ᠣᠢᠷ᠎ᠠ᠎ᠶᠢᠨ ᠵᠢᠯ᠎ᠳᠦ᠂ ᠤᠷᠠᠳ᠎ᠤᠨ ᠬᠣᠢᠲᠤ ᠬᠣᠰᠢᠭᠤ ᠬᠢᠯᠢ ᠬᠢᠵᠠᠭᠠᠷ ᠣᠷᠣᠨ᠎ᠤ ᠮᠠᠯᠵᠢᠬᠤ ᠣᠷᠣᠨ᠎ᠤ ᠪᠣᠳᠠᠲᠤ ᠪᠠᠢᠳᠠᠯ᠎ᠳᠠᠭᠠᠨ ᠰᠠᠭᠤᠷᠢᠯᠠᠨ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠤᠯᠤᠰ ᠲᠥᠷᠥ᠎ᠶᠢᠨ ᠴᠢᠳᠠᠮᠵᠢ ᠪᠠ ᠬᠥᠲᠥᠯᠥᠨ ᠳᠠᠭᠠᠭᠤᠯᠬᠤ ᠦᠢᠯᠡᠳᠦᠯ᠎ᠢ ᠲᠣᠪᠤᠢᠯᠭᠠᠨ ᠪᠠᠳᠠᠷᠠᠭᠤᠯᠵᠤ᠂ ᠴᠤᠠᠬ᠍ᠦ᠋ᠨᠲᠦᠷ ᠪᠠᠯᠭᠠᠰᠤ᠎ᠪᠠᠷ ᠲᠤᠷᠰᠢᠯᠲᠠ᠎ᠶᠢᠨ ᠴᠡᠭ ᠪᠣᠯᠭᠠᠨ᠂《ᠨᠠᠮ ᠵᠠᠰᠠᠭ ᠴᠡᠷᠢᠭ ᠴᠠᠭᠳᠠᠭ᠎ᠠ ᠠᠷᠠᠳ ᠠᠵᠤ ᠠᠬᠤᠢᠯᠠᠯ》 ᠤ᠋ᠨ ᠬᠠᠮᠲᠤᠷᠠᠭᠰᠠᠨ ᠨᠠᠮ᠎ᠤᠨ ᠡᠭᠦᠷ᠎ᠢ ᠪᠠᠢᠭᠤᠯᠵᠤ᠂《ᠨᠠᠮ᠎ᠤᠨ ᠪᠠᠢᠭᠤᠯᠤᠯᠲᠠ᠎ᠶᠢ ᠬᠠᠮᠲᠤ ᠪᠠᠷ ᠠᠭᠤᠰᠤᠯᠴᠠᠭᠤᠯᠬᠤ᠂ ᠡᠭᠦᠷᠭᠡ ᠬᠠᠷᠢᠭᠤᠴᠠᠯᠭ᠎ᠠ᠎ᠶᠢ ᠬᠠᠮᠲᠤ ᠪᠠᠷ ᠠᠳᠬᠤᠬᠤ᠂ ᠪᠣᠳᠠᠲᠤ ᠶᠠᠪᠤᠳᠠᠯ᠎ᠢ ᠬᠠᠮᠲᠤ ᠪᠠᠷ ᠬᠦᠢᠴᠡᠳᠬᠡᠬᠦ᠂ ᠠᠮᠤᠷ ᠠᠮᠤᠭᠤᠯᠠᠩᠲᠦ ᠤᠷᠤᠨ ᠢ᠋ ᠬᠠᠮᠲᠤ ᠪᠠᠷ ᠪᠠᠶ᠋ᠢᠭᠤᠯᠬᠤ᠂ ᠬᠥᠭᠵᠢᠯᠲᠡ᠎ᠶᠢ ᠬᠠᠮᠲᠤ ᠪᠠᠷ ᠠᠬᠢᠭᠤᠯᠬᠤ》ᠵᠡᠷᠭᠡ ᠠᠵᠢᠯ᠎ᠤᠨ ᠦᠢᠯᠡᠳᠦᠯᠭᠡ᠎ᠶᠢ ᠪᠠᠢᠩᠭᠤᠵᠢᠭᠤᠯᠤᠨ ᠥᠷᠨᠢᠭᠦᠯᠵᠦ᠂ ᠨᠠᠮ᠎ᠤᠨ ᠤᠯᠤᠰ ᠲᠦᠷᠦ᠎ᠶᠢᠨ ᠳᠠᠪᠠᠭᠤᠯᠢᠭ᠋᠎ᠢ ᠬᠢᠯᠢ ᠬᠢᠵᠠᠭᠠᠷ᠎ᠢ ᠰᠠᠬᠢᠬᠤ᠂ ᠬᠢᠯᠢ ᠬᠢᠵᠠᠭᠠᠷ᠎ᠢ ᠪᠡᠬᠢᠵᠢᠭᠦᠯᠬᠦ᠂ ᠬᠢᠯᠢ ᠬᠢᠵᠠᠭᠠᠷ᠎ᠢ ᠬᠦᠴᠦᠷᠬᠡᠭᠵᠢᠭᠦᠯᠬᠦ᠂ ᠬᠢᠯᠢ ᠬᠢᠵᠠᠭᠠᠷ᠎ᠢ ᠲᠣᠭᠲᠠᠪᠤᠷᠢᠵᠢᠭᠤᠯᠬᠤ᠂ ᠬᠢᠯᠢ ᠬᠢᠵᠠᠭᠠᠷ᠎ᠢ ᠪᠠᠶᠠᠵᠢᠭᠤᠯᠬᠤ ᠲᠠᠯ᠎ᠠ ᠪᠦᠬᠦᠨ᠎ᠳᠦ ᠬᠦᠷᠲᠡᠯ᠎ᠡ ᠦᠷᠭᠦᠯᠵᠢᠯᠡᠭᠦᠯᠵᠦ᠂ ᠨᠠᠮ᠎ᠤᠨ ᠲᠤᠭ᠎ᠢ ᠡᠬᠡ ᠤᠯᠤᠰ᠎ᠤᠨ ᠤᠮᠠᠷᠠᠲᠤ ᠬᠢᠯᠢ᠎ᠳᠦ ᠥᠨᠳᠥᠷ ᠮᠠᠨᠳᠤᠭᠤᠯᠪᠠ᠃

ᠨᠠᠮ᠎ᠤᠨ ᠪᠠᠢᠭᠤᠯᠤᠯᠲᠠ ᠵᠢ ᠬᠠᠮᠲᠦ ᠪᠡᠷ ᠠᠭᠤᠰᠤᠯᠴᠠᠭᠤᠯᠪᠠ
ᠤᠷᠠᠳ᠎ᠤᠨ ᠬᠣᠢᠲᠤ ᠬᠣᠰᠢᠭᠤ ᠪᠣᠯ ᠮᠠᠨ᠎ᠤ ᠤᠷᠤᠨ᠎ᠤ ᠬᠢᠯᠢ ᠬᠢᠵᠠᠭᠠᠷ᠎ᠤᠨ 20 ᠴᠥᠭᠡᠨ ᠲᠣᠭᠠᠲᠤ ᠦᠨᠳᠦᠰᠦᠲᠡᠨ᠎ᠦ ᠬᠣᠰᠢᠭᠤ ᠰᠢᠶᠠᠨ᠎ᠤ ᠨᠢᠭᠡ ᠪᠣᠯᠣᠨ᠎ᠠ᠂ 195.25 ᠺᠢᠯᠣᠮᠧᠲᠷ᠎ᠦᠨ ᠳᠤᠮᠳᠠᠳᠤ ᠮᠣᠩᠭᠣᠯ᠎ᠤᠨ ᠬᠢᠯᠢ᠎ᠶᠢᠨ ᠱᠤᠭᠤᠮ᠎ᠢ ᠰᠠᠬᠢᠨ ᠬᠠᠮᠠᠭᠠᠯᠠᠵᠤ᠂ ᠮᠠᠯᠴᠢᠳ᠎ᠤᠨ ᠰᠠᠭᠤᠷᠢᠰᠢᠯ ᠲᠠᠷᠠᠬᠠᠢ ᠪᠤᠲᠠᠷᠬᠠᠢ ᠪᠤᠢᠲᠠ ᠪᠦᠭᠯᠡᠭᠦᠦ᠂ ᠵᠠᠮ ᠬᠠᠷᠢᠯᠴᠠᠭ᠎ᠠ ᠲᠦᠭᠦᠮ ᠦᠭᠡᠢ᠃ ᠣᠢᠷ᠎ᠠ᠎ᠶᠢᠨ ᠵᠢᠯ᠎ᠦᠳ᠎ᠲᠦ ᠮᠠᠯᠵᠢᠬᠤ᠎ᠶᠢ ᠵᠣᠭᠰᠣᠭᠠᠵᠤ ᠠᠷᠠᠳ᠎ᠢ ᠨᠡᠭᠦᠯᠭᠡᠬᠦ ᠲᠥᠷᠥ᠎ᠶᠢᠨ ᠪᠣᠳᠣᠯᠭ᠎ᠠ ᠪᠠ ᠨᠤᠲᠤᠭ ᠪᠡᠯᠴᠢᠭᠡᠷ᠎ᠦᠨ ᠱᠠᠩᠨᠠᠵᠤ ᠨᠥᠬᠥᠪᠦᠷᠢᠯᠡᠬᠦ ᠲᠥᠷᠥ᠎ᠶᠢᠨ ᠪᠣᠳᠣᠯᠭ᠎ᠠ᠎ᠶᠢ ᠭᠦᠨᠵᠡᠭᠡᠢ ᠬᠡᠷᠡᠭᠵᠢᠭᠦᠯᠦᠭᠰᠡᠨ᠎ᠡᠴᠡ ᠮᠠᠯᠵᠢᠬᠤ ᠣᠷᠣᠨ᠎ᠳᠤ ᠦᠯᠡᠳᠡᠵᠦ ᠪᠠᠢᠭ᠎ᠠ ᠮᠠᠯᠴᠢᠳ᠎ᠤᠨ 60% ᠠ᠋ᠴᠠ ᠳᠡᠭᠡᠭᠰᠢᠬᠢ ᠨᠢ ᠬᠥᠭᠰᠢᠨ ᠪᠠᠭᠤᠷᠠᠢ ᠡᠪᠡᠳᠴᠢᠨ᠎ᠲᠠᠢ ᠵᠡᠮᠳᠡᠭ ᠬᠦᠮᠦᠰ ᠪᠠᠢᠵᠤ᠂ ᠬᠢᠯᠢ ᠬᠢᠵᠠᠭᠠᠷ ᠣᠷᠣᠨ᠎ᠤ ᠨᠡᠢᠭᠡᠮ᠎ᠦᠨ ᠲᠣᠭᠲᠠᠭᠤᠨ ᠪᠠᠢᠳᠠᠯ᠎ᠢ ᠬᠠᠮᠠᠭᠠᠯᠠᠬᠤ ᠳᠠᠷᠤᠯᠲᠠ ᠨᠡᠮᠡᠭᠳᠡᠵᠦ᠂ ᠤᠯᠠᠮᠵᠢᠯᠠᠯᠲᠤ ᠰᠠᠯᠠᠭ᠎ᠠ ᠮᠥᠴᠢᠷ᠎ᠦᠳ ᠲᠤᠰᠠᠭᠠᠷ ᠢ᠋ᠢᠡᠨ ᠠᠵᠢᠯᠯᠠᠬᠤ᠂ ᠠᠵᠢᠯᠲᠠᠨ᠎ᠢ ᠲᠤᠰᠬᠠᠢ ᠬᠠᠮᠢᠶᠠᠷᠬᠤ ᠵᠠᠭᠪᠤᠷ ᠨᠢ ᠨᠢᠭᠡᠨᠲᠡ ᠰᠢᠨ᠎ᠡ ᠴᠠᠭ ᠦᠶ᠎ᠡ᠎ᠶᠢᠨ ᠬᠢᠯᠢ ᠬᠢᠵᠠᠭᠠᠷ ᠣᠷᠣᠨ᠎ᠤ ᠠᠵᠢᠯ᠎ᠤᠨ ᠬᠡᠷᠡᠭᠴᠡᠭᠡ᠎ᠶᠢ ᠬᠠᠩᠭᠠᠵᠤ ᠳᠡᠶ᠋ᠢᠯᠬᠦ ᠦᠭᠡᠢ ᠪᠣᠯᠪᠠ᠃
ᠡᠲᠡᠭᠡᠷ ᠠᠰᠠᠭᠤᠳᠠᠯ᠎ᠳᠤ ᠴᠢᠭᠯᠡᠭᠦᠯᠦᠨ᠂《ᠨᠠᠮ ᠵᠠᠰᠠᠭ ᠴᠡᠷᠢᠭ ᠴᠠᠭᠳᠠᠭ᠎ᠠ ᠠᠷᠠᠳ ᠠᠵᠤ ᠠᠬᠤᠢᠯᠠᠯ》 ᠤ᠋ᠨ ᠬᠣᠯᠪᠤᠭᠠᠯᠠᠨ ᠪᠠᠢᠭᠤᠯᠵᠤ ᠬᠣᠯᠪᠤᠭᠠᠯᠠᠨ ᠡᠭᠦᠳᠬᠦ ᠠᠵᠢᠯ᠎ᠢ ᠪᠦᠲᠦᠭᠡᠯᠴᠢ᠎ᠪᠡᠷ ᠥᠷᠨᠢᠭᠦᠯᠵᠦ᠂ ᠬᠢᠯᠢ ᠬᠢᠵᠠᠭᠠᠷ᠎ᠤᠨ ᠰᠤᠮᠤ ᠪᠠᠯᠭᠠᠰᠤᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠢᠶᠠᠷ ᠲᠡᠩᠭᠡᠯᠢᠭ ᠪᠣᠯᠭᠠᠭᠰᠠᠨ᠂ ᠰᠠᠭᠤᠭ᠎ᠠ ᠭᠠᠵᠠᠷ᠎ᠤᠨ ᠬᠢᠯᠢ᠎ᠶᠢᠨ ᠬᠠᠮᠠᠭᠠᠯᠠᠯᠲᠠ᠎ᠶᠢᠨ ᠰᠤᠮᠤᠨ ᠠᠩᠭᠢ᠂ ᠬᠢᠯᠢ᠎ᠶᠢᠨ ᠬᠠᠮᠠᠭᠠᠯᠠᠯᠲᠠ᠎ᠶᠢᠨ ᠲᠣᠮᠢᠯᠠᠭᠰᠠᠨ ᠰᠠᠯᠪᠤᠷᠢ᠂ ᠬᠢᠯᠢ᠎ᠶᠢᠨ ᠭᠠᠴᠠᠭ᠎ᠠ᠂ ᠰᠠᠭᠤᠭ᠎ᠠ ᠭᠠᠵᠠᠷ᠎ᠤᠨ ᠠᠵᠤ ᠠᠬᠤᠢᠯᠠᠯ᠎ᠤᠨ ᠬᠠᠮᠲᠤ ᠪᠠᠷ ᠪᠠᠢᠭᠤᠯᠤᠭᠰᠠᠨ ᠪᠠᠢᠭᠤᠯᠤᠮᠵᠢ᠎ᠶᠢᠨ ᠪᠤᠰᠤ ᠴᠢᠨᠠᠷᠲᠠᠢ ᠬᠠᠮᠲᠤᠷᠠᠭᠰᠠᠨ ᠨᠠᠮ᠎ᠤᠨ ᠡᠭᠦᠷ᠎ᠢ ᠪᠠᠢᠭᠤᠯᠵᠤ᠂ 《ᠨᠠᠮ᠎ᠤᠨ ᠬᠣᠷᠢᠶ᠎ᠠ ᠴᠢᠭᠯᠡᠯ᠎ᠢ ᠬᠠᠮᠢᠶᠠᠷᠬᠤ᠂ ᠵᠠᠰᠠᠭ᠎ᠤᠨ ᠣᠷᠳᠣᠨ ᠶᠡᠷᠦᠩᠬᠡᠢᠯᠡᠨ ᠵᠣᠬᠢᠴᠠᠭᠤᠯᠬᠤ᠂ ᠴᠡᠷᠢᠭ ᠠᠩᠭᠢ ᠭᠣᠣᠯᠯᠠᠭ᠍ᠴᠢ ᠬᠦᠴᠦᠨ ᠪᠣᠯᠬᠤ᠂ ᠴᠠᠭᠳᠠᠭᠠᠨ᠎ᠤ ᠲᠠᠯ᠎ᠠ᠎ᠶᠢᠨ ᠬᠢᠨ ᠵᠠᠰᠠᠯᠲᠠ ᠵᠢ ᠠᠳᠬᠤᠬᠤ᠂ ᠣᠯᠠᠨ ᠲᠦᠮᠡᠨ ᠣᠷᠣᠯᠴᠠᠬᠤ᠂ ᠠᠵᠤ ᠠᠬᠤᠢᠯᠠᠯ ᠬᠥᠭᠵᠢᠯᠲᠡ᠎ᠶᠢ ᠠᠬᠢᠭᠤᠯᠬᠤ》 ᠠᠵᠢᠯ᠎ᠤᠨ ᠰᠡᠳᠬᠢᠴᠡ᠎ᠶᠢ ᠦᠨᠳᠦᠰᠦᠯᠡᠨ᠂ 3 ᠬᠢᠯᠢ᠎ᠶᠢᠨ ᠭᠠᠴᠠᠭ᠎ᠠ᠂ 14 ᠰᠠᠭᠤᠭ᠎ᠠ ᠭᠠᠵᠠᠷ᠎ᠤᠨ ᠠᠵᠤ ᠠᠬᠤᠢᠯᠠᠯ ᠪᠠ 300 ᠭᠠᠷᠤᠢ ᠨᠠᠮ᠎ᠤᠨ ᠭᠡᠰᠢᠭᠦᠨ᠎ᠢ ᠬᠠᠮᠤᠷᠤᠭᠰᠠᠨ 《ᠵᠢᠷᠭᠤᠭ᠎ᠠ᠎ᠶᠢ ᠨᠢᠭᠡ ᠴᠣᠭᠴᠠᠵᠢᠭᠤᠯᠤᠭᠰᠠᠨ》 ᠬᠢᠯᠢ ᠬᠢᠵᠠᠭᠠᠷ᠎ᠤᠨ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠰᠢᠨ᠎ᠡ ᠵᠠᠭᠪᠤᠷ᠎ᠢ ᠪᠣᠶ ᠪᠣᠯᠭᠠᠪᠠ᠃
ᠡᠭᠦᠷᠭᠡ ᠬᠠᠷᠢᠭᠤᠴᠠᠯᠭ᠎ᠠ ᠵᠢ ᠬᠠᠮᠲᠦ ᠪᠡᠷ ᠠᠳᠬᠤᠪᠠ
ᠬᠠᠮᠳᠤᠷᠠᠬᠰᠠᠨ ᠨᠠᠮ᠎ᠤᠨ ᠡᠭᠦᠷ ᠨᠢ 《ᠰᠠᠷ᠎ᠠ ᠪᠦᠷᠢ ᠨᠢᠭᠡ ᠤᠳᠠᠭ᠎ᠠ ᠲᠣᠬᠢᠷᠠᠭᠤᠯᠤᠯᠲᠠ ᠢ᠋ᠢᠨ ᠬᠤᠷᠠᠯ ᠬᠢᠬᠦ᠂ ᠤᠯᠠᠷᠢᠯ ᠪᠦᠷᠢ ᠨᠢᠭᠡ ᠤᠳᠠᠭ᠎ᠠ ᠬᠠᠮᠲᠤᠷᠠᠭᠰᠠᠨ ᠬᠤᠷᠠᠯ ᠬᠢᠬᠦ᠂ ᠵᠢᠯ ᠪᠦᠷᠢ ᠨᠢᠭᠡ ᠤᠳᠠᠭ᠎ᠠ ᠳ᠋ᠦᠩᠨᠡᠬᠦ ᠬᠤᠷᠠᠯ ᠬᠢᠬᠦ᠂ ᠴᠢᠬᠤᠯᠠ ᠶᠡᠬᠡ ᠪᠠᠴᠢᠮ ᠪᠠᠢᠳᠠᠯ᠎ᠢ ᠠᠷᠭᠠᠴᠠᠭᠠᠬᠤ᠎ᠳᠤ ᠴᠠᠭ ᠲᠤᠬᠠᠢ ᠳ᠋ᠤᠨᠢ ᠮᠡᠳᠡᠭᠦᠯᠤᠨ ᠴᠠᠭ ᠲᠤᠬᠠᠢ ᠳ᠋ᠤᠨᠢ ᠬᠦᠷᠬᠦ》 ᠠᠵᠢᠯ᠎ᠤᠨ ᠲᠣᠭᠲᠠᠴᠠ᠎ᠶᠢ ᠬᠡᠷᠡᠭᠵᠢᠭᠦᠯᠵᠦ᠂ ᠮᠠᠯᠵᠢᠬᠤ ᠣᠷᠣᠨ᠎ᠤ ᠦᠨᠳᠦᠰᠦᠨ ᠱᠠᠲᠤᠨ᠎ᠤ ᠠᠵᠢᠯ᠎ᠤᠨ ᠳᠤᠮᠳᠠᠬᠢ ᠰᠠᠯᠠᠭ᠎ᠠ ᠮᠥᠴᠢᠷ᠎ᠦᠨ ᠬᠠᠮᠢᠶᠠᠷᠤᠯᠲᠠ᠎ᠶᠢᠨ ᠵᠠᠭᠠᠭ ᠬᠢᠵᠠᠭᠠᠷ ᠲᠣᠳᠣᠷᠬᠠᠢ ᠦᠭᠡᠢ᠂ ᠠᠭᠤᠰᠤᠯᠴᠠᠯ᠎ᠤᠨ ᠬᠡᠮᠵᠢᠶ᠎ᠡ᠎ᠪᠡᠷ ᠥᠨᠳᠥᠷ ᠪᠢᠰᠢ ᠳᠤᠲᠠᠭᠤᠳᠠᠯ᠎ᠢ ᠴᠢᠨᠠᠬᠰᠢᠲᠠ ᠨᠥᠬᠥᠪᠦᠷᠢᠯᠡᠵᠦ᠂ ᠡᠬᠢ ᠪᠠᠶᠠᠯᠢᠭ᠋᠎ᠢ ᠳᠣᠷᠣᠭ᠍ᠰᠢ ᠪᠠᠭᠤᠯᠭᠠᠬᠤ᠂ ᠬᠦᠴᠦᠨ᠎ᠢ ᠳᠣᠷᠣᠭ᠍ᠰᠢ ᠪᠠᠭᠤᠯᠭᠠᠬᠤ᠂ ᠦᠢᠯᠡᠴᠢᠯᠡᠭᠡ᠎ᠶᠢ ᠳᠣᠷᠣᠭ᠍ᠰᠢ ᠪᠠᠭᠤᠯᠭᠠᠬᠤ᠎ᠶᠢ ᠪᠡᠶᠡᠯᠡᠭᠦᠯᠪᠡ᠃
ᠬᠠᠮᠲᠤᠷᠠᠭᠰᠠᠨ ᠨᠠᠮ᠎ᠤᠨ ᠡᠭᠦᠷ ᠨᠢ ᠭᠣᠣᠯ ᠰᠡᠳᠦᠪᠲᠦ ᠨᠠᠮ᠎ᠤᠨ ᠡᠳᠦᠷᠯᠢᠭ᠂ ᠭᠤᠷᠪᠠᠨ ᠬᠤᠷᠠᠯ ᠨᠢᠭᠡ ᠬᠢᠴᠢᠶᠡᠯ ᠵᠡᠷᠭᠡ ᠪᠡᠷ ᠳᠠᠮᠵᠢᠨ ᠦᠨᠳᠦᠰᠦᠲᠡᠨ᠎ᠦ ᠲᠦᠷᠦ᠎ᠶᠢᠨ ᠪᠣᠳᠣᠯᠭ᠎ᠠ᠎ᠶᠢᠨ ᠤᠬᠠᠭᠤᠯᠭ᠎ᠠ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠬᠥᠮᠦᠵᠢᠯ᠂ ᠰᠣᠶᠣᠯ ᠪᠡᠶ᠎ᠡ᠎ᠶᠢᠨ ᠲᠠᠮᠢᠷ᠎ᠤᠨ ᠨᠥᠬᠥᠷᠯᠡᠯ᠂ ᠬᠦᠴᠢᠷᠳᠡᠯᠲᠡᠢ ᠤᠯᠠᠨ ᠲᠦᠮᠡᠨ᠎ᠢ ᠰᠤᠷᠪᠤᠯᠵᠢᠯᠠᠬᠤ ᠵᠡᠷᠭᠡ ᠠᠵᠢᠯᠯᠠᠭ᠎ᠠ᠎ᠶᠢ ᠢᠳᠡᠪᠬᠢᠲᠡᠢ ᠥᠷᠨᠢᠭᠦᠯᠵᠦ᠂ ᠬᠣᠯᠪᠤᠭᠠᠯᠠᠨ ᠪᠠᠢᠭᠤᠯᠵᠤ ᠬᠣᠯᠪᠤᠭᠠᠯᠠᠨ ᠰᠢᠨ᠎ᠡ᠎ᠶᠢ ᠡᠭᠦᠳᠬᠦ ᠦᠷ᠎ᠡ ᠪᠦᠲᠦᠮᠵᠢ᠎ᠶᠢ ᠴᠢᠨᠠᠭᠰᠢᠳᠠ ᠳᠡᠭᠡᠭᠰᠢᠯᠡᠭᠦᠯᠵᠦ᠂ ᠣᠳᠣᠬᠠᠨ ᠪᠣᠯᠲᠠᠯ᠎ᠠ᠂ ᠲᠥᠷᠥ᠎ᠶᠢᠨ ᠪᠣᠳᠣᠯᠭ᠎ᠠ᠎ᠶᠢ ᠤᠬᠠᠭᠤᠯᠤᠨ ᠲᠠᠢᠯᠪᠤᠷᠢᠯᠠᠬᠤ᠂ ᠵᠢᠭᠤᠯᠴᠢᠯᠠᠯ ᠰᠣᠶᠣᠯ ᠪᠡᠶ᠎ᠡ᠎ᠶᠢᠨ ᠲᠠᠮᠢᠷ᠎ᠤᠨ ᠨᠥᠬᠥᠷᠯᠡᠯ ᠵᠡᠷᠭᠡ ᠡᠯ᠎ᠡ ᠲᠥᠷᠥᠯ᠎ᠦᠨ ᠠᠵᠢᠯᠯᠠᠭ᠎ᠠ᠎ᠶᠢ ᠨᠡᠶ᠋ᠢᠲᠡ 58 ᠲᠠᠯᠠᠪᠤᠷ ᠤᠳᠠᠭ᠎ᠠ ᠥᠷᠨᠢᠭᠦᠯᠵᠦ᠂ ᠤᠬᠠᠭᠤᠯᠭ᠎ᠠ᠎ᠶᠢᠨ ᠮᠠᠲᠧᠷᠢᠶᠠᠯ᠎ᠢ 3000 ᠭᠠᠷᠤᠢ ᠬᠤᠪᠢ ᠲᠠᠷᠬᠠᠭᠠᠪᠠ᠃
ᠪᠤᠲᠠᠲᠤ ᠬᠡᠷᠡᠭ ᠢ᠋ ᠬᠠᠮᠲᠦ ᠪᠡᠷ ᠬᠦᠢᠴᠡᠳᠬᠡᠪᠡ
