2023 ᠣᠨ᠎ᠤ ᠥᠪᠥᠷ ᠮᠣᠩᠭᠣᠯ᠎ᠤᠨ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠲᠠᠢᠯᠤᠮᠵᠢ᠎ᠶ᠋ᠢᠨ ᠤᠷᠤᠯᠳᠤᠭᠠᠨ ᠥᠨᠳᠥᠷᠯᠡᠪᠡ
2023-09-14 10:56:09
ᠵᠣᠬᠢᠶᠠᠭ᠍ᠴᠢ᠄
ᠤᠯᠠᠭᠠᠨᠲᠤᠶᠠᠭ᠎ᠠ
ᠣᠩᠱᠢᠭ᠍ᠰᠠᠨ ᠣᠳᠠᠭ᠎ᠠ᠄
★★★☆☆

ᠲᠦᠷᠦᠭᠦᠬᠡᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠢᠩᠬᠢᠮ᠂ ᠰᠤᠷᠭᠠᠨ ᠬᠥᠮᠦᠵᠢᠯ᠎ᠦᠨ ᠲᠢᠩᠬᠢᠮ᠂ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠦᠨ ᠲᠣᠪᠴᠢᠶ᠎ᠠ᠂ ᠡᠪᠯᠡᠯ᠎ᠦᠨ ᠬᠣᠷᠢᠶ᠎ᠠ ᠪᠣᠯᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠨᠡᠢᠭᠡᠮᠯᠢᠭ ᠬᠠᠮᠲᠤᠷᠠᠨ ᠭᠤᠤᠯᠯᠠᠨ ᠡᠷᠭᠢᠯᠡᠭ᠌ᠰᠡᠨ 《ᠱᠢᠨᠵᠢᠯᠡᠬᠦ᠌ ᠤᠬᠠᠭᠠᠨ᠎ᠢ ᠬᠠᠢᠷᠠᠯᠠᠵᠤ ᠱᠢᠨᠵᠢᠯᠡᠬᠦ᠌ ᠤᠬᠠᠭᠠᠨ᠎ᠢ ᠡᠷᠬᠢᠮᠯᠡᠶ᠎ᠡ》 ᠬᠡᠮᠡᠬᠦ 2023 ᠣᠨ᠎ᠤ ᠥᠪᠥᠷ ᠮᠣᠩᠭᠣᠯ᠎ᠤᠨ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠲᠠᠢᠯᠤᠮᠵᠢ ᠵᠢᠨ ᠤᠷᠤᠯᠳᠤᠭᠠᠨ᠎ᠤ ᠶᠡᠷᠦᠩᠬᠡᠶ ᠱᠢᠶ᠋ᠳᠪᠦᠷᠢᠲᠦ ᠤᠷᠤᠯᠳᠤᠭᠠᠨ ᠵᠢᠴᠢ ᠱᠠᠩᠨᠠᠯ ᠣᠯᠭᠣᠬᠤ ᠶᠣᠰᠣᠯᠠᠯ ᠬᠥᠬᠡᠬᠣᠲᠠ᠎ᠳᠤ ᠶᠠᠪᠤᠭ᠍ᠳᠠᠵᠠᠢ᠃  

ᠥᠪᠥᠷ ᠮᠣᠩᠭᠣᠯ᠎ᠤᠨ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠲᠠᠢᠯᠤᠮᠵᠢ᠎ᠶ᠋ᠢᠨ ᠤᠷᠤᠯᠳᠤᠭᠠᠨ ᠪᠣᠯ ᠪᠥᠬᠥ᠌ ᠣᠷᠣᠨ᠎ᠤ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠠᠵᠢᠯᠲᠠᠳ᠎ᠤᠨ ᠤᠷ᠎ᠠ ᠠᠪᠢᠶᠠᠰ᠎ᠢ ᠢᠯᠡᠷᠡᠭᠦᠯᠬᠦ᠂ ᠬᠠᠷᠢᠯᠴᠠᠨ ᠰᠣᠯᠢᠯᠴᠠᠭ᠎ᠠ ᠬᠢᠬᠦ ᠴᠢᠬᠤᠯᠠ ᠲᠠᠪᠴᠠᠩ ᠪᠤᠯᠤᠨ᠎ᠠ᠃ 2015 ᠣᠨ᠎ᠠᠴᠠ ᠡᠬᠢᠯᠡᠨ ᠨᠢᠭᠡᠨᠲᠡ ᠶᠢᠰᠦᠨ ᠬᠤᠭᠤᠴᠠᠭ᠎ᠠ ᠠᠮᠵᠢᠯᠲᠠ᠎ᠲᠠᠶ ᠶᠠᠪᠤᠭ᠍ᠳᠠᠵᠤ᠂ ᠣᠳᠣᠬᠠᠨ᠎ᠳᠤ ᠪᠥᠬᠥ᠌ ᠣᠷᠣᠨ᠎ᠤ ᠬᠡᠪᠴᠢᠶ᠎ᠡ᠎ᠪᠡᠷ ᠬᠠᠮᠤᠭ᠎ᠤᠨ ᠶᠡᠬᠡ᠂ ᠬᠢᠷᠢ ᠲᠦᠪᠰᠢᠨ ᠵᠢᠡᠷ ᠬᠠᠮᠤᠭ᠎ᠤᠨ ᠥᠨᠳᠥᠷ᠂ ᠲᠥᠯᠥᠭᠡᠯᠡᠬᠦ᠌ ᠴᠢᠨᠠᠷ᠎ᠢᠶᠠᠷ ᠬᠠᠮᠤᠭ᠎ᠤᠨ ᠴᠢᠩᠭ᠎ᠠ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠲᠠᠢᠯᠤᠮᠵᠢ᠎ᠶ᠋ᠢᠨ ᠤᠷᠤᠯᠳᠤᠭᠠᠨ ᠪᠣᠯᠵᠠᠶ᠃ ᠡᠨᠡ ᠵᠢᠯ᠎ᠤᠨ ᠥᠪᠥᠷ ᠮᠣᠩᠭᠣᠯ᠎ᠤᠨ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠲᠠᠢᠯᠤᠮᠵᠢ᠎ᠶ᠋ᠢᠨ ᠤᠷᠤᠯᠳᠤᠭᠠᠨ᠎ᠢ ᠡᠬᠢᠯᠡᠭᠦᠯᠦᠭᠰᠡᠨ᠎ᠡᠴᠡ ᠨᠠᠭᠠᠰᠢ᠂ ᠪᠦᠬᠦ ᠤᠷᠤᠨ᠎ᠤ 500 ᠭᠠᠷᠤᠶ ᠬᠦᠮᠦᠨ ᠤᠷᠤᠯᠳᠤᠭᠠᠨ᠎ᠳᠤ ᠣᠷᠣᠯᠴᠠᠵᠤ᠂ ᠰᠢᠯᠭᠠᠷᠠᠭᠤᠯᠤᠯᠲᠠ ᠪᠡᠷ ᠳᠠᠮᠵᠢᠨ 36 ᠲᠥᠯᠥᠭᠡᠯᠡᠭ᠌ᠴᠢᠳ᠎ᠦᠨ ᠠᠩᠭᠢ᠎ᠶ᠋ᠢᠨ 21 ᠭᠡᠰᠢᠭᠦᠨ ᠶᠡᠷᠦᠩᠬᠡᠶ ᠱᠢᠶ᠋ᠳᠪᠦᠷᠢᠲᠦ ᠤᠷᠤᠯᠳᠤᠭᠠᠨ᠎ᠳᠤ ᠤᠷᠤᠯᠴᠠᠪᠠ᠃ ᠶᠡᠷᠦᠩᠬᠡᠶ ᠱᠢᠶ᠋ᠳᠪᠦᠷᠢᠲᠦ ᠤᠷᠤᠯᠳᠤᠭᠠᠨ᠎ᠤ ᠠᠬᠤᠢ ᠲᠠᠯᠠᠪᠠᠶ᠎ᠳᠤ᠂ ᠤᠷᠤᠯᠳᠤᠭᠠᠨ᠎ᠳᠤ ᠤᠷᠤᠯᠴᠠᠭᠰᠠᠳ ᠰᠢᠨᠵᠢᠯᠡᠬᠦ ᠤᠬᠠᠭᠠᠨ᠎ᠤ ᠮᠡᠳᠡᠯᠭᠡ᠂ ᠰᠢᠨᠵᠢᠯᠡᠬᠦ ᠤᠬᠠᠭᠠᠨ᠎ᠤ ᠤᠭ ᠶᠤᠰᠤ ᠵᠢ ᠲᠥᠬᠥᠮ ᠣᠢᠯᠠᠭᠠᠮᠵᠢᠲᠠᠶ ᠠᠮᠢᠳᠤᠯᠢᠭ ᠲᠠᠢᠯᠪᠤᠷᠢᠯᠠᠵᠤ᠂ ᠡᠴᠦᠰ᠎ᠲᠦ᠂ ᠥᠪᠡᠷᠲᠡᠭᠡᠨ ᠵᠠᠰᠠᠬᠤ ᠣᠷᠣᠨ᠎ᠤ ᠴᠠᠭ ᠠᠭᠤᠷ᠎ᠤᠨ ᠲᠣᠪᠴᠢᠶ᠎ᠠ ᠵᠡᠷᠭᠡ 24 ᠨᠢᠭᠡᠴᠢ ᠱᠢᠯᠢᠳᠡᠭ ᠵᠣᠬᠢᠶᠠᠨ ᠪᠠᠢᠭᠤᠯᠤᠭᠰᠠᠨ ᠱᠠᠩᠨᠠᠯ ᠭᠥᠷᠳᠡᠵᠦ᠍᠂ ᠠᠯᠠᠱᠠ ᠠᠢᠮᠠᠭ᠎ᠤᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠲᠣᠪᠴᠢᠶ᠎ᠠ᠎ᠶ᠋ᠢᠨ ᠶᠠᠩ ᠯᠢ ᠱᠢᠶᠠᠨ᠂ ᠥᠪᠡᠷᠲᠡᠭᠡᠨ ᠵᠠᠰᠠᠬᠤ ᠣᠷᠣᠨ᠎ᠤ ᠴᠠᠭ ᠠᠭᠤᠷ᠎ᠤᠨ ᠲᠣᠪᠴᠢᠶ᠎ᠠ᠎ᠶ᠋ᠢᠨ ᠼᠤᠤ ᠮᠸᠩ᠂ ᠤᠯᠠᠭᠠᠨᠴᠠᠪ ᠬᠣᠲᠠ᠎ᠶ᠋ᠢᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠲᠣᠪᠴᠢᠶ᠎ᠠ᠎ᠶ᠋ᠢᠨ ᠭᠦᠸᠧ ᠲᠸᠩ ᠯᠦᠩ ᠨᠢᠭᠡᠳᠦᠭᠡᠷ ᠳᠡᠰ᠎ᠤᠨ ᠱᠠᠩᠨᠠᠯ ᠭᠥᠷᠳᠡᠵᠦ᠍᠂ ᠮᠠᠨ᠎ᠤ ᠤᠷᠤᠨ᠎ᠢ ᠲᠥᠯᠥᠭᠡᠯᠡᠨ ᠪᠥᠬᠥ᠌ ᠤᠯᠤᠰ᠎ᠤᠨ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠲᠠᠢᠯᠤᠮᠵᠢ᠎ᠶ᠋ᠢᠨ ᠤᠷᠤᠯᠳᠤᠭᠠᠨ᠎ᠳᠤ ᠣᠷᠣᠯᠴᠠᠬᠤ ᠪᠣᠯᠤᠨ᠎ᠠ᠃

ᠤᠢᠯᠠᠭᠠᠭᠰᠠᠨ ᠵᠢᠡᠷ᠂ ᠣᠷᠴᠢᠮ᠎ᠤᠨ ᠵᠢᠯ᠎ᠳᠤ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠢᠩᠬᠢᠮ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠂ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠠᠵᠢᠯ᠎ᠢ ᠲᠠᠰᠤᠷᠠᠯᠲᠠ ᠤᠢ᠍ᠭᠡᠢ ᠴᠢᠩᠭᠠᠳᠬᠠᠨ᠂ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠲᠠᠢᠯᠤᠮᠵᠢ᠎ᠶ᠋ᠢᠨ ᠤᠷᠤᠯᠳᠤᠭᠠᠨ᠎ᠢ ᠨᠠᠷᠢᠨ ᠨᠢᠮᠪᠠᠶ ᠲᠥᠰᠦᠪᠯᠡᠨ ᠥᠷᠨᠢᠭᠦᠯᠵᠦ᠂ ᠥᠷᠭᠡᠨ ᠣᠯᠠᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠠᠵᠢᠯᠲᠠᠳ ᠪᠣᠯᠤᠨ ᠨᠡᠢᠭᠡᠮ᠎ᠦᠨ ᠤᠯᠠᠨ ᠨᠡᠢᠲᠡ ᠵᠢ ᠢᠳᠡᠪᠬᠢᠲᠡᠶ ᠪᠡᠷ ᠬᠥᠲᠥᠯᠥᠨ ᠵᠢᠯᠣᠭᠣᠳᠴᠤ᠌ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠦᠶ᠋ᠯᠡᠰ᠎ᠲᠦ ᠤᠷᠤᠯᠴᠠᠭᠤᠯᠪᠠ᠃ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠠᠵᠢᠯᠲᠠᠳ ᠪᠣᠯᠤᠨ᠌ ᠰᠠᠢᠨ ᠳᠤᠷᠠᠴᠤᠳ᠎ᠤᠨ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠲᠠᠢᠯᠤᠮᠵᠢ ᠬᠢᠬᠦ᠌ ᠬᠢᠷᠢ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠮᠠᠨ᠎ᠤ ᠣᠷᠣᠨ᠎ᠤ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠠᠵᠢᠯᠲᠠᠨ᠂ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ ᠲᠠᠢᠯᠪᠤᠷᠢᠯᠠᠭ᠍ᠴᠢ ᠵᠢᠴᠢ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠎ᠦᠢᠯᠡᠰ ᠲᠸ᠋ ᠲᠤᠷ᠎ᠠ ᠪᠠᠬᠠᠳᠠᠢ ᠬᠦᠮᠦᠰ ᠲᠸ᠋ ᠬᠠᠷᠢᠯᠴᠠᠨ ᠰᠤᠷᠤᠯᠴᠠᠵᠤ ᠲᠤᠷᠰᠢᠯᠭ᠎ᠠ ᠪᠠᠨ ᠰᠣᠯᠢᠯᠴᠠᠬᠤ ᠲᠠᠪᠴᠠᠩ ᠬᠠᠩᠭᠠᠵᠤ᠂ ᠨᠡᠢᠭᠡᠮ ᠳᠠᠶᠠᠭᠠᠷ᠎ᠲᠤ ᠱᠢᠨᠵᠢᠯᠡᠬᠦ᠌ ᠤᠬᠠᠭᠠᠨ᠎ᠢ ᠬᠠᠢᠷᠠᠯᠠᠬᠤ᠂ ᠱᠢᠨᠵᠢᠯᠡᠬᠦ᠌ ᠤᠬᠠᠭᠠᠨ᠎ᠢ ᠡᠷᠬᠢᠮᠯᠡᠬᠦ᠂ ᠱᠢᠨᠵᠢᠯᠡᠬᠦ᠌ ᠤᠬᠠᠭᠠᠨ᠎ᠢ ᠰᠤᠷᠬᠤ᠂ ᠱᠢᠨᠵᠢᠯᠡᠬᠦ᠌ ᠤᠬᠠᠭᠠᠨ᠎ᠢ ᠬᠡᠷᠡᠭᠯᠡᠬᠦ ᠰᠠᠢᠨ ᠰᠠᠢᠬᠠᠨ ᠠᠭᠤᠷ ᠠᠮᠢᠰᠭᠤᠯ᠎ᠢ ᠪᠤᠢ ᠪᠤᠯᠭᠠᠵᠤ᠂ ᠪᠦᠬᠦ ᠠᠷᠠᠳ᠎ᠤᠨ ᠰᠢᠨᠵᠢᠯᠡᠬᠦ ᠤᠬᠠᠭᠠᠨ᠎ᠤ ᠬᠡᠪ ᠪᠤᠯᠪᠠᠰᠤᠷᠠᠯ᠎ᠢ ᠲᠠᠭᠡᠭᠰᠢᠯᠡᠬᠦᠯᠵᠦ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号