ᠠᠯᠠᠱᠠ ᠪᠠᠷᠠᠭᠤᠨ ᠬᠣᠱᠢᠭᠤ ᠪᠣᠯ ᠮᠠᠨ᠎ᠤ ᠤᠯᠤᠰ᠎ᠤᠨ ᠬᠤᠤᠰ ᠪᠥᠬᠥᠲᠦ ᠲᠡᠮᠡᠭᠡᠨ᠎ᠦ ᠨᠤᠳᠤᠭ ᠪᠣᠯᠤᠨ᠎ᠠ᠃ ᠣᠢᠷ᠎ᠠ᠎ᠶ᠋ᠢᠨ ᠵᠢᠯ᠎ᠡᠴᠡ ᠨᠠᠭᠠᠰᠢ᠂ ᠠᠯᠠᠱᠠ ᠪᠠᠷᠠᠭᠤᠨ ᠬᠣᠱᠢᠭᠤ ᠪᠣᠳᠠᠲᠤ ᠪᠠᠢᠳᠠᠯ᠎ᠳᠤ ᠪᠠᠨ ᠰᠠᠭᠤᠷᠢᠯᠠᠨ᠂ ᠲᠡᠮᠡᠭᠡᠨ᠎ᠦ ᠠᠵᠤ ᠦᠶ᠋ᠯᠡᠰ᠎ᠢ ᠬᠥᠭ᠌ᠵᠢᠭᠦᠯᠦᠨ ᠮᠠᠨᠳᠤᠭᠤᠯᠬᠤ᠎ᠪᠠᠷ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠶᠡᠷᠦᠩᠬᠡᠶ ᠲᠦᠯᠬᠢᠭᠦᠷ ᠪᠣᠯᠭᠠᠨ᠂ ᠦᠨᠳᠦᠰᠦᠲᠡᠨ᠎ᠦ ᠭᠠᠵᠠᠷ ᠣᠷᠣᠨ᠎ᠤ ᠠᠵᠤ ᠠᠬᠤᠶ᠎ᠶ᠋ᠢᠨ ᠬᠥᠭ᠌ᠵᠢᠯᠲᠡ᠎ᠶ᠋ᠢ ᠠᠬᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠨ᠎ᠠ᠃
ᠠᠵᠤ ᠦᠢᠯᠡᠰ᠎ᠦᠨ ᠬᠥᠭ᠌ᠵᠢᠯᠲᠡ᠎ᠪᠡᠷ ᠠᠵᠢᠯ ᠣᠯᠭᠣᠯᠲᠠ᠎ᠶ᠋ᠢ《ᠨᠡᠮᠡᠭ᠌ᠳᠡᠭᠦᠯᠵᠦ᠍》᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠬᠥᠲᠥᠯᠥᠨ ᠳᠠᠭᠠᠭᠤᠯᠪᠠ᠃ 2014 ᠣᠨ᠎ᠠᠴᠠ ᠨᠠᠭᠠᠰᠢ᠂ ᠠᠯᠠᠱᠠ ᠪᠠᠷᠠᠭᠤᠨ ᠬᠣᠱᠢᠭᠤ ᠤᠷᠢᠳ ᠬᠣᠵᠢᠳ ᠠᠯᠠᠱᠠ᠎ᠶ᠋ᠢᠨ ᠬᠤᠤᠰ ᠪᠥᠬᠥᠲᠦ ᠲᠡᠮᠡᠭᠡ᠎ᠪᠡᠷ ᠭᠤᠤᠯᠯᠠᠬᠤ ᠠᠵᠤ ᠦᠶ᠋ᠯᠡᠰ ᠪᠣᠯᠭᠠᠭ᠍ᠰᠠᠨ ᠣᠲᠣ ᠦᠶ᠎ᠡ᠎ᠶ᠋ᠢᠨ ᠲᠠᠷᠢᠶᠠᠯᠠᠩ ᠮᠠᠯ ᠠᠵᠤ ᠠᠬᠤᠶ᠎ᠶ᠋ᠢᠨ ᠠᠵᠤ ᠦᠶ᠋ᠯᠡᠰ᠎ᠦᠨ ᠬᠦᠷᠢᠶᠡᠯᠡᠩ᠂ ᠲᠡᠮᠡᠭᠡᠨ᠎ᠦ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ᠂ ᠲᠡᠮᠡᠭᠡᠨ᠎ᠦ ᠰᠠᠢᠨ ᠡᠭᠦᠯᠳᠡᠷ᠎ᠢ ᠦᠷᠡᠵᠢᠭᠦᠯᠦᠨ ᠪᠣᠢᠵᠢᠭᠤᠯᠬᠤ ᠰᠠᠭᠤᠷᠢᠨ ᠵᠢᠴᠢ ᠲᠡᠮᠡᠭᠡᠨ ᠰᠦ ᠵᠢᠨ ᠰᠤᠪᠢᠯᠠᠯᠳᠠ ᠵᠢᠨ ᠬᠦᠷᠢᠶᠡᠯᠡᠩ᠎ᠢ ᠪᠠᠢᠭᠤᠯᠪᠠ᠃ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠲᠣᠯᠣᠭᠠᠢᠯᠠᠭ᠍ᠴᠢ ᠠᠵᠤ ᠠᠬᠤᠢᠯᠠᠯ᠂ ᠠᠢᠮᠠᠭ᠎ᠤᠨ ᠲᠠᠰ᠎ᠤᠨ ᠲᠣᠯᠣᠭᠠᠢᠯᠠᠭ᠍ᠴᠢ ᠠᠵᠤ ᠠᠬᠤᠢᠯᠠᠯ᠂ ᠲᠡᠮᠡᠭᠡ ᠲᠡᠵᠢᠭᠡᠨ ᠦᠷᠡᠵᠢᠭᠦᠯᠬᠦ᠌ ᠲᠤᠰᠭᠠᠶ ᠬᠣᠷᠱᠢᠶ᠎ᠠ᠎ᠶ᠋ᠢ 100 ᠭᠠᠷᠤᠶ ᠪᠣᠢᠵᠢᠭᠤᠯᠵᠤ᠂ ᠪᠠᠷᠢᠮᠵᠢᠶᠠᠵᠢᠭ᠍ᠰᠠᠨ ᠴᠢᠨᠠᠷ ᠰᠠᠢᠲᠠᠶ ᠰᠦ ᠶ᠋ᠢᠨ ᠦᠶ᠋ᠯᠡᠳᠪᠦᠷᠢᠯᠡᠯ᠎ᠦᠨ ᠰᠠᠭᠤᠷᠢ ᠲᠥᠬᠥᠭᠡᠷᠦᠮᠵᠢ᠎ᠶ᠋ᠢ ᠴᠢᠨᠠᠭᠰᠢᠲᠠ ᠰᠠᠢᠵᠢᠷᠠᠭᠤᠯᠤᠨ ᠱᠢᠯᠢᠳᠡᠭ᠌ᠵᠢᠭᠦᠯᠵᠦ᠍᠂ ᠰᠠᠭᠠᠯᠢ᠎ᠶ᠋ᠢᠨ ᠲᠡᠮᠡᠭᠡ ᠪᠦᠷᠢ᠎ᠶ᠋ᠢᠨ ᠵᠢᠯ᠎ᠤᠨ ᠰᠦ ᠵᠢᠨ ᠭᠠᠷᠤᠯᠳᠠ ᠵᠢᠨ ᠴᠡᠪᠡᠷ ᠣᠷᠣᠯᠭ᠎ᠠ᠎ᠶ᠋ᠢ ᠲᠦᠮᠡᠨ ᠲᠥᠭᠥᠷᠢᠭ᠎ᠡᠴᠡ ᠳᠡᠭᠡᠭ᠌ᠰᠢ᠎ᠳᠦ ᠬᠦᠷᠭᠡᠪᠠ᠃ ᠪᠥᠬᠥ᠌ ᠬᠣᠱᠢᠭᠤᠨ᠎ᠳᠤ ᠣᠲᠣ 800 ᠭᠠᠷᠤᠶ ᠲᠡᠮᠡᠭᠡ ᠲᠡᠵᠢᠭᠡᠬᠦ᠌ ᠡᠷᠦᠬᠡ᠎ᠲᠡᠶ ᠪᠤᠯᠵᠤ᠂ 3000 ᠭᠠᠷᠤᠶ ᠮᠠᠯᠴᠢᠨ ᠲᠠᠷᠢᠶᠠᠴᠢᠨ 《ᠬᠡᠷ᠎ᠦᠨ ᠡᠭᠦᠳᠡᠨ》 ᠳ᠋ᠤ ᠪᠠᠨ ᠠᠵᠢᠯ ᠣᠯᠬᠤ ᠵᠢ ᠪᠡᠶᠡᠯᠡᠬᠦᠯᠪᠡ᠃ ᠡᠨᠡ ᠨᠢ ᠮᠠᠯᠵᠢᠬᠤ ᠲᠠᠷᠢᠶᠠᠯᠠᠬᠤ ᠣᠷᠣᠨ᠎ᠤ ᠪᠦᠬᠦ ᠬᠥᠮᠦᠨ ᠠᠮᠠ᠎ᠶ᠋ᠢᠨ ᠭᠤᠷᠪᠠᠨ᠎ᠤ ᠨᠢᠭᠡ᠎ᠡᠴᠡ ᠳᠡᠭᠡᠭ᠌ᠰᠢᠬᠢ᠎ᠶ᠋ᠢ ᠡᠵᠡᠯᠡᠵᠦ᠍᠂ ᠮᠠᠯᠴᠢᠨ ᠲᠠᠷᠢᠶᠠᠴᠢᠨ᠎ᠤ ᠠᠵᠤ ᠠᠮᠢᠳᠤᠷᠠᠯ᠎ᠤᠨ ᠤᠷᠮ᠎ᠠ ᠰᠡᠳᠭᠢᠯᠭᠡ ᠪᠠ ᠬᠥᠭ᠌ᠵᠢᠯᠲᠡ᠎ᠶ᠋ᠢᠨ ᠢᠲᠡᠭᠡᠯ ᠵᠤᠷᠢᠭ᠎ᠢ ᠬᠦᠪᠴᠢᠯᠡᠵᠦ᠂ ᠲᠡᠮᠡᠭᠡᠨ᠎ᠦ ᠠᠵᠤ ᠦᠶ᠋ᠯᠡᠰ᠎ᠢᠶᠡᠷ ᠠᠷᠠᠳ᠎ᠢ ᠪᠠᠶᠠᠵᠢᠭᠤᠯᠬᠤ ᠦᠷ᠎ᠡ ᠠᠱᠢᠭ᠎ᠢ ᠭᠦᠶ᠋ᠴᠡᠳ ᠪᠠᠳᠠᠷᠠᠭᠤᠯᠪᠠ᠃

ᠢᠨᠭᠭᠡ ᠰᠠᠭᠠᠨ᠎ᠠ
ᠠᠵᠤ ᠦᠶ᠋ᠯᠡᠰ᠎ᠦᠨ ᠬᠥᠭ᠌ᠵᠢᠯᠲᠡ᠎ᠪᠡᠷ ᠠᠭᠤᠰᠤᠯᠴᠠᠯ᠎ᠢ《ᠬᠦᠨᠵᠡᠭᠡᠢᠷᠡᠬᠦᠯᠵᠦ》᠂ ᠦᠨᠳᠦᠰᠦᠲᠡᠨ᠎ᠦ ᠪᠦᠯᠬᠦᠮᠳᠡᠯ ᠳᠠᠪᠱᠢᠯᠲᠠᠳ᠋ᠤ ᠬᠦᠴᠦᠨ ᠨᠡᠮᠡᠷᠢᠯᠡᠪᠡ᠃ ᠥᠪᠥᠷ ᠮᠣᠩᠭᠣᠯ᠎ᠤᠨ ᠡᠯᠡᠰᠦᠨ ᠴᠥᠯ᠎ᠦᠨ ᠠᠮᠢᠳᠤ ᠪᠣᠳᠠᠰ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠂ ᠲᠢᠶᠠᠨ ᠲᠦᠧᠧ ᠠᠮᠢᠳᠤ ᠪᠣᠳᠠᠰ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ ᠵᠡᠷᠭᠡ 12 ᠠᠵᠤ ᠠᠬᠤᠢᠯᠠᠯ᠎ᠢ ᠣᠷᠣᠭᠤᠯᠤᠨ ᠠᠪᠴᠢᠷᠠᠵᠤ᠂ ᠲᠡᠮᠡᠭᠡᠨ᠎ᠦ 4 ᠶᠡᠬᠡ ᠲᠥᠷᠥᠯ᠎ᠦᠨ 76 ᠲᠥᠷᠥᠯ ᠵᠦᠶ᠋ᠯ᠎ᠢ ᠰᠤᠳᠤᠯᠤᠨ ᠨᠡᠭᠡᠭᠡᠵᠦ᠍ ᠦᠶ᠋ᠯᠡᠳᠪᠦᠷᠢᠯᠡᠨ᠂ ᠰᠠᠢᠨ ᠰᠠᠢᠬᠠᠨ ᠥᠷᠢᠰᠥᠯᠳᠦᠭᠡᠨ᠎ᠦ ᠠᠭᠤᠷ ᠠᠮᠢᠰᠭᠤᠯ᠎ᠢ ᠪᠣᠶ ᠪᠣᠯᠭᠠᠵᠤ᠂ ᠲᠡᠮᠡᠭᠡ ᠲᠡᠵᠢᠭᠡᠬᠦ᠌ ᠡᠷᠦᠬᠡ᠎ᠶ᠋ᠢ ᠳᠠᠢᠴᠢᠯᠠᠨ ᠣᠷᠣᠯᠭ᠎ᠠ᠎ᠶ᠋ᠢ᠎ᠨᠢ ᠨᠡᠮᠡᠭ᠌ᠳᠡᠭᠦᠯᠪᠡ᠃ ᠱᠢᠨᠵᠢᠶᠠᠩ᠎ᠤᠨ ᠬᠠᠰᠠᠭ ᠦᠨᠳᠦᠰᠦᠲᠡᠨ᠎ᠦ ᠣᠯᠠᠨ ᠲᠦᠮᠡᠨ᠎ᠦ ᠲᠡᠮᠡᠭᠡ ᠲᠡᠵᠢᠭᠡᠭ᠌ᠰᠡᠨ ᠲᠡᠷᠢᠭᠦᠨ᠎ᠦ ᠲᠤᠷᠱᠢᠯᠭ᠎ᠠ᠎ᠪᠠᠷ ᠲᠣᠯᠢ ᠪᠣᠯᠭᠠᠬᠤ᠎ᠶ᠋ᠢᠨ ᠬᠠᠮᠲᠤ᠂ ᠣᠷᠳᠣ ᠬᠤᠭᠤᠴᠠᠭᠠᠨ᠎ᠤ ᠲᠣᠭ᠍ᠲᠠᠪᠤᠷᠢᠲᠠᠶ ᠬᠥᠳᠡᠯᠮᠦᠷᠢ ᠦᠶ᠋ᠯᠡᠴᠢᠯᠡᠭᠡ ᠣᠷᠣᠭᠤᠯᠬᠤ ᠠᠷᠭ᠎ᠠ ᠵᠠᠮ᠎ᠢ ᠬᠠᠢᠵᠤ᠂ ᠲᠡᠮᠡᠭᠡᠨ ᠰᠦ ᠶ᠋ᠢᠨ ᠭᠠᠷᠤᠯᠲᠠ᠎ᠶ᠋ᠢ ᠳᠡᠭᠡᠭ᠌ᠰᠢᠯᠡᠭᠦᠯᠵᠦ᠍᠂ ᠱᠢᠨᠵᠢᠯᠡᠬᠦ᠌ ᠤᠬᠠᠭᠠᠨᠴᠢ᠎ᠪᠠᠷ ᠲᠡᠵᠢᠭᠡᠨ ᠦᠷᠡᠵᠢᠭᠦᠯᠬᠦ᠌ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠵᠠᠮᠨᠠᠪᠠ᠃ ᠠᠭᠤᠰᠤᠯᠴᠠᠯ ᠬᠦᠭᠵᠢᠯ᠎ᠢ ᠠᠬᠢᠭᠤᠯᠬᠤ ᠪᠡᠷ ᠬᠠᠷᠠᠯᠲᠠ ᠪᠣᠯᠭᠠᠵᠤ᠂ ᠦᠨᠳᠦᠰᠦᠲᠡᠨ᠎ᠦ ᠪᠦᠯᠬᠦᠮᠳᠡᠯ᠎ᠢ ᠦᠨᠳᠦᠰᠦᠨ ᠱᠠᠲᠤᠨ᠎ᠤ ᠵᠠᠰᠠᠯᠲᠠ᠂ ᠰᠠᠢ᠌ᠨ ᠳᠤᠷ᠎ᠠ᠎ᠶ᠋ᠢᠨ ᠦᠢᠯᠡᠴᠢᠯᠡᠭᠡ᠎ᠳᠦ ᠠᠭᠤᠰᠤᠯᠴᠠᠭᠤᠯᠵᠤ᠂《ᠲᠠᠯ᠎ᠠ ᠨᠤᠲᠤᠭ᠎ᠤᠨ ᠤᠳᠭ᠎ᠠ ᠤᠷᠠᠯᠢᠭ᠎ᠤᠨ ᠡᠳᠦᠷ ᠪᠦᠷᠢ ᠵᠢᠨ ᠲᠣᠭ᠍ᠯᠠᠯᠲᠠ》 ᠵᠡᠷᠭᠡ ᠨᠥᠬᠥᠷᠯᠡᠯ᠎ᠦᠨ ᠠᠵᠢᠯᠯᠠᠭ᠎ᠠ ᠵᠢ ᠥᠷᠨᠢᠭᠦᠯᠵᠦ᠍᠂ ᠬᠠᠰᠠᠭ ᠦᠨᠳᠦᠰᠦᠲᠡᠨ᠎ᠦ ᠤᠯᠠᠨ ᠲᠦᠮᠡᠨ᠎ᠦ ᠲᠤᠬᠠᠢ᠎ᠶ᠋ᠢᠨ ᠭᠠᠵᠠᠷ᠎ᠤᠨ ᠰᠠᠭᠤᠭᠠᠯᠢ ᠠᠷᠠᠳ᠎ᠲᠠᠶ ᠨᠠᠢᠵᠠᠯᠠᠬᠤ᠎ᠶ᠋ᠢ ᠵᠣᠷᠢᠭ᠍ᠵᠢᠭᠤᠯᠪᠠ᠃ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠡᠬᠢ ᠪᠠᠶᠠᠯᠢᠭ᠎ᠤᠨ ᠲᠣᠬᠢᠷᠠᠭᠤᠯᠤᠯᠲᠠ᠎ᠶ᠋ᠢ ᠴᠢᠩᠭᠠᠳᠭᠠᠵᠤ᠂ ᠨᠡᠢᠭᠡᠮ ᠲᠣᠭᠣᠷᠢᠭ᠎ᠤᠨ 《ᠦᠨᠳᠦᠰᠦᠲᠡᠨ᠎ᠦ ᠬᠡᠷ ᠪᠦᠯᠢ》 ᠪᠠ 《ᠴᠥᠭᠡᠨ ᠲᠣᠭᠠᠲᠤ ᠦᠨᠳᠦᠰᠦᠲᠡᠨ᠎ᠦ ᠨᠡᠭᠦᠳᠡᠯ ᠬᠦᠮᠤᠨ ᠠᠮᠠ ᠵᠢᠨ ᠦᠶ᠋ᠯᠡᠴᠢᠯᠡᠭᠡᠨ᠎ᠦ ᠥᠷᠲᠡᠭᠡ》 ᠪᠠᠷ ᠳᠠᠮᠵᠢᠭᠤᠯᠤᠨ ᠴᠥᠭᠡᠨ ᠲᠣᠭᠠᠲᠤ ᠦᠨᠳᠦᠰᠦᠲᠡᠨ᠎ᠦ ᠣᠯᠠᠨ ᠲᠦᠮᠡᠨ᠎ᠦ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠤ ᠬᠠᠮᠲᠤ ᠰᠠᠭᠤᠷᠢᠱᠢᠵᠤ ᠬᠠᠮᠲᠤ ᠠᠵᠢᠯᠯᠠᠬᠤ ᠬᠠᠷᠢᠯᠴᠠᠨ ᠠᠭᠤᠰᠤᠯᠴᠠᠬᠤ ᠮᠠᠶᠢᠭ᠎ᠤᠨ ᠬᠥᠭ᠌ᠵᠢᠯᠲᠡ᠎ᠶ᠋ᠢᠨ ᠪᠠᠢᠷᠢᠱᠢᠯ᠎ᠢ ᠪᠣᠶ ᠪᠣᠯᠭᠠᠪᠠ᠃

ᠲᠡᠮᠡᠭᠡᠨ ᠨᠠᠢᠷ
ᠠᠵᠤ ᠦᠢᠯᠡᠰ᠎ᠦᠨ ᠬᠥᠭ᠌ᠵᠢᠯᠲᠡ᠎ᠪᠡᠷ ᠵᠢᠭᠤᠯᠴᠢᠯᠠᠯ᠎ᠢ《ᠬᠦᠭᠵᠢᠭᠡᠵᠦ》᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠭᠦᠨᠵᠡᠭᠡᠢᠷᠡᠭᠦᠯᠪᠡ᠃ ᠲᠡᠮᠡᠭᠡᠨ᠎ᠦ ᠠᠵᠤ ᠦᠶ᠋ᠯᠡᠰ ᠪᠠ ᠰᠣᠶᠣᠯ ᠵᠢᠭᠤᠯᠴᠢᠯᠠᠯ᠎ᠤᠨ ᠠᠵᠤ ᠦᠶ᠋ᠯᠡᠰ᠎ᠢ ᠤᠶᠠᠯᠳᠤᠭᠤᠯᠬᠤ ᠵᠢ ᠴᠢᠬᠤᠯᠠᠴᠢᠯᠠᠵᠤ᠂ ᠥᠪᠡᠷᠲᠡᠭᠡᠨ ᠵᠠᠰᠠᠬᠤ ᠣᠷᠣᠨ᠎ᠤ ᠲᠡᠮᠡᠭᠡᠨ ᠰᠣᠶᠣᠯ᠎ᠢᠶᠠᠷ ᠭᠤᠤᠯ ᠰᠡᠳᠦᠪ ᠪᠣᠯᠭᠠᠭ᠍ᠰᠠᠨ ᠠᠩᠬᠠᠳᠠᠭ᠍ᠴᠢ ᠮᠦᠽᠧᠶ — ᠥᠪᠥᠷ ᠮᠣᠩᠭᠣᠯ᠎ᠤᠨ ᠲᠡᠮᠡᠭᠡᠨ ᠰᠣᠶᠣᠯ᠎ᠤᠨ ᠮᠦᠽᠧᠶ᠎ᠶ᠋ᠢ ᠪᠠᠢᠭᠤᠯᠵᠤ᠂ ᠪᠥᠬᠥ᠌ ᠬᠣᠱᠢᠭᠤᠨ᠎ᠤ ᠲᠡᠮᠡᠭᠡᠨᠪ ᠠᠵᠤ ᠦᠶ᠋ᠯᠡᠰ᠎ᠦᠨ ᠦᠪᠡᠷᠮᠢᠴᠡ ᠳᠠᠪᠠᠭᠤᠯᠢᠭ ᠪᠠ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠦᠷ᠎ᠡ ᠪᠦᠲᠦᠭᠡᠯ᠎ᠢ ᠭᠦᠶ᠋ᠴᠡᠳ ᠳᠡᠯᠭᠡᠨ ᠦᠵᠡᠭᠦᠯᠵᠦ᠍᠂ ᠲᠤᠮᠳᠠᠳᠤ ᠵᠢᠨ ᠦᠨᠳᠦᠰᠦᠲᠡᠨ᠎ᠦ ᠰᠢᠯᠢᠳᠡᠭ ᠰᠣᠶᠣᠯ᠎ᠢ ᠤᠯᠠᠮᠵᠢᠯᠠᠨ ᠪᠠᠳᠠᠷᠠᠭᠤᠯᠵᠤ᠂ ᠦᠨᠳᠦᠰᠦᠳᠡᠨ ᠨᠤᠬᠦᠳ᠎ᠤᠨ ᠬᠠᠮᠳᠤ ᠵᠢᠨ ᠴᠤᠭᠴᠠ ᠵᠢᠨ ᠤᠬᠠᠮᠰᠠᠷ᠎ᠢ ᠴᠢᠨᠠᠭᠰᠢᠳᠠ ᠪᠠᠳᠤᠳᠬᠠᠪᠠ᠃ ᠠᠯᠠᠱᠠ᠎ᠶ᠋ᠢᠨ ᠠᠩᠬᠠᠳᠤᠭᠠᠷ ᠬᠤᠭᠤᠴᠠᠭᠠᠨ᠎ᠤ ᠲᠦᠮᠡᠨ ᠲᠡᠮᠡᠭᠡᠨ᠎ᠤ ᠰᠣᠶᠣᠯ᠎ᠤᠨ ᠨᠠᠢᠷ᠂ ᠣᠯᠠᠨ ᠤᠯᠤᠰ᠎ᠤᠨ ᠬᠤᠤᠰ ᠪᠥᠬᠥᠲᠦ ᠲᠡᠮᠡᠭᠡᠨ᠎ᠦ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠲᠡᠭᠡᠳᠦ ᠲᠡᠰ᠎ᠦᠨ ᠶᠠᠷᠢᠶᠠᠨ᠎ᠤ ᠲᠠᠪᠴᠠᠩ ᠵᠡᠷᠭᠡ ᠴᠢᠬᠤᠯᠠ ᠶᠡᠬᠡ ᠠᠵᠢᠯᠯᠠᠭ᠎ᠠ᠎ᠶ᠋ᠢ ᠵᠠᠯᠭᠠᠭ᠎ᠠ᠎ᠪᠠᠷ ᠡᠷᠭᠢᠯᠡᠵᠦ᠍᠂ ᠲᠡᠮᠡᠭᠡᠨ᠎ᠦ ᠠᠵᠤ ᠦᠶ᠋ᠯᠡᠰ᠎ᠦᠨ ᠨᠡᠷ᠎ᠡ ᠠᠯᠳᠠᠷᠱᠢᠯ᠎ᠢ ᠬᠤᠯᠠ ᠤᠢᠷ᠎ᠠ ᠳ᠋ᠤ ᠲᠠᠭᠤᠷᠢᠰᠤᠭᠤᠯᠪᠠ᠃ 《ᠤᠷᠳᠤ᠎ᠶ᠋ᠢᠨ ᠳᠠᠭᠤᠤ᠎ᠶ᠋ᠢᠨ ᠨᠤᠲᠤᠭ》᠂ ᠡᠯᠡᠰᠦᠨ ᠴᠦᠯ᠎ᠦᠨ ᠳᠡᠯᠡᠬᠡᠢ᠎ᠶ᠋ᠢᠨ ᠭᠠᠵᠠᠷ ᠱᠢᠨᠵᠢᠯᠡᠭᠡᠨ᠎ᠦ ᠴᠡᠴᠡᠷᠯᠢᠭ ᠵᠡᠷᠭᠡ ᠨᠠᠷᠠᠲᠤ ᠲᠦᠷᠦᠯ ᠲᠠᠮᠳᠡᠭᠳᠦ ᠵᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠲᠡᠮᠡᠭᠡᠨ ᠰᠣᠶᠣᠯ᠎ᠢ ᠪᠡᠶᠡᠴᠢᠯᠡᠨ ᠣᠢᠯᠠᠭᠠᠬᠤ᠂ ᠱᠢᠨᠵᠢᠯᠡᠨ ᠪᠠᠢᠴᠠᠭᠠᠵᠤ ᠪᠠᠷᠲᠠᠭ᠎ᠠ ᠬᠠᠢᠬᠤ ᠵᠡᠷᠭᠡ ᠰᠣᠳᠣᠨ ᠵᠢᠭᠤᠯᠴᠢᠯᠠᠯ᠎ᠤᠨ ᠲᠦᠷᠦᠯ ᠵᠦᠢᠯ᠎ᠢ ᠬᠦᠴᠦᠯᠡᠨ ᠪᠠᠢᠭᠤᠯᠵᠤ᠂ 23 ᠤᠳᠤᠨ ᠲᠡᠰ᠎ᠤᠨ ᠮᠠᠯᠴᠢᠨ ᠠᠢᠯ᠎ᠤᠨ ᠵᠢᠭᠤᠯᠴᠢᠯᠠᠯ᠂ ᠲᠠᠷᠢᠶᠠᠴᠢᠨ ᠠᠢᠯ᠎ᠤᠨ ᠵᠢᠭᠤᠯᠴᠢᠯᠠᠯ᠎ᠢᠶᠠᠷ ᠲᠥᠯᠥᠭᠡᠯᠡᠭᠦᠯᠦᠭ᠌ᠰᠡᠨ ᠵᠢᠭᠤᠯᠴᠢᠯᠠᠯ᠎ᠤᠨ ᠱᠢᠨ᠎ᠡ ᠡᠵᠡᠩᠨᠡᠯᠲᠡ᠎ᠶ᠋ᠢᠨ ᠬᠡᠯᠪᠡᠷᠢ᠎ᠶ᠋ᠢ ᠪᠤᠢ ᠪᠣᠯᠭᠠᠵᠠᠢ᠃ ᠲᠡᠮᠡᠭᠡᠨ ᠤ ᠠᠵᠤ ᠦᠶ᠋ᠯᠡᠰ᠎ᠦᠨ ᠬᠡᠯᠬᠢᠶ᠎ᠡ ᠪᠣᠯᠤᠨ ᠨᠥᠯᠥᠭᠡᠯᠡᠬᠦ᠌ ᠬᠦᠴᠦᠨ ᠲᠠᠰᠤᠷᠠᠯᠲᠠ ᠥᠬᠡᠶ ᠥᠷᠭᠡᠵᠢᠵᠦ᠍᠂ ᠦᠨᠳᠦᠰᠦᠲᠡᠨ᠎ᠦ ᠣᠨᠴᠠᠯᠢᠭ᠍ᠲᠤ ᠠᠵᠤ ᠦᠶ᠋ᠯᠡᠰ ᠪᠣᠯᠤᠨ ᠵᠢᠭᠤᠯᠴᠢᠯᠠᠯ᠎ᠤᠨ ᠦᠶ᠋ᠯᠡᠰ᠎ᠦᠨ ᠣᠷᠭᠠᠨᠢᠭ ᠠᠭᠤᠰᠤᠯᠴᠠᠯ᠎ᠢ ᠦᠨᠡᠨ ᠬᠦ᠌ ᠪᠡᠶᠡᠯᠡᠭᠦᠯᠵᠦ᠍᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠤ ᠬᠦᠭᠵᠢᠯᠳᠡ ᠲᠠᠪᠰᠢᠯᠳᠠ᠂ ᠪᠦᠯᠬᠦᠮᠳᠡᠯ ᠨᠢᠭᠳᠠᠷᠠᠯ᠎ᠢ ᠠᠬᠢᠭᠤᠯᠵᠠᠢ᠃

ᠪᠦᠯᠬᠦᠮᠳᠠᠯ ᠲᠠᠪᠰᠢᠯᠳᠠ
ᠠᠵᠤ ᠦᠢᠯᠡᠰ᠎ᠦᠨ ᠬᠥᠭ᠌ᠵᠢᠯᠲᠡ᠎ᠪᠡᠷ ᠣᠷᠣᠯᠭ᠎ᠠ᠎ᠶ᠋ᠢ《ᠳᠡᠭᠡᠭ᠌ᠰᠢᠯᠡᠭᠦᠯᠵᠦ᠍》᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠪᠡᠬᠢᠵᠢᠭᠦᠯᠪᠠ᠃ ᠱᠢᠨᠵᠢᠯᠡᠬᠦ᠌ ᠤᠬᠠᠭᠠᠨ ᠤ ᠰᠤᠳᠤᠯᠭᠠᠨ᠎ᠤ ᠪᠣᠭᠣᠮᠲᠠ ᠱᠢᠪᠲᠤᠯᠤᠯᠳᠠ᠎ᠶ᠋ᠢ ᠲᠦᠷᠭᠡᠳᠭᠡᠵᠦ᠍᠂ ᠥᠪᠥᠷ ᠮᠣᠩᠭᠣᠯ᠎ᠤᠨ ᠭᠣᠪᠢ᠎ᠶ᠋ᠢᠨ ᠲᠡᠮᠡᠭᠡᠨ᠎ᠦ ᠰᠠᠢᠨ ᠡᠭᠦᠯᠳᠡᠷ᠎ᠢ ᠦᠷᠡᠵᠢᠭᠦᠯᠦᠨ ᠪᠣᠢᠵᠢᠭᠤᠯᠬᠤ ᠰᠠᠭᠤᠷᠢᠨ᠎ᠢ ᠪᠠᠢᠭᠤᠯᠵᠤ᠂ ᠪᠥᠬᠥ᠌ ᠤᠯᠤᠰ᠎ᠤᠨ ᠠᠩᠬᠠᠳᠠᠭ᠍ᠴᠢ ᠥᠨᠳᠥᠷ ᠭᠠᠷᠤᠯᠳᠠ ᠪᠦᠬᠦᠢ ᠰᠠᠭᠠᠯᠢ᠎ᠶ᠋ᠢᠨ ᠲᠡᠮᠡᠭᠡᠨ᠎ᠦ ᠬᠦᠪᠦᠷᠡᠯ ᠱᠢᠯᠵᠢᠭᠦᠯᠦᠨ ᠪᠤᠢᠵᠢᠭᠤᠯᠬᠤ ᠲᠤᠷᠱᠢᠯᠲᠠ᠎ᠶ᠋ᠢ ᠪᠡᠶᠡᠯᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠱᠢᠨ᠎ᠡ ᠬᠡᠯᠪᠡᠷᠢ᠎ᠶ᠋ᠢᠨ ᠰᠤᠳᠤᠯᠤᠨ ᠨᠡᠭᠡᠭᠡᠬᠦ᠌ ᠪᠠᠢᠭᠤᠯᠤᠮᠵᠢ — ᠥᠪᠥᠷ ᠮᠣᠩᠭᠣᠯ᠎ᠤᠨ ᠲᠡᠮᠡᠭᠡᠨ᠎ᠦ ᠰᠤᠳᠤᠯᠭᠠᠨ᠎ᠤ ᠬᠦᠷᠢᠶᠡᠯᠡᠩ᠎ᠢ ᠲᠦᠷᠦᠭᠦᠯᠡᠨ ᠪᠠᠢᠭᠤᠯᠤᠨ᠂ ᠴᠢᠬᠤᠯᠠ ᠶᠡᠬᠡ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠥᠷᠥᠯ ᠵᠦᠶ᠋ᠯ᠎ᠢ ᠡᠭᠦᠷᠭᠡᠯᠡᠵᠦ᠍᠂ ᠱᠢᠨᠵᠢᠯᠡᠬᠦ᠌ ᠤᠬᠠᠭᠠᠨ᠎ᠤ ᠰᠤᠳᠤᠯᠭᠠᠨ ᠪᠠ ᠦᠶ᠋ᠯᠡᠳᠬᠦᠨ᠎ᠦ ᠦᠷ᠎ᠡ ᠪᠦᠲᠦᠭᠡᠯ᠎ᠢ 10 ᠭᠠᠷᠭᠠᠪᠠ᠂ ᠡᠭᠦᠨ᠎ᠳᠦ 2 ᠵᠦᠶ᠋ᠯ᠎ᠦᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠦᠷ᠎ᠡ ᠪᠦᠲᠦᠭᠡᠯ᠎ᠨᠢ ᠣᠯᠠᠨ ᠤᠯᠤᠰ᠎ᠤᠨ ᠬᠣᠭᠣᠰᠣᠨ᠎ᠢ ᠨᠥᠬᠥᠪᠥᠷᠢᠯᠡᠵᠦ᠂ ᠠᠯᠠᠱᠠ ᠪᠠᠷᠠᠭᠤᠨ ᠬᠤᠰᠢᠭᠤ ᠥᠨᠳᠥᠷ ᠭᠠᠷᠤᠯᠳᠠ ᠪᠦᠬᠦᠢ ᠰᠠᠭᠠᠯᠢ᠎ᠶ᠋ᠢᠨ ᠲᠡᠮᠡᠭᠡ᠎ᠶ᠋ᠢ ᠰᠣᠩᠭᠣᠨ ᠪᠣᠢᠵᠢᠭᠤᠯᠬᠤ᠎ᠳᠤ ᠪᠠᠲᠤ ᠪᠠᠬᠢ ᠰᠠᠭᠤᠷᠢ᠎ᠶ᠋ᠢ ᠲᠠᠯᠪᠢᠵᠤ ᠥᠭ᠌ᠴᠡᠶ᠃