ᠮᠠᠨ᠎ᠤ ᠣᠷᠣᠨ᠎ᠤ 4 ᠨᠢᠭᠡᠴᠢ 《ᠪᠥᠬᠥ᠌ ᠤᠯᠤᠰ᠎ᠤᠨ ᠮᠡᠷᠭᠡᠵᠢᠯ᠎ᠦᠨ ᠭᠡᠷ᠎ᠡ᠎ᠶ᠋ᠢ ᠦᠨᠡᠯᠡᠨ ᠲᠣᠭ᠍ᠲᠠᠭᠠᠵᠤ ᠳᠠᠩᠰᠠᠯᠠᠭᠤᠯᠬᠤ ᠱᠢᠯᠢᠳᠡᠭ ᠨᠢᠭᠡᠴᠢ》 ᠪᠡᠷ ᠦᠨᠡᠯᠡᠭᠳᠡᠪᠡ
2023-09-12 11:04:06
ᠵᠣᠬᠢᠶᠠᠭ᠍ᠴᠢ᠄
ᠤᠯᠠᠭᠠᠨᠲᠤᠶᠠᠭ᠎ᠠ
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠲᠢᠩᠬᠢᠮ᠎ᠡᠴᠡ ᠣᠢᠯᠠᠭᠠᠭ᠍ᠰᠠᠨ᠎ᠢᠶᠠᠷ᠂ ᠣᠢᠷ᠎ᠠ᠎ᠳᠤ᠂ ᠬᠥᠬᠡᠬᠣᠲᠠ᠎ᠶ᠋ᠢᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠤᠯᠠᠷᠢᠭᠤᠯᠬᠤ ᠲᠥᠪ᠂ ᠪᠤᠭᠤᠲᠤ ᠬᠣᠲᠠ᠎ᠶ᠋ᠢᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠦᠶ᠋ᠯᠡᠴᠢᠯᠡᠭᠡᠨ᠎ᠦ ᠲᠥᠪ᠂ ᠣᠷᠳᠣᠰ ᠬᠣᠲᠠ᠎ᠶ᠋ᠢᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠠᠵᠢᠯ ᠦᠶ᠋ᠯᠡᠰ᠎ᠦᠨ ᠦᠶ᠋ᠯᠡᠴᠢᠯᠡᠭᠡᠨ᠎ᠦ ᠲᠥᠪ ᠪᠣᠯᠤᠨ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠤᠯᠠᠷᠢᠭᠤᠯᠬᠤ ᠲᠥᠪ ᠵᠡᠷᠭᠡ ᠮᠡᠷᠭᠡᠵᠢᠯ᠎ᠦᠨ ᠭᠡᠷ᠎ᠡ᠎ᠶ᠋ᠢ ᠦᠨᠡᠯᠡᠨ ᠲᠣᠭ᠍ᠲᠠᠭᠠᠵᠤ ᠳᠠᠩᠰᠠᠯᠠᠭᠤᠯᠬᠤ ᠳᠦᠷᠪᠡᠨ ᠪᠠᠢᠭᠤᠯᠤᠮᠵᠢ ᠪᠥᠬᠥ᠌ ᠤᠯᠤᠰ᠎ᠤᠨ ᠮᠡᠷᠭᠡᠵᠢᠯ᠎ᠦᠨ ᠭᠡᠷ᠎ᠡ᠎ᠶ᠋ᠢ ᠦᠨᠡᠯᠡᠨ ᠲᠣᠭ᠍ᠲᠠᠭᠠᠵᠤ ᠳᠠᠩᠰᠠᠯᠠᠭᠤᠯᠬᠤ ᠱᠢᠯᠢᠳᠡᠭ ᠨᠢᠭᠡᠴᠢ ᠪᠡᠷ ᠦᠨᠡᠯᠡᠭ᠌ᠳᠡᠪᠡ᠃

ᠮᠡᠷᠭᠡᠵᠢᠯ᠎ᠦᠨ ᠭᠡᠷ᠎ᠡ᠎ᠶ᠋ᠢ ᠦᠨᠡᠯᠡᠨ ᠲᠣᠭ᠍ᠲᠠᠭᠠᠵᠤ ᠳᠠᠩᠰᠠᠯᠠᠭᠤᠯᠬᠤ ᠪᠣᠯ ᠤᠯᠤᠰ᠎ᠠᠴᠠ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠤᠯᠠᠷᠢᠭᠤᠯᠬᠤ᠎ᠶ᠋ᠢ ᠵᠣᠷᠢᠭ᠍ᠵᠢᠭᠤᠯᠵᠤ᠂ ᠮᠡᠷᠭᠡᠵᠢᠯ᠎ᠦᠨ ᠵᠠᠬ᠎ᠠ ᠳᠡᠯᠭᠡᠭᠦᠷ᠎ᠦᠨ ᠴᠡᠴᠡᠭ᠌ᠯᠡᠨ ᠬᠥᠭ᠌ᠵᠢᠬᠦ᠌᠎ᠶ᠋ᠢ ᠠᠬᠢᠭᠤᠯᠬᠤ ᠪᠠ ᠪᠠᠲᠤᠯᠠᠬᠤ ᠴᠢᠬᠤᠯᠠ ᠲᠦᠷᠢᠮ ᠪᠣᠯᠤᠨ᠎ᠠ᠂ ᠤᠯᠤᠰ᠎ᠤᠨ ᠬᠣᠯᠪᠣᠭ᠍ᠳᠠᠯ ᠪᠥᠬᠥᠶ ᠬᠠᠷᠠᠭᠠᠯᠵᠠᠯ᠎ᠤᠨ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠬᠤ᠎ᠶ᠋ᠢᠨ ᠴᠢᠬᠤᠯᠠ ᠦᠨᠳᠦᠰᠦᠯᠡᠯ ᠪᠣᠯᠤᠨ᠎ᠠ᠃ ᠭᠡᠬᠦ ᠳ᠋ᠡᠭᠡᠨ ᠮᠡᠷᠭᠡᠵᠢᠯ᠎ᠦᠨ ᠠᠷᠠᠯᠵᠢᠶᠠᠨ᠎ᠤ ᠬᠡᠮᠵᠢᠶ᠎ᠡ ᠪᠣᠯ ᠲᠤᠬᠠᠢ ᠵᠢᠨ ᠭᠠᠵᠠᠷ᠎ᠤᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠦᠪᠱᠢᠨ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠱᠢᠯᠵᠢᠭᠦᠯᠦᠨ ᠤᠯᠠᠷᠢᠭᠤᠯᠤᠭᠰᠠᠨ ᠪᠠᠢᠳᠠᠯ᠂ ᠮᠡᠷᠭᠡᠵᠢᠯ᠎ᠦᠨ ᠵᠠᠬ᠎ᠠ ᠳᠡᠯᠭᠡᠭᠦᠷ᠎ᠦᠨ ᠬᠥᠭ᠌ᠵᠢᠶᠡᠨᠲᠦ ᠬᠡᠮᠵᠢᠶ᠎ᠡ ᠵᠡᠷᠭᠡ ᠵᠢ ᠬᠡᠮᠵᠢᠬᠦ ᠴᠢᠬᠤᠯᠠ ᠵᠢᠭᠠᠯᠳᠠ ᠲᠣᠭ᠎ᠠ᠎ᠶ᠋ᠢᠨ ᠨᠢᠭᠡ ᠪᠣᠯᠤᠨ᠎ᠠ᠃ ᠤᠢᠯᠠᠭᠠᠭᠰᠠᠨ ᠵᠢᠡᠷ᠂ 2022 ᠣᠨ᠎ᠳᠤ᠂ ᠮᠠᠨ᠎ᠤ ᠤᠷᠤᠨ᠎ᠤ ᠦᠨᠡᠯᠡᠨ ᠲᠣᠭ᠍ᠲᠠᠭᠠᠵᠤ ᠳᠠᠩᠰᠠᠯᠠᠭᠤᠯᠤᠭᠰᠠᠨ ᠮᠡᠷᠭᠡᠵᠢᠯ᠎ᠦᠨ ᠭᠡᠷ᠎ᠡ᠎ᠶ᠋ᠢᠨ ᠠᠷᠠᠯᠵᠢᠶ᠎ᠠ ᠪᠦᠲᠦᠭ᠌ᠰᠡᠨ ᠶᠡᠷᠦᠩᠭᠡᠢ ᠬᠡᠮᠵᠢᠶ᠎ᠡ 52.49 ᠳ᠋ᠦᠩᠱᠢᠭᠤᠷ ᠲᠥᠭᠥᠷᠢᠭ᠎ᠲᠦ ᠬᠦᠷᠴᠦ᠍᠂ 2021 ᠣᠨ᠎ᠤ᠎ᠬᠢ᠎ᠡᠴᠡ 13.8% ᠪᠠᠷ ᠨᠡᠮᠡᠭ᠌ᠳᠡᠪᠡ᠃ ᠡᠨᠡ ᠵᠢᠯ᠎ᠦᠨ 1 — 6 ᠰᠠᠷ᠎ᠠ᠎ᠳᠤ᠂ ᠪᠥᠬᠥ᠌ ᠣᠷᠣᠨ᠎ᠳᠤ ᠨᠡᠢᠲᠡ 605 ᠵᠦᠶ᠋ᠯ᠎ᠦᠨ ᠮᠡᠷᠭᠡᠵᠢᠯ᠎ᠦᠨ ᠭᠡᠷ᠎ᠡ᠎ᠶ᠋ᠢ ᠳᠠᠩᠰᠠᠯᠠᠭᠤᠯᠵᠤ᠂ ᠭᠡᠷ᠎ᠡ ᠵᠢᠨ ᠠᠷᠠᠯᠵᠢᠶ᠎ᠠ ᠪᠦᠲᠦᠭᠰᠡᠨ ᠬᠡᠮᠵᠢᠶ᠎ᠡ ᠨᠢ 18.66 ᠳ᠋ᠦᠩᠱᠢᠭᠤᠷ ᠲᠥᠭᠥᠷᠢᠭ᠎ᠲᠦ ᠬᠦᠷᠴᠦ᠂ ᠡᠭᠦᠨ᠎ᠳᠦ ᠮᠡᠷᠭᠡᠵᠢᠯ᠎ᠦᠨ ᠠᠷᠠᠯᠵᠢᠶᠠᠨ᠎ᠤ ᠬᠡᠮᠵᠢᠶ᠎ᠡ 12.09 ᠳ᠋ᠦᠩᠱᠢᠭᠤᠷ ᠲᠥᠭᠥᠷᠢᠭ᠎ᠲᠦ ᠬᠦᠷᠴᠦ᠍᠂ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠡᠴᠡ ᠲᠣᠰ ᠲᠣᠰ 26.30%᠂ 56.02% ᠪᠠ 32.71% ᠪᠠᠷ ᠨᠡᠮᠡᠭ᠌ᠳᠡᠵᠦ᠍᠂ ᠭᠤᠤᠯᠳᠠᠭᠤ ᠡᠯᠧᠺᠲ᠋ᠷᠣᠨ ᠮᠡᠳᠡᠭᠡ ᠵᠠᠩᠭᠢ᠂ ᠣᠷᠴᠢᠨ ᠲᠣᠭᠣᠷᠢᠨ᠎ᠤ ᠬᠠᠮᠠᠭᠠᠯᠠᠯᠲᠠ ᠪᠠ ᠡᠬᠢ ᠪᠠᠶᠠᠯᠢᠭ᠂ ᠱᠢᠨ᠎ᠡ ᠮᠠᠲ᠋ᠧᠷᠢᠶᠠᠯ ᠬᠢᠭᠡᠳ ᠶᠡᠷᠦᠩᠬᠡᠢᠯᠡᠭᠰᠡᠨ ᠠᠱᠢᠭ᠍ᠯᠠᠯᠳᠠ᠂ ᠲᠠᠷᠢᠶᠠᠯᠠᠩ᠎ᠵᠡᠷᠭᠡ 4 ᠬᠦᠷᠢᠶ᠎ᠡ ᠴᠠᠷᠠᠭᠠᠨ᠎ᠳᠦ ᠲᠥᠪᠯᠡᠷᠡᠵᠦ᠍᠂ ᠪᠦᠬᠦ ᠭᠡᠷ᠎ᠡ᠎ᠶ᠋ᠢᠨ 77%᠎ᠶ᠋ᠢ ᠡᠵᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号