩᠭᠣᠯ᠎ᠤᠨ ᠣᠨᠴᠠ ᠴᠢᠨᠠᠷ ᠪᠦᠬᠦᠢ ᠣᠷᠣᠨ ᠨᠤᠳᠤᠭ᠎ᠤᠨ ᠴᠢᠨᠠᠷᠲᠠᠢ ᠰᠣᠶᠣᠯ᠎ᠤᠨ ᠲᠦᠷᠦᠯ ᠲᠡᠮᠳᠡᠭ ᠪᠣᠯᠣᠨ᠎ᠠ ᠃ ᠠᠭᠤᠯᠬᠤᠨᠤ ᠲᠠᠯ᠎ᠠ᠎ᠠᠴᠠ ᠦᠵᠡᠪᠡᠯ 《ᠤᠮᠠᠷᠠᠲᠤ ᠬᠢᠯᠢ᠎ᠶᠢᠨ ᠰᠣᠶᠣᠯ 》 ᠪᠣᠯ ᠥᠪᠥᠷ ᠮᠣᠩᠭᠣᠯ᠎ᠤᠨ ᠵᠥᠪ ᠲᠠᠯ᠎ᠠ᠎ᠶᠢᠨ ᠳᠦᠷᠢ ᠲᠥᠷᠬᠦ᠎ᠶᠢ ᠨᠠᠩ ᠥᠨᠳᠥᠷ ᠲᠠᠰ ᠳᠠᠪᠬᠤᠷᠭ᠎ᠠ᠎ᠠᠴᠠ ᠳᠡᠭᠡᠭᠰᠢᠯᠡᠭᠦᠯᠬᠦ ᠲᠦᠷᠦᠯ ᠲᠡᠮᠳᠡᠭ᠎ᠤᠨ ᠢᠨᠵᠧᠨᠧᠷᠢᠩ ᠮᠥᠨ ᠂ ᠪᠥᠬᠥ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠣᠶᠠᠷ ᠶᠡᠬᠡ ᠶᠠᠪᠤᠳᠠᠯ᠎ᠢ ᠨᠠᠢᠳᠠᠪᠤᠷᠢᠵᠢᠭᠤᠯᠬᠤ ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠬᠦ ᠠᠤᠭ᠎ᠠ ᠶᠡᠬᠡ ᠬᠦᠴᠦᠨ ᠴᠢᠳᠠᠯ᠎ᠢ ᠨᠠᠩ ᠭᠦᠨ ᠲᠠᠰ ᠳᠠᠪᠬᠤᠷᠭ᠎ᠠ᠎ᠠᠴᠠ ᠨᠢᠭ᠍ᠲᠠᠷᠠᠭᠤᠯᠤᠨ ᠬᠥᠭᠵᠢᠭᠡᠬᠦ ᠬᠦᠴᠦᠷᠬᠡᠭ ᠶᠡᠬᠡ ᠣᠶᠤᠨ ᠰᠠᠨᠠᠭᠠᠨ᠎ᠤ ᠴᠥᠮ᠎ᠡ ᠮᠥᠨ ᠃ ᠰᠣᠶᠣᠯ᠎ᠢ ᠤᠯᠠᠮᠵᠢᠯᠠᠨ ᠬᠥᠭᠵᠢᠭᠦᠯᠬᠦ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ᠎ᠳᠠᠭᠠᠨ ᠶᠡᠷᠦᠩᠬᠡᠢ ᠱᠦᠵᠢ ᠰᠢ᠎ᠶᠢᠨ ᠫᠢᠩ 《ᠬᠣᠶᠠᠷ᠎ᠢ ᠤᠶᠠᠯᠳᠤᠭᠤᠯᠬᠤ 》 ᠴᠢᠬᠤᠯᠠ ᠶᠡᠬᠡ ᠠᠴᠢ ᠬᠣᠯᠪᠣᠭᠳᠠᠯ᠎ᠢ ᠨᠠᠷᠢᠨ ᠲᠣᠳᠣᠷᠬᠠᠢ ᠥᠭᠦᠯᠡᠵᠦ᠂ ᠪᠢᠳᠡᠨ᠎ᠦ ᠲᠡᠦᠬᠡ᠎ᠶᠢᠨ ᠰᠢᠨ᠎ᠡ ᠡᠬᠢᠯᠡᠯᠲᠡ᠎ᠶᠢᠨ ᠴᠡᠭ᠎ᠡᠴᠡ ᠳᠤᠮᠳᠠᠳᠤ᠎ᠶᠢᠨ ᠦᠨᠳᠦᠰᠦᠲᠡᠨ᠎ᠦ ᠤᠳᠤ ᠦᠶ᠎ᠡ᠎ᠶᠢᠨ ᠪᠣᠯᠪᠠᠰᠤᠨ ᠪᠠ ᠨᠡᠢᠭᠡᠮ ᠵᠢᠷᠤᠮᠳᠤ ᠰᠣᠶᠣᠯ᠎ᠤᠨ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠎ᠶᠢ ᠯᠠᠪᠳᠠᠭᠤᠨᠠᠬᠢᠭᠤᠯᠬᠤᠳᠤ ᠤᠨᠤᠯ᠎ᠤᠨ ᠵᠢᠯᠣᠭᠣᠳᠤᠯᠭ᠎ᠠ ᠪᠠ ᠠᠵᠢᠯᠯᠠᠭᠠᠨ᠎ᠤ ᠵᠦᠭᠯᠡᠭᠦᠷ ᠬᠠᠩᠭᠠᠭᠰᠠᠨ ᠪᠠᠢᠨ᠎ᠠ᠃《ᠬᠣᠶᠠᠷ᠎ᠢ ᠤᠶᠠᠯᠳᠤᠭᠤᠯᠬᠤ》 ᠪᠣᠯ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠦᠲᠦᠭᠡᠯᠴᠢ᠎ᠪᠡᠷ ᠤᠯᠠᠷᠢᠭᠤᠯᠬᠤ ᠂ ᠪᠦᠳᠦᠭᠡᠯᠴᠢ᠎ᠪᠠᠷ ᠬᠥᠭᠵᠢᠭᠦᠯᠬᠦ᠎ᠶᠢ ᠠᠬᠢᠭᠤᠯᠬᠤ ᠴᠢᠬᠤᠯᠠ ᠠᠷᠭ᠎ᠠ ᠵᠠᠮ ᠮᠥᠨ᠃《ᠤᠮᠠᠷᠠᠲᠤ ᠬᠢᠯᠢ᠎ᠶᠢᠨ ᠰᠣᠶᠣᠯ》 ᠤᠨ ᠪᠠᠢᠭᠤᠯᠤᠯᠲᠠ᠎ᠶᠢ ᠠᠬᠢᠭᠤᠯᠬᠤ᠎ᠳᠤ ᠂ ᠡᠷᠬᠡᠪᠰᠢ ᠳᠤᠮᠳᠠᠳᠤ᠎ᠶᠢᠨ ᠰᠣᠶᠣᠯ᠎ᠤᠨ ᠲᠠᠨᠢᠯᠲᠠ᠎ᠶᠢ ᠳᠡᠭᠡᠭᠰᠢᠯᠡᠭᠦᠯᠦᠭᠰᠡᠨᠦ ᠰᠠᠭᠤᠷᠢᠨ ᠳᠡᠭᠡᠷ᠎ᠡ ᠪᠦᠲᠦᠭᠡᠯᠴᠢ᠎ᠪᠡᠷ ᠤᠯᠠᠷᠢᠭᠤᠯᠵᠤ ᠂ ᠪᠦᠳᠦᠭᠡᠯᠴᠢ᠎ᠪᠠᠷ ᠬᠥᠭᠵᠢᠭᠦᠯᠵᠦ ᠂ ᠵᠥᠷᠢᠶᠡᠲᠦ ᠴᠢᠨᠠᠷ᠎ᠢ ᠬᠡᠪᠰᠢᠭᠦᠯᠬᠦ ᠪᠠ ᠴᠢᠩᠭᠠᠳᠬᠠᠬᠤ ᠂ ᠨᠡᠢᠲᠡᠯᠢᠭ ᠴᠢᠨᠠᠷ᠎ᠢ ᠪᠠᠭᠤᠷᠠᠭᠤᠯᠬᠤ ᠪᠠ ᠬᠣᠬᠢᠷᠠᠭᠤᠯᠬᠤ ᠠᠰᠠᠭᠤᠳᠠᠯ᠎ᠢ ᠡᠷᠡᠰ ᠰᠡᠷᠭᠡᠢᠯᠡᠨ ᠵᠠᠯᠠᠷᠠᠭᠤᠯᠬᠤ ᠬᠡᠷᠡᠭᠲᠡᠢ᠃ ᠡᠨᠡ ᠨᠢ ᠪᠢᠳᠡᠨ᠎ᠢ《ᠤᠮᠠᠷᠠᠲᠤ ᠬᠢᠯᠢ᠎ᠶᠢᠨ ᠰᠣᠶᠣᠯ》᠎ᠤᠨ ᠪᠠᠢᠭᠤᠯᠤᠯᠲᠠ᠎ᠶᠢ ᠠᠬᠢᠭᠤᠯᠬᠤ ᠶᠠᠪᠤᠴᠠ᠎ᠳᠤ ᠂《ᠬᠣᠶᠠᠷ᠎ᠢ ᠤᠶᠠᠯᠳᠤᠭᠤᠯᠬᠤ》 ᠦᠢᠯᠡᠳᠦᠯᠭᠡ᠎ᠶᠢᠨ ᠱᠠᠭᠠᠷᠳᠠᠯᠭ᠎ᠠ᠎ᠶᠢ ᠭᠦᠨᠵᠡᠭᠡᠢ ᠡᠵᠡᠮᠰᠢᠵᠦ᠂ ᠰᠢ᠎ᠶᠢᠨ ᠫᠢᠩ ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠲᠠᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠶᠢᠷᠲᠢᠨᠴᠦ᠎ᠶᠢᠨ ᠦᠵᠡᠯᠲᠡ ᠪᠣᠯᠣᠨ ᠠᠷᠭ᠎ᠠ᠎ᠶᠢᠨ ᠤᠨᠤᠯ᠎ᠢ ᠪᠠᠲᠤ ᠡᠵᠡᠮᠳᠡᠵᠦ ᠂ ᠲᠡᠭᠦᠨ᠎ᠳᠦ ᠲᠤᠭᠤᠰᠢᠯᠠᠭᠳᠠᠵᠤ ᠪᠠᠢᠭ᠎ᠠ ᠵᠣᠭᠰᠣᠯᠲᠠ ᠦᠵᠡᠯᠲᠡ ᠠᠷᠭ᠎ᠠ᠎ᠶᠢ ᠰᠠᠢᠲᠤᠷ ᠪᠠᠷᠢᠮᠲᠠᠯᠠᠵᠤ ᠰᠠᠢᠲᠤᠷ ᠬᠡᠷᠡᠭᠯᠡᠬᠦ᠎ᠶᠢ ᠱᠠᠭᠠᠷᠳᠠᠵᠤ ᠪᠠᠢᠨ᠎ᠠ᠃ ᠨᠢᠭᠡ ᠲᠠᠯ᠎ᠠ᠎ᠪᠠᠷ 《 ᠤᠮᠠᠷᠠᠲᠤ ᠬᠢᠯᠢ᠎ᠶᠢᠨ ᠰᠣᠶᠣᠯ 》᠎ᠢ ᠪᠦᠲᠦᠭᠡᠯᠴᠢ᠎ᠪᠡᠷ ᠤᠯᠠᠷᠢᠭᠤᠯᠬᠤ᠎ᠶᠢ ᠠᠬᠢᠭᠤᠯᠵᠤ ᠂ ᠴᠠᠭ ᠦᠶ᠎ᠡ᠎ᠶᠢᠨ ᠣᠨᠴᠠᠯᠢᠭ᠋ ᠪᠠ ᠱᠠᠭᠠᠷᠳᠠᠯᠭ᠎ᠠ ᠶᠣᠰᠣᠭᠠᠷ ᠂ 《ᠤᠮᠠᠷᠠᠲᠤ ᠬᠢᠯᠢ᠎ᠶᠢᠨ ᠰᠣᠶᠣᠯ》 ᠤᠨ ᠣᠲᠣ᠌ ᠪᠣᠯᠲᠠᠯ᠎ᠠ ᠮᠥᠨ ᠯᠡ ᠲᠣᠯᠢ ᠪᠤᠯᠭᠠᠵᠦ ᠪᠤᠯᠬᠤ ᠦᠨ᠎ᠡ ᠥᠷᠲᠡᠭ ᠲᠠᠢ ᠠᠭᠤᠯᠤᠭᠳᠠᠬᠤᠨ ᠪᠠ ᠬᠠᠭᠤᠴᠢᠷᠠᠭᠰᠠᠨ ᠢᠯᠡᠳᠬᠡᠬᠦ ᠬᠡᠯᠪᠡᠷᠢ ᠶᠢ ᠥᠭᠡᠷᠡᠴᠢᠯᠡᠵᠦ᠂ ᠲᠡᠭᠦᠨ᠎ᠳᠦ ᠰᠢᠨ᠎ᠡ ᠴᠠᠭ ᠦᠶ᠎ᠡ᠎ᠶᠢᠨ ᠠᠭᠤᠯᠤᠭᠳᠠᠬᠤᠨ ᠪᠠ ᠣᠲᠣ᠌ ᠦᠶ᠎ᠡ᠎ᠶᠢᠨ ᠢᠯᠡᠳᠬᠡᠬᠦ ᠬᠡᠯᠪᠡᠷᠢ᠎ᠶᠢ ᠣᠯᠭᠣᠵᠤ ᠂ ᠠᠮᠢᠵᠢᠷᠠᠯ᠎ᠤᠨ ᠬᠦᠴᠦᠨ᠎ᠢ ᠨᠢ ᠬᠥᠭᠵᠢᠭᠡᠨ᠎ᠡ ; ᠨᠥᠭᠥᠭᠡ ᠲᠠᠯ᠎ᠠ᠎ᠪᠠᠷ《ᠤᠮᠠᠷᠠᠲᠤ ᠬᠢᠯᠢ᠎ᠶᠢᠨ ᠰᠣᠶᠣᠯ 》᠎ᠤᠨ ᠪᠦᠳᠦᠭᠡᠯᠴᠢ ᠴᠢᠨᠠᠷᠲᠠᠢ ᠬᠥᠭᠵᠢᠬᠦᠯᠦᠯᠲᠡ᠎ᠶᠢ ᠠᠬᠢᠭᠤᠯᠵᠤ ᠂ ᠴᠠᠭ ᠦᠶ᠎ᠡ᠎ᠶᠢᠨ ᠰᠢᠨ᠎ᠡ ᠳᠠᠪᠰᠢᠯᠲᠠ ᠰᠢᠨ᠎ᠡ ᠠᠬᠢᠴᠠ᠎ᠶᠢ ᠰᠠᠯᠤᠯ ᠦᠭᠡᠢ ᠳᠠᠭᠠᠵᠤ ᠂ 《 ᠤᠮᠠᠷᠠᠲᠤ ᠬᠢᠯᠢ᠎ᠶᠢᠨ ᠰᠣᠶᠣᠯ》᠎ᠤᠨ ᠠᠭᠤᠯᠤᠭᠳᠠᠬᠤᠨ᠎ᠢ ᠨᠥᠬᠥᠪᠦᠷᠢᠯᠡᠵᠦ ᠂ ᠥᠷᠭᠡᠳᠬᠡᠨ ᠲᠡᠭᠦᠯᠳᠡᠷᠵᠢᠭᠦᠯᠵᠦ ᠂ ᠨᠥᠯᠥᠭᠡᠯᠡᠬᠦ ᠬᠦᠴᠦᠨ ᠪᠠ ᠤᠷᠢᠶᠠᠯᠠᠬᠤ ᠬᠦᠴᠦᠨ᠎ᠢ ᠨᠢ ᠴᠢᠩᠭᠠᠳᠬᠠᠨ᠎ᠠ ᠃
ᠦᠢᠯᠡᠳᠦᠯᠭᠡ᠎ᠶᠢᠨ ᠲᠠᠯ᠎ᠠ᠎ᠪᠠᠷ ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠪᠡᠷ ᠭᠣᠣᠯ ᠰᠢᠵᠢᠮ ᠪᠣᠯᠭᠠᠨ《ᠤᠮᠠᠷᠠᠲᠤ ᠬᠢᠯᠢ ᠶᠢᠨ ᠰᠣᠶᠣᠯ》 ᠤᠨ ᠪᠠᠢᠭᠤᠯᠤᠯᠲᠠ᠎ᠶᠢ ᠠᠬᠢᠭᠤᠯᠬᠤ ᠬᠡᠷᠡᠭᠲᠡᠢ᠃ ᠶᠡᠷᠦᠩᠬᠡᠢ ᠱᠦᠵᠢ ᠰᠢ᠎ᠶᠢᠨ ᠫᠢᠩ ᠡᠨᠡ ᠤᠳᠠᠭ᠎ᠠ ᠥᠪᠥᠷ ᠮᠣᠩᠭᠣᠯ᠎ᠳᠤ ᠰᠢᠨᠵᠢᠯᠡᠨ ᠪᠠᠢᠴᠠᠭᠠᠬᠤ᠎ᠳᠠᠭᠠᠨ 《 ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠪᠣᠯ ᠰᠢᠨ᠎ᠡ ᠴᠠᠭ ᠦᠶ᠎ᠡ᠎ᠶᠢᠨ ᠨᠠᠮ᠎ᠤᠨ ᠦᠨᠳᠦᠰᠦᠲᠡᠨ᠎ᠦ ᠠᠵᠢᠯ᠎ᠤᠨ ᠭᠣᠣᠯ ᠰᠢᠵᠢᠮ ᠮᠥᠨ᠂ ᠪᠠᠰᠠ ᠴᠤ᠌ ᠦᠨᠳᠦᠰᠦᠲᠡᠨ᠎ᠦ ᠭᠠᠵᠠᠷ ᠣᠷᠣᠨ᠎ᠤ ᠡᠯ᠎ᠡ ᠵᠦᠢᠯ᠎ᠦᠨ ᠠᠵᠢᠯ᠎ᠤᠨ ᠭᠣᠣᠯ ᠰᠢᠵᠢᠮ ᠮᠥᠨ》 ᠭᠡᠵᠦ ᠵᠢᠭᠠᠨ ᠭᠠᠷᠭᠠᠵᠤ᠂ 《 ᠦᠨᠳᠦᠰᠦᠲᠡᠨ᠎ᠦ ᠭᠠᠵᠠᠷ ᠣᠷᠣᠨ᠎ᠤ ᠠᠵᠤ ᠠᠬᠤᠢ᠎ᠶᠢᠨ ᠪᠦᠲᠦᠭᠡᠨ ᠪᠠᠢᠭᠤᠯᠤᠯᠲᠠ᠂ ᠤᠯᠤᠰ ᠲᠦᠷᠦ᠎ᠶᠢᠨ ᠪᠠᠢᠭᠤᠯᠤᠯᠲᠠ᠂ ᠰᠣᠶᠣᠯ᠎ᠤᠨ ᠪᠠᠢᠭᠤᠯᠤᠯᠲᠠ᠂ ᠨᠡᠢᠭᠡᠮ᠎ᠦᠨ ᠪᠠᠢᠭᠤᠯᠤᠯᠲᠠ᠂ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ ᠪᠠ ᠨᠠᠮ᠎ᠤᠨ ᠪᠠᠢᠭᠤᠯᠤᠯᠲᠠ ᠵᠡᠷᠭᠡ᠎ᠶᠢ ᠴᠥᠮ ᠡᠨᠡ ᠬᠦ᠌ ᠭᠣᠣᠯ ᠰᠢᠵᠢᠮ᠎ᠲᠠᠢ ᠨᠢᠭ᠍ᠲᠠ ᠤᠶᠠᠯᠳᠤᠭᠤᠯᠵᠤ᠂ ᠥᠴᠥᠬᠡᠨ ᠴᠦ᠍ ᠬᠡᠯᠪᠡᠢᠯᠭᠡᠵᠦ ᠪᠤᠯᠬᠤ ᠦᠭᠡᠢ》 ᠭᠡᠵᠦ ᠴᠢᠬᠤᠯᠠᠴᠢᠯᠠᠪᠠ᠃ ᠪᠢᠳᠡ《ᠤᠮᠠᠷᠠᠲᠤ ᠬᠢᠯᠢ᠎ᠶᠢᠨ ᠰᠣᠶᠣᠯ》 ᠤᠨ ᠪᠠᠢᠭᠤᠯᠤᠯᠲᠠ᠎ᠶᠢ ᠠᠬᠢᠭᠤᠯᠬᠤ᠎ᠳᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠳᠤ ᠠᠰᠢᠭ᠍ᠲᠠᠢ ᠠᠵᠢᠯ᠎ᠢ ᠢᠯᠡᠭᠦᠬᠡᠨ ᠬᠢᠬᠦ ᠬᠡᠷᠡᠭᠲᠡᠢ ᠪᠥᠭᠡᠳ ᠭᠦᠨᠵᠡᠭᠡᠢ ᠨᠠᠷᠢᠯᠢᠭ᠋ ᠪᠣᠳᠠᠲᠠᠢ ᠬᠢᠬᠦ ᠬᠡᠷᠡᠭᠲᠡᠢ; ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠳᠤ ᠠᠰᠢᠭ᠋ ᠦᠭᠡᠢ ᠯᠠ ᠶᠠᠪᠤᠳᠠᠯ ᠶᠤᠮ ᠪᠣᠯ ᠶᠠᠭᠠᠬᠢᠭ᠍ᠰᠠᠨ ᠴᠤ᠌ ᠬᠢᠵᠦ ᠪᠣᠯᠬᠤ ᠦᠭᠡᠢ᠃ ᠨᠢᠭᠡ᠎ᠳᠦ᠂ ᠦᠨᠳᠦᠰᠦᠲᠡᠨ᠎ᠨᠦᠭᠦᠳ᠎ᠦᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠬᠡᠷᠡᠭᠲᠡᠢ᠃ ᠲᠡᠦᠬᠡ᠎ᠶᠢᠨ ᠳᠤᠷᠠᠰᠬᠠᠯᠲᠤ ᠵᠦᠢᠯᠡᠰ᠎ᠦᠨ ᠬᠠᠭᠤᠴᠢ ᠰᠤᠳᠤᠯᠤᠯ ᠪᠠ ᠲᠡᠦᠬᠡ᠎ᠶᠢᠨ ᠰᠤᠳᠤᠯᠭᠠᠨ᠎ᠢ ᠭᠦᠨᠵᠡᠭᠡᠢ ᠥᠷᠨᠢᠭᠦᠯᠵᠦ ᠂ ᠥᠪᠥᠷ ᠮᠣᠩᠭᠣᠯ᠎ᠤᠨ ᠡᠬᠡ ᠭᠠᠵᠠᠷ ᠳᠡᠭᠡᠷᠡᠬᠢ ᠦᠨᠳᠦᠰᠦᠲᠡᠨ᠎ᠨᠦᠭᠦᠳ᠎ᠦᠨ ᠡᠷᠲᠡᠨ᠎ᠡᠴᠡ ᠨᠠᠭᠠᠰᠢᠬᠢ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡ᠎ᠶᠢᠨ ᠪᠣᠳᠠᠲᠤ ᠬᠡᠷᠡᠭ᠎ᠢ ᠲᠣᠳᠣᠷᠬᠠᠢ ᠳᠡᠯᠭᠡᠨ ᠦᠵᠡᠭᠦᠯᠵᠦ ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠦᠵᠡᠯ ᠤᠬᠠᠮᠰᠠᠷ᠎ᠢ ᠪᠠᠲᠤ ᠴᠣᠭᠴᠠᠯᠠᠬᠤ᠎ᠳᠤ ᠲᠡᠦᠬᠡ᠎ᠶᠢᠨ ᠰᠢᠮ᠎ᠡ ᠲᠡᠵᠢᠭᠡᠯ ᠬᠠᠩᠭᠠᠨ᠎ᠠ ᠃ ᠲᠥᠷᠥ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠶᠢ ᠪᠦᠷᠢᠨᠰᠢᠭᠦᠯᠦᠨ ᠂ ᠬᠠᠷᠢᠯᠴᠠᠨ ᠰᠢᠭᠢᠳᠭᠡᠬᠦ ᠮᠠᠶᠢᠭ᠋᠎ᠤᠨ ᠨᠡᠢᠭᠡᠮ᠎ᠦᠨ ᠪᠦᠲᠦᠴᠡ ᠪᠠ ᠨᠡᠢᠭᠡᠮ ᠲᠣᠭᠣᠷᠢᠭ᠋᠎ᠤᠨ ᠣᠷᠴᠢᠨ ᠲᠣᠭᠣᠷᠢᠨ᠎ᠤ ᠪᠦᠲᠦᠭᠡᠨ ᠪᠠᠢᠭᠤᠯᠤᠯᠲᠠ᠎ᠶᠢ ᠴᠢᠩᠭᠠᠳᠬᠠᠵᠤ ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠠᠮᠲᠤ ᠰᠠᠭᠤᠵᠤ ᠬᠠᠮᠲᠤ ᠰᠤᠷᠤᠯᠴᠠᠬᠤ ᠂ ᠬᠠᠮᠲᠤ ᠪᠠᠢᠭᠤᠯᠵᠤ ᠬᠠᠮᠲᠤ ᠡᠳ᠋ᠯᠡᠬᠦ ᠂ ᠬᠠᠮᠲᠤ ᠠᠵᠢᠯᠯᠠᠵᠤ ᠬᠠᠮᠲᠤ ᠪᠠᠶᠠᠰᠬᠣ ᠨᠠᠩ ᠪᠦᠷᠢᠨ ᠲᠡᠭᠦᠯᠳᠡᠷ ᠨᠡᠢᠭᠡᠮ᠎ᠦᠨ ᠨᠥᠬᠥᠴᠡᠯ᠎ᠢ ᠡᠭᠦᠳᠴᠦ ᠂ ᠦᠨᠳᠦᠰᠦᠲᠡᠨ᠎ᠨᠦᠭᠦᠳ᠎ᠦᠨ ᠬᠦᠰᠡᠯᠡᠩ ᠂ ᠢᠲᠡᠭᠡᠯ ᠪᠢᠰᠢᠷᠡᠯ᠂ ᠬᠠᠢᠷ᠎ᠠ ᠰᠡᠳᠬᠢᠯᠭᠡ ᠂ ᠰᠣᠶᠣᠯ᠎ᠤᠨ ᠲᠠᠯ᠎ᠠ᠎ᠪᠠᠷ ᠬᠢ ᠪᠦᠯᠬᠦᠮᠳᠡᠯ ᠨᠢᠭᠡᠳᠦᠯ᠎ᠢ ᠠᠬᠢᠭᠤᠯᠤᠨ᠎ᠠ ᠃ ᠬᠣᠶᠠᠷ᠎ᠲᠤ᠂ 《 ᠨᠠᠮ᠎ᠤᠨ ᠠᠴᠢ ᠡᠨᠡᠷᠢᠯ᠎ᠳᠦ ᠲᠠᠯᠠᠷᠬᠠᠵᠤ ᠂ ᠨᠠᠮ᠎ᠤᠨ ᠦᠭᠡ ᠶᠢ ᠰᠣᠨᠣᠰᠴᠤ ᠂ ᠨᠠᠮ᠎ᠢᠶᠠᠨ ᠳᠠᠭᠠᠬᠤ 》 ᠣᠯᠠᠨ ᠲᠦᠮᠡᠨ᠎ᠦ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠬᠡᠷᠡᠭᠲᠡᠢ ᠃ ᠥᠷᠭᠡᠨ ᠤᠯᠠᠨ ᠺᠠᠳ᠋ᠷ ᠤᠯᠠᠨ ᠲᠦᠮᠡᠨ᠎ᠢ ᠬᠥᠮᠥᠵᠢᠭᠦᠯᠦᠨ ᠵᠢᠯᠤᠭᠣᠳᠴᠤ ᠪᠠᠢᠭᠠᠳ 《ᠲᠠᠪᠤᠨ ᠥᠭᠦᠯᠡᠪᠦᠷᠢ》ᠵᠢᠨ ᠪᠣᠳᠠᠲᠤ ᠬᠡᠷᠡᠭ ᠪᠠ ᠶᠣᠰᠣ᠌ ᠤᠴᠢᠷ᠎ᠢ ᠪᠠᠲᠤ ᠴᠡᠭᠡᠵᠢᠯᠡᠭᠦᠯᠵᠦ᠂ ᠬᠠᠮᠲᠤ᠎ᠶᠢᠨ ᠲᠡᠦᠬᠡ᠎ᠶᠢᠨ ᠳᠤᠷᠠᠰᠤᠮᠵᠢ᠎ᠶᠢᠨ ᠳᠤᠮᠳᠠ᠎ᠠᠴᠠ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠵᠤ᠂ ᠲᠡᠦᠬᠡ᠎ᠶᠢᠨ ᠵᠠᠢᠯᠠᠰᠢ ᠦᠭᠡᠢ ᠴᠢᠨᠠᠷ᠎ᠤᠨ ᠳᠤᠮᠳᠠ᠎ᠠᠴᠠ ᠨᠠᠮ᠎ᠢᠶᠠᠨ ᠬᠠᠢᠷᠠᠯᠠᠵᠤ ᠤᠯᠤᠰ᠎ᠢᠶᠠᠨ ᠬᠠᠢᠷᠠᠯᠠᠬᠤ ᠤᠬᠠᠮᠰᠠᠷ᠎ᠢ ᠴᠢᠩᠭᠠᠳᠬᠠᠬᠤ ᠬᠡᠷᠡᠭᠲᠡᠢ᠃ ᠭᠤᠷᠪᠠ᠎ᠳᠤ ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠤᠶᠤᠨ ᠰᠠᠨᠠᠭᠠᠨ᠎ᠤ ᠭᠡᠷ ᠣᠷᠣᠨ᠎ᠢ ᠢᠳᠡᠪᠬᠢᠲᠡᠢ ᠪᠠᠢᠭᠤᠯᠬᠤ ᠬᠡᠷᠡᠭᠲᠡᠢ ᠃《ᠰᠣᠶᠣᠯ᠎ᠤᠨ ᠬᠠᠮᠲᠤ᠎ᠶᠢᠨ ᠲᠠᠨᠢᠯᠲᠠ ᠪᠣᠯ ᠬᠠᠮᠤᠭ᠎ᠤᠨ ᠭᠦᠨ ᠳᠠᠪᠬᠤᠷᠭ᠎ᠠ᠎ᠶᠢᠨ ᠬᠠᠮᠲᠤ᠎ᠶᠢᠨ ᠲᠠᠨᠢᠯᠲᠠ ᠮᠥᠨ 》 ᠭᠡᠳᠡᠭ᠎ᠢ ᠪᠠᠷᠢᠮᠲᠠᠯᠠᠵᠤ ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠬᠥᠭᠵᠢᠭᠦᠯᠬᠦ ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠵᠦ᠂ ᠦᠨᠳᠦᠰᠦᠲᠡᠨ᠎ᠨᠦᠭᠦᠳ᠎ᠦᠨ ᠬᠠᠮᠲᠤ᠎ᠪᠠᠷ ᠡᠳ᠋ᠯᠡᠬᠦ ᠳᠤᠮᠳᠠᠳᠤ᠎ᠶᠢᠨ ᠰᠣᠶᠣᠯ᠎ᠤᠨ ᠲᠡᠮᠳᠡᠭ ᠪᠠ ᠳᠤᠮᠳᠠᠳᠤ᠎ᠶᠢᠨ ᠦᠨᠳᠦᠰᠦᠲᠡᠨ᠎ᠦ ᠳᠦᠷᠢ ᠲᠥᠷᠬᠦ᠎ᠶᠢ ᠱᠣᠭᠣᠵᠤ᠂ ᠲᠤᠪᠤᠢ᠍ᠢᠯᠭᠠᠬᠤ ᠪᠠ ᠤᠯᠠᠮᠵᠢᠯᠠᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠳᠦ ᠳᠤᠮᠳᠠᠳᠤ᠎ᠶᠢᠨ ᠰᠣᠶᠣᠯ ᠢ ᠨᠡᠩ ᠰᠠᠢᠲᠤᠷ ᠣᠢᠯᠠᠭᠠᠭᠤᠯᠵᠤ ᠂ ᠰᠣᠶᠣᠯ᠎ᠤᠨ ᠬᠠᠮᠲᠤ᠎ᠶᠢᠨ ᠲᠠᠨᠢᠯᠲᠠ᠎ᠶᠢ ᠲᠡᠭᠡᠭᠰᠢᠯᠡᠬᠦᠯᠵᠦ ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠮᠲᠤ᠎ᠪᠠᠷ ᠪᠦᠯᠬᠦᠮᠳᠡᠨ ᠲᠡᠮᠡᠴᠡᠬᠦ ᠦᠵᠡᠯ ᠰᠠᠨᠠᠭᠠᠨ᠎ᠤ ᠰᠠᠭᠤᠷᠢ᠎ᠶᠢ ᠲᠠᠰᠤᠷᠠᠯᠳᠠ ᠦᠭᠡᠢ ᠪᠠᠲᠤᠳᠬᠠᠨ᠎ᠠ᠃ ᠳᠥᠷᠪᠡ᠎ᠳᠦ᠂ ᠮᠣᠩᠭᠣᠯ ᠮᠣᠷᠢᠨ᠎ᠤ ᠵᠣᠷᠢᠭ᠋ ᠰᠠᠨᠠᠭ᠎ᠠ ᠪᠣᠯᠣᠨ《ᠤᠮᠠᠷᠠᠲᠤ᠎ᠶᠢᠨ ᠭᠤᠷᠪᠠᠨ ᠣᠷᠣᠨ᠎ᠤ ᠵᠣᠷᠢᠭ᠋ ᠰᠠᠨᠠᠭ᠎ᠠ》 ᠶ᠋ᠢ ᠭᠦᠨᠵᠡᠭᠡᠢ ᠠᠭᠤᠳᠠᠯᠵᠤ᠂ ᠶᠡᠬᠡ ᠪᠡᠷ ᠪᠠᠳᠠᠷᠠᠭᠤᠯᠵᠤ᠂ ᠲᠡᠭᠦᠨ᠎ᠢ ᠥᠪᠥᠷ ᠮᠣᠩᠭᠣᠯ᠎ᠤᠨ ᠠᠷᠠᠳ ᠲᠦᠮᠡᠨ᠎ᠦ ᠬᠠᠮᠤᠭ᠎ᠤᠨ ᠢᠯᠡ ᠲᠣᠳᠣ᠌ ᠤᠶᠤᠨ ᠰᠠᠨᠠᠭᠠᠨ᠎ᠤ ᠲᠡᠮᠳᠡᠭ ᠪᠣᠯᠭᠠᠵᠤ ᠂ ᠺᠠᠳ᠋ᠷ ᠤᠯᠠᠨ ᠲᠦᠮᠡᠨ᠎ᠦ ᠠᠵᠢᠯ ᠬᠢᠵᠦ ᠦᠢᠯᠡᠰ ᠪᠣᠰᠬᠠᠬᠤ ᠬᠦᠴᠦᠷᠬᠡᠭ ᠶᠡᠬᠡ ᠤᠶᠤᠨ ᠰᠠᠨᠠᠭᠠᠨ᠎ᠤ ᠬᠥᠳᠡᠯᠭᠡᠬᠦ ᠬᠦᠴᠦᠨ ᠪᠣᠯᠭᠠᠨ ᠨᠡᠩ ᠰᠠᠢᠨ ᠵᠢᠡᠷ ᠬᠤᠪᠢᠷᠠᠭᠤᠯᠬᠤ ᠬᠡᠷᠡᠭᠲᠡᠢ᠃ ᠲᠠᠪᠤ᠎ᠳᠤ ᠂ ᠤᠯᠤᠰ᠎ᠠᠴᠠ ᠨᠢᠭᠡᠳᠦᠯᠲᠡᠢ ᠨᠠᠢᠷᠠᠭᠤᠯᠤᠭᠰᠠᠨ ᠵᠢᠭᠠᠬᠤ ᠮᠠᠲᠧᠷᠢᠶᠠᠯ᠎ᠢ ᠬᠡᠷᠡᠭᠯᠡᠬᠦ᠎ᠶᠢ ᠭᠤᠢᠪᠢᠰᠢ ᠦᠭᠡᠢ᠎ᠪᠡᠷ ᠪᠦᠬᠦ ᠲᠠᠯ᠎ᠠ᠎ᠪᠠᠷ ᠳᠡᠯᠭᠡᠷᠡᠭᠦᠯᠵᠦ᠂ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠢᠲᠤᠷ ᠡᠵᠡᠮᠰᠢᠨ ᠬᠡᠷᠡᠭᠯᠡᠬᠦ᠎ᠶᠢ ᠦᠨᠡᠨ ᠬᠦ᠌ ᠪᠠᠲᠤᠯᠠᠨ᠎ᠠ᠃
ᠪᠠᠢᠯᠳᠤᠬᠤ ᠪᠣᠳᠣᠯᠭ᠎ᠠ᠎ᠶᠢᠨ ᠲᠠᠯ᠎ᠠ᠎ᠪᠠᠷ᠂ ᠶᠡᠬᠡ ᠳᠡᠭᠡᠳᠦ ᠰᠤᠷᠭᠠᠭᠤᠯᠢ᠎ᠶᠢᠨ ᠰᠠᠭᠤᠷᠢᠯᠠᠬᠤ ᠴᠢᠨᠠᠷᠲᠠᠢ᠂ ᠪᠠᠢᠯᠳᠤᠬᠤ ᠪᠣᠳᠣᠯᠭ᠎ᠠ᠎ᠶᠢᠨ ᠴᠢᠨᠠᠷᠲᠠᠢ ᠲᠤᠯᠭᠠᠭᠤᠷᠢᠯᠠᠬᠤ ᠦᠢᠯᠡᠳᠦᠯ᠎ᠢ ᠭᠦᠢᠴᠡᠳ ᠪᠠᠳᠠᠷᠠᠭᠤᠯᠬᠤ ᠬᠡᠷᠡᠭᠲᠡᠢ᠃ ᠦᠨᠳᠦᠰᠦᠲᠡᠨ᠎ᠦ ᠭᠠᠵᠠᠷ ᠣᠷᠣᠨ ᠪᠦᠯᠬᠦᠮᠳᠡᠯ᠎ᠢ ᠠᠳᠬᠤᠬᠤ᠂ ᠬᠥᠭᠵᠢᠯᠲᠡ᠎ᠶᠢ ᠠᠳᠬᠤᠬᠤ᠎ᠳᠤ ᠴᠥᠮ ᠰᠤᠷᠭᠠᠨ ᠬᠥᠮᠦᠵᠢᠯ ᠭᠡᠬᠦ ᠡᠨᠡ ᠬᠦ᠌ ᠰᠠᠭᠤᠷᠢ ᠴᠢᠨᠠᠷᠲᠠᠢ ᠠᠵᠢᠯ᠎ᠠᠴᠠ ᠰᠠᠯᠵᠤ ᠴᠢᠳᠠᠬᠤ ᠦᠭᠡᠢ ᠶᠤᠮ᠃ ᠶᠡᠬᠡ ᠳᠡᠭᠡᠳᠦ ᠰᠤᠷᠭᠠᠭᠤᠯᠢ ᠪᠣᠯ ᠦᠵᠡᠯ ᠰᠠᠨᠠᠭ᠎ᠠ ᠰᠣᠶᠣᠯ᠎ᠤᠨ ᠴᠢᠬᠤᠯᠠ ᠭᠠᠵᠠᠷ ᠮᠥᠨ ᠂ ᠰᠣᠶᠣᠯ᠎ᠢ ᠤᠯᠠᠮᠵᠢᠯᠠᠨ ᠵᠠᠯᠭᠠᠮᠵᠢᠯᠠᠵᠤ ᠰᠢᠨ᠎ᠡ᠎ᠶᠢ ᠡᠭᠦᠳᠬᠦ ᠭᠠᠵᠠᠷ ᠮᠥᠨ ᠂ 《 ᠤᠮᠠᠷᠠᠲᠤ ᠬᠢᠯᠢ᠎ᠶᠢᠨ ᠰᠣᠶᠣᠯ 》᠎ᠤᠨ ᠪᠠᠢᠭᠤᠯᠤᠯᠲᠠ᠎ᠳᠦ ᠡᠭᠦᠷᠭᠡ ᠢᠷᠠᠭᠤ ᠠᠯᠳᠠᠷᠲᠠᠢ ᠂ ᠬᠠᠷᠢᠭᠤᠴᠠᠯᠭ᠎ᠠ ᠬᠦᠨᠳᠦ ᠶᠡᠬᠡ ᠃ ᠨᠢᠭᠡ᠎ᠳᠦ ᠂ ᠰᠣᠶᠣᠯ᠎ᠢᠶᠠᠷ ᠬᠥᠮᠥᠨ᠎ᠢ ᠰᠣᠶᠣᠯᠵᠢᠭᠤᠯᠬᠤ᠎ᠶᠢ ᠪᠠᠷᠢᠮᠲᠠᠯᠠᠨ᠎ᠠ᠃ ᠶᠡᠬᠡ ᠳᠡᠭᠡᠳᠦ ᠰᠤᠷᠭᠠᠭᠤᠯᠢ᠎ᠶᠢᠨ ᠬᠢᠨ ᠶᠣᠰᠣ᠌ ᠰᠤᠷᠲᠠᠬᠤᠨ ᠵᠢᠡᠷ ᠬᠥᠮᠥᠨ᠎ᠢ ᠬᠥᠮᠥᠵᠢᠭᠦᠯᠬᠦ᠎ᠶᠢ ᠪᠠᠷᠢᠮᠲᠠᠯᠠᠵᠤ ᠂ ᠶᠡᠬᠡ ᠰᠤᠷᠭᠠᠭᠤᠯᠢ᠎ᠶᠢᠨ ᠰᠣᠶᠣᠯ᠎ᠤᠨ ᠪᠠᠢᠭᠤᠯᠤᠯᠲᠠ ᠶᠢ 《 ᠤᠮᠠᠷᠠᠲᠤ ᠬᠢᠯᠢ ᠵᠢᠨ ᠰᠣᠶᠣᠯ 》᠎ᠤᠨ ᠪᠠᠢᠭᠤᠯᠤᠯᠲᠠ᠎ᠶᠢᠨ ᠶᠡᠬᠡ ᠲᠠᠯ᠎ᠠ ᠲᠠᠢ ᠠᠭᠤᠰᠤᠯᠴᠠᠭᠤᠯᠵᠤ ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ ᠢᠯᠠᠩᠭᠤᠶ᠎ᠠ《ᠤᠮᠠᠷᠠᠲᠤ ᠬᠢᠯᠢ᠎ᠶᠢᠨ ᠰᠣᠶᠣᠯ》᠎ᠢ ᠤᠬᠠᠮᠰᠠᠷ᠎ᠠᠴᠠ᠎ᠪᠠᠨ ᠰᠤᠷᠭᠠᠭᠤᠯᠢ᠎ᠶᠢᠨ ᠬᠦᠷᠢᠶᠡᠨ᠎ᠦ ᠰᠣᠶᠣᠯ᠎ᠤᠨ ᠪᠠᠢᠭᠤᠯᠤᠯᠲᠠ᠎ᠶᠢᠨ ᠴᠢᠬᠤᠯᠠ ᠠᠭᠤᠯᠭ᠎ᠠ᠎ᠳᠤ ᠣᠷᠣᠭᠤᠯᠵᠤ ᠂ ᠬᠤᠪᠢᠰᠬᠠᠯ᠎ᠤᠨ ᠬᠥᠮᠦᠵᠢᠯ᠎ᠦᠨ ᠰᠠᠭᠤᠷᠢᠨ ᠂ ᠰᠢᠯᠢᠳᠡᠭ ᠤᠯᠠᠮᠵᠢᠯᠠᠯᠲᠤ ᠰᠣᠶᠣᠯ᠎ᠤᠨ ᠰᠠᠭᠤᠷᠢᠨ ᠢ ᠪᠠᠶ᠋ᠢᠭᠤᠯᠬᠤ ᠵᠢᠴᠢ ᠭᠠᠵᠠᠷ ᠣᠷᠣᠨ᠎ᠤ ᠪᠠᠭᠠᠲᠤᠷ ᠵᠢᠱ᠌ᠢᠶᠡᠴᠢ ᠬᠥᠮᠥᠰ᠂ ᠲᠡᠷᠢᠭᠦᠨ᠎ᠦ ᠨᠡᠢᠲᠡᠯᠢᠭ ᠦᠢᠯᠡ ᠠᠵᠢᠯᠯᠠᠭ᠎ᠠ᠎ᠶᠢ ᠢᠯᠡᠷᠡᠭᠦᠯᠬᠦ ᠵᠡᠷᠭᠡ ᠬᠡᠯᠪᠡᠷᠢ᠎ᠪᠡᠷ ᠳᠠᠮᠵᠢᠭᠤᠯᠤᠨ᠂ ᠰᠤᠷᠤᠭ᠍ᠴᠢᠳ᠎ᠲᠤ ᠬᠢᠬᠦ ᠦᠵᠡᠯ ᠰᠠᠨᠠᠭ᠎ᠠ ᠤᠯᠤᠰ ᠲᠦᠷᠦ᠎ᠶᠢᠨ ᠬᠥᠮᠦᠵᠢᠯ᠎ᠢ ᠴᠢᠩᠭᠠᠳᠬᠠᠵᠤ᠂ ᠡᠭᠦᠨ᠎ᠦ ᠤᠯᠠᠮ᠎ᠢᠶᠠᠷ 《ᠤᠮᠠᠷᠠᠲᠤ ᠬᠢᠯᠢ᠎ᠶᠢᠨ ᠰᠣᠶᠣᠯ》 ᠢ ᠣᠶᠤᠲᠠᠳ᠎ᠤᠨ ᠤᠶᠤᠨ ᠰᠠᠨᠠᠭᠠᠨ᠎ᠤ ᠴᠥᠮ᠎ᠡ ᠪᠣᠯᠭᠠᠨ ᠳᠡᠭᠡᠭᠰᠢᠯᠡᠭᠦᠯᠦᠨ᠎ᠡ᠂ ᠡᠨᠡ ᠪᠣᠯ ᠤᠶᠤᠨ ᠰᠠᠨᠠᠭᠠᠨ᠎ᠤ ᠤᠯᠠᠮᠵᠢᠯᠠᠯ ᠂ ᠨᠡᠩ ᠴᠤ᠌ ᠭᠠᠵᠠᠷ ᠣᠷᠣᠨ᠎ᠤ ᠰᠣᠶᠣᠯ᠎ᠤᠨ ᠤᠯᠠᠮᠵᠢᠯᠠᠯ ᠮᠥᠨ᠃ ᠬᠣᠶᠠᠷ᠎ᠲᠤ᠂ ᠤᠶᠤᠨ᠎ᠤ ᠲᠤᠯᠭᠠᠭᠤᠷᠢᠯᠠᠯ᠎ᠢ ᠴᠢᠩᠭᠠᠳᠬᠠᠨ᠎ᠠ᠃ ᠨᠢᠭᠡ ᠲᠠᠯ᠎ᠠ᠎ᠪᠠᠷ ᠂ 《ᠬᠣᠶᠠᠷ᠎ᠢ ᠤᠷᠢᠳ ᠵᠢᠡᠷ ᠬᠡᠷᠡᠭᠵᠢᠭᠦᠯᠵᠦ ᠤᠷᠢᠳ ᠵᠢᠡᠷ ᠲᠤᠷᠰᠢᠬᠤ》 ᠲᠣᠭᠣᠷᠢᠨ᠎ᠳᠤ ᠂ ᠭᠦᠨ ᠤᠬᠠᠭᠠᠨ ᠂ ᠬᠠᠤᠯᠢ᠎ᠶᠢᠨ ᠤᠬᠠᠭᠠᠨ ᠂ ᠲᠡᠦᠬᠡ᠎ᠶᠢᠨ ᠤᠬᠠᠭᠠᠨ ᠂ ᠬᠠᠭᠤᠴᠢ ᠰᠤᠳᠤᠯᠤᠯ ᠂ ᠤᠷᠠᠯᠢᠭ᠋᠎ᠤᠨ ᠤᠬᠠᠭᠠᠨ ᠵᠡᠷᠭᠡ ᠬᠠᠮᠢᠶ᠎ᠠ ᠪᠦᠬᠦᠢ ᠰᠢᠨᠵᠢᠯᠡᠭᠡᠨ᠎ᠦ ᠰᠠᠯᠠᠭ᠎ᠠ᠎ᠶᠢᠨ ᠪᠠᠢᠷᠢᠯᠠᠭᠤᠯᠤᠯᠲᠠ᠎ᠶᠢ ᠰᠢᠯᠢᠳᠡᠭᠵᠢᠭᠦᠯᠵᠦ ᠂ ᠨᠠᠩ ᠣᠯᠠᠨ ᠳ᠋ᠣᠺᠲ᠋ᠣᠷᠠᠨᠲ᠎ᠤᠨ ᠴᠡᠭ ᠭᠤᠶᠤᠴᠢᠯᠠᠬᠤ ᠪᠡᠷ ᠴᠢᠷᠮᠠᠶ᠋ᠢᠵᠤ ᠂ ᠭᠦᠨ ᠤᠬᠠᠭᠠᠨ ᠨᠡᠢᠭᠡᠮ᠎ᠦᠨ ᠰᠢᠨᠵᠢᠯᠡᠬᠦ ᠤᠬᠠᠭᠠᠨ᠎ᠤ ᠬᠦᠷᠢᠶᠡᠨ᠎ᠳᠡᠬᠢ ᠳᠡᠭᠡᠳᠦ ᠲᠠᠰ ᠳᠠᠪᠬᠤᠷᠭ᠎ᠠ᠎ᠶᠢᠨ ᠴᠢᠳᠠᠪᠤᠷᠢᠲᠠᠨ᠎ᠢ ᠪᠡᠶ᠎ᠡ᠎ᠪᠡᠨ ᠳᠠᠭᠠᠭᠠᠵᠤ ᠬᠥᠮᠥᠵᠢᠭᠦᠯᠬᠦ ᠴᠢᠳᠠᠪᠤᠷᠢ᠎ᠶᠢ ᠦᠨᠡᠨ ᠬᠦ᠌ ᠳᠡᠭᠡᠭᠰᠢᠯᠡᠭᠦᠯᠵᠦ ᠂ 《ᠤᠮᠠᠷᠠᠲᠤ ᠬᠢᠯᠢ᠎ᠶᠢᠨ ᠰᠣᠶᠣᠯ 》᠎ᠤᠨ ᠪᠠᠢᠭᠤᠯᠤᠯᠲᠠ᠎ᠳᠤ ᠴᠢᠳᠠᠪᠤᠷᠢᠲᠠᠨ᠎ᠤ ᠲᠤᠯᠭᠠᠭᠤᠷᠢᠯᠠᠯ ᠬᠠᠩᠭᠠᠨ᠎ᠠ ᠃ ᠨᠦᠬᠦᠭᠡ ᠲᠠᠯ᠎ᠠ᠎ᠪᠠᠷ᠂ ᠳᠤᠮᠳᠠᠳᠤ ᠤᠯᠤᠰ᠎ᠤᠨ ᠪᠡᠶ᠎ᠡ᠎ᠪᠡᠨ ᠳᠠᠭᠠᠭᠠᠭᠰᠠᠨ ᠮᠡᠳᠡᠯᠭᠡ᠎ᠶᠢᠨ ᠰᠢᠰᠲᠧᠮ᠎ᠢ ᠪᠠᠶ᠋ᠢᠭᠤᠯᠬᠤ᠎ᠳᠤ ᠠᠩᠬᠠᠷᠤᠯ ᠵᠢᠡᠨ ᠲᠥᠪᠯᠡᠷᠡᠭᠦᠯᠵᠦ ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠰᠤᠳᠤᠯᠭᠠᠨ᠎ᠤ ᠰᠠᠭᠤᠷᠢᠨ ᠵᠡᠷᠭᠡ ᠡᠯ᠎ᠡ ᠲᠥᠷᠥᠯ᠎ᠦᠨ ᠣᠶᠤᠨ᠎ᠤ ᠬᠥᠮᠥᠷᠭᠡ᠎ᠶᠢᠨ ᠲᠠᠪᠴᠠᠩ᠎ᠳᠤ ᠲᠦᠰᠢᠭᠯᠡᠨ ᠂ ᠥᠪᠥᠷ ᠮᠣᠩᠭᠣᠯ᠎ᠤᠨ ᠭᠦᠨ ᠵᠤᠵᠠᠭᠠᠨ ᠲᠡᠦᠬᠡ ᠰᠣᠶᠣᠯ ᠪᠠ ᠡᠯᠪᠡᠭ ᠪᠠᠶᠠᠯᠢᠭ᠋ ᠰᠣᠶᠣᠯ ᠢᠷᠭᠡᠨᠰᠢᠯ᠎ᠤᠨ ᠡᠬᠢ ᠪᠠᠶᠠᠯᠢᠭ᠋ ᠲᠤ ᠰᠠᠭᠤᠷᠢᠯᠠᠨ ᠂ 《ᠬᠣᠶᠠᠷ᠎ᠢ ᠤᠶᠠᠯᠳᠤᠭᠤᠯᠬᠤ 》 ᠂ ᠳᠤᠮᠳᠠᠳᠤ᠎ᠶᠢᠨ ᠰᠣᠶᠣᠯ ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠦᠵᠡᠯ ᠤᠬᠠᠮᠰᠠᠷ ᠵᠡᠷᠭᠡ ᠴᠢᠬᠤᠯᠠ ᠶᠡᠬᠡ ᠰᠠᠭᠤᠷᠢ ᠴᠢᠨᠠᠷᠲᠠᠢ ᠰᠡᠳᠦᠪᠲᠦ ᠵᠣᠬᠢᠶᠠᠨ ᠪᠠᠢᠭᠤᠯᠤᠯᠲᠠ᠎ᠲᠠᠢ ᠰᠢᠨᠵᠢᠯᠡᠬᠦ ᠤᠬᠠᠭᠠᠨ᠎ᠤ ᠰᠤᠳᠤᠯᠭᠠᠨ ᠬᠢᠬᠦ᠎ᠶᠢ ᠭᠦᠨᠵᠡᠭᠡᠢᠷᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠨᠠᠩ ᠥᠨᠳᠥᠷ ᠲᠠᠰ ᠳᠠᠪᠬᠤᠷᠭ᠎ᠠ ᠡᠴᠡ 《ᠤᠮᠠᠷᠠᠲᠤ ᠬᠢᠯᠢ᠎ᠶᠢᠨ ᠰᠣᠶᠣᠯ 》᠎ᠤᠨ ᠪᠠᠢᠭᠤᠯᠤᠯᠲᠠ᠎ᠶᠢ ᠥᠷᠨᠢᠭᠦᠯᠬᠦ᠎ᠳᠦ ᠦᠢᠯᠡᠴᠢᠯᠡᠨ ᠤᠨᠤᠯ᠎ᠤᠨ ᠲᠤᠯᠭᠠᠭᠤᠷᠢᠯᠠᠯ ᠬᠠᠩᠭᠠᠨ᠎ᠠ ᠃
( ᠵᠣᠬᠢᠶᠠᠭ᠍ᠴᠢ ᠄ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠎ᠶᠢᠨ ᠨᠠᠮ᠎ᠤᠨ ᠬᠣᠷᠢᠶ᠎ᠠ ᠵᠢᠨ ᠱᠦᠵᠢ )