ᠥᠪᠡᠷᠲᠡᠭᠡᠨ ᠵᠠᠰᠠᠬᠤ ᠣᠷᠣᠨ᠎ᠤ ᠲᠤᠷᠱᠢᠯᠲᠠ᠎ᠶ᠋ᠢᠨ ᠲᠠᠰᠤᠭ᠎ᠤᠨ ᠰᠢᠰᠲ᠋ᠸᠮ᠎ᠤᠨ ᠪᠦᠳᠦᠭᠡᠨ ᠪᠠᠢᠭᠤᠯᠤᠯᠲᠠ ᠴᠢᠬᠤᠯᠠ ᠶᠡᠬᠡ ᠱᠢᠪᠲᠤᠯᠤᠯᠲᠠ ᠲᠠᠢ ᠪᠤᠯᠵᠠᠢ
2023-09-11 17:21:43
ᠵᠣᠬᠢᠶᠠᠭ᠍ᠴᠢ᠄
ᠤᠯᠠᠭᠠᠨᠲᠤᠶᠠᠭ᠎ᠠ
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠢᠩᠬᠢᠮ᠎ᠡᠴᠡ ᠣᠢᠯᠠᠭᠠᠭ᠍ᠰᠠᠨ᠎ᠢᠶᠠᠷ᠂ ᠦᠪᠡᠷᠲᠡᠭᠡᠨ ᠵᠠᠰᠠᠬᠤ ᠤᠷᠤᠨ ᠡᠴᠡ ᠤᠢᠷ᠎ᠠ᠎ᠳᠤ ᠳᠠᠯᠠᠨ ᠬᠠᠷ᠎ᠠ ᠠᠭᠤᠯᠠ᠎ᠶ᠋ᠢᠨ ᠲᠤᠷᠱᠢᠯᠲᠠ᠎ᠶ᠋ᠢᠨ ᠲᠠᠰᠤᠭ ᠪᠤᠯᠤᠨ ᠣᠷᠳᠣᠰ᠎ᠤᠨ ᠲᠤᠷᠱᠢᠯᠲᠠ᠎ᠶ᠋ᠢᠨ ᠲᠠᠰᠤᠭ ᠡᠨᠡ ᠬᠤᠶᠠᠷ ᠦᠪᠦᠷ ᠮᠤᠩᠭᠤᠯ᠎ᠤᠨ ᠲᠤᠷᠰᠢᠯᠳᠠ ᠵᠢᠨ ᠲᠠᠰᠤᠭ᠎ᠢ ᠪᠦᠲᠦᠭᠡᠨ ᠪᠠᠢᠭᠤᠯᠬᠤ ᠵᠢ ᠵᠦᠪᠰᠢᠶᠡᠷᠡᠪᠡ᠃ ᠡᠨᠡ ᠪᠣᠯ ᠥᠪᠡᠷᠲᠡᠭᠡᠨ ᠵᠠᠰᠠᠬᠤ ᠣᠷᠣᠨ᠎ᠤ ᠲᠤᠷᠱᠢᠯᠲᠠ᠎ᠶ᠋ᠢᠨ ᠲᠠᠰᠤᠭ᠎ᠤᠨ ᠰᠢᠰᠲ᠋ᠸᠮ᠎ᠤᠨ ᠪᠦᠳᠦᠭᠡᠨ ᠪᠠᠢᠭᠤᠯᠤᠯᠲᠠ᠎ᠶ᠋ᠢᠨ ᠴᠢᠬᠤᠯᠠ ᠶᠡᠬᠡ ᠱᠢᠪᠲᠤᠯᠤᠯᠲᠠ ᠪᠠᠢᠵᠤ᠂ ᠦᠪᠦᠷ ᠮᠤᠩᠭᠤᠯ᠎ᠤᠨ ᠲᠤᠷᠱᠢᠯᠲᠠ᠎ᠶ᠋ᠢᠨ ᠲᠠᠰᠤᠭ᠎ᠤᠨ ᠪᠦᠳᠦᠭᠡᠨ ᠪᠠᠢᠭᠤᠯᠤᠯᠲᠠ ᠵᠢᠩᠬᠢᠨᠢ ᠪᠡᠷ ᠡᠬᠢᠯᠡᠭ᠌ᠰᠡᠨ᠎ᠢ ᠬᠠᠷᠠᠭᠤᠯᠵᠤ᠂ ᠮᠠᠨ᠎ᠤ ᠣᠷᠣᠨ᠎ᠤ ᠮᠤᠵᠢ᠎ᠶ᠋ᠢᠨ ᠲᠠᠰ᠎ᠤᠨ ᠲᠤᠷᠱᠢᠯᠲᠠ᠎ᠶ᠋ᠢᠨ ᠲᠠᠰᠤᠭ᠎ᠤᠨ ᠬᠣᠭᠣᠰᠣᠨ᠎ᠢ ᠨᠥᠬᠥᠪᠥᠷᠢᠯᠡᠵᠦ᠍᠂ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠦᠶ᠋ᠯᠡᠰ᠎ᠦᠨ ᠬᠥᠭ᠌ᠵᠢᠯᠲᠡ᠎ᠶ᠋ᠢᠨ ᠲᠡᠦᠬᠡᠨ᠎ᠳᠦ ᠬᠥᠱᠢᠶ᠎ᠡ ᠳᠤᠷᠠᠰᠭᠠᠯ᠎ᠤᠨ ᠠᠴᠢ ᠬᠣᠯᠪᠣᠭ᠍ᠳᠠᠯ ᠲᠠᠶ ᠶᠤᠮ᠃

ᠳᠠᠯᠠᠨ ᠬᠠᠷ᠎ᠠ ᠠᠭᠤᠯᠠ᠎ᠶ᠋ᠢᠨ ᠲᠤᠷᠱᠢᠯᠲᠠ᠎ᠶ᠋ᠢᠨ ᠲᠠᠰᠤᠭ᠂ ᠣᠷᠳᠣᠰ᠎ᠤᠨ ᠲᠤᠷᠱᠢᠯᠲᠠ᠎ᠶ᠋ᠢᠨ ᠲᠠᠰᠤᠭ ᠪᠤᠯ ᠮᠠᠨ᠎ᠤ ᠤᠷᠤᠨ᠎ᠤ ᠡᠯᠪᠡᠭ ᠪᠠᠶᠠᠯᠢᠭ ᠡᠨᠧᠷᠭᠢ᠎ᠶ᠋ᠢᠨ ᠡᠬᠢ ᠪᠠᠶᠠᠯᠢᠭ ᠪᠠ ᠬᠡᠷᠡᠭ᠌ᠯᠡᠭᠡᠨ᠎ᠦ ᠠᠬᠤᠶ ᠪᠠᠢᠳᠠᠯ᠎ᠳᠤ ᠰᠠᠭᠤᠷᠢᠯᠠᠵᠤ᠂ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ ᠪᠣᠯᠤᠨ 《ᠬᠤᠤᠰ ᠨᠡᠭᠦᠷᠡᠰᠦᠳᠦᠢ᠍ᠷᠦᠭ᠌ᠴᠢ》 ᠵᠢᠨ ᠪᠠᠢᠯᠳᠤᠬᠤ ᠪᠣᠳᠣᠯᠭ᠎ᠠ᠎ᠶ᠋ᠢᠨ ᠬᠠᠷᠠᠯᠲᠠ ᠳ᠋ᠤ ᠴᠢᠭᠯᠡᠬᠦᠯᠵᠦ᠂ ᠲᠤᠰ ᠲᠤᠰ ᠱᠢᠨ᠎ᠡ ᠬᠡᠯᠪᠡᠷᠢ᠎ᠶ᠋ᠢᠨ ᠴᠠᠬᠢᠯᠭᠠᠨ ᠬᠦᠴᠦᠨ᠎ᠦ ᠱᠢᠰᠲ᠋ᠧᠮ ᠪᠠ ᠨᠡᠭᠦᠷᠡᠰᠦ ᠬᠢᠮᠢ᠎ᠶ᠋ᠢᠨ ᠠᠵᠤ ᠦᠶ᠋ᠯᠡᠳᠪᠦᠷᠢ ᠪᠡᠷ ᠭᠤᠤᠯ ᠱᠢᠪᠲᠤᠯᠤᠯᠳᠠ ᠵᠢᠨ ᠴᠢᠭ᠌ᠯᠡᠯ ᠪᠤᠯᠭᠠᠨ᠂ ᠳᠠᠬᠢᠨ ᠠᠰᠢᠬᠯᠠᠵᠤ ᠪᠣᠯᠬᠤ ᠡᠨᠧᠷᠭᠢ᠎ᠶ᠋ᠢᠨ ᠠᠵᠤ ᠦᠶ᠋ᠯᠡᠰ ᠪᠣᠯᠤᠨ ᠨᠡᠭᠦᠷᠡᠰᠦ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠠᠵᠤ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢᠨ ᠲᠣᠭᠣᠷᠢᠨ᠎ᠳᠤ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ᠂ ᠪᠠᠷᠠᠯᠠᠯᠲᠤ ᠴᠢᠨᠠᠷᠲᠠᠢ᠂ ᠬᠣᠱᠢᠭᠤᠴᠢ ᠴᠢᠨᠠᠷᠲᠠᠢ ᠰᠠᠭᠤᠷᠢ ᠰᠤᠳᠤᠯᠭᠠᠨ᠂ ᠬᠡᠷᠡᠭ᠌ᠯᠡᠭᠡᠨ᠎ᠦ ᠰᠠᠭᠤᠷᠢ ᠰᠤᠳᠤᠯᠭᠠᠨ ᠪᠠ ᠵᠠᠩᠭᠢᠯᠠᠭ᠎ᠠ᠎ᠶ᠋ᠢᠨ ᠴᠢᠨᠠᠷᠳᠠᠢ ᠨᠡᠢᠲᠡᠯᠢᠭ ᠴᠢᠨᠠᠷᠲᠠᠶ ᠮᠡᠷᠭᠡᠵᠢᠯ᠎ᠦᠨ ᠰᠤᠳᠤᠯᠭᠠᠨ ᠦᠷᠨᠢᠭᠦᠯᠵᠦ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠱᠢᠯᠵᠢᠭᠦᠯᠦᠨ ᠤᠯᠠᠷᠢᠭᠤᠯᠬᠤ᠎ᠶ᠋ᠢ ᠲᠦᠷᠭᠡᠳᠭᠡᠨ ᠠᠬᠢᠭᠤᠯᠵᠤ᠂ ᠤᠯᠤᠰ᠎ᠤᠨ ᠳᠣᠲᠣᠭᠠᠳᠤ ᠭᠠᠳᠠᠭᠠᠳᠤ᠎ᠳᠤ ᠨᠥᠯᠥᠭᠡᠯᠡᠬᠦ᠌ ᠬᠦᠴᠦᠨ ᠪᠦᠬᠦᠢ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠥᠨᠳᠥᠷᠯᠢᠭ᠎ᠢ ᠪᠤᠢ ᠪᠣᠯᠭᠠᠨ᠎ᠠ᠃

