ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠰᠤᠳᠤᠯᠬᠤ᠎ᠪᠠᠷ ᠳᠠᠮᠵᠢᠨ᠂ ᠳᠡᠪᠱᠢᠭᠦᠯᠬᠦ᠌ ᠪᠠ ᠤᠯᠠᠮ ᠨᠢᠭᠡ ᠠᠯᠬᠤᠮ ᠬᠡᠷᠡᠭ᠌ᠯᠡᠬᠦ᠌᠎ᠪᠡᠷ ᠪᠠᠢᠭ᠎ᠠ 13 ᠺᠠᠳ᠋ᠷ᠎ᠢ ᠢᠯᠡ ᠨᠡᠢᠲᠡᠯᠡᠬᠦ᠌᠎ᠪᠡᠷ ᠲᠣᠭ᠍ᠲᠠᠪᠠ᠃
ᠨᠢᠭᠡ᠂ ᠢᠯᠡ ᠨᠡᠢᠲᠡᠯᠡᠬᠦ᠌ ᠨᠡᠷᠡᠰ
ᠵᠠᠩ ᠬᠣᠩ ᠹᠦ᠋᠂ ᠡᠷᠡᠭ᠌ᠲᠡᠶ᠂ ᠬᠢᠲᠠᠳ ᠦᠨᠳᠦᠰᠦᠲᠡᠨ᠂ 1977 ᠣᠨ᠎ᠤ 11 ᠰᠠᠷ᠎ᠠ᠎ᠳᠤ ᠳᠦᠷᠦᠵᠡᠶ᠂ ᠠᠰᠫᠢᠷᠠᠨᠲ᠂ ᠰᠤᠷᠭᠠᠨ ᠬᠥᠮᠦᠵᠢᠯ᠎ᠦᠨ ᠤᠬᠠᠭᠠᠨ᠎ᠤ ᠮᠠᠭᠢᠰᠲ᠋ᠧᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠱᠢᠭᠦᠨ᠂ ᠣᠲᠣ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ᠎ᠶ᠋ᠢᠨ ᠲᠤᠱᠢᠶᠠᠯ᠎ᠢ ᠡᠭᠦᠷᠭᠡᠯᠡᠵᠦ᠍ ᠪᠣᠶ᠂ ᠲᠤᠰᠭᠠᠶ ᠣᠷᠣᠨ᠎ᠤ ᠲᠠᠰ᠎ᠤᠨ ᠬᠣᠲᠠ᠎ᠶ᠋ᠢᠨ ᠳᠠᠷᠤᠭ᠎ᠠ᠎ᠶ᠋ᠢᠨ ᠵᠢᠱ᠌ᠢᠭ᠌ᠳᠡᠭ᠌ᠴᠢ᠎ᠪᠡᠷ ᠨᠡᠷ᠎ᠡ ᠳᠤᠷᠠᠳᠭᠤ᠎ᠪᠠᠷ ᠪᠣᠶ;
ᠱᠢᠨ ᠱᠢᠶᠤᠤ ᠷᠦᠢ᠂ ᠡᠷᠡᠭ᠌ᠲᠡᠶ᠂ ᠬᠢᠲᠠᠳ ᠦᠨᠳᠦᠰᠦᠲᠡᠨ᠂ 1968 ᠣᠨ᠎ᠤ 10 ᠰᠠᠷ᠎ᠠ᠎ᠳᠤ ᠳᠦᠷᠦᠵᠡᠶ᠂ ᠲᠥᠪ᠎ᠦᠨ ᠨᠠᠮ᠎ᠤᠨ ᠰᠤᠷᠭᠠᠭᠤᠯᠢ᠎ᠶ᠋ᠢᠨ ᠠᠰᠫᠢᠷᠠᠨᠲ᠂ ᠳᠡᠭᠡᠳᠦ ᠵᠡᠷᠭᠡ᠎ᠶ᠋ᠢᠨ ᠬᠠᠮᠢᠶᠠᠷᠤᠯᠲᠠ᠎ᠶ᠋ᠢᠨ ᠠᠵᠢᠯᠲᠠᠨ᠎ᠤ ᠦᠶ᠋ᠯᠡᠳᠪᠦᠷᠢ ᠬᠤᠳᠠᠯᠳᠤᠭᠠᠨ᠎ᠤ ᠬᠠᠮᠢᠶᠠᠷᠤᠯᠲᠠ᠎ᠶ᠋ᠢᠨ ᠮᠠᠭᠢᠰᠲ᠋ᠧᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠱᠢᠭᠦᠨ᠂ ᠣᠲᠣ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠵᠣᠬᠢᠶᠠᠨ ᠪᠠᠢᠭᠤᠯᠬᠤ ᠬᠡᠯᠲᠡᠰ᠎ᠦᠨ ᠳᠡᠳ᠋ ᠳᠠᠷᠤᠭ᠎ᠠ᠎ᠶ᠋ᠢᠨ ᠲᠤᠱᠢᠶᠠᠯ᠎ᠢ ᠡᠭᠦᠷᠭᠡᠯᠡᠵᠦ᠍ ᠪᠣᠶ᠂ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠰᠠᠯᠠᠭ᠎ᠠ ᠮᠥᠴᠢᠷ᠎ᠦᠨ ᠵᠢᠩᠬᠢᠨᠢ ᠲᠤᠱᠢᠶᠠᠯ᠎ᠳᠤ ᠲᠣᠮᠢᠯᠠᠬᠤ᠎ᠪᠠᠷ ᠪᠣᠶ;
ᠵᠠᠩ ᠸᠸᠨ ᠲᠤᠤ᠂ ᠡᠷᠡᠭ᠌ᠲᠡᠶ᠂ ᠬᠢᠲᠠᠳ ᠦᠨᠳᠦᠰᠦᠲᠡᠨ᠂ 1979 ᠣᠨ᠎ᠤ 3 ᠰᠠᠷ᠎ᠠ᠎ᠳᠤ ᠳᠦᠷᠦᠵᠡᠶ᠂ ᠠᠰᠫᠢᠷᠠᠨᠲ᠂ ᠢᠨᠵᠧᠨᠧᠷᠢᠩ᠎ᠦᠨ ᠮᠠᠭᠢᠰᠲ᠋ᠧᠷ᠂ ᠢᠨᠵᠧᠨᠧᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠱᠢᠭᠦᠨ᠂ ᠣᠲᠣ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠳᠡᠳ᠋ ᠱᠦᠵᠢ᠂ ᠳᠡᠳ᠋ ᠲᠢᠩᠬᠢᠮ᠎ᠦᠨ ᠳᠠᠷᠤᠭ᠎ᠠ (ᠨᠠᠮ᠎ᠤᠨ ᠤᠳᠤᠷᠢᠳᠭᠤ ᠳᠤᠭᠤᠢᠯᠠᠩ᠎ᠤᠨ ᠡᠳᠦᠷ ᠲᠤᠲᠤᠮ᠎ᠤᠨ ᠠᠵᠢᠯ᠎ᠢ ᠡᠷᠭᠢᠯᠡᠵᠤ ᠪᠤᠢ)᠎ᠶ᠋ᠢᠨ ᠲᠤᠱᠢᠶᠠᠯ᠎ᠢ ᠡᠭᠦᠷᠭᠡᠯᠡᠵᠦ᠍ ᠪᠣᠶ᠂ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠰᠠᠯᠠᠭ᠎ᠠ ᠮᠥᠴᠢᠷ᠎ᠦᠨ ᠵᠢᠩᠬᠢᠨᠢ ᠲᠤᠰᠢᠶᠠᠯ ᠤ᠋ᠨ ᠵᠢᠱ᠌ᠢᠭ᠌ᠳᠡᠭ᠌ᠴᠢ᠎ᠪᠡᠷ ᠨᠡᠷ᠎ᠡ ᠳᠤᠷᠠᠳᠭᠤ᠎ᠪᠠᠷ ᠪᠣᠶ;
ᠼᠤᠤ᠎ᠶ᠋ᠢᠨ ᠱᠠᠨ᠂ ᠡᠷᠡᠭ᠌ᠲᠡᠶ᠂ ᠮᠣᠩᠭᠣᠯ ᠦᠨᠳᠦᠰᠦᠲᠡᠨ᠂ 1973 ᠣᠨ᠎ᠤ 5 ᠰᠠᠷ᠎ᠠ᠎ᠳᠤ ᠳᠦᠷᠦᠵᠡᠶ᠂ ᠠᠰᠫᠢᠷᠠᠨᠲ᠂ ᠮᠠᠯ ᠡᠮᠨᠡᠯᠭᠡ᠎ᠶ᠋ᠢᠨ ᠳ᠋ᠣᠺᠲ᠋ᠣᠷ᠂ ᠫᠷᠤᠹᠧᠰᠰᠤᠷ᠂ ᠭᠣᠮᠢᠨᠳᠠᠩ᠎ᠤᠨ ᠬᠤᠪᠢᠰᠭᠠᠯᠲᠤ ᠬᠣᠷᠢᠶ᠎ᠠ᠎ᠶ᠋ᠢᠨ ᠨᠠᠮ ᠤ᠋ᠨ ᠭᠡᠱᠢᠭᠦᠨ᠂ ᠣᠲᠣ ᠲᠦᠩᠯᠢᠶᠣᠤ ᠬᠣᠲᠠ᠎ᠶ᠋ᠢᠨ ᠳᠡᠳ᠋ ᠳᠠᠷᠤᠭ᠎ᠠ᠎ᠶ᠋ᠢᠨ ᠲᠤᠱᠢᠶᠠᠯ ᠢ᠋ ᠡᠭᠦᠷᠭᠡᠯᠡᠵᠤ ᠪᠣᠶ᠂ ᠥᠪᠡᠷᠲᠡᠭᠡᠨ ᠵᠠᠰᠠᠬᠤ ᠣᠷᠣᠨ᠎ᠤ ᠣᠯᠠᠨ ᠲᠦᠮᠡᠨ᠎ᠦ ᠪᠦᠯᠬᠦᠮ᠎ᠦᠨ ᠪᠠᠢᠭᠤᠯᠭ᠎ᠠ᠎ᠶ᠋ᠢᠨ ᠵᠢᠩᠬᠢᠨᠢ ᠲᠤᠱᠢᠶᠠᠯ᠎ᠤᠨ ᠵᠢᠱ᠌ᠢᠭ᠌ᠳᠡᠭ᠌ᠴᠢ᠎ᠪᠡᠷ ᠨᠡᠷ᠎ᠡ ᠳᠤᠷᠠᠳᠭᠤ᠎ᠪᠠᠷ ᠪᠣᠶ;
ᠯᠢ ᠭᠦᠸᠧ ᠬᠣᠩ᠂ ᠡᠮᠡᠭ᠌ᠲᠡᠶ᠂ ᠬᠢᠲᠠᠳ ᠦᠨᠳᠦᠰᠦᠲᠡᠨ᠂ 1974 ᠣᠨ᠎ᠤ 12 ᠰᠠᠷ᠎ᠠ᠎ᠳᠤ ᠳᠦᠷᠦᠵᠡᠶ᠂ ᠶᠡᠬᠡ ᠰᠤᠷᠭᠠᠭᠤᠯᠢ ᠵᠢᠨ ᠰᠤᠷᠤᠯᠭ᠎ᠠ ᠵᠢᠨ ᠨᠠᠮᠳᠠᠷ ᠲᠠᠢ᠂ ᠲᠠᠷᠢᠶᠠᠯᠠᠩ᠎ᠤᠨ ᠤᠬᠠᠭᠠᠨ᠎ᠤ ᠪᠠᠴᠸᠯᠸᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠱᠢᠭᠦᠨ᠂ ᠣᠲᠣ ᠬᠢᠩᠭᠠᠨ ᠠᠢᠮᠠᠭ᠎ᠤᠨ ᠨᠠᠮ᠎ᠤᠨ ᠬᠣᠷᠢᠶ᠎ᠠ ᠵᠢᠨ ᠭᠡᠱᠢᠭᠦᠨ᠂ ᠤᠬᠠᠭᠤᠯᠬᠤ ᠬᠡᠯᠲᠡᠰ᠎ᠦᠨ ᠳᠠᠷᠤᠭ᠎ᠠ᠎ᠶ᠋ᠢᠨ ᠲᠤᠱᠢᠶᠠᠯ᠎ᠢ ᠡᠭᠦᠷᠭᠡᠯᠡᠵᠦ᠍ ᠪᠣᠶ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠡᠴᠡ ᠤᠳᠤᠷᠢᠳᠭᠤ ᠪᠠᠭ᠎ᠢ ᠨᠢ ᠱᠢᠭᠤᠳ ᠬᠠᠮᠢᠶᠠᠷᠴᠤ ᠪᠠᠢᠭ᠎ᠠ ᠠᠵᠤ ᠠᠬᠤᠢᠯᠠᠯ᠎ᠤᠨ ᠵᠢᠩᠬᠢᠨᠢ ᠲᠤᠱᠢᠶᠠᠯ᠎ᠤᠨ ᠵᠢᠱ᠌ᠢᠭ᠌ᠳᠡᠭ᠌ᠴᠢ᠎ᠪᠡᠷ ᠨᠡᠷ᠎ᠡ ᠳᠤᠷᠠᠳᠭᠤ᠎ᠪᠠᠷ ᠪᠣᠶ;
ᠲᠢᠶᠠᠨ ᠴᠧᠨ ᠭᠤᠸᠠᠩ᠂ ᠡᠷᠡᠭ᠌ᠲᠡᠶ᠂ ᠬᠢᠲᠠᠳ ᠦᠨᠳᠦᠰᠦᠲᠡᠨ᠂ 1979 ᠣᠨ᠎ᠤ 12 ᠰᠠᠷ᠎ᠠ᠎ᠳᠤ ᠳᠦᠷᠦᠵᠡᠶ᠂ ᠶᠡᠬᠡ ᠰᠤᠷᠭᠠᠭᠤᠯᠢ ᠵᠢᠨ ᠰᠤᠷᠤᠯᠭ᠎ᠠ ᠵᠢᠨ ᠨᠠᠮᠳᠠᠷ ᠲᠠᠢ᠂ ᠣᠯᠠᠨ ᠨᠡᠢᠲᠡ᠎ᠶ᠋ᠢᠨ ᠬᠠᠮᠢᠶᠠᠷᠤᠯᠲᠠ᠎ᠶ᠋ᠢᠨ ᠮᠠᠭᠢᠰᠲ᠋ᠧᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠱᠢᠭᠦᠨ᠂ ᠣᠲᠣ ᠤᠯᠠᠭᠠᠨᠬᠠᠳᠠ ᠬᠣᠲᠠ᠎ᠶ᠋ᠢᠨ ᠨᠠᠮ᠎ᠤᠨ ᠬᠣᠷᠢᠶ᠎ᠠ ᠵᠢᠨ ᠪᠠᠢᠩᠭᠤ᠎ᠶ᠋ᠢᠨ ᠭᠡᠱᠢᠭᠦᠨ᠂ ᠬᠣᠲᠠ᠎ᠶ᠋ᠢᠨ ᠳᠡᠳ᠋ ᠳᠠᠷᠤᠭ᠎ᠠ᠎ᠶ᠋ᠢᠨ ᠲᠤᠱᠢᠶᠠᠯ᠎ᠢ ᠡᠭᠦᠷᠭᠡᠯᠡᠵᠦ᠍ ᠪᠣᠶ᠂ ᠠᠢᠮᠠᠭ ᠬᠣᠲᠠ᠎ᠶ᠋ᠢᠨ ᠨᠠᠮ᠎ᠤᠨ ᠬᠣᠷᠢᠶ᠎ᠠ ᠵᠢᠨ ᠳᠡᠳ᠋ ᠱᠦᠵᠢ᠎ᠶ᠋ᠢᠨ ᠲᠤᠱᠢᠶᠠᠯ᠎ᠳᠤ ᠲᠣᠮᠢᠯᠠᠬᠤ᠎ᠪᠠᠷ ᠪᠣᠶ;
