ᠤᠯᠤᠰ᠎ᠤᠨ ᠦᠶᠡᠷ᠎ᠢ ᠰᠡᠷᠭᠡᠢᠯᠡᠵᠦ᠍ ᠭᠠᠩ ᠬᠠᠭ᠍ᠰᠠᠷᠠᠭᠠᠨ ᠲᠠᠶ ᠲᠡᠮᠡᠴᠡᠬᠦ᠌ ᠶᠡᠷᠦᠩᠬᠡᠶ ᠵᠢᠯᠣᠭᠣᠳᠭᠤ ᠭᠠᠵᠠᠷ 6 ᠮᠤᠵᠢ᠎ᠳᠤ ᠴᠢᠭ᠌ᠯᠡᠭᠦᠯᠦᠨ ᠦᠶᠡᠷ᠎ᠢ ᠰᠡᠷᠭᠡᠢᠯᠡᠵᠦ᠍ ᠲᠠᠢᠹᠧᠩ ᠰᠠᠯᠬᠢ᠎ᠶ᠋ᠢ ᠰᠡᠷᠭᠡᠢᠯᠡᠬᠦ᠌ ᠳᠥᠷᠪᠡᠳᠦᠭᠡᠷ ᠳᠡᠰ᠎ᠤᠨ ᠪᠠᠴᠢᠮ ᠪᠠᠢᠳᠠᠯ᠎ᠢ ᠠᠷᠭᠠᠴᠡᠭᠠᠬᠤ ᠲᠥᠰᠦᠯ᠎ᠢ ᠡᠬᠢᠯᠡᠭᠦᠯᠪᠡ
2023-09-01 11:09:57
ᠵᠣᠬᠢᠶᠠᠭ᠍ᠴᠢ᠄
ᠵᠧᠸ᠋ ᠶᠤᠸᠠᠨ᠂ ᠸᠠᠩ ᠢᠦᠶ ᠬᠤᠤ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ 30᠎ᠤ᠋ ᠡᠳᠦᠷ ᠪᠠᠴᠢᠮ ᠪᠠᠢᠳᠠᠯ᠎ᠢ ᠠᠷᠭᠠᠴᠡᠭᠠᠬᠤ ᠬᠠᠮᠢᠶᠠᠷᠤᠯᠲᠠ᠎ᠶ᠋ᠢᠨ ᠶᠠᠮᠤᠨ᠎ᠡᠴᠡ ᠣᠢᠯᠠᠭᠠᠭ᠍ᠰᠠᠨ᠎ᠢᠶᠠᠷ᠂ ᠤᠯᠤᠰ᠎ᠤᠨ ᠦᠶᠡᠷ᠎ᠢ ᠰᠡᠷᠭᠡᠢᠯᠡᠵᠦ᠍ ᠭᠠᠩ ᠬᠠᠭ᠍ᠰᠠᠷᠠᠭᠠᠨ᠎ᠲᠠᠶ ᠲᠡᠮᠡᠴᠡᠬᠦ᠌ ᠶᠡᠷᠦᠩᠬᠡᠶ ᠵᠢᠯᠣᠭᠣᠳᠭᠤ ᠭᠠᠵᠠᠷ᠎ᠨᠢ ᠱᠠᠩᠬᠠᠶ᠂ ᠵᠢᠶᠠᠩᠰᠦ᠂ ᠵᠧᠵᠢᠶᠠᠩ᠂ ᠹᠦᠵᠢᠶᠠᠨ᠂ ᠭᠤᠸᠠᠩᠳᠦ᠋ᠩ᠂ ᠬᠠᠢᠨᠠᠨ ᠵᠡᠷᠭᠡ ᠮᠤᠵᠢ ᠣᠷᠣᠨ᠎ᠳᠤ ᠴᠢᠭ᠌ᠯᠡᠭᠦᠯᠦᠨ ᠦᠶᠡᠷ᠎ᠢ ᠰᠡᠷᠭᠡᠢᠯᠡᠵᠦ᠍ ᠲᠠᠢᠹᠧᠩ ᠰᠠᠯᠬᠢ᠎ᠶ᠋ᠢ ᠰᠡᠷᠭᠡᠢᠯᠡᠬᠦ᠌ ᠳᠥᠷᠪᠡᠳᠦᠭᠡᠷ ᠳᠡᠰ᠎ᠤᠨ ᠪᠠᠴᠢᠮ ᠪᠠᠢᠳᠠᠯ᠎ᠢ ᠠᠷᠭᠠᠴᠠᠭᠠᠬᠤ ᠲᠥᠰᠦᠯ᠎ᠢ ᠡᠬᠢᠯᠡᠭᠦᠯᠦᠭ᠌ᠰᠡᠨ ᠪᠥᠭᠡᠳ ᠠᠵᠢᠯᠯᠠᠬᠤ ᠳᠤᠭᠤᠢᠯᠠᠩ ᠲᠣᠮᠢᠯᠠᠨ ᠹᠦᠵᠢᠶᠠᠨ᠂ ᠭᠤᠸᠠᠩᠳᠦ᠋ᠩ᠎ᠳᠦ ᠣᠴᠢᠭᠤᠯᠵᠤ ᠲᠠᠢᠹᠧᠩ ᠰᠠᠯᠬᠢ᠎ᠶ᠋ᠢ ᠰᠡᠷᠭᠡᠢᠯᠡᠬᠦ᠌ ᠠᠵᠢᠯ᠎ᠢ ᠬᠠᠪᠰᠤᠷᠤᠨ ᠵᠢᠯᠣᠭᠣᠳᠴᠠᠶ᠃

ᠤᠯᠤᠰ᠎ᠤᠨ ᠦᠶᠡᠷ᠎ᠢ ᠰᠡᠷᠭᠡᠢᠯᠡᠵᠦ᠍ ᠭᠠᠩ ᠬᠠᠭ᠍ᠰᠠᠷᠠᠭᠠᠨ᠎ᠲᠠᠶ ᠲᠡᠮᠡᠴᠡᠬᠦ᠌ ᠶᠡᠷᠦᠩᠬᠡᠶ ᠵᠢᠯᠣᠭᠣᠳᠭᠤ ᠭᠠᠵᠠᠷ᠎ᠤᠨ ᠠᠯᠪᠠᠨ ᠭᠡᠷ᠂ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠶᠠᠮᠤᠨ 30 ᠎ᠤ᠋ ᠡᠳᠦᠷ ᠦᠶᠡᠷ᠎ᠢ ᠰᠡᠷᠭᠡᠢᠯᠡᠵᠦ᠍ ᠲᠠᠢᠹᠧᠩ ᠰᠠᠯᠬᠢ᠎ᠶ᠋ᠢ ᠰᠡᠷᠭᠡᠢᠯᠡᠬᠦ᠌ ᠲᠤᠰᠭᠠᠶ ᠰᠡᠳᠦᠪᠲᠦ ᠸᠢᠳᠢᠤ᠋᠎ᠬᠤᠷᠠᠯ᠎ᠢ ᠵᠣᠬᠢᠶᠠᠨ ᠪᠠᠢᠭᠤᠯᠵᠤ ᠲᠣᠬᠢᠷᠠᠭᠤᠯᠬᠤ ᠠᠵᠢᠯ᠎ᠢ ᠵᠦᠪᠳᠡᠯᠴᠡᠵᠦ᠂ ᠳᠤᠮᠳᠠᠳᠤ ᠤᠯᠤᠰ᠎ᠤᠨ ᠴᠠᠭ ᠠᠭᠤᠷ᠎ᠤᠨ ᠲᠣᠪᠴᠢᠶ᠎ᠠ᠂ ᠤᠰᠤᠨ ᠠᠱᠢᠭ᠍ᠯᠠᠯᠲᠠ᠎ᠶ᠋ᠢᠨ ᠶᠠᠮᠤᠨ᠂ ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ᠎ᠤ ᠬᠣᠯᠪᠣᠭᠠᠲᠤ ᠬᠤᠷᠠᠯ᠎ᠲᠠᠶ ᠬᠠᠮᠲᠤᠷᠠᠨ ᠱᠢᠷᠦᠭᠦᠨ ᠪᠣᠷᠣᠭᠠᠨ ᠪᠠ ᠲᠠᠢᠹᠧᠩ ᠰᠠᠯᠬᠢ 《ᠰᠦᠯᠡ》᠂ 《ᠬᠠᠶ ᠺᠦᠶ》 ᠶ᠋ᠢᠨ ᠬᠥᠭ᠌ᠵᠢᠯᠲᠡ᠎ᠶ᠋ᠢᠨ ᠬᠠᠨᠳᠤᠰᠢ᠎ᠶ᠋ᠢ ᠰᠤᠳᠤᠯᠤᠨ ᠮᠠᠭᠠᠳᠯᠠᠵᠤ᠂ ᠵᠧᠵᠢᠶᠠᠩ᠂ ᠹᠦᠵᠢᠶᠠᠨ᠂ ᠭᠤᠸᠠᠩᠳᠦ᠋ᠩ ᠵᠡᠷᠭᠡ ᠮᠤᠵᠢ ᠣᠷᠣᠨ᠎ᠢ ᠸᠢᠳᠢᠤ᠋ ᠪᠠᠷ ᠲᠣᠬᠢᠷᠠᠭᠤᠯᠵᠤ᠂ ᠭᠤᠤᠯᠳᠠᠯᠭ᠎ᠠ ᠲᠠᠶ ᠭᠠᠵᠠᠷ ᠣᠷᠣᠨ᠎ᠤ ᠦᠶᠡᠷ᠎ᠢ ᠰᠡᠷᠭᠡᠢᠯᠡᠵᠦ᠍ ᠲᠠᠢᠹᠧᠩ ᠰᠠᠯᠬᠢ᠎ᠶ᠋ᠢ ᠰᠡᠷᠭᠡᠢᠯᠡᠬᠦ᠌ ᠠᠵᠢᠯ᠎ᠢ ᠪᠠᠢᠷᠢᠯᠠᠭᠤᠯᠪᠠ᠃

ᠵᠥᠪᠳᠡᠯᠴᠡᠭ᠌ᠰᠡᠨ ᠦᠷ᠎ᠡ ᠳ᠋ᠦᠩ᠎ᠢ ᠦᠨᠳᠦᠰᠦᠯᠡᠪᠡᠯ᠂ ᠲᠠᠢᠹᠧᠩ ᠰᠠᠯᠬᠢ 《ᠰᠦᠯᠡ》 ᠵᠢᠱ᠌ᠢᠯᠲᠡ ᠪᠡᠷ 30᠎ᠤ᠋ ᠰᠦᠨᠢ ᠪᠤᠶᠤ 31᠎ᠤ᠋ ᠥᠷᠯᠥᠭᠡ ᠡᠮᠦᠨᠡᠲᠦ ᠲᠠᠩᠭᠢᠰ᠎ᠤᠨ ᠵᠡᠭᠦᠨ ᠬᠣᠢᠲᠤ ᠬᠡᠰᠡᠭ᠎ᠦᠨ ᠲᠡᠯᠡᠶ᠎ᠶ᠋ᠢᠨ ᠭᠠᠳᠠᠷᠭᠤ᠎ᠳᠤ ᠱᠢᠯᠵᠢᠵᠦ᠍᠂ ᠹᠦᠵᠢᠶᠠᠨ᠎ᠤ ᠡᠮᠦᠨᠡᠲᠦ ᠬᠡᠰᠡᠭ᠎ᠡᠴᠡ ᠭᠤᠸᠠᠩᠳᠦ᠋ᠩ᠎ᠦᠨ ᠵᠡᠭᠦᠨ ᠬᠡᠰᠡᠭ ᠬᠦᠷᠲᠡᠯᠡᠬᠢ ᠲᠡᠯᠡᠶ ᠳᠠᠭᠠᠤ ᠣᠷᠣᠨ᠎ᠲᠠᠶ ᠠᠭᠠᠵᠢᠮ᠎ᠢᠶᠠᠷ ᠣᠢᠷᠠᠳᠴᠤ᠂ 9 ᠰᠠᠷ᠎ᠠ᠎ᠶ᠋ᠢᠨ 1 ᠤ᠋ ᠡᠳᠦᠷ ᠳᠡᠭᠡᠷ᠎ᠡ ᠳᠤᠷᠠᠳᠤᠭ᠍ᠰᠠᠨ ᠲᠡᠯᠡᠶ ᠳᠠᠭᠠᠤ᠎ᠤᠷᠤᠨ᠎ᠵᠢᠡᠷ ᠬᠠᠭᠤᠷᠠᠶ᠎ᠳᠤ ᠭᠠᠷᠬᠤ ᠪᠤᠶᠤ ᠭᠤᠸᠠᠩᠳᠦ᠋ᠩ᠎ᠦᠨ ᠵᠡᠭᠦᠨ ᠬᠡᠰᠡᠭ᠎ᠦᠨ ᠡᠷᠭᠢ ᠣᠢᠷᠠᠯᠴᠠᠭ᠎ᠠ ᠲᠡᠯᠡᠶ ᠵᠢᠨ ᠭᠠᠳᠠᠷᠭᠤ᠎ᠡᠴᠡ ᠪᠠᠷᠠᠭᠤᠨ ᠡᠮᠦᠨᠡᠰᠢ ᠴᠢᠭ᠌ᠯᠡᠯ᠎ᠢᠶᠡᠷ ᠱᠢᠯᠵᠢᠵᠦ᠍ ᠮᠡᠳᠡᠨ᠎ᠡ; ᠲᠠᠢᠹᠧᠩ ᠰᠠᠯᠬᠢ 《ᠬᠠᠢ ᠺᠦᠢ》 ᠪᠠᠷᠠᠭᠤᠨ ᠡᠮᠦᠨ᠎ᠡ ᠡᠴᠡ ᠤᠮᠠᠷᠠᠰᠢᠯᠠᠵᠤ᠂ 9 ᠰᠠᠷ᠎ᠠ᠎ᠶ᠋ᠢᠨ 3᠎ᠤ᠋ ᠡᠳᠦᠷ᠎ᠦᠨ ᠤᠷᠢᠳ ᠬᠣᠵᠢᠳ᠎ᠢᠶᠠᠷ ᠵᠡᠭᠦᠨ ᠲᠠᠯᠠᠢ ᠵᠢᠨ ᠡᠮᠦᠨ᠎ᠠ ᠪᠡᠶ᠎ᠠ ᠵᠢᠨ ᠲᠡᠯᠡᠶ᠎ᠶ᠋ᠢᠨ ᠣᠷᠣᠨ᠎ᠢ ᠨᠥᠯᠥᠭᠡᠯᠡᠵᠦ᠍ ᠮᠡᠳᠡᠨ᠎ᠡ᠃ ᠲᠠᠢᠹᠧᠩ ᠰᠠᠯᠬᠢᠨ᠎ᠤ ᠵᠠᠮ᠂ ᠬᠡᠮᠵᠢᠶ᠎ᠡ ᠳᠡᠰ ᠪᠣᠯᠤᠨ ᠨᠥᠯᠥᠭᠡᠯᠡᠬᠦ᠌ ᠣᠷᠣᠨ ᠪᠦᠰᠡ᠎ᠳᠦ ᠲᠣᠭ᠍ᠲᠠᠪᠤᠷᠢ ᠦᠭᠡᠶ ᠴᠢᠨᠠᠷ ᠣᠷᠣᠱᠢᠵᠤ᠂ ᠦᠶᠡᠷ᠎ᠢ ᠰᠡᠷᠭᠡᠢᠯᠡᠵᠦ᠍ ᠲᠠᠢᠹᠧᠩ ᠰᠠᠯᠬᠢ᠎ᠶ᠋ᠢ ᠰᠡᠷᠭᠡᠢᠯᠡᠬᠦ᠌ ᠪᠠᠢᠳᠠᠯ ᠪᠤᠳᠤᠯᠢᠶᠠᠨᠲᠠᠶ ᠪᠥᠭᠡᠳ ᠬᠦᠨᠳᠦ ᠨᠣᠴᠢᠲᠠᠶ ᠪᠠᠢᠨ᠎ᠠ᠃

ᠵᠦᠪᠳᠡᠯᠴᠡᠵᠦ ᠵᠢᠭᠠᠵᠤ ᠭᠠᠷᠭᠠᠭᠰᠠᠨ ᠨᠢ᠂ ᠵᠠᠰᠠᠭ ᠵᠠᠬᠢᠷᠭᠠᠨ᠎ᠤ ᠳᠠᠷᠤᠭ᠎ᠠ ᠬᠠᠷᠢᠭᠤᠴᠠᠬᠤ ᠲᠦᠷᠢᠮ᠎ᠢᠶᠡᠷ ᠭᠤᠤᠯ ᠪᠣᠯᠭᠠᠭ᠍ᠰᠠᠨ ᠦᠶᠡᠷ᠎ᠢ ᠰᠡᠷᠭᠡᠢᠯᠡᠵᠦ᠍ ᠲᠠᠢᠹᠧᠩ ᠰᠠᠯᠬᠢ᠎ᠶ᠋ᠢ ᠰᠡᠷᠭᠡᠢᠯᠡᠬᠦ᠌ ᠡᠯ᠎ᠡ ᠵᠦᠶ᠋ᠯ᠎ᠦᠨ ᠬᠠᠷᠢᠭᠤᠴᠠᠯᠭ᠎ᠠ᠎ᠶ᠋ᠢ ᠦᠷᠭᠦᠯᠵᠢᠯᠡᠨ ᠪᠣᠳᠠᠲᠠᠢᠵᠢᠭᠤᠯᠵᠤ᠂ ᠬᠠᠷᠢᠭᠤᠴᠠᠯᠭᠠᠲᠠᠨ᠎ᠤ ᠡᠮᠦᠨ᠎ᠡ ᠹᠷᠣᠨᠲ᠎ᠲᠤ ᠭᠦᠨᠵᠡᠭᠡᠢᠷᠡᠨ᠂ ᠡᠮᠦᠨ᠎ᠡ ᠹᠷᠣᠨᠲ᠎ᠲᠤ ᠵᠢᠭᠠᠨ ᠵᠢᠯᠣᠭᠣᠳᠭᠤ᠎ᠶ᠋ᠢ ᠱᠠᠯᠠᠪᠳᠠᠭᠤᠯᠬᠤ ᠬᠡᠷᠡᠭ᠌ᠲᠡᠶ; ᠲᠠᠢᠹᠧᠩ ᠰᠠᠯᠬᠢᠨ᠎ᠤ ᠡᠷᠴᠢᠮ᠎ᠤᠨ ᠬᠤᠪᠢᠷᠠᠯᠲᠠ ᠵᠢᠴᠢ ᠠᠪᠴᠢᠷᠠᠭ᠍ᠰᠠᠨ ᠰᠠᠯᠬᠢ ᠪᠣᠷᠣᠭᠠᠨ᠎ᠤ ᠨᠥᠯᠥᠭᠡ᠎ᠶ᠋ᠢ ᠨᠢᠭ᠍ᠲᠠ ᠠᠵᠢᠭ᠍ᠯᠠᠵᠤ᠂ ᠣᠩᠭᠣᠴᠠ ᠰᠠᠯ ᠭᠠᠷᠠᠮ᠎ᠳᠠᠭᠠᠨ ᠪᠤᠴᠠᠬᠤ ᠪᠠ ᠬᠥᠮᠦᠰ᠎ᠦᠨ ᠡᠷᠭᠢ᠎ᠳᠦ ᠭᠠᠷᠬᠤ ᠠᠵᠢᠯ᠎ᠢ ᠵᠣᠬᠢᠶᠠᠨ ᠪᠠᠢᠭᠤᠯᠤᠨ ᠰᠠᠢᠲᠤᠷ ᠬᠢᠵᠦ᠍᠂ ᠪᠠᠭᠤᠷᠠᠶ ᠭᠣᠭ᠍ᠴᠣᠭ᠎ᠠ᠎ᠶ᠋ᠢ ᠴᠢᠩᠭ᠎ᠠ ᠠᠩᠬᠠᠷᠴᠤ᠌᠂ ᠪᠠᠢᠳᠠᠯ᠎ᠢ ᠦᠵᠡᠵᠦ᠍ ᠪᠠᠢᠭᠠᠳ ᠬᠠᠭᠠᠵᠤ ᠵᠣᠭ᠍ᠰᠣᠭᠠᠬᠤ ᠬᠠᠮᠢᠶᠠᠷᠤᠨ ᠡᠵᠡᠮᠳᠡᠬᠦ᠌ ᠠᠷᠭ᠎ᠠ ᠬᠡᠮᠵᠢᠶ᠎ᠡ ᠠᠪᠬᠤ ᠬᠡᠷᠡᠭ᠌ᠲᠡᠶ; ᠬᠠᠭᠤᠷᠠᠶ ᠳᠡᠭᠡᠷᠡᠬᠢ ᠱᠢᠷᠦᠭᠦᠨ ᠪᠣᠷᠣᠭᠠᠨ ᠱᠢᠷᠦᠭᠦᠨ ᠰᠠᠯᠬᠢ᠎ᠶ᠋ᠢ ᠰᠡᠷᠭᠡᠢᠯᠡᠨ ᠠᠷᠭᠠᠴᠠᠭᠠᠬᠤ᠎ᠶ᠋ᠢ ᠲᠣᠪᠣᠢᠮ᠎ᠠ ᠰᠠᠢᠲᠤᠷ ᠠᠳᠭᠤᠵᠤ᠂ ᠤᠷᠢᠳᠴᠢᠯᠠᠨ ᠰᠡᠷᠡᠮᠵᠢᠯᠡᠭᠦᠯᠵᠦ ᠪᠠᠴᠢᠮ ᠪᠠᠢᠳᠠᠯ᠎ᠢ ᠠᠷᠭᠠᠴᠠᠭᠠᠬᠤ ᠬᠣᠯᠪᠣᠭᠠᠯᠠᠨ ᠬᠥᠳᠡᠯᠦᠯᠴᠡᠬᠦ ᠶ᠋ᠢ ᠴᠢᠩᠭᠠᠷᠠᠭᠤᠯᠤᠨ᠂ ᠦᠨᠳᠦᠰᠦᠨ ᠱᠠᠲᠤᠨ᠎ᠤ ᠬᠠᠷᠢᠭᠤᠴᠠᠯᠭᠠᠲᠠᠨ᠎ᠳᠤ ᠬᠦᠷᠲᠡᠯ᠎ᠡ ᠭᠠᠮᠱᠢᠭ᠎ᠤᠨ ᠡᠮᠦᠨ᠎ᠠ ᠤᠷᠢᠳᠴᠢᠯᠠᠨ ᠰᠡᠷᠡᠮᠵᠢᠯᠡᠭᠦᠯᠬᠦ 《ᠳᠠᠭᠤᠳᠠᠬᠤ》 ᠲᠣᠭ᠍ᠲᠡᠴᠡ᠎ᠶ᠋ᠢ ᠰᠢᠭᠤᠳ ᠨᠠᠢᠳᠠᠪᠤᠷᠢᠵᠢᠭᠤᠯᠵᠤ᠂ ᠡᠭ᠌ᠴᠡ ᠬᠥᠲᠥᠯ ᠨᠠᠯᠠᠤ ᠢᠷᠮᠡᠭ᠂ ᠪᠠᠢᠭᠤᠯᠵᠤ ᠪᠠᠢᠭ᠎ᠠ ᠪᠠᠷᠢᠯᠭ᠎ᠠ᠎ᠶ᠋ᠢᠨ ᠭᠠᠵᠠᠷ᠂ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ᠂ ᠨᠤᠷᠠᠬᠤ ᠠᠶᠤᠯᠲᠠᠶ ᠬᠠᠭᠤᠴᠢᠨ ᠬᠡᠷ ᠪᠠᠢᠱᠢᠩ᠂ ᠦᠶ᠋ᠯᠡᠳᠪᠦᠷᠢ ᠠᠭᠤᠷᠬᠠᠶ᠎ᠶ᠋ᠢᠨ ᠠᠵᠤ ᠠᠬᠤᠢᠯᠠᠯ ᠵᠡᠷᠭᠡ ᠠᠶᠤᠯᠲᠠᠢ ᠣᠷᠣᠨ᠎ᠤ ᠬᠥᠮᠦᠰ᠎ᠢ ᠡᠷᠡᠰ᠎ᠢᠶᠡᠷ ᠵᠣᠬᠢᠶᠠᠨ ᠪᠠᠢᠭᠤᠯᠤᠨ ᠱᠢᠯᠵᠢᠭᠦᠯᠵᠦ᠍ ᠠᠶᠤᠯ᠎ᠡᠴᠡ ᠵᠠᠢᠯᠠᠭᠤᠯᠬᠤ ᠬᠡᠷᠡᠭᠲᠡᠢ ᠭᠡᠵᠡᠢ᠃

(ᠱᠢᠨᠬᠤᠸᠠ ᠬᠤᠷᠢᠶ᠎ᠠ᠎ᠵᠢᠨ ᠪᠡᠭᠡᠵᠢᠩ᠎ᠦᠨ 8 ᠰᠠᠷ᠎ᠠ᠎ᠶ᠋ᠢᠨ 30᠎ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号