ᠳᠤᠮᠳᠠᠳᠤ ᠤᠯᠤᠰ᠎ᠤᠨ ᠰᠣᠨᠢᠨ ᠮᠡᠳᠡᠭᠡᠨ᠎ᠦ ᠠᠵᠢᠯᠲᠠᠳ᠎ᠤᠨ ᠨᠡᠢᠭᠡᠮᠯᠢᠭ᠎ᠦᠨ ᠪᠠᠢᠭᠤᠯᠤᠭ᠍ᠰᠠᠨ 《ᠰᠣᠷᠪᠣᠯᠵᠢᠯᠠᠭ᠍ᠴᠢ᠎ᠵᠢᠨ ᠬᠡᠷ》 ᠭᠡᠬᠦ᠌ ᠶᠡᠬᠡ ᠬᠢᠴᠢᠶᠡᠯ᠎ᠤᠨ ᠲᠠᠩᠬᠢᠮ᠎ᠤᠨ ᠯᠠᠨᠺᠤᠤ ᠰᠤᠷᠭᠠᠨ ᠬᠥᠮᠦᠵᠢᠯ᠎ᠦᠨ ᠦᠶ᠋ᠯᠡᠳᠦᠯᠭᠡ᠎ᠶ᠋ᠢᠨ ᠰᠠᠭᠤᠷᠢᠨ 29᠎ᠤ᠋ ᠡᠳᠦᠷ ᠾᠧᠨᠠᠨ᠎ᠤ ᠯᠠᠨᠺᠤᠤ ᠳ᠋ᠥ᠍ ᠫᠠᠢᠰᠠ ᠰᠡᠬᠦᠪᠡ᠃ ᠲᠥᠪ᠎ᠦᠨ ᠭᠣᠣᠯ ᠪᠣᠯᠬᠤ ᠰᠣᠨᠢᠨ ᠮᠡᠳᠡᠭᠡᠨ᠎ᠦ ᠨᠢᠭᠡᠴᠢ᠂ ᠪᠦᠬᠦ᠌ ᠤᠯᠤᠰ᠎ᠤᠨ ᠴᠢᠨᠠᠷᠲᠠᠢ ᠠᠵᠢᠯ ᠲᠦᠷᠦᠯ᠎ᠦᠨ ᠵᠠᠭᠤᠴᠢᠯᠠᠭᠤᠷ᠂ ᠡᠯ᠎ᠡ ᠮᠤᠵᠢ᠎ᠶ᠋ᠢᠨ ᠱᠠᠲᠤᠨ᠎ᠤ ᠭᠣᠣᠯ ᠪᠣᠯᠬᠤ ᠰᠣᠨᠢᠨ ᠮᠡᠳᠡᠭᠡᠨ᠎ᠦ ᠨᠢᠭᠡᠴᠢ᠎ᠶ᠋ᠢᠨ 80 ᠭᠠᠷᠤᠢ ᠵᠠᠯᠠᠭᠤ ᠭᠣᠣᠯᠯᠠᠭ᠍ᠴᠢ ᠰᠤᠷᠪᠤᠯᠵᠢᠯᠠᠭ᠍ᠴᠢ ᠯᠠᠨᠺᠤᠤ ᠵᠡᠷᠭᠡ ᠭᠠᠵᠠᠷ᠎ᠲᠤ 4 ᠡᠳᠦᠷ᠎ᠦᠨ ᠬᠤᠭᠤᠴᠠᠭ᠎ᠠ᠎ᠲᠠᠶ ᠮᠦ᠍ ᠴᠢᠩ᠎ᠡᠴᠡ ᠰᠤᠷᠤᠯᠴᠠᠬᠤ᠂ 《ᠳᠦᠷᠪᠡᠨ ᠴᠢᠳᠠᠪᠤᠷᠢ》 ᠪᠠᠨ ᠴᠢᠩᠭᠠᠳᠭᠠᠬᠤ ᠪᠣᠯᠪᠠᠰᠤᠷᠠᠯ᠎ᠤᠨ ᠠᠩᠭᠢ᠎ᠳᠤ ᠣᠷᠣᠯᠴᠠᠬᠤ ᠪᠣᠯᠤᠨ᠎ᠠ᠃
