ᠣᠢᠷ᠎ᠠ᠎ᠶᠢᠨ ᠵᠢᠯ᠎ᠳᠦ᠂ ᠪᠠᠷᠠᠭᠤᠨ ᠦᠵᠦᠮᠦᠴᠢᠨ ᠬᠣᠰᠢᠭᠤ ᠮᠠᠯᠵᠢᠬᠤ ᠣᠷᠣᠨ᠎ᠤ ᠭᠠᠵᠠᠷ ᠨᠤᠲᠤᠭ ᠠᠭᠤᠳᠠᠮ ᠬᠥᠮᠥᠨ ᠠᠮᠠ ᠴᠥᠭᠡᠨ᠂ ᠴᠡᠭ ᠣᠯᠠᠨ ᠱᠤᠭᠤᠮ ᠣᠷᠳᠣ᠌ ᠬᠡᠪᠴᠢᠶ᠎ᠡ ᠥᠷᠭᠡᠨ ᠪᠠᠢᠬᠤ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ᠂ ᠲᠠᠯ᠎ᠠ ᠨᠤᠲᠤᠭ᠎ᠤᠨ ᠮᠠᠯᠵᠢᠬᠤ ᠣᠷᠣᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠦᠢᠯᠡᠴᠢᠯᠡᠭᠡᠨ᠎ᠦ ᠲᠣᠭᠲᠠᠴᠠ᠎ᠶᠢ ᠦᠷᠭᠡᠳᠬᠡᠬᠦ ᠪᠡᠷ ᠬᠠᠢᠨ ᠰᠦᠪᠡᠭᠴᠢᠯᠡᠵᠦ᠂ ᠨᠠᠮ᠎ᠤᠨ ᠭᠡᠰᠢᠭᠦᠨ᠎ᠦ ᠭᠣᠣᠯᠯᠠᠬᠤ ᠡᠷᠦᠬᠡ᠎ᠶᠢᠨ ᠠᠵᠢᠯ᠎ᠤᠨ ᠵᠠᠭᠪᠤᠷ᠎ᠢ ᠭᠠᠷᠭᠠᠵᠤ᠂ ᠨᠠᠮ᠎ᠤᠨ ᠡᠭᠦᠷ ᠪᠤᠯᠤᠨ ᠮᠠᠯᠴᠢᠳ ᠲᠠᠢ ᠬᠠᠷᠢᠯᠴᠠᠬᠤ ᠦᠢᠯᠡᠳᠦᠯ᠎ᠢ ᠭᠦᠢᠴᠡᠳ ᠪᠠᠳᠠᠷᠠᠭᠤᠯᠤᠨ᠂ ᠮᠠᠯᠵᠢᠬᠤ ᠣᠷᠣᠨ᠎ᠤ ᠣᠯᠠᠨ ᠲᠦᠮᠡᠨ᠎ᠳᠦ ᠦᠢᠯᠡᠴᠢᠯᠡᠬᠦ 《ᠡᠴᠦᠰ᠎ᠦᠨ ᠨᠢᠭᠡ ᠺᠢᠯᠣᠮᠧᠲᠷ》 ᠢ᠋ ᠪᠦᠲᠦᠮᠵᠢᠲᠡᠶᠨᠡᠪᠲᠡᠷᠡᠭᠦᠯᠪᠡ᠃ ᠣᠳᠣᠬᠠᠨ᠎ᠳᠤ᠂ ᠪᠥᠬᠥ ᠬᠣᠰᠢᠭᠤᠨ᠎ᠤ ᠨᠠᠮ᠎ᠤᠨ ᠭᠡᠰᠢᠭᠦᠨ᠎ᠦ ᠭᠣᠣᠯᠯᠠᠬᠤ ᠡᠷᠦᠬᠡ ᠮᠠᠯᠵᠢᠬᠤ ᠣᠷᠣᠨ᠎ᠤ 2374 ᠨᠠᠮ᠎ᠤᠨ ᠭᠡᠰᠢᠭᠦᠨ᠎ᠢ ᠨᠥᠯᠥᠭᠡᠯᠡᠨ ᠳᠠᠶ᠋ᠢᠴᠢᠯᠠᠵᠤ᠂ 8011 ᠮᠠᠯᠴᠢᠨ ᠡᠷᠦᠬᠡ᠎ᠲᠠᠢ ᠬᠠᠷᠢᠯᠴᠠᠵᠤ᠂ ᠮᠠᠯᠵᠢᠬᠤ ᠣᠷᠣᠨ᠎ᠤ 3.65 ᠲᠦᠮᠡᠨ ᠪᠠᠢᠩᠭᠤ ᠰᠠᠭᠤᠭ᠎ᠠ ᠬᠥᠮᠥᠨ ᠠᠮᠠ᠎ᠶᠢ ᠬᠠᠮᠤᠷᠤᠭᠰᠠᠨ ᠪᠠᠢᠨ᠎ᠠ᠃
ᠪᠠᠷᠠᠭᠤᠨ ᠦᠵᠦᠮᠦᠴᠢᠨ ᠬᠤᠰᠢᠭᠤ ᠭᠠᠴᠠᠭ᠎ᠠ᠎ᠪᠠᠷ ᠨᠢᠭᠡᠴᠢ ᠪᠣᠯᠭᠠᠨ᠂ ᠤᠯᠤᠰ ᠲᠥᠷᠥ᠎ᠶᠢᠨ ᠬᠡᠪ ᠴᠢᠨᠠᠷ᠎ᠢᠶᠠᠷ ᠰᠠᠢᠨ᠂ ᠵᠢᠱ᠌ᠢᠶ᠎ᠡ ᠦᠵᠡᠭᠦᠯᠬᠦ ᠴᠢᠳᠠᠪᠤᠷᠢ᠎ᠪᠠᠷ ᠬᠦᠴᠦᠷᠬᠡᠭ᠂ ᠦᠢᠯᠡᠳᠦᠯ᠎ᠢᠶᠡᠨ ᠪᠠᠳᠠᠷᠠᠭᠤᠯᠤᠬᠰᠠᠨ ᠨᠢ ᠰᠠᠢᠨ᠂ ᠦᠢᠯᠡᠴᠢᠯᠡᠭᠡᠨ᠎ᠦ ᠴᠢᠳᠠᠪᠤᠷᠢ᠎ᠪᠠᠷ ᠬᠦᠴᠦᠷᠬᠡᠭ᠂ ᠠᠵᠤ ᠦᠢᠯᠡᠰ᠎ᠦᠨ ᠬᠥᠭᠵᠢᠯᠲᠡ ᠰᠠᠢᠨ᠂ ᠴᠢᠨᠡᠭᠡᠯᠢᠭᠵᠢᠬᠦ᠎ᠶᠢ ᠳᠠᠢᠴᠢᠯᠠᠬᠤ ᠴᠢᠳᠠᠪᠤᠷᠢ ᠬᠦᠴᠦᠷᠬᠡᠭ᠂ ᠦᠨᠳᠦᠰᠦᠲᠡᠨ᠎ᠦ ᠪᠦᠯᠬᠦᠮᠳᠡᠯ᠎ᠦᠨ ᠦᠵᠡᠯ ᠤᠬᠠᠮᠰᠠᠷ᠎ᠢᠶᠠᠷ ᠰᠠᠢᠨ᠂ ᠬᠢᠯᠢ ᠬᠢᠵᠠᠭᠠᠷ᠎ᠢ ᠰᠠᠬᠢᠵᠤ ᠬᠢᠯᠢ ᠬᠢᠵᠠᠭᠠᠷ᠎ᠢ ᠪᠡᠬᠢᠵᠢᠭᠦᠯᠬᠦ ᠴᠢᠳᠠᠪᠤᠷᠢ᠎ᠪᠠᠷ ᠬᠦᠴᠦᠷᠬᠡᠭ《ᠳᠥᠷᠪᠡᠨ ᠰᠠᠢᠨ ᠳᠥᠷᠪᠡᠨ ᠬᠦᠴᠦᠷᠬᠡᠭ》 ᠢ᠋ ᠰᠢᠯᠢᠨ ᠰᠣᠩᠭᠣᠬᠤ ᠨᠥᠬᠥᠴᠡᠯ ᠢ᠋ ᠪᠠᠷᠢᠮᠲᠠᠯᠠᠵᠦ᠂ 《ᠬᠣᠶᠠᠷ ᠲᠥᠯᠥᠭᠡᠯᠡᠭᠴᠢ ᠨᠢᠭᠡ ᠭᠡᠰᠢᠭᠦᠨ》᠂ ᠮᠠᠯ ᠠᠵᠤ ᠠᠬᠤᠢ᠎ᠶᠢᠨ ᠵᠢᠱ᠌ᠢᠶ᠎ᠡ ᠦᠵᠡᠭᠦᠯᠬᠦ ᠡᠷᠦᠬᠡ᠂ ᠴᠡᠷᠢᠭ᠎ᠡᠴᠡ ᠬᠠᠯᠠᠭᠳᠠᠭᠰᠠᠳ᠂ ᠨᠤᠲᠤᠭ᠎ᠲᠠᠭᠠᠨ ᠪᠤᠴᠠᠭᠰᠠᠨ ᠣᠶᠤᠲᠠᠳ ᠵᠡᠷᠭᠡ ᠬᠠᠮᠲᠤᠯᠢᠭ᠋᠎ᠤᠨ ᠳᠣᠲᠣᠷ᠎ᠠ ᠠ᠋ᠴᠠ ᠨᠠᠮ᠎ᠤᠨ ᠭᠡᠰᠢᠭᠦᠨ᠎ᠦ ᠭᠣᠣᠯᠯᠠᠬᠤ ᠡᠷᠦᠬᠡ᠎ᠶᠢ ᠤᠷᠢᠳ ᠢ᠋ᠢᠡᠷ ᠰᠣᠩᠭᠣᠨ ᠭᠠᠷᠭᠠᠵᠤ᠂ ᠨᠠᠮ᠎ᠤᠨ ᠭᠡᠰᠢᠭᠦᠨ ᠥᠪᠡᠷ᠎ᠢ᠎ᠪᠡᠨ ᠲᠠᠨᠢᠯᠴᠠᠭᠤᠯᠬᠤ ᠪᠠ ᠣᠯᠠᠨ ᠲᠦᠮᠡᠨ᠎ᠡᠴᠡ ᠲᠠᠨᠢᠯᠴᠠᠭᠤᠯᠬᠤ ᠪᠡᠷ ᠲᠠᠮᠵᠢᠨ᠂ ᠭᠠᠴᠠᠭ᠎ᠠ᠎ᠶᠢᠨ 《ᠬᠣᠶᠠᠷ ᠵᠥᠪᠯᠡᠯ》 ᠤ᠋ᠨ ᠪᠦᠷᠢᠯᠳᠦᠭᠦᠨ ᠵᠢᠴᠢ ᠪᠥᠬᠥ ᠨᠠᠮ᠎ᠤᠨ ᠭᠡᠰᠢᠭᠦᠨ᠎ᠦ ᠣᠷᠣᠯᠴᠠᠭᠰᠠᠨ ᠬᠠᠮᠲᠤᠷᠠᠭᠰᠠᠨ ᠬᠤᠷᠠᠯ᠎ᠢᠶᠠᠷ ᠳᠡᠮᠵᠢᠨ᠂ ᠨᠠᠮ᠎ᠤᠨ ᠭᠡᠰᠢᠭᠦᠨ᠎ᠦ ᠭᠣᠣᠯᠯᠠᠬᠤ ᠡᠷᠦᠬᠡ᠎ᠶᠢᠨ ᠵᠢᠱ᠌ᠢᠭᠳᠡᠭᠴᠢ᠎ᠶᠢ ᠲᠣᠭᠲᠠᠭᠠᠪᠠ ᠃
ᠨᠠᠮ᠎ᠤᠨ ᠭᠡᠰᠢᠭᠦᠨ᠎ᠦ ᠭᠣᠣᠯᠯᠠᠬᠤ ᠡᠷᠦᠬᠡ᠎ᠪᠡᠷ ᠭᠣᠣᠯᠯᠠᠭᠤᠯᠤᠨ᠂ ᠪᠠᠷᠠᠭᠤᠨ ᠦᠵᠦᠮᠦᠴᠢᠨ ᠬᠤᠰᠢᠭᠤ ᠪᠥᠬᠥ ᠬᠣᠰᠢᠭᠤᠨ᠎ᠤ 93 ᠭᠠᠴᠠᠭ᠎ᠠ᠎ᠶᠢ 309 ᠲᠣᠣᠷᠵᠢᠯ ᠬᠤᠪᠢᠶᠠᠵᠤ᠂ ᠲᠤᠤᠷᠵᠢᠯ ᠪᠤᠯᠭᠠᠨ᠎ᠳᠤ 20 — 30 ᠮᠠᠯᠵᠢᠬᠤ ᠡᠷᠦᠬᠡ᠎ᠶᠢ ᠬᠠᠮᠤᠷᠴᠤ᠂ ᠨᠠᠮ᠎ᠤᠨ ᠭᠡᠰᠢᠭᠦᠨ᠎ᠦ ᠭᠣᠣᠯᠯᠠᠬᠤ ᠡᠷᠦᠬᠡ᠎ᠪᠡᠷ ᠨᠠᠮ᠎ᠤᠨ ᠳᠤᠭᠤᠢᠯᠠᠩ᠎ᠤᠨ ᠳᠠᠷᠤᠭ᠎ᠠ᠂ ᠲᠣᠣᠷᠵᠢᠯ᠎ᠤᠨ ᠳᠠᠷᠤᠭ᠎ᠠ᠂ ᠮᠠᠯᠴᠢᠳ᠎ᠤᠨ ᠳᠤᠭᠤᠢᠯᠠᠩ᠎ᠤᠨ ᠳᠠᠷᠤᠭ᠎ᠠ᠎ᠶᠢᠨ ᠲᠤᠰᠢᠶᠠᠯ᠎ᠢ ᠬᠠᠪᠰᠤᠷᠭᠠᠨ ᠬᠠᠷᠢᠭᠤᠴᠠᠭᠤᠯᠪᠠ᠃ 《ᠵᠢᠯ᠎ᠦᠨ ᠡᠬᠢᠨ᠎ᠦ ᠠᠮᠠᠯᠠᠯᠲᠠ᠂ ᠰᠠᠷ᠎ᠠ ᠪᠦᠷᠢ᠎ᠶᠢᠨ ᠰᠣᠷᠪᠤᠯᠵᠢᠯᠠᠭ᠎ᠠ᠂ ᠤᠯᠠᠷᠢᠯ᠎ᠤᠨ ᠠᠵᠢᠯᠯᠠᠭ᠎ᠠ᠂ ᠵᠢᠯ᠎ᠦᠨ ᠳᠤᠮᠳᠠᠴᠢ᠎ᠪᠠᠷ ᠢᠯᠡ ᠨᠡᠢᠲᠡᠯᠡᠬᠦ᠂ ᠵᠢᠯ᠎ᠦᠨ ᠡᠴᠦᠰ᠎ᠲᠦ ᠲᠤᠰᠢᠶᠠᠯ᠎ᠤᠨ ᠮᠡᠳᠡᠭᠦᠯᠦᠯᠲᠡ ᠬᠢᠬᠦ》 ᠠᠵᠢᠯᠯᠠᠭᠠᠨ᠎ᠤ ᠲᠣᠭᠲᠠᠴᠠ ᠶᠣᠰᠣᠭᠠᠷ᠂ ᠨᠠᠮ᠎ᠤᠨ ᠭᠡᠰᠢᠭᠦᠨ᠎ᠦ ᠭᠣᠣᠯᠯᠠᠬᠤ ᠡᠷᠦᠬᠡ ᠠᠷᠠᠳ᠎ᠤᠨ ᠪᠠᠢᠳᠠᠯ᠎ᠤᠨ ᠡᠳᠦᠷ᠎ᠦᠨ ᠲᠡᠮᠳᠡᠭᠯᠡᠯ ᠬᠢᠵᠦ᠂ ᠠᠢᠯᠴᠢᠯᠠᠨ ᠰᠤᠷᠪᠤᠯᠵᠢᠯᠠᠬᠤ᠎ᠪᠠᠷ ᠳᠠᠮᠵᠢᠭᠤᠯᠤᠨ᠂ ᠦᠢᠯᠡᠴᠢᠯᠡᠭᠡᠨ᠎ᠦ ᠲᠣᠣᠷᠵᠢᠯ᠎ᠤᠨ ᠳᠣᠲᠣᠷᠠᠬᠢ ᠮᠠᠯᠴᠢᠨ ᠲᠦᠮᠡᠨ᠎ᠲᠠᠢ ᠬᠠᠷᠢᠯᠴᠠᠬᠤ ᠦᠨᠳᠦᠰᠦᠨ ᠮᠡᠳᠡᠭᠡ ᠵᠠᠩᠭᠢ᠎ᠶᠢ ᠨᠠᠷᠢᠨ ᠨᠢᠭ᠍ᠲᠠ ᠲᠡᠮᠳᠡᠭᠯᠡᠵᠦ᠂ ᠦᠢᠯᠡᠳᠪᠦᠷᠢᠯᠡᠯ ᠠᠮᠢᠳᠤᠷᠠᠯ᠎ᠤᠨ ᠪᠠᠢᠳᠠᠯ᠎ᠢ ᠣᠢᠯᠠᠭᠠᠨ᠂ ᠪᠣᠳᠠᠲᠠᠢ ᠬᠦᠴᠢᠷᠳᠡᠯ᠎ᠢ ᠨᠢ ᠬᠠᠪᠰᠤᠷᠤᠨ ᠰᠢᠢᠳᠪᠦᠷᠢᠯᠡᠵᠦ᠂ ᠨᠠᠮ᠎ᠤᠨ ᠬᠡᠰᠢᠭᠦᠨ ᠪᠠ ᠣᠯᠠᠨ ᠲᠦᠮᠡᠨ᠎ᠦ ᠠᠵᠢᠯᠯᠠᠭ᠎ᠠ᠎ᠶᠢᠨ ᠵᠣᠬᠢᠶᠠᠨ ᠪᠠᠢᠭᠤᠯᠤᠭ᠍ᠴᠢ᠂ ᠣᠯᠠᠨ ᠲᠦᠮᠡᠨ᠎ᠳᠦ ᠦᠢᠯᠡᠴᠢᠯᠡᠬᠦ ᠣᠷᠣᠯᠠᠨ ᠭᠦᠢᠴᠡᠳᠭᠡᠭᠴᠢ᠂ ᠲᠦᠷᠦᠭᠦᠯᠡᠨ ᠪᠠᠶᠠᠵᠢᠬᠤ ᠵᠢᠱ᠌ᠢᠶ᠎ᠡ ᠦᠵᠡᠭᠦᠯᠦᠭᠴᠢ᠂ ᠦᠨᠳᠦᠰᠦᠨ ᠱᠠᠲᠤᠨ᠎ᠤ ᠵᠠᠰᠠᠯᠲᠠ᠎ᠶᠢᠨ ᠲᠣᠣᠷᠵᠢᠯ᠎ᠤᠨ ᠠᠵᠢᠯᠲᠠᠨ᠂ ᠵᠥᠷᠢᠴᠡᠯ ᠵᠠᠭᠤᠷᠠᠯᠳᠤᠭᠠᠨ᠎ᠢ ᠵᠣᠬᠢᠴᠠᠭᠤᠯᠤᠭ᠍ᠴᠢ᠂ ᠬᠢᠯᠢ ᠬᠢᠵᠠᠭᠠᠷ᠎ᠢ ᠲᠣᠭᠲᠠᠪᠤᠷᠢᠵᠢᠭᠤᠯᠤᠨ ᠬᠢᠯᠢ ᠬᠢᠵᠠᠭᠠᠷ᠎ᠢ ᠪᠡᠬᠢᠵᠢᠭᠦᠯᠬᠦ ᠬᠣᠰᠢᠭᠤᠴᠢ ᠵᠡᠷᠭᠡ 《ᠵᠢᠷᠭᠤᠭᠠᠨ ᠶᠡᠬᠡ ᠠᠵᠢᠯᠲᠠᠨ》 