ᠱᠢᠨ᠎ᠡ ᠡᠵᠡᠩᠨᠡᠯᠲᠡ᠎ᠶ᠋ᠢᠨ ᠬᠡᠯᠪᠡᠷᠢ᠎ᠶ᠋ᠢᠨ ᠠᠵᠢᠯ ᠣᠯᠭᠣᠯᠲᠠ᠎ᠶ᠋ᠢᠨ ᠬᠥᠮᠦᠰ ᠦᠨᠳᠦᠰᠦᠨ ᠱᠠᠲᠤᠨ᠎ᠤ ᠵᠠᠰᠠᠯᠲᠠ᠎ᠳᠤ ᠠᠭᠤᠰᠤᠯᠴᠠᠨ᠎ᠠ
2023-08-28 11:23:58
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

ᠯᠢ ᠱᠢᠶᠠᠩ ᠬᠣᠩ ᠪᠣᠯ ᠮᠧᠢ ᠲᠤᠸᠠᠨ᠎ᠤ ᠵᠠᠬᠢᠶᠠᠯᠠᠭ᠎ᠠ᠎ᠶ᠋ᠢᠨ ᠬᠣᠭᠣᠯᠠ ᠬᠦᠷᠭᠡᠭ᠌ᠴᠢ᠂ ᠤᠢ᠍ᠢᠷ᠎ᠠ᠎ᠳᠤ ᠲᠡᠷᠡ ᠪᠠᠰᠠ ᠱᠢᠨ᠎ᠡ ᠪᠡᠶ᠎ᠡ᠎ᠶᠢᠨ ᠭᠠᠷᠤᠯ᠎ᠲᠠᠶ ᠪᠣᠯᠪᠠ᠂ ᠳᠠᠷᠤᠢ ᠬᠥᠬᠡᠬᠣᠲᠠ᠎ᠶ᠋ᠢᠨ ᠰᠠᠢᠬᠠᠨ ᠲᠣᠭᠣᠷᠢᠭ᠎ᠤᠨ ᠶᠡᠬᠡ ᠰᠤᠷᠭᠠᠭᠤᠯᠢ᠎ᠵᠡᠭᠦᠨ ᠵᠠᠮ᠎ᠤᠨ ᠵᠡᠭᠡᠯᠢ ᠭᠤᠳᠤᠮᠵᠢ᠎ᠶ᠋ᠢᠨ ᠬᠡᠷᠡᠭ ᠡᠷᠬᠢᠯᠡᠬᠦ ᠭᠠᠵᠠᠷ᠎ᠤᠨ ᠲᠤᠤ ᠶᠤᠸᠠᠨ ᠨᠡᠢᠭᠡᠮ ᠲᠣᠭᠣᠷᠢᠭ᠎ᠤᠨ ᠱᠢᠨ᠎ᠡ ᠡᠵᠡᠩᠨᠡᠯᠲᠡ᠎ᠶ᠋ᠢᠨ ᠬᠡᠯᠪᠡᠷᠢ᠎ᠶ᠋ᠢᠨ ᠠᠵᠢᠯ ᠣᠯᠭᠣᠯᠲᠠ᠎ᠶ᠋ᠢᠨ ᠬᠥᠮᠦᠰ᠎ᠦᠨ ᠪᠦᠷᠢᠯᠳᠦᠬᠦᠨ᠃ ᠡᠨᠡ᠎ᠬᠦ᠌ ᠱᠢᠨ᠎ᠡ ᠪᠡᠶ᠎ᠡ᠎ᠶ᠋ᠢᠨ ᠭᠠᠷᠤᠯ ᠨᠢ ᠯᠢ ᠱᠢᠶᠠᠩ ᠬᠣᠩ᠎ᠳᠤ ᠵᠡᠭᠡᠯᠢ ᠭᠤᠳᠤᠮᠵᠢ᠎ᠪᠠᠷ ᠬᠣᠭᠣᠯᠠ ᠬᠦᠷᠭᠡᠬᠦ᠌ ᠠᠵᠢᠯ ᠡᠬᠦᠷᠭᠡᠯᠡᠬᠦᠯᠬᠦ᠎ᠡᠴᠡ ᠭᠠᠳᠠᠨ᠎ᠠ ᠪᠠᠰᠠ ᠨᠡᠢᠭᠡᠮ ᠲᠣᠭᠣᠷᠢᠭ᠎ᠤᠨ ᠵᠡᠭᠡᠯᠢ ᠭᠤᠳᠤᠮᠵᠢ᠎ᠶ᠋ᠢᠨ ᠠᠮᠤᠷ ᠲᠦᠪᠱᠢᠨ᠎ᠦ ᠭᠡᠮ ᠰᠣᠭᠣᠭ᠂ ᠣᠷᠴᠢᠨ ᠲᠣᠭᠣᠷᠢᠨ᠎ᠤ ᠡᠷᠡᠭᠦᠯ ᠬᠠᠮᠠᠭᠠᠯᠠᠯ᠎ᠤᠨ ᠪᠠᠢᠴᠠᠭᠠᠭ᠍ᠴᠢ᠎ᠶ᠋ᠢᠨ ᠠᠵᠢᠯ᠎ᠢ ᠡᠭᠦᠷᠭᠡᠯᠡᠬᠦᠯᠪᠡ᠃ ᠲᠦᠷᠦᠭᠦᠬᠡᠨ᠂ ᠤᠯᠠᠭᠠᠨᠴᠠᠪ ᠵᠡᠭᠦᠨ ᠵᠠᠮ᠎ᠤᠨ ᠠᠷᠠᠳ᠎ᠤᠨ ᠵᠠᠬ᠎ᠠ ᠳᠡᠯᠭᠡᠭᠦᠷ᠎ᠲᠡᠬᠢ ᠨᠢᠭᠡᠨ ᠵᠢᠵᠢᠭ ᠬᠣᠭᠣᠯᠠᠨ ᠬᠡᠷ᠎ᠦᠨ ᠣᠲᠣᠭ᠎ᠠ ᠭᠠᠳᠠᠭ᠍ᠰᠢᠯᠠᠭᠤᠯᠬᠤ᠎ᠠᠰᠠᠭᠤᠳᠠᠯ᠎ᠢ ᠲᠡᠷᠡ ᠳᠠᠷᠤᠶ ᠲᠦᠷᠭᠡᠨ ᠳᠡᠭᠡᠭ᠌ᠰᠢ ᠮᠡᠳᠡᠭᠦᠯᠵᠦ ᠪᠦᠲᠦᠮᠵᠢᠲᠡᠶ ᠱᠢᠶ᠋ᠳᠪᠦᠷᠢᠯᠡᠪᠡ᠃ ᠯᠢ ᠱᠢᠶᠠᠩ ᠬᠣᠩ᠄ 《ᠬᠣᠭᠣᠯᠠ ᠬᠦᠷᠭᠡᠬᠦ᠌᠎ᠳᠡᠭᠡᠨ ᠢᠯᠡᠭᠦᠬᠡᠨ ᠠᠩᠬᠠᠷᠴᠤ᠌᠂ ᠢᠯᠡᠭᠦᠬᠡᠨ ᠦᠵᠡᠵᠦ᠍᠂ ᠢᠯᠡᠭᠦᠬᠡᠨ ᠠᠰᠠᠭᠤᠪᠠᠯ ᠠᠷᠠᠳ ᠤᠯᠠᠨ᠎ᠤ ᠳᠡᠷᠭᠡᠳᠡ ᠨᠢᠭᠤᠭ᠍ᠳᠠᠵᠤ ᠪᠠᠢᠭ᠎ᠠ ᠠᠮᠤᠷ ᠲᠦᠪᠱᠢᠨ᠎ᠦ ᠬᠡᠮ ᠰᠣᠭᠣᠭ᠎ᠢ ᠢᠯᠡᠷᠡᠭᠦᠯᠵᠦ᠍᠂ ᠠᠵᠢᠯ ᠬᠥᠳᠡᠯᠮᠦᠷᠢ ᠬᠢᠬᠦ᠎ᠶᠢᠨ ᠳᠠᠭᠠᠥ᠎ᠠᠷᠠᠳ ᠤᠯᠠᠨ᠎ᠤ ᠶᠡᠬᠡ ᠠᠰᠠᠭᠤᠳᠠᠯ᠎ᠢ ᠱᠢᠢᠳᠪᠦᠷᠢᠯᠡᠵᠦ᠍ ᠴᠢᠳᠠᠨ᠎ᠠ》 ᠭᠡᠵᠡᠢ᠃

ᠲᠦᠷᠭᠡᠨ ᠬᠦᠷᠭᠡᠭ᠌ᠴᠢ᠂ ᠵᠠᠬᠢᠶᠠᠯᠠᠭ᠎ᠠ᠎ᠶ᠋ᠢᠨ ᠬᠣᠭᠣᠯᠠ ᠬᠦᠷᠭᠡᠭ᠌ᠴᠢ᠂ ᠠᠴᠢᠶᠠᠨ᠎ᠤ ᠮᠠᠱᠢᠨ ᠲᠡᠷᠭᠡᠨ᠎ᠦ ᠵᠢᠯᠣᠭᠣᠴᠢ᠂ ᠰᠦᠯᠵᠢᠶ᠎ᠡ᠎ᠪᠡᠷ ᠪᠣᠯᠵᠣᠬᠤ ᠮᠠᠱᠢᠨ ᠲᠡᠷᠭᠡᠨ᠎ᠦ ᠵᠢᠯᠣᠭᠣᠴᠢ ᠵᠡᠷᠭᠡ ᠱᠢᠨ᠎ᠡ ᠡᠵᠡᠩᠨᠡᠯᠲᠡ᠎ᠶ᠋ᠢᠨ ᠬᠡᠯᠪᠡᠷᠢ᠎ᠶ᠋ᠢᠨ ᠱᠢᠨ᠎ᠡ ᠠᠵᠢᠯ ᠣᠯᠭᠣᠯᠲᠠ᠎ᠶ᠋ᠢᠨ ᠬᠥᠮᠦᠰ ᠣᠷᠳᠣ ᠬᠤᠭᠤᠴᠠᠭ᠎ᠠ᠎ᠪᠠᠷ ᠵᠡᠭᠡᠯᠢ ᠭᠤᠳᠤᠮᠵᠢ᠎ᠪᠠᠷ ᠶᠠᠪᠤᠵᠤ᠂ ᠰᠠᠭᠤᠭᠠᠯᠢ ᠠᠷᠠᠳ᠎ᠤᠨ ᠠᠰᠠᠷ᠎ᠲᠤ ᠬᠦᠷᠴᠦ ᠡᠷᠦᠬᠡ᠎ᠳᠦ ᠣᠷᠣᠵᠤ᠂ 《ᠬᠣᠲᠠ᠎ᠶ᠋ᠢᠨ ᠠᠮᠢᠳᠤᠷᠠᠯ᠎ᠤᠨ ᠨᠠᠷᠢᠨ ᠰᠤᠳᠠᠰᠦ》 ᠪᠣᠯᠤᠭ᠍ᠰᠠᠨ᠎ᠤ ᠬᠤᠪᠢ᠎ᠳᠤ᠂ ᠦᠨᠳᠦᠰᠦᠨ ᠱᠠᠲᠤᠨ᠎ᠤ ᠵᠠᠰᠠᠯᠲᠠ᠎ᠳᠤ ᠣᠷᠣᠯᠴᠠᠬᠤ ᠥᠪᠡᠷᠮᠢᠴᠡ ᠳᠠᠪᠠᠭᠤᠯᠢᠭ᠎ᠲᠠᠶ ᠶᠤᠮ᠃ ᠤᠢ᠍ᠢᠷ᠎ᠠ᠎ᠶ᠋ᠢᠨ ᠵᠢᠯ᠎ᠡᠴᠡ ᠨᠠᠭᠠᠰᠢ᠂ ᠶᠡᠬᠡ ᠰᠤᠷᠭᠠᠭᠤᠯᠢ ᠵᠡᠭᠦᠨ ᠵᠠᠮ᠎ᠤᠨ ᠵᠡᠭᠡᠯᠢ ᠭᠤᠳᠤᠮᠵᠢ᠎ᠶᠢᠨ ᠬᠡᠷᠡᠭ ᠡᠷᠬᠢᠯᠡᠬᠦ ᠭᠠᠵᠠᠷ ᠨᠢ ᠰᠠᠢᠬᠠᠨ ᠲᠣᠭᠣᠷᠢᠭ᠎ᠤᠨ ᠱᠢᠨ᠎ᠡ ᠡᠵᠡᠩᠨᠡᠯᠲᠡ᠎ᠶ᠋ᠢᠨ ᠬᠡᠯᠪᠡᠷᠢ᠎ᠶᠢᠨ ᠠᠵᠢᠯ ᠣᠯᠭᠣᠯᠲᠠ᠎ᠶ᠋ᠢᠨ ᠬᠥᠮᠦᠰ᠎ᠦᠨ ᠨᠡᠢᠭᠡᠮ ᠲᠣᠭᠣᠷᠢᠭ᠎ᠲᠤ ᠬᠦᠷᠴᠦ᠍ ᠨᠡᠷ᠎ᠡ ᠮᠡᠳᠡᠭᠦᠯᠦᠨ ᠳᠠᠩᠰᠠᠯᠠᠭᠤᠯᠬᠤ᠎ᠶ᠋ᠢᠨ ᠬᠠᠮᠲᠤ ᠲᠤᠱᠢᠶᠠᠯ ᠬᠠᠪᠰᠤᠷᠭᠠᠭ᠍ᠰᠠᠨ ᠲᠤᠤᠷᠵᠢᠯ᠎ᠤᠨ ᠠᠵᠢᠯᠲᠠᠨ ᠪᠣᠯᠬᠤ ᠲᠤᠷᠱᠢᠯᠲᠠ᠎ᠶ᠋ᠢᠨ ᠴᠡᠭ ᠪᠣᠯᠤᠭ᠍ᠰᠠᠨ᠎ᠤ ᠬᠤᠪᠢ᠎ᠳᠤ᠂ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠪᠠᠲᠤ ᠴᠢᠩᠭ᠎ᠠ ᠪᠡᠬᠢᠯᠡᠯᠲᠡ᠎ᠶ᠋ᠢ ᠪᠠᠢᠭᠤᠯᠤᠨ ᠬᠦᠴᠦᠷᠬᠡᠭ᠌ᠵᠢᠭᠦᠯᠵᠦ᠍᠂ ᠰᠡᠳᠭᠢᠯ᠎ᠢ ᠳᠤᠯᠠᠭᠠᠴᠠᠭᠤᠯᠬᠤ ᠦᠢᠯᠡᠴᠢᠯᠡᠭᠡᠨ᠎ᠦ ᠲᠠᠪᠴᠠᠩ᠎ᠢ ᠪᠠᠢᠭᠤᠯᠵᠤ᠂ ᠱᠢᠨ᠎ᠡ ᠡᠵᠡᠩᠨᠡᠯᠲᠡ᠎ᠶ᠋ᠢᠨ ᠬᠡᠯᠪᠡᠷᠢ᠎ᠶᠢᠨ ᠠᠵᠢᠯ ᠣᠯᠭᠣᠯᠲᠠ᠎ᠶ᠋ᠢᠨ ᠬᠥᠮᠦᠰ᠎ᠦᠨ ᠦᠨᠳᠦᠰᠦᠨ ᠱᠠᠲᠤᠨ᠎ᠤ ᠵᠠᠰᠠᠯᠲᠠ᠎ᠳᠤ ᠣᠷᠣᠯᠴᠠᠬᠤ᠎ᠶ᠋ᠢ ᠬᠦᠳᠦᠯᠥᠨ ᠳᠠᠭᠠᠭᠤᠯᠬᠤ᠎ᠪᠠᠷ ᠭᠠᠷᠳᠠᠴᠠ ᠪᠣᠯᠭᠠᠵᠤ᠂ ᠨᠡᠢᠭᠡᠮ ᠲᠣᠭᠣᠷᠢᠭ᠎ᠤᠨ ᠲᠤᠤᠷᠵᠢᠬ᠍ᠰᠡᠨ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠱᠢᠨ᠎ᠡ ᠡᠵᠡᠩᠨᠡᠯᠲᠡ᠎ᠶ᠋ᠢᠨ ᠬᠡᠯᠪᠡᠷᠢ᠎ᠶᠢᠨ ᠠᠵᠤ ᠠᠬᠤᠢᠯᠠᠯ᠎ᠤᠨ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠬᠠᠮᠲᠤ᠎ᠪᠠᠷ ᠰᠠᠭᠤᠵᠤ ᠬᠠᠮᠲᠤ᠎ᠪᠠᠷ ᠪᠠᠢᠭᠤᠯᠬᠤ᠎ᠶ᠋ᠢ ᠠᠬᠢᠭᠤᠯᠵᠤ᠂ ᠱᠢᠨ᠎ᠡ ᠡᠵᠡᠩᠨᠡᠯᠲᠡ᠎ᠶ᠋ᠢᠨ ᠬᠡᠯᠪᠡᠷᠢ᠎ᠶᠢᠨ ᠠᠵᠢᠯ ᠣᠯᠭᠣᠯᠲᠠ᠎ᠶ᠋ᠢᠨ ᠬᠥᠮᠦᠰ᠎ᠦᠨ ᠬᠤᠳᠠ᠎ᠶ᠋ᠢᠨ ᠦᠨᠳᠦᠰᠦᠨ ᠱᠠᠲᠤᠨ᠎ᠤ ᠵᠠᠰᠠᠯᠲᠠ᠎ᠶ᠋ᠢᠨ ᠠᠵᠢᠯ᠎ᠳᠤ ᠢᠳᠡᠪᠬᠢᠲᠡᠢ ᠣᠷᠣᠯᠴᠠᠬᠤ᠎ᠶ᠋ᠢ ᠬᠦᠳᠦᠯᠥᠨ ᠲᠠᠢ᠌ᠴᠢᠯᠠᠵᠥ᠍᠂ ᠳᠡᠳᠡᠨᠡᠷ᠎ᠤᠨ ᠬᠠᠷᠢᠶᠠᠯᠠᠭ᠍ᠳᠠᠬᠤ ᠲᠦᠷᠦᠭ᠌ᠳᠡᠯ᠂ ᠬᠠᠮᠳᠦ᠎ᠶᠢᠨ ᠲᠠᠨᠢᠯᠲᠠ ᠪᠤᠯᠤᠨ  ᠢᠷᠠᠭᠤ ᠠᠯᠳᠠᠷᠲᠤ ᠲᠦᠷᠦᠭ᠌ᠳᠡᠯ᠎ᠢ ᠦᠨᠡᠨ᠎ᠬᠦ ᠨᠡᠮᠡᠭᠳᠡᠬᠦᠯᠪᠡ᠃

ᠶᠡᠬᠡ ᠰᠤᠷᠭᠠᠭᠤᠯᠢ ᠵᠡᠭᠦᠨ ᠵᠠᠮ᠎ᠤᠨ ᠵᠡᠭᠡᠯᠢ ᠭᠤᠳᠤᠮᠵᠢ᠎ᠶᠢᠨ ᠬᠡᠷᠡᠭ ᠡᠷᠬᠢᠯᠡᠬᠦ ᠭᠠᠵᠠᠷ ᠱᠢᠨ᠎ᠡ ᠡᠵᠡᠩᠨᠡᠯᠲᠡ᠎ᠶ᠋ᠢᠨ ᠬᠡᠯᠪᠡᠷᠢ᠎ᠶᠢᠨ ᠠᠵᠢᠯ ᠣᠯᠭᠣᠯᠲᠠ᠎ᠶ᠋ᠢᠨ ᠬᠦᠮᠦᠰ᠎ᠤᠨ ᠬᠤᠪᠢ ᠬᠤᠷᠠᠮᠳᠤᠭᠤᠯᠬᠤ ᠲᠦᠷᠢᠮ᠎ᠢ ᠬᠡᠷᠡᠭᠵᠢᠬᠦᠯᠵᠦ᠂ 《ᠬᠣᠱᠢᠭᠤᠴᠢ ᠨᠠᠮ᠎ᠤᠨ ᠡᠭᠦᠷ》᠂ 《ᠬᠣᠱᠢᠭᠤᠴᠢ ᠵᠠᠬᠢᠶᠠᠯᠠᠭ᠎ᠠ᠎ᠶᠢᠨ ᠬᠤᠭᠤᠯᠠ ᠬᠦᠷᠭᠡᠭᠴᠢ》᠂ 《ᠬᠠᠮᠤᠭ᠎ᠤᠨ ᠭᠣᠶᠣ ᠲᠦᠷᠭᠡᠨ ᠬᠦᠷᠭᠡᠭ᠌ᠴᠢ》 ᠎ᠶ᠋ᠢ ᠦᠨᠡᠯᠡᠨ ᠲᠣᠭ᠍ᠲᠠᠭᠠᠬᠤ ᠴᠢᠬᠤᠯᠠ ᠯᠠᠪᠯᠠᠯᠲᠠ᠎ᠶ᠋ᠢᠨ ᠦᠨᠳᠦᠰᠦᠯᠡᠯ ᠪᠣᠯᠭᠠᠵᠦ᠂ ᠱᠢᠨ᠎ᠡ ᠡᠵᠡᠩᠨᠡᠯᠲᠡ᠎ᠶ᠋ᠢᠨ ᠬᠡᠯᠪᠡᠷᠢ᠎ᠶᠢᠨ ᠠᠵᠢᠯ ᠡᠷᠭᠢᠯᠡᠭ᠌ᠰᠡᠳ᠎ᠦᠨ ᠠᠵᠢᠯ ᠬᠢᠵᠦ᠍ ᠦᠶ᠋ᠯᠡᠰ ᠪᠤᠰᠬᠠᠬᠤ ᠠᠮᠢᠵᠢᠷᠠᠯ᠎ᠤᠨ ᠬᠦᠴᠦᠨ᠎ᠢ ᠤᠯᠠᠮ ᠨᠢᠭᠡ ᠠᠯᠬᠤᠮ ᠬᠥᠭ᠌ᠵᠢᠭᠡᠵᠦ᠂ ᠱᠢᠨ᠎ᠡ ᠡᠵᠡᠩᠨᠡᠯᠲᠡ᠎ᠶ᠋ᠢᠨ ᠬᠡᠯᠪᠡᠷᠢ᠎ᠶᠢᠨ ᠦᠢᠯᠡᠴᠢᠯᠡᠭᠡᠨ᠎ᠦ ᠶᠠᠰᠤ ᠴᠢᠨᠠᠷ ᠪᠠ ᠦᠢᠯᠡᠴᠢᠯᠡᠭᠡᠨ᠎ᠦ ᠬᠢᠷᠢ ᠲᠦᠪᠱᠢᠨ᠎ᠢ ᠦᠷᠭᠦᠯᠵᠢᠯᠡᠨ ᠳᠡᠭᠡᠭ᠌ᠰᠢᠯᠡᠭᠦᠯᠪᠡ᠃ ᠡᠭᠦᠨ᠎ᠦ ᠬᠠᠮᠲᠤ᠂ ᠪᠠᠰᠠ ᠵᠢᠷᠬᠢᠶ᠎ᠡ᠎ᠶᠢᠨ ᠴᠤᠭ᠍ᠯᠠᠷᠠᠯ ᠵᠡᠷᠭᠡ ᠲᠠᠪᠴᠠᠩ᠎ᠢᠶᠠᠷ ᠳᠠᠮᠵᠢᠭᠤᠯᠤᠨ 《ᠠᠮᠤᠷ ᠲᠦᠪᠱᠢᠨ᠎ᠦ ᠳᠠᠯᠳᠠ ᠬᠡᠮ᠎ᠢ ᠭᠠᠷ᠎ᠤᠨ ᠠᠶ᠎ᠠ᠎ᠪᠠᠷ ᠰᠡᠭᠦᠳᠡᠷᠯᠡᠬᠦ᠌》 ᠠᠵᠢᠯᠯᠠᠭ᠎ᠠ ᠥᠷᠨᠢᠭᠦᠯᠵᠦ᠍᠂ ᠵᠠᠬᠢᠶᠠᠯᠠᠭ᠎ᠠ᠎ᠶ᠋ᠢᠨ ᠬᠣᠭᠣᠯᠠ ᠬᠦᠷᠭᠡᠭ᠌ᠴᠢ᠂ ᠲᠦᠷᠭᠡᠨ ᠬᠦᠷᠭᠡᠭ᠌ᠴᠢ᠎ᠶ᠋ᠢ ᠠᠵᠢᠯ᠎ᠤᠨ ᠳᠤᠮᠳᠠ᠎ᠪᠠᠨ ᠬᠣᠲᠠ᠎ᠶ᠋ᠢᠨ ᠬᠠᠮᠢᠶᠠᠷᠤᠯᠲᠠ᠂ ᠬᠣᠲᠠ᠎ᠶ᠋ᠢᠨ ᠳᠦᠷᠢ ᠲᠥᠷᠬᠦ᠌᠂ ᠠᠮᠤᠷ ᠲᠦᠪᠱᠢᠨ᠎ᠦ ᠳᠠᠯᠳᠠ ᠬᠡᠮ ᠵᠡᠷᠭᠡ ᠲᠠᠯ᠎ᠠ᠎ᠶ᠋ᠢᠨ ᠮᠡᠳᠡᠭᠡ ᠵᠠᠩᠭᠢ ᠪᠠ ᠰᠦᠪᠡᠭ᠌ᠴᠢ᠎ᠶ᠋ᠢ ᠰᠡᠭᠦᠳᠡᠷᠯᠡᠭᠦᠯᠦᠨ ᠳᠠᠮᠵᠢᠭᠤᠯᠵᠦ᠂ ᠦᠨᠳᠦᠰᠦᠨ ᠱᠠᠲᠤᠨ᠎ᠤ ᠵᠠᠰᠠᠯᠲᠠ᠎ᠶ᠋ᠢᠨ ᠱᠢᠨ᠎ᠡ ᠬᠦᠴᠦᠨ᠎ᠢ ᠪᠣᠶ ᠪᠣᠯᠭᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号