ᠳᠤᠮᠳᠠᠳᠤ ᠤᠯᠤᠰ᠎ᠤᠨ ᠰᠣᠨᠢᠨ ᠮᠡᠳᠡᠭᠡᠨ᠎ᠦ ᠠᠵᠢᠯᠲᠠᠳ᠎ᠤᠨ ᠨᠡᠢᠭᠡᠮᠯᠢᠭ᠎ᠦᠨ ᠲᠡᠷᠢᠭᠦᠯᠡᠭ᠌ᠴᠢ ᠾᠧ ᠫᠢᠩ᠂ 《ᠰᠣᠷᠪᠣᠯᠵᠢᠯᠠᠭ᠍ᠴᠢ᠎ᠵᠢᠨ ᠬᠡᠷ》 ᠭᠡᠬᠦ᠌ ᠶᠡᠬᠡ ᠬᠢᠴᠢᠶᠡᠯ᠎ᠤᠨ ᠲᠠᠩᠭᠢᠮ᠎ᠤᠨ ᠰᠤᠷᠭᠠᠨ ᠬᠥᠮᠦᠵᠢᠯ᠎ᠦᠨ ᠦᠶ᠋ᠯᠡᠳᠦᠯᠭᠡ᠎ᠶ᠋ᠢᠨ ᠰᠠᠭᠤᠷᠢᠨ᠎ᠢ ᠪᠥᠲᠥᠭᠡᠨ ᠪᠠᠢᠭᠤᠯᠬᠤ ᠪᠤᠯ᠂ ᠳᠤᠮᠳᠠᠳᠤ ᠤᠯᠤᠰ᠎ᠤᠨ ᠰᠣᠨᠢᠨ ᠮᠡᠳᠡᠭᠡᠨ᠎ᠦ ᠠᠵᠢᠯᠲᠠᠳ᠎ᠤᠨ ᠨᠡᠢᠭᠡᠮᠯᠢᠭ ᠮᠠᠷᠺᠰ᠎ᠤᠨ ᠦᠵᠡᠯ᠎ᠦᠨ ᠰᠣᠨᠢᠨ ᠮᠡᠳᠡᠭᠡᠨ᠎ᠦ ᠦᠵᠡᠯᠲᠡ᠎ᠶ᠋ᠢᠨ ᠬᠥᠮᠦᠵᠢᠯ᠎ᠢ ᠴᠢᠩᠭᠠᠳᠭᠠᠨ ᠰᠠᠢᠵᠢᠷᠠᠭᠤᠯᠵᠤ᠂ ᠰᠣᠨᠢᠨ ᠮᠡᠳᠡᠭᠡᠨ᠎ᠦ ᠹᠷᠣᠨᠲ᠎ᠤᠨ ᠬᠢᠨ ᠨᠠᠮ᠎ᠤᠨ ᠱᠢᠨ᠎ᠡ᠎ᠶ᠋ᠢ ᠡᠭᠦᠳᠦᠭᠰᠡᠨ ᠤᠨᠤᠯ᠎ᠢᠶᠠᠷ ᠲᠠᠷᠢᠬᠢ ᠲᠣᠯᠣᠭᠠᠢ᠎ᠪᠠᠨ ᠵᠡᠪᠰᠡᠭ᠌ᠯᠡᠬᠦ᠌᠂ ᠦᠶ᠋ᠯᠡᠳᠦᠯᠭᠡ᠎ᠶ᠋ᠢ ᠵᠢᠯᠣᠭᠣᠳᠭᠤ ᠵᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠦᠨ᠂ ᠥᠷᠭᠡᠨ ᠤᠯᠠᠨ ᠰᠣᠨᠢᠨ ᠮᠡᠳᠡᠭᠡᠨ᠎ᠦ ᠠᠵᠢᠯᠳᠠᠨ ᠲᠤᠬᠠᠢ᠎ᠶ᠋ᠢᠨ ᠭᠠᠵᠠᠷ᠎ᠲᠤᠨᠢ ᠰᠤᠷᠪᠤᠯᠵᠢᠯᠠᠬᠤ᠂ ᠲᠤᠰᠭᠠᠶ ᠰᠡᠳᠦᠪᠲᠦ ᠪᠣᠯᠪᠠᠰᠤᠷᠠᠯᠵᠢᠡᠷ ᠳᠠᠮᠵᠢᠨ᠂ ᠵᠢᠶᠤᠤ ᠢᠦᠶ ᠯᠦ᠍᠎ᠶ᠋ᠢᠨ ᠡᠷᠬᠢᠮ ᠳᠡᠭᠡᠳᠦ ᠬᠥᠭᠡᠭᠡᠴᠡᠯᠳᠦᠯ᠂ ᠭᠤᠶᠠᠴᠢ ᠦᠭᠡᠢ ᠵᠢᠳᠬᠦᠬᠦ ᠵᠣᠷᠢᠭ ᠰᠠᠨᠠᠭ᠎ᠠ᠂ ᠠᠷᠠᠳ᠎ᠤᠨ ᠲᠥᠯᠥᠭᠡ ᠭᠡᠬᠦ᠌ ᠬᠠᠢᠷ᠎ᠠ ᠰᠡᠳᠭᠢᠯᠭᠡ ᠵᠢ ᠲᠤᠬᠠᠶ᠎ᠶ᠋ᠢᠨ ᠲᠠᠯᠠᠪᠠᠢ ᠡᠴᠡ ᠤᠢᠯᠠᠭᠠᠵᠤ᠂ ᠮᠦ᠍ ᠴᠢᠩ ᠵᠡᠷᠭᠡ ᠠᠬᠠᠮᠠᠳ ᠨᠢᠭᠡ ᠦᠶ᠎ᠡ᠎ᠶ᠋ᠢᠨ ᠰᠣᠨᠢᠨ ᠮᠡᠳᠡᠭᠡᠨ᠎ᠦ ᠠᠵᠢᠯᠲᠠᠳ᠎ᠤᠨ ᠮᠦᠷ᠎ᠢ ᠳᠠᠭᠠᠵᠤ᠂ 《ᠳᠥᠷᠪᠡᠨ ᠴᠢᠳᠠᠪᠤᠷᠢ》 ᠵᠢᠨ ᠱᠠᠭᠠᠷᠳᠠᠯᠭ᠎ᠠ᠎ᠶ᠋ᠢ ᠦᠶ᠋ᠯᠡᠳᠦᠯᠭᠡᠵᠢᠭᠦᠯᠬᠦ᠌ ᠳᠤᠮᠳᠠ ᠠᠬᠠᠮᠠᠳ ᠦᠶ᠎ᠡ᠎ᠶ᠋ᠢᠨ ᠵᠣᠷᠢᠭ ᠰᠠᠨᠠᠭ᠎ᠠ᠎ᠶ᠋ᠢ ᠰᠤᠷᠤᠯᠴᠠᠵᠤ᠂ ᠢᠷᠠᠭᠤ ᠠᠯᠳᠠᠷᠲᠤ ᠤᠯᠠᠮᠵᠢᠯᠠᠯ᠎ᠢ ᠵᠠᠯᠭᠠᠮᠵᠢᠯᠠᠵᠤ᠂ ᠱᠢᠯᠭᠠᠷᠠᠭ᠍ᠰᠠᠨ ᠴᠢᠳᠠᠪᠤᠷᠢ᠎ᠶ᠋ᠢ ᠪᠣᠯᠪᠠᠰᠤᠷᠠᠭᠤᠯᠵᠤ᠂ ᠡᠭᠦᠨ᠎ᠢᠶᠡᠷ ᠳᠠᠮᠵᠢᠨ ᠤᠯᠤᠰ ᠲᠥᠷᠥ ᠪᠠᠲᠤ ᠴᠢᠩᠭ᠎ᠠ᠂ ᠲᠤᠬᠠᠢᠯᠠᠭ᠍ᠰᠠᠨ ᠠᠵᠢᠯ᠎ᠳᠠᠭᠠᠨ ᠴᠠᠭᠠᠷᠠᠭ᠍ᠰᠠᠨ᠂ ᠣᠪᠣᠷ ᠰᠤᠷᠲᠠᠯ ᠱᠢᠯᠢᠳᠡᠭ ᠰᠡᠢ᠌ᠠ᠂ ᠨᠠᠮ ᠪᠠ ᠠᠷᠠᠳ ᠲᠦᠮᠡᠨ ᠢ᠋ ᠰᠠᠨᠠᠭ᠎ᠠ ᠠᠮᠤᠷ ᠪᠠᠢᠯᠭᠠᠳᠠᠭ ᠰᠣᠨᠢᠨ ᠮᠡᠳᠡᠭᠡᠨ᠎ᠦ ᠡᠩᠨᠡᠭᠡ ᠵᠢ ᠬᠦᠮᠦᠵᠢᠭᠦᠯᠦᠨ᠎ᠡ ᠭᠡᠵᠦ ᠬᠡᠯᠡᠪᠡ᠃
ᠳᠤᠮᠳᠠᠳᠤ ᠤᠯᠤᠰ᠎ᠤᠨ ᠰᠣᠨᠢᠨ ᠮᠡᠳᠡᠭᠡᠨ᠎ᠦ ᠠᠵᠢᠯᠲᠠᠳ᠎ᠤᠨ ᠨᠡᠢᠭᠡᠮᠯᠢᠭ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠳᠡᠳ᠋ ᠲᠡᠷᠢᠭᠦᠯᠡᠭ᠌ᠴᠢ ᠯᠢᠦ ᠰᠧ ᠶᠠᠩ᠂ ᠯᠠᠨᠺᠤᠤ ᠪᠣᠯ ᠵᠢᠶᠤᠤ ᠢᠦᠢ ᠯᠦ᠍᠎ᠶ᠋ᠢᠨ ᠵᠣᠷᠢᠭ ᠰᠠᠨᠠᠭᠠᠨ᠎ᠤ ᠭᠤᠯᠤᠮᠳᠠ ᠮᠥᠨ᠂ ᠵᠢᠶᠤᠤ ᠢᠦᠢ ᠯᠦ᠍ ᠨᠥᠬᠥᠷ᠎ᠦᠨ ᠵᠢᠳᠭᠦᠨ ᠲᠡᠮᠡᠴᠡᠵᠦ᠍ ᠠᠮᠢ ᠪᠡᠶ᠎ᠡ᠎ᠪᠡᠨ ᠵᠣᠷᠢᠭᠤᠯᠤᠭ᠍ᠰᠠᠨ ᠭᠠᠵᠠᠷ ᠮᠥᠨ᠃ ᠯᠠᠨᠺᠤᠤ ᠪᠣᠯ ᠮᠦᠨ ᠴᠤ᠌ ᠠᠯᠳᠠᠷᠲᠤ ᠰᠤᠷᠪᠤᠯᠵᠢᠯᠠᠭ᠍ᠴᠢ ᠮᠦ᠍ ᠴᠢᠩ᠎ᠦᠨ ᠭᠦᠨᠵᠡᠭᠡᠢ ᠰᠤᠷᠪᠤᠯᠵᠢᠯᠠᠵᠤ᠂ ᠪᠠᠢᠴᠠᠭᠠᠨ ᠰᠤᠳᠤᠯᠤᠭ᠍ᠰᠠᠨ ᠭᠠᠵᠠᠷ ᠮᠥᠨ᠂ ᠳᠤᠮᠳᠠᠳᠤ ᠤᠯᠤᠰ᠎ᠤᠨ ᠰᠣᠨᠢᠨ ᠮᠡᠳᠡᠭᠡᠨ᠎ᠦ ᠲᠡᠦᠬᠡ᠎ᠶ᠋ᠢᠨ ᠰᠣᠩᠭᠣᠳᠠᠭ ᠨᠡᠷᠡᠲᠦ ᠵᠣᠬᠢᠶᠠᠯ 《ᠱᠢᠶᠠᠨ᠎ᠤ ᠨᠠᠮ᠎ᠤᠨ ᠬᠤᠷᠢᠶ᠎ᠠ᠎ᠵᠢᠨ ᠱᠦᠵᠢ᠎ᠶ᠋ᠢᠨ ᠦᠯᠢᠭᠡᠷ ᠳᠠᠭᠤᠷᠢᠶᠠᠯ — ᠵᠢᠶᠤᠤ ᠢᠦᠢ ᠯᠦ᠍》ᠵᠢᠨ ᠮᠡᠨᠳᠦᠯᠡᠭ᠌ᠰᠡᠨ ᠭᠠᠵᠠᠷ ᠮᠥᠨ᠃ ᠯᠠᠨᠺᠤᠤ ᠳ᠋ᠥ᠍ ᠪᠦᠬᠦ᠌ ᠤᠯᠤᠰ᠎ᠤᠨ ᠠᠩᠬᠠᠳᠠᠭ᠍ᠴᠢ 《ᠰᠣᠷᠪᠣᠯᠵᠢᠯᠠᠭ᠍ᠴᠢ᠎ᠵᠢᠨ ᠬᠡᠷ》 ᠭᠡᠬᠦ᠌ ᠶᠡᠬᠡ ᠬᠢᠴᠢᠶᠡᠯ᠎ᠤᠨ ᠲᠠᠩᠭᠢᠮ᠎ᠤᠨ ᠰᠤᠷᠭᠠᠨ ᠬᠥᠮᠦᠵᠢᠯ᠎ᠦᠨ ᠦᠢᠯᠡᠳᠦᠯᠭᠡ᠎ᠶ᠋ᠢᠨ ᠰᠠᠭᠤᠷᠢᠨ ᠪᠠᠢᠭᠤᠯᠬᠤ ᠨᠢ ᠰᠣᠨᠢᠨ ᠮᠡᠳᠡᠭᠡᠨ᠎ᠦ ᠠᠵᠢᠯᠲᠠᠳ᠎ᠤᠨ ᠭᠦᠨᠵᠡᠭᠡᠢᠷᠡᠬᠦ᠌ ᠴᠢᠳᠠᠪᠤᠷᠢ᠂ ᠠᠵᠢᠭ᠍ᠯᠠᠬᠤ ᠴᠢᠳᠠᠪᠤᠷᠢ᠂ ᠰᠡᠳᠭᠢᠬᠦ᠌ ᠴᠢᠳᠠᠪᠤᠷᠢ᠂ ᠪᠢᠴᠢᠬᠦ᠌ ᠴᠢᠳᠠᠪᠤᠷᠢ᠎ᠶ᠋ᠢ ᠴᠢᠩᠭᠠᠳᠬᠠᠵᠤ᠂ ᠨᠠᠮ ᠪᠠ ᠠᠷᠠᠳ ᠲᠦᠮᠡᠨ᠎ᠦ ᠢᠲᠡᠭᠡᠯ᠎ᠢ ᠣᠯᠤᠭ᠍ᠰᠠᠨ ᠰᠣᠨᠢᠨ ᠮᠡᠳᠡᠭᠡᠨ᠎ᠦ ᠠᠵᠢᠯᠲᠠᠳ ᠪᠣᠯᠬᠤ᠎ᠳᠤ ᠴᠢᠬᠤᠯᠠ ᠠᠴᠢ ᠬᠣᠯᠪᠣᠭ᠍ᠳᠠᠯ ᠲᠠᠶ ᠶᠤᠮ ᠭᠡᠵᠦ ᠢᠯᠡᠳᠭᠡᠪᠡ᠃
