《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠣᠪᠴᠢ ᠲᠡᠦᠬᠡ》 ᠭᠡᠬᠦ᠌ ᠨᠣᠮ᠎ᠤᠨ ᠢᠲ᠋ᠠᠯᠢ ᠬᠡᠯᠡᠨ᠎ᠦ ᠬᠡᠪᠯᠡᠯ ᠢ᠋ᠤᠢᠷᠠ ᠵᠢᠨ ᠡᠳᠤᠷ ᠢᠲ᠋ᠠᠯᠢ᠎ᠳᠤ ᠬᠡᠪᠯᠡᠨ ᠲᠠᠷᠬᠠᠭᠠᠵᠤ᠂ ᠢᠲ᠋ᠠᠯᠢ ᠵᠢᠨ ᠤᠩᠰᠢᠬᠴᠢᠳ ᠢ᠋ ᠬᠠᠪᠰᠤᠷᠤᠨ ᠨᠡᠩ ᠪᠤᠰᠤᠳᠴᠢ᠂ ᠵᠦᠪ ᠤᠨᠤᠪᠴᠢᠳᠠᠢ ᠪᠡᠷ ᠳᠤᠮᠳᠠᠳᠤ ᠤᠯᠤᠰ ᠤ᠋ᠨ ᠡᠪ ᠬᠠᠮᠳᠤ ᠨᠠᠮ ᠤ᠋ᠨ ᠵᠠᠭᠤᠨ ᠵᠢᠯ ᠤ᠋ᠨ ᠲᠡᠤᠬᠡ ᠪᠤᠯᠤᠨ ᠲᠦᠷᠤ ᠪᠠᠷᠢᠬᠤ ᠤᠢᠯᠠᠭᠠᠬᠳᠠᠬᠤᠨ ᠢ ᠤᠢᠯᠠᠭᠠᠭᠤᠯᠬᠤ ᠵᠢ ᠵᠤᠷᠢᠪᠠ᠃
《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠣᠪᠴᠢ ᠲᠡᠦᠬᠡ》 ᠬᠡᠬᠦ ᠨᠤᠮ ᠤ᠋ᠨ ᠢᠲ᠋ᠠᠯᠢ ᠬᠡᠯᠡᠨ᠎ᠦ ᠬᠡᠪᠯᠡᠯ᠎ᠦᠨ ᠶᠠᠷᠢᠯᠴᠠᠬᠤ ᠬᠤᠷᠠᠯ 13 ᠤ᠋ ᠡᠳᠦᠷ ᠢᠲ᠋ᠠᠯᠢ᠎ᠶ᠋ᠢᠨ ᠨᠡᠢᠰᠯᠡᠯ ᠷᠣᠮᠠ᠎ᠳᠤ ᠬᠤᠷᠠᠯᠳᠤᠪᠠ᠃ ᠲᠥᠪ᠎ᠦᠨ ᠨᠠᠮ᠎ᠤᠨ ᠲᠡᠦᠬᠡ ᠪᠠ ᠲᠤᠯᠭᠤᠷ ᠪᠢᠴᠢᠭ᠎ᠦᠨ ᠰᠤᠳᠤᠯᠭᠠᠨ᠎ᠤ ᠬᠦᠷᠢᠶᠡᠯᠡᠩ᠎ᠦᠨ ᠳᠡᠳ᠋ ᠳᠠᠷᠤᠭ᠎ᠠ᠂ ᠲᠥᠪ᠎ᠦᠨ ᠨᠠᠢᠷᠠᠭᠤᠯᠤᠨ ᠣᠷᠴᠢᠭᠤᠯᠬᠤ ᠲᠣᠪᠴᠢᠶ᠎ᠠ᠎ᠵᠢᠨ ᠳᠠᠷᠤᠭ᠎ᠠ ᠴᠠᠢ ᠹᠠᠩ ᠭᠦᠸᠧ ᠶᠠᠷᠢᠯᠴᠠᠬᠤ ᠬᠤᠷᠠᠯ ᠳᠡᠭᠡᠷ᠎ᠡ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠣᠪᠴᠢ ᠲᠡᠦᠬᠡ》 ᠵᠢᠨ ᠭᠣᠣᠯ ᠠᠭᠤᠯᠭ᠎ᠠ᠎ᠶ᠋ᠢ ᠲᠠᠨᠢᠯᠴᠠᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠭᠡᠷᠡᠯ ᠰᠠᠴᠤᠷᠠᠩᠭᠤᠢ ᠥᠩᠭᠡᠷᠡᠯᠲᠡ᠂ ᠠᠭᠤᠤ ᠶᠡᠬᠡ ᠠᠮᠵᠢᠯᠲᠠ ᠪᠠ ᠡᠷᠬᠢᠮ ᠨᠠᠨᠳᠢᠨ ᠲᠤᠷᠱᠢᠯᠭ᠎ᠠ᠎ᠶ᠋ᠢ ᠲᠣᠳᠣᠷᠬᠠᠢᠯᠠᠨ ᠥᠭᠦᠯᠡᠪᠡ᠃
ᠢᠲ᠋ᠠᠯᠢ᠎ᠳᠤ ᠰᠠᠭᠤᠭ᠎ᠠ ᠳᠤᠮᠳᠠᠳᠤ ᠤᠯᠤᠰ᠎ᠤᠨ ᠡᠯᠴᠢᠨ ᠰᠠᠢᠳ ᠵᠢᠶᠠ ᠬᠦᠢ ᠳ᠋ᠸ ᠪᠠᠶᠠᠷ᠎ᠤᠨ ᠦᠭᠡ ᠬᠡᠯᠡᠬᠦ᠌᠎ᠳᠡᠭᠡᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠢ ᠣᠢᠯᠠᠭᠠᠬᠤ ᠲᠦᠯᠬᠢᠭᠦᠷ ᠮᠥᠨ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠣᠪᠴᠢ ᠲᠡᠦᠬᠡ》 ᠨᠢ ᠢᠲ᠋ᠠᠯᠢ᠎ᠶ᠋ᠢᠨ ᠤᠩᠱᠢᠭ᠍ᠴᠢᠳ᠎ᠤᠨ ᠳᠤᠮᠳᠠᠳᠤ ᠤᠯᠤᠰ᠎ᠤᠨ ᠡᠪ ᠬᠠᠮᠲᠤ ᠨᠠᠮ᠎ᠢ ᠣᠢᠯᠠᠭᠠᠬᠤ᠂ ᠦᠨᠡᠨ ᠪᠣᠳᠠᠲᠠᠢ᠂ ᠪᠦᠬᠦ᠌ ᠲᠠᠯ᠎ᠠ᠎ᠶ᠋ᠢᠨ᠂ ᠠᠮᠢᠳᠤᠯᠢᠭ ᠳᠤᠮᠳᠠᠳᠤ ᠤᠯᠤᠰ᠎ᠤᠨ ᠡᠪ ᠬᠠᠮᠲᠤ ᠨᠠᠮ᠎ᠢ ᠣᠯᠵᠤ ᠦᠵᠡᠬᠦ᠌᠎ᠳᠦ ᠴᠢᠬᠤᠯᠠ ᠦᠢᠯᠡᠳᠦᠯ᠎ᠲᠡᠶ ᠶᠤᠮ ᠬᠡᠵᠡᠢ᠃
ᠢᠲ᠋ᠠᠯᠢ᠎ᠶ᠋ᠢᠨ ᠡᠪ ᠬᠠᠮᠲᠤ ᠨᠠᠮ᠎ᠤᠨ ᠪᠦᠬᠦ᠌ ᠤᠯᠤᠰ᠎ᠤᠨ ᠱᠦᠵᠢ ᠠᠷᠪᠤᠯᠸᠢᠢᠰᠢᠶ᠋ᠢ ᠪᠠᠭ᠍ᠲᠠᠭᠠᠭ᠍ᠰᠠᠨ 50 ᠭᠠᠷᠤᠢ ᠬᠥᠮᠦᠨ ᠶᠠᠷᠢᠯᠴᠠᠬᠤ ᠬᠤᠷᠠᠯ᠎ᠳᠤ ᠣᠷᠣᠯᠴᠠᠪᠠ᠃
《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠣᠪᠴᠢ ᠲᠡᠦᠬᠡ》 ᠭᠡᠬᠦ᠌ ᠨᠣᠮ᠎ᠤᠨ ᠢᠲ᠋ᠠᠯᠢ ᠬᠡᠯᠡᠨ᠎ᠦ ᠬᠡᠪᠯᠡᠯ᠎ᠢ ᠢᠲ᠋ᠠᠯᠢ᠎ᠶ᠋ᠢᠨ 21 ᠳ᠋ᠤᠬᠡᠷ ᠵᠠᠭᠤᠨ᠎ᠤ ᠮᠠᠷᠺᠰ᠎ᠤᠨ ᠬᠡᠪᠯᠡᠯ᠎ᠦᠨ ᠬᠣᠷᠢᠢ᠎ᠠ᠎ᠠᠴᠠ ᠵᠣᠬᠢᠶᠠᠨ ᠪᠠᠢᠭᠤᠯᠵᠤ ᠣᠷᠴᠢᠭᠤᠯᠤᠭ᠍ᠰᠠᠨ ᠪᠥᠭᠡᠳ ᠬᠡᠪᠯᠡᠨ ᠲᠠᠷᠬᠠᠭᠠᠪᠠ᠃
(ᠰᠢᠨᠬᠤᠸᠠ ᠬᠤᠷᠢᠶ᠎ᠠ ᠵᠢᠨ ᠷᠤᠮᠠ ᠵᠢᠨ 9 ᠰᠠᠷ᠎ᠠ ᠵᠢᠨ 13 ᠤ᠋ ᠴᠠᠬᠢᠯᠭᠠᠨ ᠮᠡᠳᠡᠬᠡ)