《ᠠᠨᠠᠷ᠎ᠤᠨ ᠦᠷ᠎ᠡ e》 ᠠᠵᠢᠯᠯᠠᠭ᠎ᠠ᠄ ᠦᠢᠯᠡᠴᠢᠯᠡᠭᠡ ᠬᠦᠷᠭᠡᠵᠦ ᠪᠥᠬᠥ ᠲᠠᠯ᠎ᠠ᠎ᠪᠠᠷ ᠬᠥᠭᠵᠢᠭᠦᠯᠬᠦ ᠵᠢ ᠠᠬᠢᠭᠤᠯᠤᠨ᠎ᠠ
2023-09-30 17:45:57
ᠵᠣᠬᠢᠶᠠᠭ᠍ᠴᠢ᠄
ᠮᠦᠨᠭᠭᠡᠴᠢᠯᠠᠭᠤ
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠦᠭᠡ ᠬᠡᠯᠡ ᠥᠰᠥᠭ ᠪᠢᠴᠢᠭ᠎ᠦᠨ ᠰᠤᠳᠤᠯᠭᠠᠨ ᠬᠡᠷᠡᠭ᠌ᠯᠡᠭᠡᠨ᠎ᠦ ᠲᠥᠪ᠎ᠡᠴᠡ ᠭᠤᠤᠯᠯᠠᠨ ᠡᠷᠭᠢᠯᠡᠵᠦ᠍᠂ ᠠᠯᠠᠱᠠ ᠠᠢᠮᠠᠭ᠎ᠤᠨ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠂ ᠠᠯᠠᠱᠠ ᠪᠠᠷᠠᠭᠤᠨ ᠬᠣᠱᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠳᠠᠭᠠᠭᠠᠴᠢᠯᠠᠨ ᠡᠷᠭᠢᠯᠡᠭ᠌ᠰᠡᠨ 《ᠠᠨᠠᠷ᠎ᠤᠨ ᠦᠷ᠎ᠡ e》 ᠦᠨᠳᠦᠰᠦᠲᠡᠨ᠎ᠦ ᠪᠦᠯᠬᠦᠮᠳᠡᠯ᠎ᠦᠨ ᠲᠤᠤᠷ᠎ᠢ ᠨᠢᠭ᠍ᠲᠠ ᠰᠦᠯᠵᠢᠨᠡᠮ — ᠬᠢᠯᠢ ᠬᠢᠵᠠᠭᠠᠷ᠎ᠣᠷᠣᠨ ᠳ᠋ᠦ ᠲᠥᠷᠥ ᠵᠢᠨ ᠪᠣᠳᠣᠯᠭ᠎ᠠ ᠵᠢ ᠲᠠᠢᠯᠪᠤᠷᠢᠯᠠᠵᠤ ᠦᠢᠯᠡᠴᠢᠯᠡᠭᠡ ᠬᠦᠷᠭᠡᠬᠦ ᠠᠵᠢᠯᠯᠠᠭ᠎ᠠ ᠡᠮᠦᠨᠡᠬᠡᠨ ᠠᠯᠠᠱᠠ ᠪᠠᠷᠠᠭᠤᠨ ᠬᠣᠱᠢᠭᠤᠨ᠎ᠳᠤ ᠶᠠᠪᠤᠭ᠍ᠳᠠᠵᠦ᠂ ᠬᠢᠯᠢ ᠬᠢᠵᠠᠭᠠᠷ᠎ᠤᠨ ᠺᠠᠳ᠋ᠷ ᠠᠵᠢᠯᠳᠠᠨ᠂ ᠮᠠᠯᠴᠢᠨ ᠳᠠᠷᠢᠶᠠᠴᠢᠨ ᠤᠯᠠᠨ ᠲᠦᠮᠡᠨ᠎ᠦ ᠬᠠᠯᠠᠭᠤᠨ ᠬᠦᠷᠢᠶᠠᠯᠠᠯ᠎ᠢ ᠤᠯᠵᠠᠢ᠃

ᠠᠵᠢᠯᠯᠠᠭ᠎ᠠ ᠵᠢᠨ ᠬᠤᠭᠤᠴᠠᠭᠠᠨ ᠳ᠋ᠤ᠂ ᠨᠢᠭᠡ ᠲᠠᠯ᠎ᠠ᠎ᠪᠠᠷ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠤᠨ ᠠᠵᠢᠯᠲᠠᠨ ᠵᠢᠴᠢ ᠺᠠᠳ᠋ᠷ ᠤᠯᠠᠨ ᠲᠦᠮᠡᠨ᠎ᠳᠦ ᠮᠡᠳᠡᠭᠡ ᠵᠠᠩᠭᠢᠵᠢᠯᠲᠠ᠎ᠶᠢᠨ ᠬᠣᠰᠢᠭᠤᠷᠠᠯ ᠮᠡᠷᠭᠡᠵᠢᠯ᠎ᠦᠨ ᠪᠣᠯᠪᠠᠰᠤᠷᠠᠯ᠎ᠤᠨ ᠲᠤᠰᠬᠠᠢ ᠰᠡᠳᠦᠪᠲᠦ ᠲᠠᠢᠯᠤᠮᠵᠢ ᠬᠢᠵᠦ᠂ ᠮᠡᠳᠡᠭᠡ ᠵᠠᠩᠭᠢᠵᠢᠯᠲᠠ᠎ᠶᠢᠨ ᠬᠣᠰᠢᠭᠤᠷᠠᠯ ᠮᠡᠷᠭᠡᠵᠢᠯ᠂ ᠣᠶᠤᠨᠲᠤ ᠮᠠᠯ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠂ ᠤᠮᠠᠷᠠᠲᠤ ᠬᠢᠯᠢ᠎ᠶᠢᠨ ᠲᠣᠭᠠᠴᠢᠯᠠᠭᠰᠠᠨ ᠬᠥᠳᠡᠭᠡ ᠲᠣᠰᠬᠣᠨ᠎ᠢ ᠴᠣᠭᠴᠠᠯᠠᠬᠤ᠂ ᠮᠠᠯᠴᠢᠨ ᠲᠠᠷᠢᠶᠠᠴᠢᠨ᠎ᠤ ᠬᠡᠷᠡᠭᠯᠡᠭᠡᠨ᠎ᠦ ᠭᠡᠷᠡᠯ ᠵᠢᠷᠤᠭ᠎ᠤᠨ ᠮᠡᠷᠭᠡᠵᠢᠯ ᠵᠡᠷᠭᠡ ᠠᠭᠤᠯᠭ᠎ᠠ᠎ᠶᠢ ᠬᠠᠮᠤᠷᠤᠭᠰᠠᠨ ᠪᠠᠢᠨ᠎ᠠ᠃  ᠨᠦᠬᠦᠭᠡ ᠲᠠᠯ᠎ᠠ ᠪᠠᠷ ᠬᠢᠯᠢ ᠬᠢᠵᠠᠭᠠᠷ ᠣᠷᠣᠨ᠎ᠢ ᠬᠥᠭᠵᠢᠭᠦᠯᠵᠦ ᠠᠷᠠᠳ᠎ᠢ ᠪᠠᠶᠠᠵᠢᠭᠤᠯᠬᠤ᠎ᠳᠤ ᠬᠦᠴᠦᠨ ᠨᠡᠮᠡᠷᠢᠯᠡᠵᠦ᠂ 《ᠠᠷᠠᠳ᠎ᠠᠴᠠ ᠡᠵᠡᠩᠨᠡᠭᠰᠡᠨ ᠠᠵᠤ ᠠᠬᠤᠢᠯᠠᠯ ᠬᠢᠯᠢ ᠬᠢᠵᠠᠭᠠᠷ ᠣᠷᠣᠨ᠎ᠳᠤ ᠤᠷᠤᠬᠤ》 ᠠᠵᠢᠯᠯᠠᠭ᠎ᠠ ᠦᠷᠨᠢᠬᠦᠯᠬᠦ ᠵᠢ ᠠᠬᠢᠭᠤᠯᠵᠤ᠂ ᠠᠷᠠᠳ᠎ᠠᠴᠠ ᠡᠵᠡᠩᠨᠡᠭᠰᠡᠨ ᠠᠵᠤ ᠠᠬᠤᠢᠯᠠᠯ᠎ᠠᠴᠠ ᠬᠢᠯᠢ᠎ᠶᠢᠨ ᠰᠤᠷᠭᠠᠭᠤᠯᠢ᠎ᠶᠢᠨ ᠪᠠᠭ᠍ᠰᠢ ᠰᠤᠷᠤᠭ᠍ᠴᠢ᠂ ᠮᠠᠯᠴᠢᠨ ᠲᠠᠷᠢᠶᠠᠴᠢᠨ ᠲᠡᠵᠢᠭᠡᠨ ᠦᠷᠡᠵᠢᠭᠦᠯᠬᠦ ᠡᠷᠦᠬᠡ᠂ ᠪᠠᠢᠭᠤᠯᠭ᠎ᠠ ᠨᠢᠭᠡᠴᠢ᠎ᠳᠦ ᠬᠠᠨᠳᠢᠪᠯᠡᠬᠤ ᠠᠵᠢᠯᠯᠠᠭ᠎ᠠ ᠥᠷᠨᠢᠭᠦᠯᠵᠡᠢ᠃ ᠥᠪᠥᠷ ᠮᠣᠩᠭᠣᠯ᠎ᠤᠨ ᠤᠶᠤᠨ ᠮᠡᠳᠡᠭᠡ ᠵᠠᠩᠭᠢ᠎ᠶᠢᠨ ᠮᠡᠷᠭᠡᠵᠢᠯ᠎ᠦᠨ ᠦᠢᠯᠡᠴᠢᠯᠡᠭᠡᠨ᠎ᠦ ᠬᠢᠵᠠᠭᠠᠷᠲᠤ ᠺᠣᠮᠫᠠᠨᠢ ᠠᠯᠠᠱᠠ ᠪᠠᠷᠠᠭᠤᠨ ᠬᠣᠰᠢᠭᠤᠨ᠎ᠤ ᠦᠨᠳᠦᠰᠦᠲᠡᠨ᠎ᠦ ᠬᠡᠷᠡᠭ ᠡᠷᠭᠢᠯᠡᠬᠦ ᠵᠥᠪᠯᠡᠯ᠎ᠳᠦ 8 ᠲᠦᠮᠡᠨ ᠲᠥᠭᠥᠷᠢᠭ᠎ᠦᠨ ᠥᠷᠲᠡᠭ ᠪᠦᠬᠦᠢ ᠮᠡᠳᠡᠭᠡ ᠵᠠᠩᠭᠢᠵᠢᠯᠲᠠ᠎ᠶᠢᠨ ᠦᠢᠯᠡᠴᠢᠯᠡᠭᠡᠨ᠎ᠦ ᠲᠠᠪᠴᠠᠩ ᠬᠠᠨᠳᠢᠪᠯᠡᠪᠠ; ᠥᠪᠥᠷ ᠮᠣᠩᠭᠣᠯ᠎ᠤᠨ ᠠᠴᠢᠲᠠᠢ ᠰᠢᠨᠵᠢᠯᠡᠬᠦ ᠤᠬᠠᠭᠠᠨ ᠮᠡᠷᠭᠡᠵᠢᠯ᠎ᠦᠨ ᠬᠢᠵᠠᠭᠠᠷᠲᠤ ᠺᠣᠮᠫᠠᠨᠢ ᠠᠯᠠᠱᠠ ᠵᠡᠭᠦᠨ ᠬᠣᠰᠢᠭᠤᠨ᠎ᠤ ᠴᠤᠷ᠎ᠤᠨ ᠭᠠᠭᠴᠠ ᠬᠢᠯᠢ᠎ᠶᠢᠨ ᠰᠤᠷᠭᠠᠭᠤᠯᠢ ᠪᠤᠯᠬᠤ ᠥᠯᠵᠡᠢ ᠰᠤᠷᠭᠠᠭᠤᠯᠢ᠎ᠳᠤ 7 ᠲᠦᠮᠡᠨ ᠲᠥᠭᠥᠷᠢᠭ᠎ᠦᠨ ᠦᠷᠳᠡᠭ ᠪᠦᠬᠦᠢ 《ᠣᠶᠤᠨᠲᠤ ᠨᠣᠮ᠎ᠤᠨ ᠰᠠᠩ᠎ᠤᠨ ᠰᠢᠰᠲ᠋ᠸᠮ》 ᠎ᠬᠠᠨᠳᠢᠪᠯᠡᠪᠠ; ᠥᠪᠥᠷ ᠮᠣᠩᠭᠣᠯ᠎ᠤᠨ ᠮᠠᠯ ᠠᠵᠤ ᠠᠬᠤᠢ᠎ᠶᠢᠨ ᠮᠡᠳᠡᠭᠡ ᠵᠠᠩᠭᠢ᠎ᠶᠢᠨ ᠮᠡᠷᠭᠡᠵᠢᠯ᠎ᠦᠨ ᠬᠢᠵᠠᠭᠠᠷᠲᠤ ᠺᠣᠮᠫᠠᠨᠢ ᠠᠯᠠᠱᠠ ᠪᠠᠷᠠᠭᠤᠨ ᠬᠣᠰᠢᠭᠤᠨ᠎ᠤ ᠮᠠᠯᠴᠢᠨ ᠲᠠᠷᠢᠶᠠᠴᠢᠨ ᠲᠡᠵᠢᠭᠡᠨ ᠦᠷᠡᠵᠢᠭᠦᠯᠬᠦ ᠡᠷᠦᠬᠡ᠎ᠳᠦ 12.7 ᠲᠦᠮᠡᠨ ᠲᠥᠭᠥᠷᠢᠭ᠎ᠦᠨ ᠥᠷᠲᠡᠭ ᠪᠦᠬᠦᠢ 《ᠮᠠᠯ ᠠᠵᠤ ᠠᠬᠤᠢ᠎ᠶᠢᠨ ᠭᠠᠷ ᠤᠲᠠᠰᠤᠨ᠎ᠤ ᠰᠢᠯᠵᠢᠶ᠎ᠠ》 100 ᠢᠵᠢ᠂ 《ᠮᠠᠯ ᠠᠵᠤ ᠠᠬᠤᠢ᠎ᠶᠢᠨ ᠦᠢᠯᠡᠳᠪᠦᠷᠢᠯᠡᠯ᠎ᠦᠨ ᠠᠦ᠋ᠲ᠋ᠣ᠋ ᠡᠵᠡᠮᠰᠢᠯ᠎ᠦᠨ ᠰᠢᠰᠲᠧᠮ》 50 ᠢᠵᠢ ᠵᠢ ᠪᠡᠯᠡᠭᠯᠡᠭᠰᠡᠨ ᠪᠠᠢᠨ᠎ᠠ᠃

ᠡᠬᠦᠨ ᠡᠴᠡ ᠭᠠᠳᠠᠨ᠎ᠠ᠂ ᠪᠠᠰᠠ ᠥᠪᠥᠷ ᠮᠣᠩᠭᠣᠯ᠎ᠤᠨ ᠣᠯᠠᠨ ᠤᠯᠤᠰ᠎ᠤᠨ ᠮᠣᠩᠭᠣᠯ ᠡᠮᠨᠡᠯᠭᠡ᠎ᠶᠢᠨ ᠬᠣᠷᠢᠶ᠎ᠠ ᠲᠠᠢ ᠬᠣᠯᠪᠤᠭᠠᠯᠠᠨ᠂ ᠡᠮᠴᠢᠯᠡᠭᠡᠨ᠎ᠦ ᠪᠦᠯᠬᠦᠮ ᠪᠠᠢᠭᠤᠯᠵᠦ ᠨᠡᠢᠭᠡᠮ ᠳᠤᠭᠤᠷᠢᠭ ᠲᠸ᠋ ᠬᠦᠨᠵᠡᠭᠡᠢᠷᠡᠨ ᠡᠮᠴᠢᠯᠡᠭᠡ ᠪᠡᠷ ᠬᠠᠪᠰᠤᠷᠤᠨ ᠳᠡᠳᠬᠦᠬᠦ ᠠᠵᠢᠯᠯᠠᠭ᠎ᠠ ᠦᠷᠨᠢᠬᠦᠯᠵᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号