ᠮᠠᠨ᠎ᠤ ᠤᠷᠤᠨ ᠬᠢᠲᠠᠳ ᠮᠣᠩᠭᠣᠯ ᠡᠮ ᠡᠮᠨᠡᠯᠭᠡ ᠵᠢᠨ ᠦᠢᠯᠡᠴᠢᠯᠡᠭᠡᠨ ᠤ᠋ ᠴᠢᠳᠠᠪᠤᠷᠢ᠎ᠶ᠋ᠢ ᠬᠦᠴᠦᠯᠡᠨ ᠳᠡᠭᠡᠭ᠌ᠰᠢᠯᠡᠭᠦᠯᠵᠦ ᠪᠤᠢ
2023-08-04 10:20:12
ᠵᠣᠬᠢᠶᠠᠭ᠍ᠴᠢ᠄
ᠤᠷᠭᠤᠮᠠᠯ
ᠣᠩᠱᠢᠭ᠍ᠰᠠᠨ ᠣᠳᠠᠭ᠎ᠠ᠄
★★★☆☆

ᠮᠠᠨ᠎ᠤ ᠤᠷᠤᠨ ᠴᠢᠨᠠᠷ ᠰᠠᠢᠲᠠᠶ ᠬᠢᠲᠠᠳ ᠮᠣᠩᠭᠣᠯ ᠡᠮᠨᠡᠯᠭᠡ ᠵᠢᠨ ᠡᠬᠢ ᠪᠠᠶᠠᠯᠢᠭ᠎ᠤᠨ ᠶᠠᠰᠤ ᠴᠢᠨᠠᠷ᠎ᠢ ᠳᠡᠭᠡᠭ᠌ᠰᠢᠯᠡᠭᠦᠯᠦᠨ ᠪᠠᠭ᠍ᠲᠠᠭᠠᠮᠵᠢ᠎ᠶ᠋ᠢ ᠥᠷᠭᠡᠳᠭᠡᠬᠦ᠌ ᠪᠠ ᠲᠡᠩᠴᠡᠭᠦᠷᠢᠲᠡᠶ ᠪᠠᠢᠷᠢᠱᠢᠭᠤᠯᠬᠤ᠎ᠶ᠋ᠢ ᠤᠯᠠᠮ ᠨᠢᠭᠡ ᠠᠯᠬᠤᠮ ᠠᠬᠢᠭᠤᠯᠵᠦ᠂ ᠬᠢᠲᠠᠳ ᠮᠣᠩᠭᠣᠯ ᠡᠮ ᠡᠮᠨᠡᠯᠭᠡ  ᠵᠢᠨ ᠦᠢᠯᠡᠴᠢᠯᠡᠭᠡᠨ ᠤ᠋ ᠴᠢᠳᠠᠪᠤᠷᠢ᠎ᠶ᠋ᠢ ᠬᠦᠴᠦᠯᠡᠨ ᠳᠡᠭᠡᠭ᠌ᠰᠢᠯᠡᠭᠦᠯᠵᠦ ᠪᠠᠢᠨ᠎ᠠ ᠃

ᠤᠢᠯᠠᠭᠠᠭᠰᠠᠨ᠎ᠵᠢᠡᠷ᠂ ᠮᠠᠨ᠎ᠤ ᠤᠷᠤᠨ ᠤᠯᠤᠰ᠎ᠤᠨ ᠬᠢᠲᠠᠳ ᠡᠮ ᠡᠮᠨᠡᠯᠭᠡ᠎ᠶ᠋ᠢ ᠬᠥᠭ᠌ᠵᠢᠭᠦᠯᠦᠨ ᠮᠠᠨᠳᠤᠭᠤᠯᠬᠤ ᠴᠢᠬᠤᠯᠠ ᠶᠡᠬᠡ ᠢᠨᠵᠧᠨᠧᠷᠢᠩ ᠤ᠋ᠨ ᠪᠦᠲᠦᠭᠡᠨ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠵᠦ᠂ ᠪᠡᠭᠡᠵᠢᠩ ᠤ᠋ᠨ ᠬᠢᠲᠠᠳ ᠡᠮᠨᠡᠯᠭᠡ ᠵᠢᠨ ᠬᠣᠷᠢᠶ᠎ᠠ ᠥᠪᠥᠷ ᠮᠣᠩᠭᠣᠯ᠎ᠤᠨ ᠡᠮᠨᠡᠯᠭᠡ ᠵᠢᠨ ᠬᠤᠷᠢᠶ᠎ᠠ᠎ᠵᠢᠨ ᠤᠯᠤᠰ᠎ᠤᠨ ᠬᠢᠲᠠᠳ ᠡᠮᠨᠡᠯᠭᠡ ᠵᠢᠨ ᠣᠷᠣᠨ ᠪᠦᠰᠡ ᠵᠢᠨ ᠡᠮᠴᠢᠯᠡᠭᠡᠨ ᠤ᠋ ᠲᠥᠪ᠂ ᠥᠪᠡᠷᠲᠡᠭᠡᠨ ᠵᠠᠰᠠᠬᠤ ᠣᠷᠣᠨ᠎ᠤ ᠣᠯᠠᠨ ᠤᠯᠤᠰ᠎ᠤᠨ ᠮᠣᠩᠭᠣᠯ ᠡᠮᠨᠡᠯᠭᠡ ᠵᠢᠨ ᠬᠣᠷᠢᠶ᠎ᠠ ᠵᠢᠨ ᠤᠯᠤᠰ᠎ᠤᠨ ᠬᠢᠲᠠᠳ ᠡᠮ ᠡᠮᠨᠡᠯᠭᠡ ᠵᠢᠨ ᠤᠯᠠᠮᠵᠢᠯᠠᠨ ᠵᠠᠯᠭᠠᠮᠵᠢᠯᠠᠵᠤ ᠱᠢᠨ᠎ᠡ᠎ᠶ᠋ᠢ ᠡᠭᠦᠳᠬᠦ᠌ ᠲᠥᠪ᠂ ᠥᠪᠡᠷᠲᠡᠭᠡᠨ ᠵᠠᠰᠠᠬᠤ ᠣᠷᠣᠨ᠎ᠤ ᠬᠢᠲᠠᠳ ᠡᠮᠨᠡᠯᠭᠡ ᠵᠢᠨ ᠬᠣᠷᠢᠶ᠎ᠠ ᠵᠢᠨ ᠤᠯᠤᠰ᠎ᠤᠨ ᠬᠢᠲᠠᠳ ᠡᠮᠨᠡᠯᠭᠡ ᠵᠢᠨ ᠬᠢᠵᠢᠭ ᠡᠪᠡᠳᠴᠢᠨ᠎ᠢ ᠰᠡᠷᠭᠡᠢᠯᠡᠨ ᠵᠠᠰᠠᠬᠤ ᠰᠠᠭᠤᠷᠢᠨ᠂ ᠬᠥᠬᠡᠬᠣᠲᠠ ᠵᠢᠨ ᠬᠢᠲᠠᠳ ᠮᠣᠩᠭᠣᠯ ᠡᠮᠨᠡᠯᠭᠡ ᠵᠢᠨ ᠬᠣᠷᠢᠶ᠎ᠠ᠂ ᠬᠥᠯᠥᠨ ᠪᠣᠢᠷ ᠬᠣᠲᠠ ᠵᠢᠨ ᠮᠣᠩᠭᠣᠯ ᠡᠮᠨᠡᠯᠭᠡ ᠵᠢᠨ ᠬᠣᠷᠢᠶ᠎ᠠ ᠵᠡᠷᠭᠡ ᠤᠯᠤᠰ᠎ᠤᠨ ᠬᠢᠲᠠᠳ ᠡᠮᠨᠡᠯᠭᠡ ᠵᠢᠨ ᠣᠨᠴᠠᠯᠢᠭ᠍ᠲᠤ ᠭᠤᠤᠯᠳᠠᠯᠭ᠎ᠠ᠎ᠲᠠᠶ 6 ᠡᠮᠨᠡᠯᠭᠡ ᠵᠢᠨ ᠬᠣᠷᠢᠶ᠎ᠠ ᠵᠢᠨ ᠲᠥᠷᠥᠯ ᠵᠦᠶ᠋ᠯ ᠤ᠋ᠨ ᠪᠥᠲᠥᠭᠡᠨ ᠪᠠᠢᠭᠤᠯᠤᠯᠲᠠ ᠵᠢ ᠭᠣᠣᠯᠳᠠᠯᠭ᠎ᠠ᠎ᠲᠠᠶ ᠲᠦᠷᠭᠡᠳᠭᠡᠨ ᠠᠬᠢᠭᠤᠯᠤᠨ᠎ᠠ᠃ ᠣᠶᠤᠨᠴᠢ ᠬᠢᠲᠠᠳ ᠡᠮᠨᠡᠯᠭᠡ (ᠮᠣᠩᠭᠣᠯ ᠡᠮᠨᠡᠯᠭᠡ) ᠶ᠋ᠢᠨ ᠬᠣᠷᠢᠶ᠎ᠠ ᠵᠢᠨ ᠪᠠᠢᠭᠤᠯᠤᠯᠲᠠ᠎ᠶ᠋ᠢ ᠠᠬᠢᠭᠤᠯᠵᠤ᠂ 30 ᠭᠤᠷᠪᠠᠳᠤᠭᠠᠷ ᠳᠡᠰ᠎ᠤᠨ ᠬᠢᠲᠠᠳ ᠡᠮᠨᠡᠯᠭᠡ (ᠮᠣᠩᠭᠣᠯ ᠡᠮᠨᠡᠯᠭᠡ) ᠵᠢᠨ ᠬᠣᠷᠢᠶ᠎ᠠ ᠳ᠋ᠦ ᠢᠨᠲ᠋ᠧᠷ ᠰᠦᠯᠵᠢᠶᠡᠨ ᠤ᠋ ᠡᠮᠨᠡᠯᠭᠡ ᠵᠢᠨ ᠬᠣᠷᠢᠶ᠎ᠠ ᠪᠠᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠬᠢᠲᠠᠳ ᠡᠮᠨᠡᠯᠭᠡ (ᠮᠣᠩᠭᠣᠯ ᠡᠮᠨᠡᠯᠭᠡ) ᠵᠢᠨ ᠡᠮᠴᠢᠯᠡᠭᠡᠨ ᠤ᠋ ᠭᠣᠣᠯᠳᠠᠯᠭ᠎ᠠ᠎ᠲᠠᠶ ᠲᠤᠰᠭᠠᠶ ᠰᠠᠯᠠᠭᠠᠨ᠎ᠤ ᠪᠠᠢᠭᠤᠯᠤᠯᠲᠠ᠎ᠶ᠋ᠢ ᠴᠢᠩᠭᠠᠳᠭᠠᠨ᠂ ᠤᠯᠤᠰ᠎ᠤᠨ ᠬᠢᠲᠠᠳ ᠡᠮᠨᠡᠯᠭᠡ ᠵᠢᠨ ᠳᠠᠪᠠᠭᠤᠯᠢᠭ ᠲᠤᠰᠭᠠᠶ ᠰᠠᠯᠠᠭ᠎ᠠ᠎ᠶ᠋ᠢ ᠢᠳᠡᠪᠬᠢᠯᠡᠨ ᠣᠯᠵᠤ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠍ᠰᠠᠨ ᠬᠢᠲᠠᠳ ᠡᠮ ᠡᠮᠨᠡᠯᠭᠡ (ᠮᠣᠩᠭᠣᠯ ᠡᠮ ᠡᠮᠨᠡᠯᠭᠡ) ᠵᠢᠨ ᠡᠮᠴᠢᠯᠡᠭᠡᠨ ᠢ᠋ ᠳᠠᠬᠢᠨ᠎ᠢᠶᠠᠷ ᠨᠡᠮᠡᠭ᠌ᠳᠡᠭᠦᠯᠬᠦ᠌ ᠲᠥᠯᠥᠪᠯᠡᠭᠡ᠎ᠶ᠋ᠢ ᠬᠡᠷᠡᠭ᠌ᠵᠢᠭᠦᠯᠦᠨ᠂ ᠪᠦᠬᠦ᠌ ᠣᠷᠣᠨ᠎ᠤ ᠳᠠᠪᠠᠭᠤᠯᠢᠭ ᠲᠤᠰᠭᠠᠶ ᠰᠠᠯᠠᠭᠠᠨ᠎ᠤ ᠣᠨᠣᠱᠢᠯᠠᠨ ᠡᠮᠨᠡᠬᠦ᠌ ᠲᠥᠪ᠎ᠢ  ᠴᠤᠭᠴᠠᠯᠠᠨ᠎ᠠ᠃ ᠬᠣᠱᠢᠭᠤ ᠱᠢᠶᠠᠨ᠎ᠤ ᠱᠠᠲᠤᠨ᠎ᠤ ᠬᠢᠲᠠᠳ ᠡᠮᠨᠡᠯᠭᠡ (ᠮᠣᠩᠭᠣᠯ ᠡᠮᠨᠡᠯᠭᠡ) ᠵᠢᠨ ᠬᠣᠷᠢᠶ᠎ᠠ ᠵᠢᠨ 《ᠬᠣᠶᠠᠷ ᠲᠤᠰᠭᠠᠶ ᠰᠠᠯᠠᠭ᠎ᠠ ᠨᠢᠭᠡ ᠲᠥᠪ》᠎ᠤ᠋ᠨ ᠪᠥᠲᠥᠭᠡᠨ ᠪᠠᠢᠭᠤᠯᠤᠯᠲᠠ ᠵᠢᠨ ᠲᠥᠷᠥᠯ ᠵᠦᠶ᠋ᠯ᠎ᠢ ᠦᠷᠭᠦᠯᠵᠢᠯᠡᠨ ᠠᠬᠢᠭᠤᠯᠵᠤ᠂ ᠶᠡᠷᠦᠩᠬᠡᠢᠯᠡᠭ᠌ᠰᠡᠨ ᠦᠶ᠋ᠯᠡᠴᠢᠯᠡᠭᠡᠨ ᠤ᠋ ᠴᠢᠳᠠᠪᠤᠷᠢ᠎ᠶ᠋ᠢ ᠳᠡᠭᠡᠭ᠌ᠰᠢᠯᠡᠭᠦᠯᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠮᠦᠩᠭᠦᠨᠬᠤᠸᠠᠷ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号