ᠬᠠᠮᠲᠤᠷᠠᠭᠰᠠᠨ ᠨᠠᠮ᠎ᠤᠨ ᠡᠭᠦᠷ ᠨᠢ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭᠵᠢᠯᠲᠡ᠎ᠶᠢᠨ ᠦᠵᠡᠯ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠤᠯᠠᠨ ᠲᠦᠮᠡᠨ᠎ᠦ ᠪᠤᠳᠤᠵᠤ ᠪᠠᠢᠭ᠎ᠠ ᠵᠦᠢᠯ᠎ᠢ ᠪᠣᠳᠣᠯᠬᠢᠯᠠᠵᠤ᠂ ᠤᠯᠠᠨ ᠲᠦᠮᠡᠨ᠎ᠦ ᠪᠠᠴᠢᠮᠳᠠᠵᠤ ᠪᠠᠢᠭ᠎ᠠ ᠵᠦᠢᠯ᠎ᠳᠦ ᠪᠠᠴᠢᠮᠳᠠᠵᠤ᠂ ᠠᠷᠠᠳ ᠲᠦᠮᠡᠨ᠎ᠳᠦ ᠦᠢᠯᠡᠴᠢᠯᠡᠬᠦ ᠠᠵᠢᠯ᠎ᠢ ᠯᠠᠪᠳᠠᠭᠤᠨ ᠪᠠᠲᠤᠲᠠᠢ ᠥᠷᠨᠢᠭᠦᠯᠪᠡ᠃
ᠨᠤᠲᠤᠭ ᠪᠡᠯᠴᠢᠭᠡᠷ᠎ᠦᠨ ᠠᠮᠢ ᠠᠬᠤᠢ ᠣᠷᠴᠢᠨ ᠲᠣᠭᠣᠷᠢᠨ᠎ᠢ ᠬᠦᠴᠦᠯᠡᠨ ᠬᠠᠮᠠᠭᠠᠯᠠᠵᠤ᠂ ᠵᠢᠯ ᠪᠦᠷᠢ᠎ᠶᠢᠨ ᠬᠠᠪᠤᠷ᠎ᠤᠨ ᠤᠯᠠᠷᠢᠯ᠎ᠳᠤ ᠡᠷᠦᠬᠡ᠎ᠶᠢᠨ ᠴᠡᠷᠢᠭ᠂ ᠬᠢᠯᠢ᠎ᠶᠢᠨ ᠬᠠᠮᠠᠭᠠᠯᠠᠯᠲᠠ᠂ ᠲᠣᠮᠢᠯᠠᠭᠰᠠᠨ ᠰᠠᠯᠪᠤᠷᠢ᠎ᠶᠢ ᠵᠣᠬᠢᠶᠠᠨ ᠪᠠᠢᠭᠤᠯᠤᠨ 《ᠬᠠᠪᠤᠷ᠎ᠤᠨ ᠤᠯᠠᠷᠢᠯ᠎ᠤᠨ ᠨᠤᠲᠤᠭ ᠪᠡᠯᠴᠢᠭᠡᠷ᠎ᠦᠨ ᠬᠤᠯᠤᠭᠠᠨ᠎ᠠ ᠵᠢ ᠤᠰᠠᠳᠬᠠᠬᠤ》 ᠠᠵᠢᠯᠯᠠᠭ᠎ᠠ ᠥᠷᠨᠢᠭᠦᠯᠵᠦ᠂ ᠬᠢᠯᠢ ᠬᠢᠵᠠᠭᠠᠷ ᠣᠷᠣᠨ᠎ᠤ ᠵᠠᠬ ᠪᠠ ᠴᠠᠭᠠᠨ ᠭᠣᠶᠣᠣ ᠳᠠᠷᠢᠬᠤ᠎ᠳᠤ ᠰᠠᠢᠨ ᠰᠠᠢᠬᠠᠨ ᠣᠷᠴᠢᠨ ᠲᠣᠭᠣᠷᠢᠨ᠎ᠢ ᠬᠠᠩᠭᠠᠨ ᠥᠭᠴᠡᠢ᠃ ᠵᠢᠯ ᠪᠦᠷᠢ ᠮᠣᠳᠣ᠌ ᠳᠠᠷᠢᠵᠤ ᠣᠢᠵᠢᠭᠤᠯᠬᠤ ᠤᠯᠠᠷᠢᠯ᠎ᠢ ᠠᠰᠢᠭ᠍ᠯᠠᠨ᠂ ᠠᠯᠪᠠᠨ ᠵᠢᠷᠤᠮ᠎ᠤᠨ ᠮᠣᠳᠣ᠌ ᠳᠠᠷᠢᠬᠤ ᠠᠵᠢᠯᠯᠠᠭ᠎ᠠ᠎ᠶᠢ ᠥᠷᠨᠢᠭᠦᠯᠵᠦ᠂《ᠪᠣᠬᠢᠷᠲᠤᠯ ᠦᠭᠡᠢ ᠪᠢᠴᠢᠯ ᠦᠵᠡᠮᠵᠢ》 ᠵᠢ ᠪᠣᠶ ᠪᠣᠯᠭᠠᠵᠤ᠂《ᠠᠮᠢ ᠠᠬᠤᠢ᠎ᠶᠢᠨ ᠪᠣᠯᠪᠠᠰᠤᠨ᠎ᠤ ᠰᠢᠨ᠎ᠡ ᠬᠡᠪ ᠰᠤᠷᠲᠠᠯ》 ᠢ᠋ ᠪᠦᠷᠢᠯᠲᠦᠭᠦᠯᠪᠡ᠃ ᠤᠷᠠᠳ᠎ᠤᠨ ᠬᠣᠢᠲᠤ ᠬᠣᠰᠢᠭᠤᠨ᠎ᠤ ᠷᠠᠳᠢᠣ᠋ ᠲᠧᠯᠸᠢᠰ᠎ᠦᠨ ᠰᠦᠯᠵᠢᠶᠡᠨ᠎ᠦ ᠺᠣᠮᠫᠠᠨᠢ᠎ᠶᠢᠨ 《ᠣᠶᠤᠨᠲᠤ ᠷᠠᠳᠢᠣ᠋ ᠲᠧᠯᠸᠢᠰ》 ᠤ᠋ᠨ ᠲᠥᠷᠥᠯ ᠵᠦᠢᠯ᠎ᠢ ᠬᠡᠷᠡᠭᠵᠢᠭᠦᠯᠬᠦ᠎ᠲᠠᠢ ᠬᠠᠮᠵᠢᠯᠴᠠᠨ᠂ ᠣᠶᠤᠨᠲᠤ ᠨᠠᠮ᠎ᠤᠨ ᠪᠠᠢᠭᠤᠯᠤᠯᠲᠠ᠂ ᠠᠯᠤᠰ ᠸᠢᠳᠢᠣ᠋ ᠪᠠᠷ ᠠᠰᠠᠭᠤᠨ ᠯᠠᠪᠯᠠᠬᠤ᠂ ᠰᠦᠯᠵᠢᠶᠡᠨ ᠳᠡᠭᠡᠷᠡᠬᠢ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠵᠡᠷᠭᠡ 18 ᠴᠢᠳᠠᠮᠵᠢ᠎ᠶᠢ ᠨᠡᠭᠡᠭᠡᠨ ᠬᠥᠭᠵᠢᠭᠦᠯᠵᠦ᠂ ᠴᠤᠠᠬ᠍ᠦ᠋ᠨᠲᠦᠷ ᠪᠠᠯᠭᠠᠰᠤᠨ᠎ᠤ ᠬᠢᠯᠢ ᠬᠢᠵᠠᠭᠠᠷ᠎ᠤᠨ 385 ᠡᠷᠦᠬᠡ ᠮᠠᠯᠴᠢᠳ᠎ᠲᠤ ᠡᠯ᠎ᠡ ᠵᠦᠢᠯ᠎ᠦᠨ ᠣᠯᠠᠨ ᠨᠡᠶ᠋ᠢᠲᠡ᠎ᠶᠢᠨ ᠦᠢᠯᠡᠴᠢᠯᠡᠭᠡ᠎ᠶᠢ ᠭᠡᠷ᠎ᠡᠴᠡ᠎ᠪᠡᠨ ᠭᠠᠷᠬᠤ ᠦᠭᠡᠢ᠎ᠪᠡᠷ ᠡᠳ᠋ᠯᠡᠭᠦᠯᠪᠡ᠃
2022 ᠣᠨ᠎ᠤ 6 ᠰᠠᠷ᠎ᠠ᠎ᠶᠢᠨ 20 ᠤ᠋ ᠡᠳᠦᠷ᠂ ᠴᠤᠠᠬ᠍ᠦ᠋ᠨᠲᠦᠷ ᠪᠠᠯᠭᠠᠰᠤᠨ᠎ᠳᠤ ᠭᠡᠨᠡᠳᠲᠡ ᠰᠢᠷᠦᠭᠦᠨ ᠪᠣᠷᠣᠭᠠᠨ ᠣᠷᠣᠵᠤ ᠠᠭᠤᠯᠠᠨ ᠦᠶᠡᠷ ᠪᠣᠯᠵᠤ᠂ ᠬᠡᠰᠡᠭ ᠮᠠᠯᠴᠢᠳ᠎ᠤᠨ ᠲᠡᠷᠭᠡ ᠤᠨᠤᠭ᠎ᠠ ᠬᠦᠴᠢᠷᠳᠡᠯ᠎ᠳᠦ ᠲᠤᠯᠭᠠᠷᠠᠨ᠂ ᠬᠠᠮᠲᠤᠷᠠᠬᠰᠠᠨ ᠨᠠᠮ᠎ᠤᠨ ᠡᠭᠦᠷ ᠨᠢ 50 ᠭᠠᠷᠤᠢ ᠬᠥᠮᠥᠨ᠎ᠦ ᠪᠠᠴᠢᠮ ᠪᠠᠢᠳᠠᠯ᠎ᠢ ᠠᠷᠭᠠᠴᠠᠭᠠᠬᠤ ᠠᠶᠤᠯ ᠡᠴᠡ ᠠᠪᠤᠷᠠᠬᠤ ᠠᠩᠭᠢ᠎ᠶᠢ ᠲᠣᠮᠢᠯᠠᠵᠤ᠂ ᠬᠦᠴᠢᠷᠳᠡᠯ᠎ᠳᠦ ᠲᠤᠯᠭᠠᠷᠠᠭᠰᠠᠨ ᠤᠯᠠᠨ ᠲᠦᠮᠡᠨ᠎ᠢ ᠡᠷᠢᠵᠦ ᠰᠢᠯᠵᠢᠭᠦᠯᠵᠡᠢ᠃ 3 ᠴᠠᠭ ᠭᠠᠷᠤᠢ ᠶ᠋ᠢᠨ ᠴᠢᠷᠮᠠᠢᠯᠭ᠎ᠠ᠎ᠪᠠᠷ ᠳᠡᠮᠵᠢᠨ᠂ ᠬᠠᠰᠢᠭ᠍ᠳᠠᠭᠰᠠᠨ 3 ᠮᠠᠰᠢᠨ ᠲᠡᠷᠭᠡ ᠶ᠋ᠢ ᠰᠢᠪᠠᠷ ᠡᠴᠡ ᠲᠡᠳᠡᠨ ᠭᠠᠷᠭᠠᠵᠤ᠂ ᠬᠠᠷ᠎ᠠ ᠴᠢᠯᠠᠭᠤ ᠭᠠᠴᠠᠭ᠎ᠠ ᠶ᠋ᠢᠨ ᠮᠠᠯᠴᠢᠨ ᠤᠳᠤᠨᠪᠢᠯᠢᠡ᠋ᠦᠨ ᠠᠯᠳᠠᠭᠰᠠᠨ 300 ᠭᠠᠷᠤᠢ ᠬᠣᠨᠢ ᠶ᠋ᠢ ᠴᠤ᠌ ᠪᠦᠬᠦᠨ᠎ᠢ ᠨᠢ ᠡᠷᠢᠵᠦ ᠣᠯᠣᠭᠠᠳ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠶ᠋ᠢᠨ ᠠᠮᠤᠷ ᠲᠦᠪᠰᠢᠨ ᠢ᠋ ᠬᠠᠮᠤᠭ᠎ᠤᠨ ᠶᠡᠬᠡ ᠬᠡᠮᠵᠢᠶ᠎ᠡ᠎ᠪᠡᠷ ᠪᠠᠲᠤᠯᠠᠪᠠ᠃
ᠠᠮᠤᠷ ᠠᠮᠤᠭᠤᠯᠠᠩᠲᠦ ᠤᠷᠤᠨᠢ᠋ ᠬᠠᠮᠲᠦ ᠪᠡᠷ ᠪᠠᠢᠭᠤᠯᠪᠠ
ᠬᠠᠮᠲᠤᠷᠠᠭᠰᠠᠨ ᠨᠠᠮ᠎ᠤᠨ ᠡᠭᠦᠷ ᠨᠢ ᠨᠠᠮ᠎ᠤᠨ ᠲᠥᠪ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠰᠢᠨ᠎ᠡ ᠴᠠᠭ ᠦᠶ᠎ᠡ᠎ᠶᠢᠨ ᠬᠢᠯᠢ ᠬᠢᠵᠠᠭᠠᠷ ᠵᠢᠡᠨ ᠬᠦᠴᠦᠷᠬᠡᠭᠵᠢᠭᠦᠯᠵᠦ ᠰᠡᠷᠭᠡᠢᠯᠡᠯᠲᠡ᠎ᠶᠢ ᠪᠡᠬᠢᠵᠢᠭᠦᠯᠬᠦ ᠲᠤᠬᠠᠢ ᠬᠠᠮᠢᠶ᠎ᠠ ᠪᠦᠬᠦᠢ ᠱᠠᠭᠠᠷᠳᠠᠯᠭ᠎ᠠ᠎ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠬᠢᠯᠢ᠎ᠶᠢᠨ ᠵᠠᠰᠠᠯᠲᠠ᠎ᠶᠢᠨ ᠰᠤᠳᠠᠰᠤ᠎ᠶᠢ ᠭᠦᠨᠵᠡᠭᠡᠢ ᠡᠵᠡᠮᠳᠡᠨ᠂ ᠨᠤᠲᠤᠭ ᠪᠡᠯᠴᠢᠭᠡᠷ᠎ᠦᠨ 110 ᠲᠦᠭᠰᠢᠭᠦᠷᠢ ᠮᠡᠳᠡᠭᠡᠯᠡᠬᠦ ᠴᠡᠭ᠎ᠢ ᠪᠠᠢᠭᠤᠯᠵᠤ᠂ ᠬᠢᠯᠢ᠎ᠶᠢᠨ ᠬᠠᠮᠠᠭᠠᠯᠠᠯᠲᠠ᠎ᠶᠢᠨ ᠰᠤᠮᠤᠨ ᠠᠩᠭᠢ᠂ ᠲᠣᠮᠢᠯᠠᠭᠰᠠᠨ ᠰᠠᠯᠪᠤᠷᠢ᠂ ᠭᠠᠴᠠᠭ᠎ᠠ ᠲᠣᠰᠬᠣᠨ᠎ᠤ ᠬᠢᠯᠢ᠎ᠶᠢᠨ ᠬᠠᠮᠠᠭᠠᠯᠠᠭ᠍ᠴᠢ᠎ᠶᠢ ᠲᠣᠭᠲᠠᠮᠠᠯ ᠪᠤᠰᠤ ᠴᠠᠭ᠎ᠢᠶᠠᠷ ᠵᠣᠬᠢᠶᠠᠨ ᠪᠠᠢᠭᠤᠯᠤᠨ᠂ ᠬᠢᠯᠢ᠎ᠶᠢᠨ ᠨᠢᠭᠡᠳᠦᠭᠡᠷ ᠹᠷᠣᠨᠲ᠎ᠲᠤ ᠲᠣᠭᠣᠷᠢᠨ ᠴᠠᠭᠳᠠᠵᠤ ᠪᠠᠢᠴᠠᠭᠠᠯᠲᠠ ᠬᠢᠵᠦ᠂ ᠡᠷᠬᠢᠨ ᠲᠣᠭᠣᠷᠢᠨ᠎ᠤ ᠮᠠᠯᠴᠢᠳ ᠡᠴᠡ ᠬᠠᠤᠯᠢ ᠪᠤᠰᠤ᠎ᠪᠠᠷ ᠬᠢᠯᠢ᠎ᠪᠡᠷ ᠣᠷᠣᠵᠤ ᠭᠠᠷᠬᠤ ᠪᠠᠢᠳᠠᠯ᠎ᠢ ᠣᠢᠯᠠᠭᠠᠨ᠂ ᠣᠯᠠᠨ ᠲᠦᠮᠡᠨ᠎ᠢ ᠬᠥᠲᠥᠯᠥᠨ ᠵᠢᠯᠤᠭᠣᠳᠴᠤ ᠪᠠᠢᠭᠠᠳ ᠬᠢᠯᠢ᠎ᠶᠢᠨ ᠡᠮᠬᠢ ᠳᠢᠭ᠌ᠯᠢᠮ᠎ᠦᠨ ᠲᠣᠭᠲᠠᠭᠤᠨ ᠪᠠᠢᠳᠠᠯ᠎ᠢ ᠬᠠᠮᠲᠤ ᠪᠠᠷ ᠬᠠᠮᠠᠭᠠᠯᠠᠪᠠ᠃
