ᠬᠦᠬᠡᠬᠤᠳᠠ ᠵᠢᠨ ᠱᠢᠨ᠎ᠡ ᠬᠣᠲᠠ ᠲᠣᠭᠣᠷᠢᠭ᠎ᠲᠤ 《ᠠᠷᠠᠳ᠎ᠤᠨ ᠲᠥᠯᠥᠭᠡᠯᠡᠭ᠌ᠴᠢᠳ᠎ᠦᠨ ᠡᠶᠡᠳᠡᠭᠦᠯᠬᠦ᠌ ᠥᠷᠲᠡᠭᠡ》 ᠲᠠᠢ ᠪᠤᠯᠵᠠᠢ
2023-09-15 16:23:44
ᠵᠣᠬᠢᠶᠠᠭ᠍ᠴᠢ᠄
ᠰᠦᠨ ᠯᠢ ᠶᠢᠡᠭ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠬᠥᠬᠡᠬᠣᠲᠠ᠎ᠶ᠋ᠢᠨ ᠱᠢᠨ᠎ᠡ ᠬᠣᠲᠠ ᠲᠣᠭᠣᠷᠢᠭ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠂ ᠬᠥᠬᠡᠬᠣᠲᠠ᠎ᠶ᠋ᠢᠨ ᠱᠢᠨ᠎ᠡ ᠬᠣᠲᠠ ᠲᠣᠭᠣᠷᠢᠭ᠎ᠤᠨ ᠠᠷᠠᠳ᠎ᠤᠨ ᠱᠢᠭᠦᠬᠦ᠌ ᠬᠣᠷᠢᠶ᠎ᠠ ᠬᠠᠮᠲᠤᠷᠠᠨ ᠪᠠᠢᠭᠤᠯᠤᠭ᠍ᠰᠠᠨ 《ᠠᠷᠠᠳ᠎ᠤᠨ ᠲᠥᠯᠥᠭᠡᠯᠡᠭ᠌ᠴᠢᠳ᠎ᠦᠨ ᠡᠶᠡᠳᠡᠭᠦᠯᠬᠦ᠌ ᠥᠷᠲᠡᠭᠡ》 ᠱᠢᠨ᠎ᠡ ᠬᠣᠲᠠ ᠲᠣᠭᠣᠷᠢᠭ᠎ᠤᠨ ᠳ᠋ᠢᠩ ᠱᠢᠶᠠᠩ ᠵᠠᠮ᠎ᠤᠨ ᠣᠷᠣᠨ ᠪᠦᠰᠡ᠎ᠶ᠋ᠢᠨ ᠦᠶ᠋ᠯᠡᠴᠢᠯᠡᠭᠡᠨ᠎ᠦ ᠲᠥᠪ᠎ᠲᠦ ᠵᠢᠩᠬᠢᠨᠢ᠎ᠪᠡᠷ ᠫᠠᠢᠰᠠ ᠪᠠᠨ ᠰᠡᠬᠦᠪᠡ᠃

《ᠠᠷᠠᠳ᠎ᠤᠨ ᠲᠥᠯᠥᠭᠡᠯᠡᠭ᠌ᠴᠢᠳ᠎ᠦᠨ ᠡᠶᠡᠳᠡᠭᠦᠯᠬᠦ᠌ ᠦᠷᠲᠡᠭᠡ》 ᠪᠠᠢᠭᠤᠯᠤᠭ᠍ᠳᠠᠭ᠍ᠰᠠᠨ ᠨᠢ ᠦᠨᠳᠦᠰᠦᠨ ᠱᠠᠲᠤᠨ᠎ᠤ ᠡᠶᠡᠳᠡᠭᠦᠯᠬᠦ᠌ ᠬᠦᠴᠦᠨ᠎ᠢ ᠤᠯᠠᠮ ᠴᠢᠨᠠᠬᠰᠢᠳᠠ ᠲᠡᠭᠦᠯᠳᠡᠷᠵᠢᠭᠦᠯᠵᠦ᠍᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠱᠢᠭᠦᠬᠦ᠌ ᠬᠣᠷᠢᠶ᠎ᠠ ᠵᠢᠨ ᠠᠵᠢᠯ᠎ᠳᠤ ᠬᠢᠨᠠᠯᠲᠠ ᠲᠠᠯᠪᠢᠬᠤ᠂ ᠵᠠᠷᠭᠤ᠎ᠶ᠋ᠢᠨ ᠡᠬᠢ᠎ᠶ᠋ᠢ ᠵᠠᠰᠠᠬᠤ᠂ ᠦᠨᠳᠦᠰᠦᠨ ᠱᠠᠲᠤᠨ᠎ᠤ ᠨᠡᠢᠭᠡᠮ᠎ᠦᠨ ᠵᠠᠰᠠᠯᠲᠠ᠎ᠳᠤ ᠬᠦᠴᠦᠨ ᠨᠡᠮᠡᠷᠢᠯᠡᠬᠦ ᠪᠤᠯᠤᠨ᠎ᠠ᠃ ᠲᠤᠰ ᠥᠷᠲᠡᠭᠡ ᠨᠢ ᠠᠷᠠᠳ᠎ᠤᠨ ᠲᠥᠯᠥᠭᠡᠯᠡᠭ᠌ᠴᠢᠳ᠎ᠦᠨ ᠠᠷᠠᠳ ᠲᠦᠮᠡᠨ ᠤ᠋ ᠲᠤᠮᠳᠠ᠎ᠡᠴᠡ ᠢᠷᠡᠭ᠌ᠰᠡᠨ ᠥᠪᠡᠷᠮᠢᠴᠡ ᠳᠠᠪᠠᠭᠤᠯᠢᠭ ᠪᠠ ᠠᠷᠠᠳ᠎ᠤᠨ ᠱᠢᠭᠦᠬᠦ᠌ ᠬᠣᠷᠢᠶ᠎ᠠ ᠵᠢᠨ ᠱᠢᠭᠦᠨ ᠲᠠᠰᠤᠯᠬᠤ ᠡᠭᠦᠷᠭᠡ ᠴᠢᠳᠠᠪᠬᠢ᠎ᠶ᠋ᠢᠨ ᠳᠠᠪᠠᠭᠤᠯᠢᠭ ᠵᠢᠡᠨ ᠭᠦᠶ᠋ᠴᠡᠳ ᠪᠠᠳᠠᠷᠠᠭᠤᠯᠵᠤ᠂ ᠵᠥᠷᠢᠴᠡᠯ ᠵᠠᠭᠤᠷᠠᠯᠳᠤᠭᠠᠨ᠎ᠢ ᠡᠬᠢ ᠡᠭᠦᠰᠦᠯ᠎ᠡᠴᠡ ᠨᠢ ᠰᠡᠷᠭᠡᠢᠯᠡᠬᠦ᠌᠂ ᠣᠯᠠᠨ ᠡᠱᠢᠵᠢᠬᠦᠯᠦᠨ ᠨᠠᠮᠳᠠᠭᠤᠯᠬᠤ᠂ ᠪᠣᠳᠠᠲᠠᠶ ᠱᠢᠶ᠋ᠳᠪᠦᠷᠢᠯᠡᠬᠦ᠌ ᠵᠢ ᠠᠬᠢᠭᠤᠯᠵᠤ᠂ ᠠᠷᠠᠳ ᠣᠯᠠᠨ᠎ᠳᠤ ᠨᠠᠩ ᠳᠥᠭᠥᠮ ᠳᠥᠲᠡ᠂ ᠨᠠᠩ ᠣᠯᠠᠨ ᠡᠱᠢᠲᠦ ᠵᠠᠭᠤᠷᠠᠯᠳᠤᠭᠠᠨ᠎ᠢ ᠱᠢᠶ᠋ᠳᠪᠦᠷᠢᠯᠡᠬᠦ᠌ ᠠᠷᠭ᠎ᠠ ᠵᠠᠮ᠎ᠢ ᠬᠠᠩᠭᠠᠵᠤ᠂ ᠠᠷᠠᠳ ᠣᠯᠠᠨ᠎ᠤ ᠭᠥᠷᠳᠡᠮᠵᠢ ᠵᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ᠂ ᠠᠮᠤᠷ ᠲᠦᠪᠱᠢᠨ᠎ᠦ ᠲᠥᠷᠥᠭ᠌ᠳᠡᠯ᠎ᠢ ᠨᠢ ᠦᠨᠡᠨ ᠬᠦ᠌ ᠨᠡᠮᠡᠭ᠌ᠳᠡᠭᠦᠯᠬᠦ ᠪᠤᠯᠤᠨ᠎ᠠ᠃

ᠬᠥᠬᠡᠬᠣᠲᠠ᠎ᠶ᠋ᠢᠨ ᠱᠢᠨ᠎ᠡ ᠬᠣᠲᠠ ᠲᠣᠭᠣᠷᠢᠭ᠎ᠤᠨ ᠠᠷᠠᠳ᠎ᠤᠨ ᠱᠢᠭᠦᠬᠦ᠌ ᠬᠣᠷᠢᠶ᠎ᠠ 《ᠠᠷᠠᠳ᠎ᠤᠨ ᠲᠥᠯᠥᠭᠡᠯᠡᠭ᠌ᠴᠢᠳ᠎ᠦᠨ ᠡᠶᠡᠳᠡᠭᠦᠯᠬᠦ᠌ ᠥᠷᠲᠡᠭᠡ》 ᠪᠠᠢᠭᠤᠯᠤᠭ᠍ᠳᠠᠭ᠍ᠰᠠᠨ ᠲᠣᠬᠢᠶᠠᠯ ᠢ᠋ ᠡᠵᠡᠮᠳᠡᠵᠦ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠂ ᠵᠡᠭᠡᠯᠢ ᠭᠤᠳᠤᠮᠵᠢ ᠨᠡᠢᠭᠡᠮ ᠲᠣᠭᠣᠷᠢᠭ ᠲᠠᠶ ᠬᠠᠮᠲᠤᠷᠠᠯᠴᠠᠭ᠎ᠠ ᠪᠠᠨ ᠭᠦᠨᠵᠡᠭᠡᠢᠷᠡᠭᠦᠯᠵᠦ᠍᠂ ᠠᠷᠠᠳ᠎ᠤᠨ ᠲᠥᠯᠥᠭᠡᠯᠡᠭ᠌ᠴᠢᠳ ᠤ᠋ᠨ ᠣᠯᠠᠨ ᠨᠡᠢᠲᠡ᠎ᠶ᠋ᠢᠨ ᠢᠲᠡᠭᠡᠭᠦᠯᠬᠦ᠌ ᠬᠦᠴᠦᠨ᠂ ᠨᠥᠯᠥᠭᠡᠯᠡᠬᠦ᠌ ᠬᠦᠴᠦᠨ᠂ ᠵᠣᠬᠢᠴᠠᠭᠤᠯᠬᠤ ᠬᠦᠴᠦᠨ᠎ᠢ ᠦᠨᠡᠨ ᠬᠦ᠌ ᠪᠠᠳᠠᠷᠠᠭᠤᠯᠵᠤ᠂ ᠵᠥᠷᠢᠴᠡᠯ ᠵᠠᠭᠤᠷᠠᠯᠳᠤᠭᠠᠨ᠎ᠢ ᠵᠠᠷᠭᠤᠯᠳᠤᠬᠤ᠎ᠠᠴᠠ ᠡᠮᠦᠨ᠎ᠡ ᠱᠢᠶ᠋ᠳᠪᠦᠷᠢᠯᠡᠬᠦ᠌᠎ᠶ᠋ᠢ ᠠᠬᠢᠭᠤᠯᠵᠤ᠂ ᠠᠷᠠᠳ ᠣᠯᠠᠨ᠎ᠤ ᠱᠢᠨ᠎ᠡ ᠴᠠᠭ ᠦᠶ᠎ᠡ᠎ᠶ᠋ᠢᠨ ᠬᠠᠤᠯᠢ ᠴᠠᠭᠠᠵᠠ᠎ᠶ᠋ᠢᠨ ᠠᠵᠢᠯ᠎ᠤᠨ ᠲᠤᠬᠠᠶ ᠱᠢᠨ᠎ᠡ ᠬᠡᠷᠡᠭ᠌ᠴᠡᠭᠡ᠂ ᠱᠢᠨ᠎ᠡ ᠬᠦᠰᠡᠯ ᠱᠠᠭᠠᠷᠳᠠᠯᠭ᠎ᠠ ᠵᠢ ᠬᠦᠴᠦᠯᠡᠨ ᠬᠠᠩᠭᠠᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号