ᠪᠣᠯᠪᠠ᠃《ᠨᠠᠮ᠎ᠤᠨ ᠭᠡᠰᠢᠭᠦᠨ᠎ᠦ ᠭᠣᠣᠯᠯᠠᠬᠤ ᠡᠷᠦᠬᠡ +》 ᠢ᠋ᠢᠨ ᠲᠦᠷᠦᠯ ᠲᠡᠮᠲᠡᠭ ᠢ᠋ ᠬᠠᠢᠨ ᠰᠦᠪᠡᠭᠴᠢᠯᠡᠵᠦ᠂ ᠨᠠᠮ᠎ᠤᠨ ᠭᠡᠰᠢᠭᠦᠨ᠎ᠦ ᠭᠣᠣᠯᠯᠠᠬᠤ ᠡᠷᠦᠬᠡ᠎ᠶᠢᠨ ᠳᠠᠭᠠᠭᠤᠯᠤᠨ ᠡᠷᠭᠢᠯᠡᠭᠰᠡᠨ ᠬᠣᠷᠰᠢᠶ᠎ᠠ᠂ ᠭᠡᠷ ᠪᠦᠯᠢ᠎ᠶᠢᠨ ᠮᠠᠯᠵᠢᠯ᠎ᠤᠨ ᠲᠠᠯᠠᠪᠠᠶ ᠵᠡᠷᠭᠡ᠎ᠶᠢ ᠪᠣᠢᠵᠢᠭᠤᠯᠤᠨ᠂ 《ᠨᠠᠮ᠎ᠤᠨ ᠭᠡᠰᠢᠭᠦᠨ᠎ᠦ ᠭᠣᠣᠯᠯᠠᠬᠤ ᠡᠷᠦᠬᠡ + ᠪᠠᠶᠠᠵᠢᠯ᠎ᠤᠨ ᠳᠠᠭᠠᠭᠤᠯᠤᠭ᠍ᠴᠢ》᠂ 《 ᠨᠠᠮ᠎ᠤᠨ ᠭᠡᠰᠢᠭᠦᠨ᠎ᠦ ᠭᠣᠣᠯᠯᠠᠬᠤ ᠡᠷᠦᠬᠡ + ᠬᠥᠳᠡᠭᠡ ᠲᠣᠰᠬᠣᠨ᠎ᠤ ᠵᠢᠭᠤᠯᠴᠢᠯᠠᠯ》 ᠵᠡᠷᠭᠡ ᠨᠡᠢᠲᠡᠯᠢᠭ ᠵᠢᠱ᠌ᠢᠶ᠎ᠡ᠎ᠶᠢ ᠪᠣᠶ ᠪᠣᠯᠭᠠᠪᠠ᠃ ᠡᠨᠡ ᠵᠢᠯ᠎ᠡᠴᠡ ᠨᠠᠭᠠᠰᠢ᠂ ᠨᠠᠮ᠎ᠤᠨ ᠭᠡᠰᠢᠭᠦᠨ᠎ᠦ ᠭᠣᠣᠯᠯᠠᠬᠤ ᠡᠷᠦᠬᠡ᠎ᠳᠦ ᠲᠦᠰᠢᠭᠯᠡᠨ ᠮᠠᠯᠴᠢᠨ ᠲᠦᠮᠡᠨ᠎ᠦ ᠰᠠᠨᠠᠯ ᠰᠠᠨᠠᠭᠤᠯᠭ᠎ᠠ᠎ᠶᠢ 2000 ᠭᠠᠷᠤᠢ ᠵᠦᠢᠯ ᠴᠤᠭᠯᠠᠭᠤᠯᠵᠤ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡ᠎ᠶᠢ 800 ᠭᠠᠷᠤᠢ ᠵᠦᠢᠯ ᠬᠠᠩᠭᠠᠪᠠ ᠃