ᠲᠠᠨᠢᠯᠴᠠᠭᠤᠯᠤᠭ᠍ᠰᠠᠨ᠎ᠢᠶᠠᠷ᠂ ᠪᠣᠯᠪᠠᠰᠤᠷᠠᠯ᠎ᠤᠨ ᠬᠤᠭᠤᠴᠠᠭᠠᠨ᠎ᠳᠤ᠂ ᠵᠠᠯᠠᠭᠤ ᠭᠣᠣᠯᠯᠠᠭ᠍ᠴᠢ ᠰᠤᠷᠪᠤᠯᠵᠢᠯᠠᠭ᠍ᠴᠢ ᠶᠡᠷᠦᠩᠬᠡᠢ ᠱᠦᠵᠢ ᠰᠢ ᠵᠢᠨ ᠫᠢᠩ᠎ᠦᠨ ᠰᠣᠨᠢᠨ ᠮᠡᠳᠡᠭᠡ ᠶᠠᠷᠢᠶ᠎ᠠ ᠬᠡᠯᠡᠯᠴᠡᠭᠡᠨ᠎ᠦ ᠠᠵᠢᠯ᠎ᠤᠨ ᠲᠤᠬᠠᠢ ᠴᠢᠬᠤᠯᠠ ᠥᠭᠦᠯᠡᠯᠲᠡ᠂ ᠰᠣᠨᠢᠨ ᠮᠡᠳᠡᠭᠡᠨ᠎ᠦ ᠤᠨᠤᠯ ᠪᠣᠯᠤᠨ ᠰᠤᠷᠪᠤᠯᠵᠢᠯᠠᠨ ᠨᠠᠢᠷᠠᠭᠤᠯᠬᠤ ᠠᠵᠢᠯ᠂ ᠵᠢᠶᠤᠤ ᠢᠦᠢ ᠯᠦ᠍᠎ᠶ᠋ᠢᠨ ᠵᠣᠷᠢᠭ ᠰᠠᠨᠠᠭ᠎ᠠ᠎ᠶ᠋ᠢ ᠪᠠᠳᠠᠷᠠᠭᠤᠯᠬᠤ ᠵᠡᠷᠭᠡ ᠬᠢᠴᠢᠶᠡᠯ᠎ᠢ ᠭᠦᠨᠵᠡᠭᠡᠢ ᠰᠤᠷᠤᠯᠴᠠᠵᠦ᠍᠂ 《ᠮᠦ᠍ ᠴᠢᠩ᠎ᠡᠴᠡ ᠰᠤᠷᠤᠯᠴᠠᠵᠦ᠍᠂ 〈ᠲᠦᠷᠪᠡᠨ ᠴᠢᠳᠠᠪᠤᠷᠢ〉 ᠪᠠᠨ ᠴᠢᠩᠭᠠᠳᠭᠠᠬᠤ ᠭᠣᠣᠯ ᠰᠡᠳᠦᠪᠲᠦ ᠦᠵᠡᠭᠦᠯᠭᠡ》 ᠵᠢ ᠲᠣᠭᠣᠷᠢᠨ ᠦᠵᠡᠵᠦ᠍᠂ ᠾᠧᠨᠠᠨ ᠮᠤᠵᠢ᠎ᠶ᠋ᠢᠨ ᠯᠠᠨᠺᠤᠤ ᠱᠢᠶᠠᠨ᠎ᠤ ᠳ᠋ᠦᠩ ᠪᠠ ᠳᠧᠦ ᠪᠠᠯᠭᠠᠰᠤ᠎ᠶ᠋ᠢᠨ ᠵᠠᠩ ᠵᠤᠸᠠᠩ ᠲᠣᠰᠭᠣᠨ᠂ ᠢ ᠹᠸᠩ ᠪᠠᠯᠭᠠᠰᠤ᠎ᠶ᠋ᠢᠨ ᠳ᠋ᠠᠢ ᠵᠤᠸᠠᠩ ᠲᠣᠰᠭᠣᠨ ᠵᠡᠷᠭᠡ ᠭᠠᠵᠠᠷ᠎ᠢᠶᠠᠷ ᠲᠣᠭᠣᠷᠢᠨ ᠦᠵᠡᠨ᠎ᠡ᠃
(ᠱᠢᠨᠬᠤᠸᠠ ᠬᠤᠷᠢᠶ᠎ᠠ᠎ᠵᠢᠨ ᠵᠸᠩᠵᠸᠦ᠍ᠶ᠋ᠢᠨ 8 ᠰᠠᠷ᠎ᠠ᠎ᠶ᠋ᠢᠨ 30᠎ᠤ᠋ ᠴᠠᠬᠢᠯᠭᠠᠨ ᠮᠡᠳᠡᠭᠡ)