ᠨᠠᠢ᠍ᠮᠠᠨ ᠬᠣᠰᠢᠭᠤ᠄ ᠬᠢᠲᠠᠳ (ᠮᠣᠩᠭᠣᠯ) ᠡᠮ᠎ᠦᠨ ᠮᠠᠲᠧᠷᠢᠶᠠᠯ᠎ᠤᠨ ᠠᠵᠤ ᠦᠢᠯᠡᠰ᠎ᠦᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠦᠨ᠎ᠡ
2023-09-18 09:33:54
ᠵᠣᠬᠢᠶᠠᠭ᠍ᠴᠢ᠄
ᠪᠦᠦ ᠴᠢᠩ ᠱᠧᠩ
ᠣᠩᠱᠢᠭ᠍ᠰᠠᠨ ᠣᠳᠠᠭ᠎ᠠ᠄
★★★☆☆

ᠥᠢᠷ᠎ᠠ ᠵᠢᠨ ᠡᠳᠦᠷ᠎ᠦᠳ᠎ᠲᠦ᠂ ᠨᠠᠢ᠍ᠮᠠᠨ ᠬᠣᠰᠢᠭᠤᠨ᠎ᠤ ᠡᠮ᠎ᠦᠨ ᠮᠠᠲᠧᠷᠢᠶᠠᠯ᠎ᠤᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠵᠢᠱ᠌ᠢᠶ᠎ᠡ ᠦᠵᠡᠭᠦᠯᠬᠦ ᠰᠠᠭᠤᠷᠢᠨ᠎ᠳᠤ ᠥᠪᠥᠷ ᠮᠣᠩᠭᠣᠯ᠎ᠤᠨ ᠦᠨᠳᠦᠰᠦᠲᠡᠨ᠎ᠦ ᠶᠡᠬᠡ ᠰᠤᠷᠭᠠᠭᠤᠯᠢ᠎ᠶᠢᠨ ᠲᠠᠷᠢᠶᠠᠯᠠᠩ᠎ᠤᠨ ᠳᠡᠭᠡᠳᠦ ᠰᠤᠷᠭᠠᠭᠤᠯᠢ᠎ᠶᠢᠨ ᠴᠡᠴᠡᠷᠯᠢᠭ᠎ᠦᠨ ᠮᠡᠷᠭᠡᠵᠢᠯ ᠎ᠦᠨ ᠰᠠᠯᠪᠤᠷᠢ᠎ᠶᠢᠨ ᠡᠷᠬᠢᠯᠡᠭᠴᠢ ᠵᠢᠶᠠ ᠵᠢᠶᠦ᠋ᠨ ᠶᠢᠩ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠦᠯᠬᠦᠮ᠎ᠢᠶᠡᠨ ᠳᠠᠭᠠᠭᠤᠯᠤᠨ ᠡᠮ᠎ᠦᠨ ᠮᠠᠲᠧᠷᠢᠶᠠᠯ ᠪᠤᠯᠬᠤ ᠴᠢᠨᠦ᠎ᠠ᠎ᠶᠢᠨ ᠬᠠᠯᠲᠠᠷ᠎ᠤᠨ ᠨᠠᠪᠴᠢᠨ᠎ᠤ ᠥᠯᠢᠭᠡᠷ ᠡᠳ᠋᠎ᠢ ᠴᠤᠭᠯᠠᠭᠤᠯᠵᠤ᠂ ᠤᠰᠤᠨ᠎ᠤ ᠬᠡᠮᠵᠢᠶ᠎ᠡ᠎ᠶᠢ ᠲᠣᠬᠢᠷᠠᠭᠤᠯᠤᠨ ᠡᠵᠡᠮᠳᠡᠬᠦ ᠲᠤᠷᠰᠢᠯᠲᠠ ᠬᠢᠭᠡᠳ ᠶᠠᠭᠠᠷᠠᠤ ᠪᠠᠢᠯ᠎ᠠ᠃ ᠲᠣᠰ ᠲᠤᠷᠰᠢᠯᠲᠠ ᠨᠢ ᠨᠠᠪᠴᠢᠨ᠎ᠤ ᠳᠣᠲᠣᠷᠠᠬᠢ ᠤᠰᠤᠨ᠎ᠤ ᠠᠭᠤᠯᠤᠭᠳᠠᠴᠠ᠎ᠶᠢ ᠵᠠᠳᠠᠯᠤᠨ ᠰᠢᠨᠵᠢᠯᠡᠬᠦ ᠪᠡᠷ ᠳᠡᠮᠵᠢᠨ᠂ ᠲᠠᠷᠠᠭᠠᠴᠢ᠎ᠶᠢᠨ ᠱᠠᠲᠤᠨ᠎ᠤ ᠤᠰᠤ ᠠᠷᠪᠢᠯᠠᠵᠤ ᠪᠤᠷᠳᠤᠭᠤᠷ᠎ᠢ ᠪᠠᠭᠠᠰᠬᠠᠨ ᠲᠠᠷᠢᠬᠤ ᠵᠠᠭᠪᠤᠷ᠎ᠲᠤ ᠲᠣᠭ᠎ᠠ ᠪᠠᠷᠢᠮᠲᠠ᠎ᠶᠢᠨ ᠲᠤᠯᠭᠠᠭᠤᠷᠢᠯᠠᠯ ᠬᠠᠩᠭᠠᠵᠤ᠂ ᠲᠡᠭᠦᠨ᠎ᠦ ᠰᠢᠯᠢᠳᠡᠭ ᠰᠠᠢᠨ ᠡᠮ᠎ᠦᠨ ᠴᠢᠨᠠᠷ᠎ᠤᠨ ᠪᠥᠷᠢᠯᠳᠤᠯ᠎ᠢ ᠪᠠᠲᠤᠯᠠᠬᠤ ᠪᠤᠯᠤᠨ᠎ᠠ᠃

《ᠪᠢᠳᠡ ᠣᠲᠣ᠌ ᠭᠣᠣᠯᠳᠠᠭᠤ ᠨᠠᠢ᠍ᠮᠠᠨ ᠬᠣᠰᠢᠭᠤᠨ᠎ᠤ ᠡᠮ᠎ᠦᠨ ᠮᠠᠲᠧᠷᠢᠶᠠᠯ᠎ᠤᠨ ᠴᠢᠨᠠᠷ ᠰᠠᠢᠲᠠᠢ ᠬᠥᠭᠵᠢᠯᠲᠡ᠎ᠳᠦ ᠴᠢᠭᠯᠡᠭᠦᠯᠦᠨ ᠡᠭᠦᠯᠳᠡᠷ ᠪᠣᠢᠵᠢᠭᠤᠯᠬᠤ ᠪᠠ ᠳᠠᠷᠢᠵᠤ ᠤᠷᠭᠤᠭᠤᠯᠬᠤ ᠲᠠᠯ᠎ᠠ ᠪᠠᠷ ᠰᠤᠳᠤᠯᠭᠠᠨ ᠬᠢᠵᠦ ᠪᠤᠢ᠂ ᠣᠳᠣᠬᠠᠨ᠎ᠳᠤ ᠤᠯᠠᠭᠠᠨ ᠴᠠᠨ᠎ᠠ ᠪᠠ ᠴᠢᠨᠦ᠎ᠠ᠎ᠶᠢᠨ ᠬᠠᠯᠲᠠᠷ᠎ᠤᠨ ᠲᠤᠷᠰᠢᠯᠲᠠ᠎ᠶᠢ ᠤᠷᠢᠳ᠎ᠢᠶᠡᠷ ᠬᠢᠵᠦ ᠪᠠᠢᠨ᠎ᠠ᠂ ᠰᠤᠳᠤᠯᠭᠠᠨ᠎ᠢᠶᠠᠷ ᠳᠡᠮᠵᠢᠨ ᠨᠠᠢ᠍ᠮᠠᠨ ᠬᠣᠰᠢᠭᠤᠨ᠎ᠤ ᠬᠥᠷᠥᠰᠥ ᠰᠢᠷᠣᠢ᠎ᠶᠢᠨ ᠥᠰᠦᠯᠲᠡ᠎ᠳᠦ ᠲᠣᠬᠢᠷᠠᠬᠤ ᠵᠢᠩᠬᠢᠨᠢ ᠡᠮ᠎ᠦᠨ ᠮᠠᠲᠧᠷᠢᠶᠠᠯ᠎ᠢ ᠪᠣᠢᠵᠢᠭᠤᠯᠵᠤ᠂ ᠥᠪᠡᠷ᠎ᠦᠨ ᠲᠥᠷᠥᠯ ᠲᠡᠮᠳᠡᠭ᠎ᠢ ᠡᠭᠦᠳᠥᠨ᠂ ᠡᠮ᠎ᠦᠨ ᠮᠠᠲᠧᠷᠢᠶᠠᠯ᠎ᠤᠨ ᠬᠥᠭᠵᠢᠯᠲᠡ᠎ᠳᠦ ᠰᠠᠭᠤᠷᠢ ᠲᠠᠯᠪᠢᠵᠤ ᠥᠭᠬᠦ᠎ᠪᠡᠷ ᠴᠢᠷᠮᠠᠢᠵᠤ ᠪᠠᠢᠨ᠎ᠠ》 ᠭᠡᠵᠦ ᠵᠢᠶᠠ ᠵᠢᠶᠦ᠋ᠨ ᠶᠢᠩ ᠲᠠᠨᠢᠯᠴᠠᠭᠤᠯᠵᠤ ᠪᠠᠢᠯ᠎ᠠ᠃

2023 ᠣᠨ᠎ᠳᠤ᠂ ᠨᠠᠢ᠍ᠮᠠᠨ ᠬᠣᠰᠢᠭᠤᠨ᠎ᠤ ᠡᠮ᠎ᠦᠨ ᠮᠠᠲᠧᠷᠢᠶᠠᠯ᠎ᠤᠨ ᠠᠵᠤ ᠦᠢᠯᠡᠰ᠎ᠦᠨ ᠠᠺᠠᠳᠧᠮᠢᠴᠢ ᠲᠤᠰᠬᠠᠢ ᠮᠡᠷᠭᠡᠵᠢᠯᠲᠡᠨ᠎ᠦ ᠠᠵᠢᠯᠯᠠᠬᠤ ᠥᠷᠲᠡᠭᠡ ᠪᠡᠷ ᠲᠣᠯᠣᠭᠠᠢᠯᠠᠭᠤᠯᠤᠭᠰᠠᠨ 《ᠳᠥᠷᠪᠡᠨ ᠥᠷᠲᠡᠭᠡ᠎ᠶᠢ ᠨᠢᠭᠡᠳᠬᠡᠭᠰᠡᠨ》 ᠲᠤᠰᠬᠠᠢ ᠮᠡᠷᠭᠡᠵᠢᠯᠲᠡᠨ᠎ᠦ ᠪᠦᠯᠬᠦᠮ᠎ᠦᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠲᠠᠪᠴᠠᠩ᠎ᠤᠨ ᠳᠠᠪᠠᠭᠤᠯᠢᠭ᠋᠎ᠢ ᠭᠦᠢᠴᠡᠳ ᠪᠠᠳᠠᠷᠠᠭᠤᠯᠵᠤ᠂ ᠨᠠᠢ᠍ᠮᠠᠨ᠎ᠤ ᠰᠢᠬᠢᠷ ᠡᠪᠡᠰᠦ᠂ ᠨᠠᠢ᠍ᠮᠠᠨ᠎ᠤ ᠬᠤᠨᠴᠢᠷ᠂ ᠨᠠᠢ᠍ᠮᠠᠨ᠎ᠤ ᠲᠤᠭᠤᠯ ᠡᠪᠡᠰᠥ᠂ ᠨᠠᠢ᠍ᠮᠠᠨ᠎ᠤ ᠬᠤᠷᠳᠤᠨ ᠴᠠᠭᠠᠨ᠂ ᠨᠠᠢ᠍ᠮᠠᠨ᠎ᠤ ᠬᠤᠨᠢᠨ ᠱᠥᠭᠥᠷ ᠵᠡᠷᠭᠡ ᠲᠠᠪᠤᠨ ᠭᠣᠣᠯ ᠪᠣᠯᠬᠤ ᠡᠮ᠎ᠤᠨ ᠮᠠᠲᠧᠷᠢᠶᠠᠯ᠎ᠢᠶᠠᠷ ᠰᠠᠭᠤᠷᠢ ᠰᠢᠨᠵᠢᠯᠡᠬᠦ ᠤᠬᠠᠭᠠᠨ᠎ᠤ ᠰᠤᠳᠤᠯᠤᠯ᠎ᠤᠨ ᠰᠤᠳᠤᠯᠤᠭᠳᠠᠬᠤᠨ ᠪᠣᠯᠭᠠᠨ᠂ ᠪᠠᠷᠢᠮᠵᠢᠶᠠᠵᠢᠭᠤᠯᠤᠨ ᠲᠠᠷᠢᠬᠤ᠂ ᠬᠡᠪᠴᠢᠶᠡᠵᠢᠭᠦᠯᠦᠨ ᠲᠠᠷᠢᠬᠤ᠂ ᠠᠮᠢ ᠠᠬᠤᠢᠴᠢᠯᠠᠨ ᠲᠠᠷᠢᠬᠤ᠂ ᠬᠡᠭᠡᠷ᠎ᠡ᠎ᠶᠢᠨ ᠲᠠᠷᠢᠮᠠᠯ᠎ᠢ ᠳᠠᠭᠤᠷᠢᠶᠠᠨ ᠲᠠᠷᠢᠬᠤ ᠵᠡᠷᠭᠡ ᠴᠢᠨᠠᠷ ᠰᠠᠢᠲᠠᠢ ᠥᠨᠳᠥᠷ ᠦᠷ᠎ᠡ ᠠᠰᠢᠭ᠋ ᠲᠠᠢ ᠲᠡᠷᠢᠬᠤ ᠮᠡᠷᠭᠡᠵᠢᠯ᠎ᠢ ᠬᠠᠢᠨ ᠰᠦᠪᠡᠭᠴᠢᠯᠡᠵᠦ᠂ ᠥᠪᠥᠷ ᠮᠣᠩᠭᠣᠯ᠎ᠤᠨ ᠵᠡᠭᠦᠨ ᠬᠡᠰᠡᠭ᠎ᠤᠨ ᠭᠠᠵᠠᠷ ᠣᠷᠣᠨ᠎ᠤ ᠡᠮ᠎ᠤᠨ ᠮᠠᠲᠧᠷᠢᠶᠠᠯ᠎ᠤᠨ ᠰᠢᠨᠵᠢᠯᠡᠬᠦ ᠤᠬᠠᠭᠠᠨ᠎ᠤ ᠰᠤᠳᠤᠯᠤᠯ᠎ᠤᠨ ᠥᠨᠳᠥᠷᠯᠢᠭ ᠭᠠᠵᠠᠷ᠎ᠢ ᠪᠠᠢᠭᠤᠯᠬᠤ ᠪᠡᠷ ᠵᠤᠷᠢᠯᠭ᠎ᠠ ᠪᠠᠨ ᠪᠤᠯᠭᠠᠵᠠᠢ᠃

ᠡᠨᠡ ᠵᠢᠯ᠂ ᠨᠠᠢ᠍ᠮᠠᠨ ᠬᠣᠰᠢᠭᠤ ᠪᠥᠬᠥ ᠲᠥᠩᠯᠢᠶᠤᠤ ᠬᠣᠲᠠ᠎ᠳᠤ ᠡᠩ ᠲᠡᠷᠢᠭᠦᠨ᠎ᠳᠦ 2.0 ᠬᠡᠯᠪᠡᠷᠢ ᠵᠢᠨ ᠥᠨᠳᠥᠷ ᠪᠠᠷᠢᠮᠵᠢᠶᠠᠲᠤ ᠡᠮ᠎ᠦᠨ ᠮᠠᠲᠧᠷᠢᠶᠠᠯ᠎ᠤᠨ ᠵᠢᠱ᠌ᠢᠶ᠎ᠡ ᠦᠵᠡᠭᠦᠯᠬᠦ ᠰᠠᠭᠤᠷᠢᠨ ᠢ᠋ ᠲᠥᠯᠥᠪᠵᠢᠭᠦᠯᠦᠨ ᠪᠠᠢᠭᠤᠯᠵᠤ᠂ ᠰᠠᠭᠤᠷᠢᠨ᠎ᠳᠤ ᠵᠢᠩᠬᠢᠨᠢ ᠡᠮ᠎ᠦᠨ ᠮᠠᠲᠧᠷᠢᠶᠠᠯ᠎ᠤᠨ ᠰᠢᠯᠢᠳᠡᠭ ᠦᠷ᠎ᠡ ᠵᠢᠨ ᠡᠬᠢ ᠪᠠᠶᠠᠯᠢᠭ᠋᠎ᠢ ᠬᠠᠮᠠᠭᠠᠯᠠᠬᠤ ᠪᠠ ᠰᠢᠨ᠎ᠡ ᠡᠭᠦᠯᠳᠡᠷ᠎ᠢ ᠰᠣᠩᠭᠣᠨ ᠪᠣᠢᠵᠢᠭᠤᠯᠬᠤ ᠬᠢᠭᠡᠳ ᠣᠶᠤᠨᠲᠤ ᠡᠮ᠎ᠦᠨ ᠮᠠᠲᠧᠷᠢᠶᠠᠯ᠎ᠢ ᠬᠢᠨᠠᠨ ᠬᠡᠮᠵᠢᠬᠦ ᠰᠢᠰᠲᠧᠮ ᠵᠢᠴᠢ ᠲᠣᠮᠣ᠌ ᠳ᠋ᠠᠢᠲ᠋ᠠ᠎ᠶᠢᠨ ᠦᠢᠯᠡᠴᠢᠯᠡᠭᠡᠨ᠎ᠦ ᠲᠠᠪᠴᠠᠩ᠎ᠢ ᠰᠢᠨ᠎ᠡ᠎ᠪᠡᠷ ᠨᠡᠮᠡᠵᠦ ᠣᠷᠣᠭᠤᠯᠪᠠ᠃ ᠡᠭᠦᠨ᠎ᠡᠴᠡ ᠡᠮᠦᠨᠡᠬᠢ 1.0 ᠬᠡᠯᠪᠡᠷᠢ᠎ᠲᠠᠢ ᠬᠠᠷᠢᠴᠠᠭᠤᠯᠪᠠᠯ᠂ 2.0 ᠬᠡᠯᠪᠡᠷᠢ ᠵᠢᠨ ᠡᠮ᠎ᠦᠨ ᠮᠠᠲᠧᠷᠢᠶᠠᠯ᠎ᠤᠨ ᠵᠢᠱ᠌ᠢᠶ᠎ᠡ ᠦᠵᠡᠭᠦᠯᠬᠦ ᠰᠠᠭᠤᠷᠢᠨ ᠨᠢ ᠲᠣᠭᠠᠴᠢᠯᠠᠭᠰᠠᠨ᠂ ᠣᠶᠤᠨᠴᠢᠯᠠᠭᠰᠠᠨ᠂ ᠰᠢᠨᠵᠢᠯᠡᠬᠦ ᠤᠬᠠᠭᠠᠨᠴᠢᠯᠠᠭᠰᠠᠨ ᠬᠠᠮᠢᠶᠠᠷᠤᠯᠲᠠ᠎ᠶᠢ ᠪᠡᠶᠡᠯᠡᠭᠦᠯᠦᠭᠰᠡᠨ ᠪᠠᠢᠨ᠎ᠠ᠃

《ᠵᠢᠩᠬᠢᠨᠢ ᠡᠮ᠎ᠦᠨ ᠮᠠᠲᠧᠷᠢᠶᠠᠯ᠎ᠤᠨ ᠰᠢᠯᠢᠳᠡᠭ ᠡᠭᠦᠯᠳᠡᠷ᠎ᠢ ᠰᠣᠩᠭᠣᠨ ᠪᠣᠢᠵᠢᠭᠤᠯᠬᠤ᠎ᠪᠠᠷ ᠳᠡᠮᠵᠢᠨ ᠵᠢᠱ᠌ᠢᠶ᠎ᠡ ᠦᠵᠡᠭᠦᠯᠦᠨ ᠳᠡᠯᠭᠡᠷᠡᠭᠦᠯᠵᠦ᠂ ᠪᠥᠬᠥ ᠬᠣᠰᠢᠭᠤᠨ᠎ᠤ ᠵᠢᠩᠬᠢᠨᠢ ᠡᠮ᠎ᠦᠨ ᠮᠠᠲᠧᠷᠢᠶᠠᠯ᠎ᠤᠨ ᠰᠢᠯᠢᠳᠡᠭ ᠦᠷ᠎ᠡ᠎ᠶᠢᠨ ᠡᠬᠢ ᠪᠠᠶᠠᠯᠢᠭ᠋᠎ᠤᠨ ᠭᠠᠷᠤᠯᠲᠠ᠎ᠶᠢᠨ ᠣᠷᠣᠨ᠎ᠤ ᠬᠠᠩᠭᠠᠯᠭ᠎ᠠ᠎ᠶᠢ ᠠᠯᠬᠤᠮ ᠠᠯᠬᠤᠮ᠎ᠢᠶᠠᠷ ᠪᠡᠶᠡᠯᠡᠭᠦᠯᠬᠥ ᠨᠢ ᠨᠠᠢ᠍ᠮᠠᠨ ᠬᠣᠰᠢᠭᠤᠨ᠎ᠤ ᠵᠢᠩᠬᠢᠨᠢ ᠡᠮ᠎ᠦᠨ ᠮᠠᠲᠧᠷᠢᠶᠠᠯ᠎ᠤᠨ ᠭᠣᠣᠯᠯᠠᠬᠤ ᠥᠷᠢᠰᠦᠯᠳᠦᠬᠦ ᠬᠦᠴᠦᠨ᠎ᠢ ᠪᠥᠬᠥ ᠲᠠᠯ᠎ᠠ᠎ᠪᠠᠷ ᠳᠡᠭᠡᠭᠰᠢᠯᠡᠭᠦᠯᠬᠦ ᠪᠣᠯᠣᠨ᠎ᠠ》 ᠭᠡᠵᠥ ᠨᠠᠢ᠍ᠮᠠᠨ ᠬᠣᠰᠢᠭᠤᠨ᠎ᠤ ᠡᠮ᠎ᠦᠨ ᠮᠠᠲᠧᠷᠢᠶᠠᠯ᠎ᠤᠨ ᠰᠤᠳᠤᠯᠭᠠᠨ᠎ᠤ ᠬᠥᠭᠵᠢᠯᠲᠡ᠎ᠶᠢᠨ ᠲᠥᠪ᠎ᠦᠨ ᠡᠮ᠎ᠦᠨ ᠮᠠᠲᠧᠷᠢᠶᠠᠯ᠎ᠤᠨ ᠲᠠᠷᠢᠮᠠᠯ᠎ᠤᠨ ᠲᠠᠰᠤᠭ᠎ᠤᠨ ᠳᠠᠷᠤᠭ᠎ᠠ ᠴᠧᠨ ᠵᠢᠨ ᠱᠧᠩ ᠲᠠᠨᠢᠯᠴᠠᠭᠤᠯᠵᠤ ᠪᠠᠢᠯ᠎ᠠ᠃ ᠣᠶᠤᠨᠲᠤ ᠡᠮ᠎ᠦᠨ ᠮᠠᠲᠧᠷᠢᠶᠠᠯ᠎ᠤᠨ ᠰᠢᠰᠲᠧᠮ ᠵᠢᠴᠢ ᠨᠠᠢ᠍ᠮᠠᠨ ᠬᠣᠰᠢᠭᠤᠨ᠎ᠤ ᠡᠮ᠎ᠦᠨ ᠮᠠᠲᠧᠷᠢᠶᠠᠯ᠎ᠤᠨ ᠲᠣᠮᠣ᠌ ᠳ᠋ᠠᠢᠲ᠋ᠠ᠎ᠶᠢᠨ ᠦᠢᠯᠡᠴᠢᠯᠡᠭᠡᠨ᠎ᠦ ᠲᠠᠪᠴᠠᠩ᠎ᠤᠨ ᠪᠠᠢᠭᠤᠯᠤᠯᠲᠠ᠎ᠶᠢ ᠠᠬᠢᠭᠤᠯᠥᠨ᠂ ᠭᠤᠷᠪᠠᠨ ᠵᠢᠯ᠎ᠦᠨ ᠲᠣᠭ᠎ᠠ ᠪᠠᠷᠢᠮᠲᠠ᠎ᠶᠢᠨ ᠬᠤᠷᠠᠮᠳᠤᠭᠤᠯᠤᠯ᠎ᠢᠶᠠᠷ ᠳᠡᠮᠵᠢᠨ ᠨᠠᠢ᠍ᠮᠠᠨ ᠬᠣᠰᠢᠭᠤᠨ᠎ᠤ ᠡᠮ᠎ᠦᠨ ᠮᠠᠲᠧᠷᠢᠶᠠᠯ ᠳᠠᠷᠢᠬᠤ ᠰᠠᠭᠤᠷᠢ ᠲᠣᠭ᠎ᠠ ᠪᠠᠷᠢᠮᠲᠠ᠎ᠶᠢ ᠪᠣᠶ ᠪᠣᠯᠭᠠᠵᠤ᠂ ᠡᠮ᠎ᠦᠨ ᠮᠠᠲᠧᠷᠢᠶᠠᠯ᠎ᠤᠨ ᠠᠵᠤ ᠦᠢᠯᠡᠰ᠎ᠦᠨ ᠡᠬᠢ ᠰᠤᠷᠪᠤᠯᠵᠢ᠎ᠶᠢ ᠡᠷᠢᠬᠦ ᠰᠢᠰᠲᠧᠮ᠎ᠤᠨ ᠪᠠᠢᠭᠤᠯᠤᠯᠲᠠ ᠵᠢᠴᠢ 《ᠭᠤᠷᠪᠠ ᠦᠭᠡᠢ ᠨᠢᠭᠡ ᠪᠦᠷᠢᠨ》 ᠲᠥᠷᠥᠯ ᠲᠡᠮᠳᠡᠭᠲᠦ᠎ᠶᠢᠨ ᠰᠠᠭᠤᠷᠢᠨ᠎ᠤ ᠪᠠᠢᠭᠤᠯᠤᠯᠲᠠ᠎ᠳᠤ ᠪᠠᠲᠤ ᠪᠡᠬᠢ ᠰᠠᠭᠤᠷᠢ ᠵᠢ ᠲᠠᠯᠪᠢᠵᠤ ᠥᠭᠭᠥ ᠪᠤᠯᠤᠨ᠎ᠠ᠃

2023 ᠣᠨ᠎ᠳᠤ᠂ ᠨᠠᠢ᠍ᠮᠠᠨ ᠬᠣᠰᠢᠭᠤ ᠠᠵᠤ ᠦᠢᠯᠡᠰ᠎ᠦᠨ ᠬᠠᠮᠢᠶ᠎ᠠ ᠪᠦᠬᠦᠢ ᠲᠥᠷᠥᠯ ᠵᠦᠢᠯ᠎ᠦᠨ ᠪᠡᠯᠡ ᠮᠥᠩᠭᠥ᠎ᠶᠢ ᠨᠡᠢᠳᠭᠡᠵᠤ᠂ ᠣᠶᠤᠨᠲᠤ ᠡᠮ᠎ᠦᠨ ᠮᠠᠲᠧᠷᠢᠶᠠᠯ᠎ᠤᠨ ᠴᠠᠭ ᠠᠭᠤᠷ᠎ᠤᠨ ᠬᠢᠨᠠᠨ ᠬᠡᠮᠵᠢᠯᠲᠡ᠎ᠶᠢᠨ ᠥᠷᠲᠡᠭᠡ᠎ᠶᠢ 2 ᠪᠠᠢᠭᠤᠯᠥᠨ᠂ 50 ᠲᠣᠮᠣ᠌ ᠳ᠋ᠠᠢᠲ᠋ᠠ᠎ᠶᠢᠨ ᠡᠳ᠋ ᠪᠠᠷᠠᠭ᠎ᠠ ᠵᠢᠨ ᠮᠡᠳᠡᠭᠡ ᠵᠠᠩᠬᠢ ᠵᠢᠨ ᠰᠦᠯᠵᠢᠶ᠎ᠡ᠎ᠶᠢᠨ ᠲᠥᠬᠦᠭᠡᠷᠦᠮᠵᠢ᠎ᠶᠢᠨ ᠬᠢᠨᠠᠨ ᠬᠡᠮᠵᠢᠬᠦ ᠴᠡᠭ᠎ᠢ ᠪᠠᠢᠷᠢᠯᠠᠭᠤᠯᠵᠤ᠂ ᠠᠯᠤᠰ ᠰᠡᠷᠡᠯ᠂ ᠡᠳ᠋ ᠪᠠᠷᠠᠭᠠᠨ᠎ᠤ ᠮᠡᠳᠡᠭᠡ ᠵᠠᠩᠭᠢ᠎ᠶᠢᠨ ᠰᠦᠯᠵᠢᠶ᠎ᠡ ᠵᠡᠷᠭᠡ ᠮᠡᠷᠭᠡᠵᠢᠯ᠎ᠢ ᠠᠰᠢᠭ᠍ᠯᠠᠨ ᠡᠮ᠎ᠦᠨ ᠮᠠᠲᠧᠷᠢᠶᠠᠯ᠎ᠤᠨ ᠵᠢᠱ᠌ᠢᠶ᠎ᠡ ᠦᠵᠡᠭᠦᠯᠬᠦ ᠰᠠᠭᠤᠷᠢᠨ  ᠵᠢᠴᠢ ᠪᠥᠬᠥ ᠬᠣᠰᠢᠭᠤᠨ᠎ᠤ 15 ᠰᠤᠮᠤ ᠰᠢᠶᠠᠩ ᠪᠠᠯᠭᠠᠰᠤ᠎ᠶᠢᠨ ᠡᠮ᠎ᠦᠨ ᠮᠠᠲᠧᠷᠢᠶᠠᠯ᠎ᠤᠨ ᠲᠠᠷᠢᠮᠠᠯ᠎ᠳᠤ ᠣᠶᠤᠨᠴᠢ ᠬᠢᠨᠠᠨ ᠬᠡᠮᠵᠢᠯᠲᠡ ᠬᠢᠵᠤ᠂ ᠮᠡᠳᠡᠭᠡ ᠵᠠᠩᠭᠢ᠎ᠶᠢᠨ ᠲᠣᠭ᠎ᠠ ᠪᠠᠷᠢᠮᠲᠠ᠎ᠶᠢ ᠴᠤᠭᠯᠠᠭᠤᠯᠥᠨ᠂ ᠡᠮ᠎ᠦᠨ ᠮᠠᠲᠧᠷᠢᠶᠠᠯ᠎ᠤᠨ ᠲᠣᠮᠣ᠌ ᠳ᠋ᠠᠢᠲ᠋ᠠ᠎ᠶᠢᠨ ᠦᠢᠯᠡᠴᠢᠯᠡᠭᠡᠨ᠎ᠦ ᠲᠠᠪᠴᠠᠩ᠎ᠤᠨ ᠰᠢᠰᠲᠧᠮ᠎ᠦᠨ ᠵᠠᠳᠠᠯᠤᠯᠲᠠ ᠪᠠᠷ ᠳᠡᠮᠵᠢᠨ᠂ ᠵᠢᠩᠬᠢᠨᠢ ᠡᠮ᠎ᠦᠨ ᠮᠠᠲᠧᠷᠢᠶᠠᠯ᠎ᠢ ᠪᠠᠷᠢᠮᠵᠢᠶᠠᠵᠢᠭᠤᠯᠤᠨ ᠳᠠᠷᠢᠬᠤ᠂ ᠦᠷ᠎ᠡ ᠪᠠ ᠴᠢᠬᠢ᠎ᠶᠢ ᠦᠷᠡᠵᠢᠭᠦᠯᠦᠨ ᠪᠣᠢᠵᠢᠭᠤᠯᠬᠤ ᠵᠡᠷᠭᠡ ᠡᠵᠡᠩᠨᠡᠯᠲᠡ ᠬᠠᠮᠢᠶᠠᠷᠤᠯᠲᠠ᠎ᠶᠢᠨ ᠠᠵᠢᠯᠯᠠᠭ᠎ᠠ᠎ᠳᠤ ᠰᠢᠨᠵᠢᠯᠡᠬᠦ ᠤᠬᠠᠭᠠᠨᠴᠢ ᠯᠠᠪᠯᠠᠯᠲᠠ᠎ᠶᠢᠨ ᠦᠨᠳᠦᠰᠦᠯᠡᠯ ᠬᠠᠩᠭᠠᠵᠤ ᠪᠤᠢ᠃ ᠣᠲᠣ᠌ ᠪᠣᠯᠲᠠᠯ᠎ᠠ᠂ ᠨᠠᠢ᠍ᠮᠠᠨ ᠬᠣᠰᠢᠭᠤᠨ᠎ᠤ ᠡᠮ᠎ᠦᠨ ᠮᠠᠲᠧᠷᠢᠶᠠᠯ᠎ᠤᠨ ᠳᠠᠷᠢᠮᠠᠯ᠎ᠤᠨ ᠲᠠᠯᠠᠪᠠᠶ ᠨᠢᠭᠡᠨᠲᠡ 20 ᠲᠦᠮᠡᠨ ᠮᠦ᠍᠎ᠡᠴᠡ ᠳᠡᠭᠡᠭᠰᠢ ᠪᠣᠯᠤᠭᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号