ᠴᠤᠠᠬ᠍ᠦ᠋ᠨᠲᠦᠷ ᠪᠠᠯᠭᠠᠰᠤᠨ᠎ᠤ ᠬᠠᠤᠯᠢ ᠴᠠᠭᠠᠵᠠ᠎ᠶᠢᠨ ᠭᠠᠵᠠᠷ᠂ ᠬᠢᠯᠢ᠎ᠶᠢᠨ ᠬᠠᠮᠠᠭᠠᠯᠠᠯᠲᠠ᠎ᠶᠢᠨ ᠲᠣᠮᠢᠯᠠᠭᠰᠠᠨ ᠰᠠᠯᠪᠤᠷᠢ᠂ ᠨᠤᠲᠤᠭ ᠪᠡᠯᠴᠢᠭᠡᠷ᠎ᠦᠨ ᠬᠢᠨᠠᠨ ᠬᠠᠮᠢᠶᠠᠷᠬᠤ ᠥᠷᠲᠡᠭᠡ᠂ ᠭᠠᠴᠠᠭ᠎ᠠ ᠲᠣᠰᠬᠣᠨ᠂ ᠰᠠᠭᠤᠭ᠎ᠠ ᠭᠠᠵᠠᠷ᠎ᠤᠨ ᠠᠵᠤ ᠠᠬᠤᠢᠯᠠᠯ᠎ᠤᠨ《ᠲᠠᠪᠤᠨ ᠲᠠᠯ᠎ᠠ᠎ᠪᠠᠷ᠎ᠢᠶᠠᠨ ᠬᠣᠯᠪᠤᠭᠠᠯᠠᠨ ᠲᠣᠬᠢᠷᠠᠭᠤᠯᠬᠤ》ᠲᠣᠭᠲᠠᠴᠠ᠎ᠶᠢ ᠪᠠᠢᠭᠤᠯᠵᠤ᠂ ᠮᠠᠯᠴᠢᠳ᠎ᠤᠨ ᠨᠤᠲᠤᠭ ᠪᠡᠯᠴᠢᠭᠡᠷ᠎ᠦᠨ ᠡᠷᠬᠡ᠎ᠶᠢ ᠨᠤᠲᠠᠯᠠᠨ ᠲᠣᠭᠲᠠᠭᠠᠬᠤ᠂ ᠨᠤᠲᠤᠭ ᠪᠡᠯᠴᠢᠭᠡᠷ᠎ᠦᠨ ᠬᠠᠮᠠᠭᠠᠯᠠᠯᠲᠠ᠂ ᠨᠡᠢᠭᠡᠮ᠎ᠦᠨ ᠠᠮᠤᠷ ᠲᠦᠪᠰᠢᠨ ᠵᠡᠷᠭᠡ ᠲᠠᠯ᠎ᠠ᠎ᠶᠢᠨ ᠵᠥᠷᠢᠴᠡᠯ ᠵᠠᠭᠤᠷᠠᠯᠳᠤᠭᠠᠨ᠎ᠢ ᠴᠠᠭ ᠲᠤᠬᠠᠢ ᠳ᠋ᠤᠨᠢ ᠵᠢᠭ᠍ᠰᠠᠭᠠᠨ ᠪᠠᠢᠴᠠᠭᠠᠵᠤ᠂ ᠲᠣᠭᠲᠠᠭᠤᠨ᠎ᠢᠶᠠᠷ ᠡᠵᠡᠮᠳᠡᠬᠦ ᠪᠠ ᠡᠶᠡᠳᠡᠭᠦᠯᠦᠨ ᠰᠢᠢᠳᠪᠦᠷᠢᠯᠡᠵᠦ᠂ ᠵᠥᠷᠢᠴᠡᠯ᠎ᠢ ᠴᠠᠭ ᠲᠤᠬᠠᠢ ᠳ᠋ᠤᠨᠢ ᠰᠢᠢᠳᠪᠦᠷᠢᠯᠡᠬᠦ᠂ ᠲᠤᠬᠠᠢ᠎ᠶᠢᠨ ᠭᠠᠵᠠᠷ ᠲᠤᠨᠢ ᠰᠢᠢᠳᠪᠦᠷᠢᠯᠡᠬᠦ᠎ᠶᠢ ᠪᠡᠶᠡᠯᠡᠭᠦᠯᠵᠦ᠂ ᠮᠠᠯᠵᠢᠬᠤ ᠣᠷᠣᠨ᠎ᠤ ᠡᠶ᠎ᠡ ᠵᠣᠬᠢᠴᠠᠯ᠎ᠲᠠᠢ ᠲᠣᠭᠲᠠᠭᠤᠨ ᠪᠠᠢᠳᠠᠯ᠎ᠢ ᠬᠦᠴᠦᠲᠡᠢ ᠬᠠᠮᠠᠭᠠᠯᠠᠪᠠ᠃ ᠣᠳᠣᠬᠠᠨ᠎ᠳᠤ ᠬᠠᠮᠲᠤᠷᠠᠨ ᠰᠡᠷᠭᠡᠢᠯᠡᠵᠦ ᠬᠠᠮᠲᠤᠷᠠᠨ ᠵᠠᠰᠠᠬᠤ ᠠᠵᠢᠯ ᠢ᠋ ᠨᠡᠶ᠋ᠢᠲᠡ 44 ᠤᠳᠠᠭ᠎ᠠ ᠥᠷᠨᠢᠭᠦᠯᠵᠦ᠂ 25 ᠬᠡᠷᠡᠭ᠎ᠦᠨ ᠰᠦᠪᠡᠭᠴᠢ ᠶ᠋ᠢ ᠬᠠᠩᠭᠠᠪᠠ᠃
ᠬᠦᠭᠵᠢᠯᠲᠡ ᠵᠢ ᠬᠠᠮᠲᠦ ᠪᠡᠷ ᠠᠬᠢᠭᠤᠯᠪᠠ
ᠬᠠᠮᠲᠤᠷᠠᠭᠰᠠᠨ ᠨᠠᠮ᠎ᠤᠨ ᠡᠭᠦᠷ᠎ᠦᠨ ᠬᠢᠨ ᠲᠤᠬᠠᠢ᠎ᠶᠢᠨ ᠭᠠᠵᠠᠷ᠎ᠤᠨ ᠠᠵᠤ ᠠᠬᠤᠢ ᠰᠣᠶᠣᠯ᠎ᠤᠨ ᠪᠠᠢᠭᠤᠯᠤᠯᠲᠠ᠎ᠶᠢ ᠲᠦᠷᠭᠡᠳᠬᠡᠬᠦ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ᠎ᠶᠢ ᠬᠣᠯᠪᠤᠭᠠᠯᠠᠨ ᠰᠢᠨ᠎ᠡ᠎ᠶᠢ ᠡᠭᠦᠳᠴᠦ ᠬᠠᠮᠲᠤ ᠪᠠᠷ ᠪᠠᠶ᠋ᠢᠭᠤᠯᠬᠤ᠎ᠶᠢᠨ ᠭᠣᠣᠯ ᠡᠭᠦᠷᠭᠡ ᠪᠣᠯᠭᠠᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠂ ᠬᠢᠯᠢ ᠬᠢᠵᠠᠭᠠᠷ ᠣᠷᠣᠨ ᠵᠢᠡᠨ ᠬᠥᠭᠵᠢᠭᠦᠯᠵᠦ ᠠᠷᠠᠳ᠎ᠢ ᠪᠠᠶᠠᠵᠢᠭᠤᠯᠬᠤ ᠵᠡᠷᠭᠡ ᠮᠠᠯᠴᠢᠳ᠎ᠲᠤ ᠠᠰᠢᠭ᠋ ᠬᠦᠷᠲᠡᠭᠡᠬᠦ ᠲᠦᠷᠦᠯ ᠵᠦᠢᠯ᠎ᠲᠠᠢ ᠤᠶᠠᠯᠳᠤᠭᠤᠯᠵᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠢ ᠵᠣᠬᠢᠶᠠᠨ ᠪᠠᠢᠭᠤᠯᠤᠨ ᠬᠡᠷᠡᠭ ᠶᠠᠪᠤᠳᠠᠯ᠎ᠢ ᠣᠷᠣᠯᠠᠨ ᠭᠦᠢᠴᠡᠳᠬᠡᠬᠦ᠂ ᠰᠦᠢᠳᠬᠡᠯ ᠬᠤᠷᠢᠶᠠᠬᠤ ᠦᠭᠡᠢ᠎ᠪᠡᠷ ᠠᠯᠪᠠᠨ ᠵᠢᠷᠤᠮ᠎ᠤᠨ ᠡᠮᠴᠢᠯᠡᠭᠡ ᠬᠢᠬᠦ᠂ ᠮᠥᠩᠭᠥᠨ ᠭᠦᠢᠯᠭᠡᠭᠡᠨ᠎ᠦ ᠢᠲᠡᠭᠡᠮᠵᠢᠲᠦ ᠵᠢᠭᠡᠯᠡᠯᠭᠡ ᠵᠡᠷᠭᠡ ᠦᠢᠯᠡᠴᠢᠯᠡᠭᠡ᠎ᠶᠢ ᠬᠠᠨᠳᠤᠯᠭ᠎ᠠ᠎ᠲᠠᠢ᠎ᠪᠠᠷ ᠥᠷᠨᠢᠭᠦᠯᠵᠦ᠂ ᠠᠵᠢᠯ᠎ᠢᠶᠠᠨ ᠮᠠᠯᠴᠢᠳ᠎ᠤᠨ ᠰᠡᠳᠬᠢᠯ᠎ᠳᠤ ᠬᠦᠷᠲᠡᠯ᠎ᠡ ᠬᠢᠪᠡ᠃
ᠦᠢᠯᠡᠴᠢᠯᠡᠭᠡᠨ᠎ᠦ ᠠᠴᠢᠶᠠᠯᠠᠪᠤᠷᠢ ᠪᠣᠯᠣᠨ ᠦᠢᠯᠡᠴᠢᠯᠡᠭᠡᠨ᠎ᠦ ᠠᠭᠤᠯᠤᠭᠳᠠᠬᠤᠨ᠎ᠢ ᠦᠷᠭᠡᠳᠬᠡᠵᠦ᠂ ᠬᠠᠮᠳᠤᠷᠠᠬᠰᠠᠨ ᠨᠠᠮ᠎ᠤᠨ ᠡᠭᠦᠷ ᠨᠢ ᠨᠠᠮ᠎ᠤᠨ ᠭᠡᠰᠢᠭᠦᠨ᠎ᠦ ᠨᠡᠭᠦᠳᠡᠯ ᠶᠡᠷᠦᠩᠬᠡᠢᠯᠡᠭᠰᠡᠨ ᠦᠢᠯᠡᠴᠢᠯᠡᠭᠡᠨ᠎ᠦ ᠠᠩᠭᠢ᠂ ᠨᠠᠮ᠎ᠤᠨ ᠭᠡᠰᠢᠭᠦᠨ᠎ᠦ ᠭᠤᠤᠯᠯᠠᠬᠤ ᠡᠷᠦᠬᠡ᠂ ᠬᠢᠯᠢ ᠬᠢᠵᠠᠭᠠᠷ᠎ᠢ ᠬᠦᠴᠦᠷᠬᠡᠭᠵᠢᠭᠦᠯᠵᠦ ᠰᠡᠷᠭᠡᠢᠯᠡᠯᠲᠡ᠎ᠶᠢ ᠪᠡᠬᠢᠵᠢᠭᠦᠯᠬᠦ ᠰᠢᠭᠤᠳ ᠨᠡᠪᠲᠡᠷᠡᠬᠦ ᠲᠡᠷᠭᠡ᠂ ᠪᠤᠶᠠᠨ ᠰᠠᠢᠨ ᠳᠤᠷᠠᠴᠤᠳ᠎ᠤᠨ ᠨᠡᠢᠭᠡᠮᠯᠢᠭ ᠵᠡᠷᠭᠡ ᠨᠠᠮ᠎ᠤᠨ ᠪᠠᠢᠭᠤᠯᠤᠯᠲᠠ᠎ᠶᠢᠨ ᠠᠴᠢᠶᠠᠯᠠᠭ᠍ᠴᠢ᠎ᠳᠤ ᠲᠦᠰᠢᠭᠯᠡᠨ᠂ ᠮᠠᠯᠵᠢᠬᠤ ᠣᠷᠣᠨ᠎ᠤ ᠪᠦᠲᠦᠭᠡᠨ ᠪᠠᠢᠭᠤᠯᠤᠯᠲᠠ᠂ ᠠᠮᠢ ᠠᠬᠤᠢ᠎ᠶᠢᠨ ᠬᠠᠮᠠᠭᠠᠯᠠᠯᠲᠠ᠂ ᠰᠢᠨ᠎ᠡ ᠴᠠᠭ ᠦᠶ᠎ᠡ᠎ᠶᠢᠨ ᠪᠣᠯᠪᠠᠰᠤᠨ᠎ᠤ ᠦᠢᠯᠡᠳᠦᠯᠭᠡ᠂ ᠭᠡᠷ᠎ᠲᠡᠬᠡᠨ ᠬᠣᠴᠣᠷᠤᠭᠰᠠᠨ ᠬᠡᠦᠬᠡᠳ ᠪᠣᠯᠣᠨ ᠥᠨᠥᠴᠢᠨ ᠪᠡᠯᠪᠡᠰᠦᠨ ᠨᠠᠰᠤᠲᠠᠨ᠎ᠢ ᠬᠠᠯᠠᠮᠵᠢᠯᠠᠬᠤ ᠵᠡᠷᠭᠡ ᠲᠠᠯ᠎ᠠ᠎ᠶᠢᠨ ᠦᠢᠯᠡᠴᠢᠯᠡᠭᠡ᠎ᠳᠦ ᠬᠦᠴᠦ᠎ᠪᠡᠨ ᠡᠷᠭᠦᠵᠦ᠂ ᠨᠠᠮ ᠤᠯᠠᠨ ᠲᠦᠮᠡᠨ᠂ ᠺᠠᠳ᠋ᠷ ᠤᠯᠠᠨ ᠲᠦᠮᠡᠨ᠂ ᠴᠠᠭᠳᠠᠭ᠎ᠠ ᠠᠷᠠᠳ᠎ᠤᠨ 《ᠰᠡᠳᠬᠢᠯ᠎ᠤᠨ ᠬᠤᠯᠪᠤᠭᠠᠰᠤ ᠬᠥᠭᠥᠷᠭᠡ》 ᠵᠢ ᠪᠠᠢᠭᠤᠯᠪᠠ᠃ ᠡᠭᠦᠨ᠎ᠳᠦ᠂《ᠬᠢᠯᠢ ᠬᠢᠵᠠᠭᠠᠷ ᠵᠢᠡᠨ ᠬᠦᠴᠦᠷᠬᠡᠭᠵᠢᠭᠦᠯᠵᠦ ᠰᠡᠷᠭᠡᠢᠯᠡᠯᠲᠡ᠎ᠶᠢ ᠪᠡᠬᠢᠵᠢᠭᠦᠯᠬᠦ ᠰᠢᠭᠤᠳ ᠨᠡᠪᠲᠡᠷᠡᠬᠦ ᠲᠡᠷᠭᠡ》 ᠨᠢ ᠬᠠᠷᠢᠶ᠎ᠠ ᠣᠷᠣᠨ᠎ᠤ 382 ᠡᠷᠦᠬᠡ᠎ᠶᠢᠨ 2200 ᠭᠠᠷᠤᠢ ᠬᠥᠮᠥᠨ ᠤᠳᠠᠭ᠎ᠠ᠎ᠳᠤ ᠬᠦᠷᠴᠦ᠂ 36 ᠲᠦᠮᠡ ᠭᠠᠷᠤᠢ ᠲᠥᠭᠥᠷᠢᠭ᠎ᠦᠨ ᠦᠢᠯᠡᠳᠪᠦᠷᠢᠯᠡᠯ ᠠᠮᠢᠳᠤᠷᠠᠯ᠎ᠤᠨ ᠬᠡᠷᠡᠭᠰᠡᠯ᠎ᠢ ᠣᠷᠣᠯᠠᠨ ᠬᠤᠳᠠᠯᠳᠤᠨ ᠠᠪᠤᠭᠰᠠᠨ ᠪᠠ ᠣᠷᠣᠯᠠᠨ ᠬᠦᠷᠭᠡᠵᠦ᠂ ᠬᠢᠵᠢᠭ᠎ᠢ ᠰᠡᠷᠭᠡᠢᠯᠡᠬᠦ ᠡᠳ᠋ ᠪᠣᠳᠠᠰ᠎ᠢ 600 ᠭᠠᠷᠤᠢ ᠬᠠᠢᠷᠴᠠᠭ ᠳᠠᠮᠵᠢᠭᠤᠯᠤᠨ ᠵᠥᠭᠡᠭᠡᠪᠦᠷᠢᠯᠡᠵᠡᠢ; ᠪᠤᠶᠠᠨ ᠰᠠᠢᠨ ᠳᠤᠷᠠᠴᠤᠳ᠎ᠤᠨ ᠨᠡᠢᠭᠡᠮᠯᠢᠭ᠎ᠢ ᠪᠦᠬᠦ ᠤᠯᠤᠰ᠎ᠤᠨ ᠰᠢᠯᠢᠳᠡᠭ ᠡᠪ ᠬᠠᠮᠲᠤ ᠨᠠᠮ᠎ᠤᠨ ᠭᠡᠰᠢᠭᠦᠨ᠂ ᠪᠦᠬᠦ ᠤᠯᠤᠰ᠎ᠤᠨ ᠨᠢᠭᠡᠳᠦᠭᠡᠷ ᠳᠡᠰ᠎ᠤᠨ ᠪᠠᠭᠠᠲᠤᠷ ᠵᠢᠱ᠌ᠢᠶᠡᠴᠢ ᠪᠤᠶᠠᠨᠲᠡᠯᠭᠡᠷ ᠨᠥᠬᠥᠷ ᠲᠦᠷᠦᠭᠦᠯᠡᠨ 128 ᠭᠡᠰᠢᠭᠦᠨ᠎ᠢ ᠵᠣᠬᠢᠶᠠᠨ ᠪᠠᠢᠭᠤᠯᠵᠤ᠂《1+7+X》ᠰᠠᠢᠨ ᠳᠤᠷ᠎ᠠ᠎ᠶᠢᠨ ᠠᠵᠢᠯ᠎ᠤᠨ ᠲᠣᠣᠷ ᠢ᠋ ᠪᠠᠢᠭᠤᠯᠵᠤ᠂ ᠡᠯ᠎ᠡ ᠵᠦᠢᠯ᠎ᠦᠨ ᠨᠡᠶ᠋ᠢᠲᠡ᠎ᠶᠢᠨ ᠠᠰᠠᠷᠠᠮᠵᠢ᠎ᠶᠢᠨ ᠠᠵᠢᠯᠯᠠᠭ᠎ᠠ᠎ᠶᠢ ᠨᠡᠢ᠍ᠢᠳᠡ 1346 ᠲᠠᠯᠠᠪᠤᠷ ᠤᠳᠠᠭ᠎ᠠ ᠥᠷᠨᠢᠭᠦᠯᠵᠦ᠂ 10 ᠶᠠᠳᠠᠭᠤ ᠬᠦᠴᠢᠷᠳᠡᠯᠲᠡᠢ ᠣᠶᠤᠲᠠᠳ᠎ᠢ ᠬᠠᠪᠰᠤᠷᠤᠨ ᠰᠤᠷᠤᠯᠭ᠎ᠠ᠎ᠶᠢ ᠨᠢ ᠲᠡᠭᠦᠰᠬᠡᠵᠦ᠂ ᠠᠬᠠᠮᠠᠳ ᠨᠠᠮ᠎ᠤᠨ ᠭᠡᠰᠢᠭᠦᠨ᠂ ᠥᠨᠥᠴᠢᠨ ᠪᠡᠯᠪᠡᠰᠦᠨ ᠨᠠᠰᠤᠲᠠᠨ᠂ ᠵᠡᠮᠳᠡᠭ ᠬᠥᠮᠥᠰ ᠵᠢᠴᠢ ᠶᠠᠳᠠᠭᠤ ᠬᠦᠴᠢᠷᠳᠡᠯᠲᠡᠢ ᠭᠡᠷ ᠪᠦᠯᠢ᠎ᠶᠢᠨ 389 ᠡᠷᠦᠭᠡ᠎ᠶᠢ ᠰᠤᠷᠪᠤᠯᠵᠢᠯᠠᠨ ᠲᠣᠬᠣᠨᠢᠭᠤᠯᠵᠤ᠂ 20 ᠲᠦᠮᠡ ᠭᠠᠷᠤᠢ ᠠᠮᠢᠳᠤᠷᠠᠯ᠎ᠤᠨ ᠡᠳ᠋ ᠪᠣᠳᠠᠰ ᠬᠦᠷᠭᠡᠵᠡᠢ᠃ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠎ᠢ ᠶᠡᠬᠡ ᠪᠡᠷ ᠰᠢᠯᠢᠳᠡᠭᠵᠢᠭᠦᠯᠵᠦ᠂ ᠲᠣᠰᠬᠣᠨ ᠪᠠ ᠠᠵᠤ ᠠᠬᠤᠢᠯᠠᠯ᠎ᠤᠨ ᠬᠠᠷᠢᠯᠴᠠᠨ ᠬᠠᠪᠰᠤᠷᠤᠯᠴᠠᠬᠤ ᠵᠠᠭᠪᠤᠷ᠎ᠢ ᠬᠡᠷᠡᠭᠵᠢᠭᠦᠯᠦᠨ᠂ ᠴᠤᠠᠬ᠍ᠦ᠋ᠨᠲᠦᠷ ᠪᠠᠯᠭᠠᠰᠤ᠎ᠶᠢᠨ 3 ᠬᠢᠯᠢ᠎ᠶᠢᠨ ᠭᠠᠴᠠᠭ᠎ᠠ᠎ᠶᠢ ᠬᠠᠪᠰᠤᠷᠤᠨ ᠤᠯᠠᠭᠠᠨ ᠲᠡᠮᠡᠭᠡ ᠲᠡᠵᠢᠭᠡᠨ ᠦᠷᠡᠵᠢᠭᠦᠯᠬᠦ᠂ ᠵᠠᠬ ᠢ᠋ ᠴᠠᠭᠠᠨ ᠭᠣᠶᠣᠣ ᠲᠠᠢ ᠵᠠᠯᠭᠠᠵᠦ ᠲᠠᠷᠢᠬᠤ ᠵᠡᠷᠭᠡ ᠣᠨᠴᠠᠯᠢᠭ᠍ᠲᠤ ᠠᠵᠤ ᠦᠢᠯᠡᠰ᠎ᠢ ᠬᠥᠭᠵᠢᠭᠦᠯᠵᠦ᠂ 126 ᠮᠠᠯᠴᠢᠨ᠎ᠳᠤ ᠠᠵᠢᠯ ᠣᠯᠭᠣᠵᠠᠢ᠃
ᠤᠯᠠᠨ ᠵᠢᠯ᠎ᠤᠨ ᠲᠤᠷᠰᠢ᠂ ᠬᠠᠮᠲᠤᠷᠠᠬᠰᠠᠨ ᠨᠠᠮ᠎ᠤᠨ ᠡᠭᠦᠷ ᠨᠢ ᠨᠠᠮ᠎ᠤᠨ ᠵᠤᠬᠢᠶᠠᠨ ᠪᠠᠢᠭᠤᠯᠤᠯᠲᠠ ᠢ᠋ᠢᠨ ᠲᠠᠢᠴᠢᠨ ᠬᠦᠴᠦᠨ ᠪᠠ ᠨᠢᠬᠲᠠᠷᠠᠯ᠎ᠤᠨ ᠬᠦᠴᠦᠨ ᠢ᠋ ᠴᠢᠨᠠᠬᠰᠢᠲᠠ ᠲᠤᠪᠤᠢᠯᠭᠠᠨ᠂ ᠨᠠᠮ᠎ᠤᠨ ᠠᠵᠢᠯ᠎ᠢ ᠲᠠᠯ᠎ᠠ ᠨᠤᠲᠤᠭ᠎ᠤᠨ ᠭᠦᠨ᠎ᠳᠦ ᠬᠦᠷᠲᠡᠯ᠎ᠡ ᠥᠷᠨᠢᠭᠦᠯᠵᠦ᠂ ᠨᠠᠮ᠎ᠤᠨ ᠭᠡᠰᠢᠭᠦᠨ᠎ᠦ ᠬᠠᠷᠢᠶᠠᠯᠠᠭᠳᠠᠬᠤ ᠰᠡᠳᠬᠢᠯᠭᠡ ᠪᠠ ᠢᠷᠠᠭᠤ ᠠᠯᠳᠠᠷᠲᠤ ᠰᠡᠳᠬᠢᠯᠭᠡ᠎ᠶᠢ ᠴᠢᠨᠠᠬᠰᠢᠲᠠ ᠴᠢᠩᠭᠠᠳᠬᠠᠵᠦ᠂ ᠬᠢᠯᠢ ᠬᠢᠵᠠᠭᠠᠷ᠎ᠤᠨ ᠠᠮᠤᠷ ᠲᠦᠪᠰᠢᠨ᠎ᠤ ᠤᠷᠤᠨ ᠪᠦᠰᠡ ᠪᠠ ᠬᠠᠮᠠᠭᠠᠯᠠᠯᠲᠠ᠎ᠶᠢᠨ ᠲᠣᠣᠷ᠎ᠢ ᠴᠢᠨᠠᠬᠰᠢᠲᠠ ᠴᠢᠩᠭ᠎ᠠ ᠰᠦᠯᠵᠢᠵᠦ᠂ ᠠᠵᠢᠯ᠎ᠤᠨ ᠦᠷ᠎ᠡ ᠪᠦᠲᠦᠮᠵᠢ᠎ᠶᠢ ᠨᠡᠩ ᠤᠯᠠᠨ ᠨᠡᠩ ᠰᠢᠭᠤᠳ ᠢ᠋ᠢᠡᠷ ᠠᠷᠠᠳ ᠤᠯᠠᠨ᠎ᠳᠤ ᠬᠦᠷᠲᠡᠭᠡᠵᠦ᠂ ᠤᠯᠠᠨ ᠲᠦᠮᠡᠨ᠎ᠦ ᠬᠦᠷᠲᠡᠮᠵᠢ᠎ᠶᠢᠨ ᠲᠥᠷᠥᠭᠳᠡᠯ ᠪᠠ ᠵᠢᠷᠭᠠᠯᠲᠦ ᠲᠥᠷᠥᠭᠳᠡᠯ᠎ᠢ ᠴᠢᠨᠠᠬᠰᠢᠲᠠ ᠳᠡᠭᠡᠭᠰᠢᠯᠡᠭᠦᠯᠵᠦ᠂ ᠮᠠᠯᠵᠢᠬᠤ ᠣᠷᠣᠨ᠎ᠤ ᠠᠵᠤ ᠠᠬᠤᠢ ᠨᠡᠢᠭᠡᠮ᠎ᠦᠨ ᠬᠥᠭᠵᠢᠯᠲᠡ᠎ᠶᠢ ᠬᠦᠴᠦᠲᠡᠢ ᠠᠬᠢᠭᠤᠯᠪᠠ᠃