ᠣᠢᠯᠠᠭᠠᠭ᠍ᠰᠠᠨ᠎ᠢᠶᠠᠷ᠂ ᠲᠤᠰ  2 ᠲᠤᠷᠱᠢᠯᠲᠠ᠎ᠶ᠋ᠢᠨ ᠲᠠᠰᠤᠭ᠎ᠨᠢ ᠱᠢᠨ᠎ᠡ ᠬᠡᠯᠪᠡᠷᠢ᠎ᠶ᠋ᠢᠨ ᠰᠤᠳᠤᠯᠤᠨ ᠨᠡᠭᠡᠭᠡᠬᠦ᠌ ᠪᠠᠢᠭᠤᠯᠤᠮᠵᠢ᠎ᠶ᠋ᠢᠨ ᠠᠵᠢᠯᠯᠠᠭᠠᠨ᠎ᠤ ᠠᠷᠭ᠎ᠠ ᠬᠡᠯᠪᠡᠷᠢ ᠶᠣᠰᠣᠭᠠᠷ᠂ ᠪᠠᠢᠭᠤᠯᠤᠮᠵᠢ ᠠᠯᠤᠰᠯᠠᠨ᠂ ᠭᠠᠵᠠᠷ ᠣᠷᠣᠨ ᠠᠯᠤᠰᠯᠠᠨ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠳᠠᠪᠠᠭᠤᠯᠢᠭ ᠶᠡᠬᠡ ᠳᠡᠭᠡᠳᠦ ᠰᠤᠷᠭᠠᠭᠤᠯᠢ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠂ ᠠᠵᠢᠯ ᠲᠥᠷᠥᠯ᠎ᠦᠨ ᠳᠠᠭᠠᠭᠤᠯᠤᠭ᠍ᠴᠢ ᠠᠵᠤ ᠠᠬᠤᠢᠯᠠᠯ ᠲᠠᠶ ᠬᠣᠯᠪᠣᠭᠠᠯᠠᠨ᠂ ᠨᠢᠭᠡ ᠪᠦᠯᠦᠭ ᠣᠷᠣᠢᠯᠠᠭ᠍ᠰᠠᠨ ᠱᠢᠨᠵᠢᠯᠡᠬᠦ᠌ ᠤᠬᠠᠭᠠᠨᠲᠠᠨ᠂ ᠢᠳᠡᠷ ᠵᠠᠯᠠᠭᠤ ᠮᠡᠷᠭᠡᠵᠢᠯ᠎ᠦᠨ ᠴᠢᠳᠠᠪᠤᠷᠢᠲᠠᠨ ᠵᠢᠴᠢ ᠳᠡᠭᠡᠳᠦ ᠲᠠᠰ᠎ᠤᠨ ᠬᠠᠮᠢᠶᠠᠷᠤᠯᠲᠠ᠎ᠶ᠋ᠢᠨ ᠴᠢᠳᠠᠪᠤᠷᠢᠲᠠᠨ᠎ᠢ ᠴᠤᠭ᠍ᠯᠠᠷᠠᠭᠤᠯᠵᠤ᠂ ᠳᠡᠯᠡᠬᠡᠶ᠎ᠶ᠋ᠢᠨ ᠲᠡᠷᠢᠭᠦᠨ᠎ᠦ ᠬᠢᠷᠢ ᠲᠦᠪᠱᠢᠨ ᠪᠥᠬᠥᠶ ᠰᠤᠳᠤᠯᠤᠨ ᠨᠡᠭᠡᠭᠡᠬᠦ᠌ ᠲᠠᠪᠴᠠᠩ᠎ᠢ ᠴᠤᠭᠴᠠᠯᠠᠵᠤ᠂ ᠪᠦᠷᠢᠨ ᠲᠡᠭᠦᠯᠳᠡᠷ ᠰᠤᠳᠤᠯᠤᠨ ᠨᠡᠭᠡᠭᠡᠬᠦ᠌ ᠱᠢᠰᠲ᠋ᠧᠮ᠎ᠢ ᠪᠣᠶ ᠪᠣᠯᠭᠠᠵᠤ᠂ 《ᠰᠠᠭᠤᠷᠢ ᠰᠤᠳᠤᠯᠭᠠᠨ — ᠮᠡᠷᠭᠡᠵᠢᠯ᠎ᠤᠨ ᠰᠤᠳᠤᠯᠤᠨ ᠨᠡᠭᠡᠭᠡᠯᠳᠡ — ᠬᠤᠪᠢᠷᠠᠭᠤᠯᠤᠨ ᠬᠡᠷᠡᠭ᠌ᠯᠡᠬᠦ᠌ — ᠦᠶ᠋ᠯᠡᠳᠪᠦᠷᠢᠯᠡᠯ ᠡᠵᠡᠩᠨᠡᠯᠲᠡ》 ᠵᠢᠨ ᠬᠡᠯᠬᠢᠶ᠎ᠡ᠎ᠶ᠋ᠢ ᠪᠥᠬᠥ᠌ ᠲᠠᠯ᠎ᠠ ᠪᠠᠷ ᠨᠡᠪᠲᠡᠷᠡᠭᠦᠯᠬᠦ᠌ ᠪᠣᠯᠤᠨ᠎ᠠ᠃ ᠡᠭᠦᠨ᠎ᠦ ᠬᠠᠮᠲᠤ᠂ ᠪᠠᠰᠠ ᠵᠣᠬᠢᠶᠠᠨ ᠪᠠᠢᠭᠤᠯᠤᠯᠲᠠ᠎ᠶ᠋ᠢᠨ ᠪᠣᠷᠣ ᠲᠥᠯᠥᠪ᠂ ᠠᠵᠢᠯ᠎ᠤᠨ ᠪᠠᠢᠷᠢ᠎ᠶ᠋ᠢᠨ ᠲᠣᠬᠢᠷᠠᠭᠤᠯᠤᠯᠲᠠ᠂ ᠠᠵᠢᠯᠲᠠᠨ᠎ᠢ ᠤᠷᠢᠨ ᠲᠣᠮᠢᠯᠠᠬᠤ᠂ ᠰᠤᠳᠤᠯᠭᠠᠨ᠎ᠤ ᠠᠷᠭ᠎ᠠ ᠵᠠᠮ᠂ ᠮᠡᠳᠡᠯᠭᠡ᠎ᠶ᠋ᠢᠨ ᠦᠮᠴᠢᠯᠡᠯ᠎ᠤᠨ ᠡᠷᠬᠡ᠎ᠶ᠋ᠢᠨ ᠬᠠᠷᠢᠶᠠᠯᠠᠯ ᠵᠡᠷᠭᠡ ᠲᠠᠯ᠎ᠠ᠎ᠪᠠᠷ ᠭᠦᠶ᠋ᠴᠡᠳ ᠡᠵᠡᠨ ᠮᠡᠳᠡᠬᠦ᠌ ᠡᠷᠬᠡ᠎ᠲᠡᠶ ᠪᠠᠢᠵᠤ᠂ ᠴᠢᠳᠠᠪᠤᠷᠢᠲᠠᠨ᠎ᠢ ᠴᠤᠭ᠍ᠯᠠᠷᠠᠭᠤᠯᠬᠤ᠂ ᠦᠷ᠎ᠡ ᠪᠦᠲᠦᠭᠡᠯ᠎ᠢ ᠤᠯᠠᠷᠢᠭᠤᠯᠬᠤ ᠵᠡᠷᠭᠡ ᠲᠠᠯ᠎ᠠ ᠪᠠᠷ ᠲᠣᠰ ᠪᠡᠶ᠎ᠡ᠎ᠶ᠋ᠢᠨ ᠣᠨᠴᠠᠯᠢᠭ᠎ᠲᠤ ᠲᠤᠬᠢᠷᠠᠭᠰᠠᠨ᠂ ᠠᠮᠢᠳᠤᠯᠢᠭ ᠪᠥᠭᠡᠳ ᠣᠯᠠᠨ ᠶᠠᠩᠵᠤ᠎ᠶ᠋ᠢᠨ ᠬᠠᠮᠢᠶᠠᠷᠤᠯᠲᠠ᠎ᠶ᠋ᠢᠨ ᠪᠠᠢᠭᠤᠯᠤᠮᠵᠢ ᠵᠢ ᠬᠠᠢᠨ ᠰᠦᠪᠡᠭ᠌ᠴᠢᠯᠡᠵᠦ᠍᠂ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠢᠭᠤᠯᠤᠮᠵᠢ ᠵᠢᠨ ᠥᠭᠡᠷᠡᠴᠢᠯᠡᠯᠲᠡ᠎ᠶ᠋ᠢᠨ ᠱᠢᠨ᠎ᠡ ᠵᠠᠮ᠎ᠢ ᠬᠠᠢᠵᠤ᠂ ᠥᠯᠢᠭᠡᠷ ᠳᠠᠭᠤᠷᠢᠶᠠᠯ ᠪᠤᠯᠬᠤ ᠪᠣᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号