ᠪᠦᠬᠦ ᠣᠷᠣᠨ᠎ᠤ ᠨᠠᠰᠤᠲᠠᠢᠴᠤᠳ᠎ᠲᠦ ᠢᠯᠡᠭᠡᠬᠦ ᠵᠠᠬᠢᠳᠠᠯ
2024-10-11 09:37:25
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆


 ᠪᠦᠬᠦ ᠣᠷᠣᠨ᠎ᠤ ᠦᠨᠳᠦᠰᠦᠲᠡᠨ᠎ᠨᠦᠭᠦᠳ᠎ᠦᠨ ᠨᠠᠰᠤᠲᠠᠢᠴᠤᠳ᠎ᠲᠦ᠄


ᠠᠯᠲᠠᠨ ᠨᠠᠮᠤᠷ᠎ᠤᠨ ᠲᠠᠭᠠᠯᠠᠮᠵᠢᠲᠠᠢ ᠠᠷᠪᠠᠨ ᠰᠠᠷ᠎ᠠ᠂ ᠪᠢᠯᠢᠭ ᠤ᠋ᠨ ᠤᠯᠠᠷᠢᠯ ᠤ᠋ᠨ ᠶᠢᠰᠦᠳᠦᠭᠡᠷ ᠰᠠᠷ᠎ᠠ ᠵᠢᠨ ᠶᠢᠰᠦᠨ ᠳ᠋ᠤ ᠦᠳᠡᠭᠦᠰ ᠤ᠋ᠨ ᠪᠡᠶᠡᠷ ᠵᠢᠡᠨ ᠪᠡᠯᠭᠡᠯᠡᠨ᠎ᠡ᠃  ᠥᠨᠥᠳᠥᠷ ᠪᠣᠯ ᠪᠥᠬᠥ ᠤᠯᠤᠰ᠎ᠤᠨ ᠠᠷᠪᠠᠨ ᠬᠣᠶᠠᠳᠡᠬᠢ 《ᠦᠳᠡᠭᠦᠰ ᠤ᠋ᠨ ᠪᠠᠶᠠᠷ ᠤ᠋ᠨ ᠡᠳᠦᠷ》 ᠪᠣᠯᠣᠨ᠎ᠠ᠂ ᠥᠪᠡᠷᠲᠡᠭᠡᠨ ᠵᠠᠰᠠᠬᠤ ᠣᠷᠣᠨ᠎ᠤ ᠦᠳᠡᠬᠦᠰ᠎ᠤᠨ ᠠᠵᠢᠯ᠎ᠤᠨ ᠵᠥᠪᠯᠡᠯ᠎ᠡᠴᠡ ᠪᠥᠬᠥ ᠣᠷᠣᠨ᠎ᠤ 546 ᠲᠦᠮᠡᠨ ᠦᠨᠳᠦᠰᠦᠲᠡᠨ᠎ᠨᠦᠭᠦᠳ᠎ᠦᠨ ᠨᠠᠰᠤᠲᠠᠢᠴᠤᠳ᠎ᠲᠤ ᠴᠢᠩ ᠰᠡᠳᠬᠢᠯ᠎ᠦᠨ ᠮᠡᠨᠳᠦᠴᠢᠯᠡᠯ ᠪᠠ ᠰᠠᠢᠨ ᠰᠠᠢᠬᠠᠨ ᠵᠥᠩᠨᠡᠯ ᠳᠡᠪᠰᠢᠭᠦᠯᠵᠦ ᠪᠠᠢᠨ᠎ᠠ! ᠪᠦᠬᠦ ᠣᠷᠣᠨ᠎ᠤ ᠦᠳᠡᠬᠦᠰ᠎ᠤᠨ ᠠᠵᠢᠯ᠎ᠤᠨ ᠹᠷᠣᠨᠲ᠎ᠤᠨ ᠠᠵᠢᠯᠲᠠᠳ ᠪᠣᠯᠣᠨ ᠮᠠᠨ᠎ᠤ ᠣᠷᠣᠨ᠎ᠤ ᠦᠳᠡᠬᠦᠰ᠎ᠤᠨ ᠠᠵᠢᠯ ᠦᠢᠯᠡᠰ᠎ᠢ ᠬᠠᠯᠠᠮᠵᠢᠯᠠᠨ ᠳᠡᠮᠵᠢᠭᠰᠡᠨ ᠡᠯ᠎ᠡ ᠡᠲᠡᠭᠡᠳ᠎ᠦᠨ ᠬᠥᠮᠥᠰ᠎ᠲᠦ ᠴᠢᠩ ᠰᠡᠳᠬᠢᠯ᠎ᠦᠨ ᠲᠠᠯᠠᠷᠬᠠᠯ᠎ᠢᠶᠠᠨ ᠳᠡᠪᠰᠢᠭᠦᠯᠵᠦ ᠪᠠᠢᠨ᠎ᠠ!

ᠨᠠᠰᠤᠲᠠᠢᠴᠤᠳ ᠪᠣᠯ ᠨᠡᠢᠭᠡᠮ ᠵᠢᠷᠤᠮ᠎ᠤᠨ ᠠᠵᠢᠯ ᠦᠢᠯᠡᠰ᠎ᠦᠨ ᠪᠦᠲᠦᠭᠡᠨ ᠪᠠᠢᠭᠤᠯᠤᠭ᠍ᠴᠢ ᠮᠥᠨ᠂ ᠨᠠᠮ ᠪᠠ ᠤᠯᠤᠰ᠎ᠤᠨ ᠡᠷᠬᠢᠮ ᠨᠠᠨᠳᠢᠨ ᠥᠪ ᠬᠥᠷᠥᠩᠭᠡ ᠮᠥᠨ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ ᠴᠢᠬᠤᠯᠠ ᠬᠦᠴᠦᠨ ᠮᠥᠨ᠃ ᠤᠢᠷ᠎ᠡ ᠵᠢᠨ ᠵᠢᠯ ᠳ᠋ᠦ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠥᠲᠡᠭᠦᠰ᠎ᠦᠨ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠦ᠂ ᠶᠡᠷᠦᠩᠬᠡᠢ ᠱᠦᠵᠢ ᠰᠢ ᠵᠢᠨ ᠫᠢᠩ᠎ᠦᠨ ᠦᠳᠡᠬᠦᠰ᠎ᠤᠨ ᠠᠵᠢᠯ᠎ᠤᠨ ᠲᠤᠬᠠᠢ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ ᠪᠣᠯᠣᠨ ᠨᠠᠮ᠎ᠤᠨ ᠲᠥᠪ ᠬᠤᠷᠢᠶ᠎ᠠ ᠵᠢᠨ ᠦᠳᠡᠬᠦᠰ᠎ᠤᠨ ᠠᠵᠢᠯ᠎ᠤᠨ ᠲᠤᠬᠠᠢ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠬᠥᠮᠥᠨ ᠠᠮᠠ᠎ᠶᠢᠨ ᠨᠠᠰᠤᠵᠢᠯ᠎ᠢ ᠢᠳᠡᠪᠬᠢᠲᠡᠢ ᠠᠷᠭᠠᠴᠠᠭᠠᠬᠤ ᠤᠯᠤᠰ᠎ᠤᠨ ᠪᠠᠢᠯᠳᠤᠬᠤ ᠪᠣᠳᠣᠯᠭ᠎ᠠ᠎ᠶᠢ ᠭᠦᠨᠵᠡᠭᠡᠢ ᠬᠡᠷᠡᠭᠵᠢᠭᠦᠯᠵᠦ᠂ ᠰᠢᠨ᠎ᠡ ᠴᠠᠭ ᠦᠶ᠎ᠡ᠎ᠶᠢᠨ ᠬᠥᠮᠥᠨ ᠠᠮᠠ᠎ᠶᠢᠨ ᠨᠠᠰᠤᠵᠢᠯ᠎ᠤᠨ ᠪᠠᠢᠳᠠᠯ ᠡᠭᠦᠷᠭᠡ᠎ᠶᠢ ᠰᠠᠨᠠᠭᠠᠴᠢᠯᠠᠭ᠎ᠠ᠎ᠡᠴᠡ᠎ᠪᠠᠨ ᠡᠵᠡᠮᠳᠡᠵᠦ᠂ ᠢᠳᠡᠪᠬᠢᠲᠡᠢ ᠨᠠᠰᠤᠵᠢᠯ᠎ᠤᠨ ᠦᠵᠡᠯᠲᠡ᠂ ᠡᠷᠡᠭᠦᠯ ᠮᠡᠨᠳᠦ ᠨᠠᠰᠤᠵᠢᠯᠲᠠ᠎ᠶᠢᠨ ᠣᠢᠯᠠᠭᠠᠭᠳᠠᠬᠤᠨ᠎ᠢ ᠢᠮᠠᠬᠳᠠ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠪᠦᠬᠦ ᠶᠠᠪᠤᠴᠠ᠎ᠳᠤ ᠠᠭᠤᠰᠤᠯᠴᠠᠭᠤᠯᠵᠤ᠂ ᠨᠠᠰᠤᠲᠠᠢᠴᠤᠳ᠎ᠤᠨ ᠨᠡᠢᠭᠡᠮ᠎ᠦᠨ ᠪᠠᠲᠤᠯᠠᠭ᠎ᠠ᠎ᠶᠢᠨ ᠰᠢᠰᠲᠧᠮ᠂ ᠨᠠᠰᠤᠵᠢᠯ᠎ᠤᠨ ᠦᠢᠯᠡᠴᠢᠯᠡᠭᠡᠨ᠎ᠦ ᠰᠢᠰᠲᠸᠮ᠂ ᠡᠷᠡᠭᠦᠯ ᠮᠡᠨᠳᠦ᠎ᠶᠢᠨ ᠲᠤᠯᠭᠠᠭᠤᠷᠢᠯᠠᠬᠤ ᠰᠢᠰᠲᠧᠮ ᠢ᠋ ᠦᠷᠭᠦᠯᠵᠢᠯᠡᠨ ᠪᠦᠷᠢᠨᠰᠢᠭᠦᠯᠦᠨ ᠲᠡᠭᠦᠯᠳᠡᠷᠵᠢᠭᠦᠯᠵᠦ᠂ ᠨᠠᠰᠤᠲᠠᠢᠴᠤᠳ᠎ᠤᠨ ᠨᠡᠢᠭᠡᠮ᠎ᠦᠨ ᠣᠷᠤᠯᠴᠠᠯᠭ᠎ᠠ᠎ᠶᠢ ᠲᠠᠰᠤᠷᠠᠯᠲᠠ ᠦᠭᠡᠢ ᠥᠷᠭᠡᠳᠬᠡᠵᠦ᠂ ᠨᠠᠰᠤᠲᠠᠢᠴᠤᠳ᠎ᠤᠨ ᠬᠠᠷᠠᠭᠠᠯᠵᠠᠯ᠎ᠢ ᠴᠢᠩᠭᠠᠳᠬᠠᠵᠤ᠂ ᠨᠠᠰᠤᠲᠠᠢᠴᠤᠳ᠎ᠤᠨ ᠬᠠᠤᠯᠢ ᠶᠣᠰᠣᠨ᠎ᠤ ᠡᠷᠬᠡ ᠠᠰᠢᠭ᠋᠎ᠢ ᠬᠠᠮᠠᠭᠠᠯᠠᠵᠤ᠂ ᠨᠠᠰᠤᠲᠠᠢᠴᠤᠳ᠎ᠤᠨ ᠬᠦᠷᠲᠡᠮᠵᠢ᠎ᠶᠢᠨ ᠲᠥᠷᠥᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ᠎ᠦ ᠲᠥᠷᠥᠭᠳᠡᠯ ᠤᠯᠠᠮ ᠨᠢᠭᠡ ᠠᠯᠬᠤᠮ ᠳᠡᠭᠡᠭᠰᠢᠯᠡᠪᠡ᠃

ᠨᠠᠰᠤᠲᠠᠨ᠎ᠢᠶᠠᠨ ᠬᠦᠨᠳᠦᠯᠡᠵᠦ ᠨᠠᠰᠤᠲᠠᠨ᠎ᠢᠶᠠᠨ ᠬᠠᠢᠷᠠᠯᠠᠬᠤ ᠪᠣᠯ ᠳᠤᠮᠳᠠᠳᠤ᠎ᠶᠢᠨ ᠦᠨᠳᠦᠰᠦᠲᠡᠨ᠎ᠦ ᠤᠯᠠᠮᠵᠢᠯᠠᠯᠲᠤ ᠰᠠᠢᠬᠠᠨ ᠰᠤᠷᠲᠠᠯ ᠮᠥᠨ᠃ ᠪᠥᠬᠥ ᠣᠷᠣᠨ᠎ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠵᠢᠴᠢ ᠥᠷᠭᠡᠨ ᠣᠯᠠᠨ ᠦᠳᠡᠬᠦᠰ᠎ᠤᠨ ᠠᠵᠢᠯᠲᠠᠳ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠬᠤ᠎ᠶᠢ ᠪᠠᠷᠢᠮᠲᠠᠯᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠣᠨ ᠨᠠᠮ ᠤ᠋ᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠬᠣᠶᠠᠳᠤᠭᠠᠷ᠂ ᠭᠤᠷᠪᠠᠳᠤᠭᠠᠷ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠦᠳᠡᠬᠦᠰ᠎ᠤᠨ ᠠᠵᠢᠯ᠎ᠤᠨ ᠲᠥᠷᠥ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠶᠢ ᠪᠥᠬᠥ ᠲᠠᠯ᠎ᠠ᠎ᠪᠠᠷ ᠨᠠᠢᠳᠠᠪᠤᠷᠢᠵᠢᠭᠤᠯᠵᠤ᠂ ᠨᠠᠰᠤᠲᠠᠢᠴᠤᠳ᠎ᠤᠨ ᠣᠯᠠᠨ ᠶᠠᠩᠵᠤ᠎ᠶᠢᠨ᠂ ᠥᠪᠡᠷᠮᠢᠴᠡ ᠬᠡᠷᠡᠭᠴᠡᠭᠡ ᠱᠠᠭᠠᠷᠳᠠᠯᠭ᠎ᠠ᠎ᠶᠢ ᠨᠠᠩ ᠰᠠᠢᠲᠤᠷ ᠬᠠᠩᠭᠠᠵᠤ᠂ ᠨᠠᠰᠤᠲᠠᠢᠴᠤᠳ᠎ᠤᠨ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠠᠰᠠᠭᠤᠳᠠᠯ᠎ᠢ ᠰᠡᠳᠬᠢᠯ  ᠲᠠᠯᠪᠢᠨ ᠬᠠᠢᠷ᠎ᠠ ᠰᠡᠳᠬᠢᠯᠭᠡ᠎ᠲᠠᠢ᠎ᠪᠡᠷ ᠬᠦᠴᠦᠯᠡᠨ ᠰᠠᠢᠲᠤᠷ ᠰᠢᠢᠳᠪᠦᠷᠢᠯᠡᠵᠦ᠂ ᠪᠥᠬᠥ ᠨᠠᠰᠤᠲᠠᠢᠴᠤᠳ᠎ᠲᠤ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠶᠢᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠭᠦᠯᠵᠦ᠂ ᠥᠲᠡᠯᠦᠭᠡ ᠨᠠᠰᠤᠨ᠎ᠤ ᠵᠣᠯ ᠵᠢᠷᠭᠠᠯ᠎ᠢ ᠡᠳ᠋ᠯᠡᠭᠦᠯᠬᠦ ᠬᠡᠷᠡᠭᠲᠡᠢ᠃ ᠨᠡᠢᠭᠡᠮ᠎ᠦᠨ ᠡᠯ᠎ᠡ ᠡᠲᠡᠭᠡᠳ᠎ᠦᠨ ᠬᠢᠨ ᠨᠠᠰᠤᠲᠠᠨ᠎ᠢᠶᠠᠨ ᠬᠦᠨᠳᠦᠯᠡᠬᠦ ᠰᠠᠢᠬᠠᠨ ᠰᠤᠷᠲᠠᠯ᠎ᠢ ᠤᠯᠠᠮ ᠨᠢᠭᠡ ᠠᠯᠬᠤᠮ ᠪᠠᠳᠠᠷᠠᠭᠤᠯᠵᠤ᠂ ᠦᠳᠡᠬᠦᠰ᠎ᠤᠨ ᠠᠵᠢᠯ ᠦᠢᠯᠡᠰ᠎ᠦᠨ ᠬᠥᠭᠵᠢᠯᠲᠡ᠎ᠳᠦ ᠢᠳᠡᠪᠬᠢᠲᠡᠢ ᠣᠷᠣᠯᠴᠠᠨ ᠬᠠᠯᠠᠭᠤᠨ ᠰᠡᠳᠬᠢᠯ᠎ᠢᠶᠡᠷ ᠳᠡᠮᠵᠢᠯᠭᠡ ᠦᠵᠡᠭᠦᠯᠵᠦ᠂ ᠨᠠᠰᠤᠲᠠᠢᠴᠤᠳ᠎ᠲᠤ ᠢᠯᠡᠭᠦᠬᠡᠨ ᠬᠠᠢᠷ᠎ᠠ ᠬᠠᠯᠠᠮᠵᠢ ᠬᠦᠷᠭᠡᠵᠦ᠂ ᠪᠣᠳᠠᠲᠠᠢ ᠶᠠᠪᠤᠳᠠᠯ ᠬᠢᠵᠦ᠂ ᠰᠠᠢᠨ ᠶᠠᠪᠤᠳᠠᠯ ᠬᠢᠵᠦ᠂ ᠤᠯᠠᠨ᠎ᠤ ᠤᠬᠠᠭᠠᠨ ᠬᠠᠮᠲᠤ᠎ᠶᠢᠨ ᠬᠦᠴᠦᠨ᠎ᠢᠶᠡᠷ ᠪᠦᠬᠦ ᠣᠷᠣᠨ᠎ᠤ ᠦᠳᠡᠬᠦᠰ᠎ᠤᠨ ᠠᠵᠢᠯ᠎ᠤᠨ ᠲᠠᠬᠢᠨ ᠰᠢᠨ᠎ᠡ ᠳᠡᠭᠲᠡᠷ᠎ᠲᠦ ᠭᠠᠷᠬᠤ᠎ᠶᠢ ᠠᠬᠢᠭᠤᠯᠬᠤ᠎ᠶᠢ ᠬᠦᠰᠡᠵᠦ ᠪᠠᠢᠨ᠎ᠠ᠃

ᠱᠢᠨᠭ᠌ᠭᠡᠬᠦ᠌ ᠨᠠᠷᠠᠨ᠎ᠢ ᠪᠢᠳᠡᠭᠡᠢ ᠪᠦᠷᠦᠨᠭ᠌ᠬᠦᠢ᠌ᠯᠡᠪᠠᠢ ᠬᠡᠮᠡᠭ᠌ᠳᠤᠨ᠂ ᠱᠢᠨᠭᠬᠤᠨ ᠲᠤᠶᠠᠭ᠎ᠠ ᠲᠡᠭ᠌ᠷᠢ ᠪᠦᠷᠬᠦᠨ ᠬᠦᠱᠢᠭᠡᠯᠡᠮᠤᠢ᠃ ᠥᠷᠭᠡᠨ ᠣᠯᠠᠨ ᠨᠠᠰᠤᠲᠠᠢᠴᠤᠳ᠎ᠤᠨ ᠥᠲᠡᠯᠬᠦ ᠲᠤᠳᠤᠮ ᠢᠳᠡᠷᠰᠢᠬᠦ ᠡᠷᠡᠭᠦᠯ ᠰᠠᠷᠠᠭᠤᠯ ᠰᠡᠳᠬᠢᠴᠡ ᠪᠠ ᠬᠦᠭᠰᠢᠷᠡᠭᠰᠡᠨ ᠪᠤᠯᠪᠠᠴᠤ ᠠᠯᠤᠰ᠎ᠤᠨ ᠬᠦᠰᠡᠯᠡᠩ᠎ᠲᠠᠢ ᠪᠠᠢᠬᠤ᠎ᠶᠢ ᠪᠠᠲᠤᠯᠠᠵᠤ᠂ ᠥᠲᠡᠯᠦᠭᠰᠡᠨ ᠴᠤ᠌ ᠵᠢᠳᠬᠦᠯ ᠴᠢᠷᠮᠠᠢᠯᠭ᠎ᠠ᠎ᠲᠠᠢ ᠪᠠᠢᠬᠤ᠎ᠶᠢ ᠪᠠᠷᠢᠮᠲᠠᠯᠠᠵᠤ᠂ ᠦᠷᠭᠦᠯᠵᠢᠯᠡᠨ ᠬᠡᠷᠡᠯ ᠭᠢᠯᠪᠠᠭ᠎ᠠ᠎ᠪᠠᠨ ᠰᠠᠴᠤᠷᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠪᠣᠯᠣᠨ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠦᠲᠦᠭᠡᠨ ᠪᠠᠶ᠋ᠢᠭᠤᠯᠬᠤ ᠬᠣᠶᠠᠷ ᠶᠡᠬᠡ ᠶᠠᠪᠤᠳᠠᠯ᠎ᠢ ᠰᠠᠢᠲᠤᠷ ᠪᠡᠶᠡᠯᠡᠭᠦᠯᠬᠦ᠎ᠳᠦ ᠢᠳᠡᠪᠬᠢᠲᠡᠢ ᠬᠤᠪᠢ ᠨᠡᠮᠡᠷᠢ ᠦᠵᠡᠭᠦᠯᠬᠦ᠎ᠶᠢ ᠬᠦᠰᠡᠵᠦ ᠪᠠᠢᠨ᠎ᠠ!

ᠨᠠᠰᠤᠲᠠᠢᠴᠤᠳ ᠲᠤ᠌ ᠪᠠᠶᠠᠷ᠎ᠤᠨ ᠡᠳᠦᠷ᠎ᠦᠨ ᠮᠡᠨᠳᠦ ᠬᠦᠷᠭᠡᠶ᠎ᠡ᠂ ᠠᠮᠢᠳᠤᠷᠠᠯ ᠰᠠᠢᠨ ᠰᠠᠢᠬᠠᠨ᠂ ᠤᠷᠲᠤ ᠨᠠᠰᠤᠯᠠᠵᠤ ᠤᠳᠠᠭᠠᠨ ᠵᠢᠷᠭᠠᠬᠤ᠎ᠶᠢ ᠴᠢᠩ ᠰᠡᠳᠬᠢᠯ᠎ᠡᠴᠡ᠎ᠪᠡᠨ ᠵᠥᠩᠨᠡᠶ᠎ᠡ !

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠳᠡᠬᠦᠰ᠎ᠤᠨ ᠠᠵᠢᠯ᠎ᠤᠨ ᠵᠥᠪᠯᠡᠯ

2024 ᠣᠨ᠎ᠤ 10 ᠰᠠᠷ᠎ᠠ᠎ᠶᠢᠨ 11 ᠤ᠋ ᠡᠳᠦᠷ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号