ᠯᠢ ᠠᠩ᠂ ᠡᠷᠡᠭ᠌ᠲᠡᠶ᠂ ᠬᠢᠲᠠᠳ ᠦᠨᠳᠦᠰᠦᠲᠡᠨ᠂ 1971 ᠣᠨ᠎ᠤ 10 ᠰᠠᠷ᠎ᠠ᠎ᠳᠤ ᠳᠦᠷᠦᠵᠡᠶ᠂ ᠶᠡᠬᠡ ᠰᠤᠷᠭᠠᠭᠤᠯᠢ᠎ᠶᠢᠨ ᠰᠤᠷᠤᠯᠭ᠎ᠠ᠎ᠶᠢᠨ ᠨᠠᠮᠳᠠᠷ ᠲᠠᠢ᠂ ᠤᠳᠭ᠎ᠠ ᠵᠣᠬᠢᠶᠠᠯ᠎ᠤᠨ ᠤᠬᠠᠭᠠᠨ᠎ᠤ ᠪᠠᠴᠸᠯᠸᠷ᠂ ᠨᠠᠢᠷᠠᠭᠤᠯᠤᠭ᠍ᠴᠢ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠱᠢᠭᠦᠨ᠂ ᠣᠲᠣ ᠦᠬᠠᠶ ᠬᠣᠲᠠ᠎ᠶ᠋ᠢᠨ ᠨᠠᠮ᠎ᠤᠨ ᠬᠤᠷᠢᠶ᠎ᠠ᠎ᠶᠢᠨ ᠪᠠᠢᠩᠭᠤ᠎ᠶ᠋ᠢᠨ ᠭᠡᠱᠢᠭᠦᠨ᠂ ᠵᠣᠬᠢᠶᠠᠨ ᠪᠠᠢᠭᠤᠯᠬᠤ ᠬᠡᠯᠲᠡᠰ᠎ᠦᠨ ᠳᠠᠷᠤᠭ᠎ᠠ᠎ᠶ᠋ᠢᠨ ᠲᠤᠱᠢᠶᠠᠯ᠎ᠢ ᠡᠭᠦᠷᠭᠡᠯᠡᠵᠦ᠍ ᠪᠣᠶ᠂ ᠠᠢᠮᠠᠭ ᠬᠣᠲᠠ᠎ᠶ᠋ᠢᠨ ᠨᠠᠮ᠎ᠤᠨ ᠬᠤᠷᠢᠶ᠎ᠠ᠎ᠶᠢᠨ ᠳᠡᠳ᠋ ᠱᠦᠵᠢ᠎ᠶ᠋ᠢᠨ ᠲᠤᠱᠢᠶᠠᠯ᠎ᠳᠤ ᠲᠣᠮᠢᠯᠠᠬᠤ᠎ᠪᠠᠷ ᠪᠣᠶ;
ᠵᠣᠣ ᠶᠠᠨ ᠷᠦ᠂ ᠡᠮᠡᠭ᠌ᠲᠡᠶ ᠂ ᠬᠢᠲᠠᠳ ᠦᠨᠳᠦᠰᠦᠲᠡᠨ ᠂ 1978 ᠣᠨ᠎ᠤ 9 ᠰᠠᠷ᠎ᠠ᠎ᠳᠤ ᠳᠦᠷᠦᠵᠡᠶ᠂ ᠶᠡᠬᠡ ᠰᠤᠷᠭᠠᠭᠤᠯᠢ᠎ᠶᠢᠨ ᠰᠤᠷᠤᠯᠭ᠎ᠠ᠎ᠶᠢᠨ ᠨᠠᠮᠳᠠᠷ ᠲᠠᠢ᠂ ᠣᠯᠠᠨ ᠨᠡᠢᠲᠡ᠎ᠶ᠋ᠢᠨ ᠬᠠᠮᠢᠶᠠᠷᠤᠯᠲᠠ᠎ᠶ᠋ᠢᠨ ᠤᠬᠠᠭᠠᠨ ᠤ᠋ ᠮᠠᠭᠢᠰᠲ᠋ᠧᠷ᠂ ᠠᠵᠤ ᠠᠬᠤᠢᠴᠢ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠱᠢᠭᠦᠨ᠂ ᠣᠲᠣ ᠬᠥᠬᠡᠬᠣᠲᠠ᠎ᠶ᠋ᠢᠨ ᠬᠣᠲᠣᠩ ᠠᠷᠠᠳ᠎ᠤᠨ ᠲᠣᠭᠣᠷᠢᠭ᠎ᠤᠨ ᠨᠠᠮ᠎ᠤᠨ ᠬᠤᠷᠢᠶ᠎ᠠ᠎ᠶᠢᠨ ᠱᠦᠵᠢ᠎ᠶ᠋ᠢᠨ ᠲᠤᠱᠢᠶᠠᠯ᠎ᠢ ᠡᠭᠦᠷᠭᠡᠯᠡᠵᠦ᠍ ᠪᠣᠶ᠂ ᠠᠢᠮᠠᠭ ᠬᠣᠲᠠ᠎ᠶ᠋ᠢᠨ ᠨᠠᠮ᠎ᠤᠨ ᠬᠤᠷᠢᠶ᠎ᠠ᠎ᠶᠢᠨ ᠳᠡᠳ᠋ ᠲᠤᠱᠢᠶᠠᠯ᠎ᠳᠤ ᠲᠣᠮᠢᠯᠠᠬᠤ᠎ᠪᠠᠷ ᠪᠣᠶ;
ᠡᠷᠳᠡᠨᠢᠪᠢᠯᠢᠭ᠂ ᠡᠷᠡᠭ᠌ᠲᠡᠶ᠂ ᠮᠣᠩᠭᠣᠯ ᠦᠨᠳᠦᠰᠦᠲᠡᠨ᠂ 1968 ᠣᠨ᠎ᠤ 8 ᠰᠠᠷ᠎ᠠ᠎ᠳᠤ ᠳᠦᠷᠦᠵᠡᠶ᠂ ᠶᠡᠬᠡ ᠰᠤᠷᠭᠠᠭᠤᠯᠢ᠎ᠶᠢᠨ ᠰᠤᠷᠤᠯᠭ᠎ᠠ᠎ᠶᠢᠨ ᠨᠠᠮᠳᠠᠷ ᠲᠠᠢ᠂ ᠭᠦᠨ ᠤᠬᠠᠭᠠᠨ᠎ᠤ ᠪᠠᠴᠸᠯᠸᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠱᠢᠭᠦᠨ᠂ ᠣᠲᠣ ᠣᠷᠳᠣᠰ ᠬᠣᠲᠠ᠎ᠶ᠋ᠢᠨ ᠳᠡᠳ᠋ ᠳᠠᠷᠤᠭ᠎ᠠ᠎ᠶ᠋ᠢᠨ ᠲᠤᠱᠢᠶᠠᠯ᠎ᠢ ᠡᠭᠦᠷᠭᠡᠯᠡᠵᠦ ᠪᠤᠢ᠂ ᠠᠢᠮᠠᠭ ᠬᠣᠲᠠ᠎ᠶ᠋ᠢᠨ ᠨᠠᠮ᠎ᠤᠨ ᠬᠤᠷᠢᠶ᠎ᠠ᠎ᠶᠢᠨ ᠳᠡᠳ᠋ ᠲᠤᠱᠢᠶᠠᠯ᠎ᠳᠤ ᠲᠣᠮᠢᠯᠠᠬᠤ᠎ᠪᠠᠷ ᠪᠣᠶ;
ᠭᠦᠸᠧ ᠢ ᠵᠢᠶᠧ᠂ ᠡᠷᠡᠭ᠌ᠲᠡᠶ᠂ ᠬᠢᠲᠠᠳ ᠦᠨᠳᠦᠰᠦᠲᠡᠨ᠂ 1971 ᠣᠨ᠎ᠤ 9 ᠰᠠᠷ᠎ᠠ᠎ᠳᠤ ᠳᠦᠷᠦᠵᠡᠶ᠂ ᠶᠡᠬᠡ ᠰᠤᠷᠭᠠᠭᠤᠯᠢ᠎ᠶᠢᠨ ᠰᠤᠷᠤᠯᠭ᠎ᠠ᠎ᠶᠢᠨ ᠨᠠᠮᠳᠠᠷ ᠲᠠᠢ᠂ ᠲᠠᠷᠢᠶᠠᠯᠠᠩ᠎ᠤᠨ ᠤᠬᠠᠭᠠᠨ᠎ᠤ ᠪᠠᠴᠸᠯᠸᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠱᠢᠭᠦᠨ᠂ ᠣᠲᠣ ᠦᠬᠠᠶ ᠬᠣᠲᠠ᠎ᠶ᠋ᠢᠨ ᠳᠡᠳ᠋ ᠳᠠᠷᠤᠭ᠎ᠠ᠎ᠶ᠋ᠢᠨ ᠲᠤᠱᠢᠶᠠᠯ᠎ᠢ ᠡᠭᠦᠷᠭᠡᠯᠡᠵᠦ᠍ ᠪᠣᠶ᠂ ᠠᠢᠮᠠᠭ ᠬᠣᠲᠠ᠎ᠶ᠋ᠢᠨ ᠨᠠᠮ᠎ᠤᠨ ᠬᠤᠷᠢᠶ᠎ᠠ᠎ᠶᠢᠨ ᠳᠡᠳ᠋ ᠲᠤᠱᠢᠶᠠᠯ᠎ᠳᠤ ᠲᠣᠮᠢᠯᠠᠬᠤ᠎ᠪᠠᠷ ᠪᠣᠶ;
ᠬᠤᠤ ᠶᠦᠨ ᠲᠤᠤ᠂ ᠡᠮᠡᠭ᠌ᠲᠡᠶ᠂ ᠬᠢᠲᠠᠳ ᠦᠨᠳᠦᠰᠦᠲᠡᠨ᠂ 1983 ᠣᠨ᠎ᠤ 3 ᠰᠠᠷ᠎ᠠ᠎ᠳᠤ ᠳᠦᠷᠦᠵᠡᠶ᠂ ᠶᠡᠬᠡ ᠰᠤᠷᠭᠠᠭᠤᠯᠢ᠎ᠶᠢᠨ ᠰᠤᠷᠤᠯᠭ᠎ᠠ᠎ᠶᠢᠨ ᠨᠠᠮᠳᠠᠷ ᠲᠠᠢ᠂ ᠣᠯᠠᠨ ᠨᠡᠢᠲᠡ᠎ᠶ᠋ᠢᠨ ᠬᠠᠮᠢᠶᠠᠷᠤᠯᠲᠠ᠎ᠶ᠋ᠢᠨ ᠤᠬᠠᠭᠠᠨ ᠤ᠋ ᠮᠠᠭᠢᠰᠲ᠋ᠧᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠱᠢᠭᠦᠨ᠂ ᠣᠲᠣ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶᠢᠨ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠷᠢᠶᠠᠯᠠᠩ ᠮᠠᠯ ᠠᠵᠤ ᠠᠬᠤᠶ᠎ᠶ᠋ᠢᠨ ᠵᠥᠪᠯᠡᠯ᠎ᠦᠨ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶᠢᠨ ᠲᠠᠷᠢᠶᠠᠯᠠᠩ ᠮᠠᠯ ᠠᠵᠤ ᠠᠬᠤᠶ᠎ᠶ᠋ᠢᠨ ᠠᠵᠢᠯ᠎ᠤᠨ ᠵᠥᠪᠯᠡᠯ᠎ᠦᠨ ᠳᠡᠳ᠋ ᠡᠷᠬᠢᠯᠡᠭ᠌ᠴᠢ᠎ᠶ᠋ᠢᠨ ᠲᠤᠱᠢᠶᠠᠯ᠎ᠢ ᠡᠭᠦᠷᠭᠡᠯᠡᠵᠦ᠍ ᠪᠣᠶ᠂ ᠠᠢᠮᠠᠭ ᠬᠣᠲᠠ᠎ᠶ᠋ᠢᠨ ᠵᠠᠰᠠᠭ᠎ᠤᠨ ᠣᠷᠳᠣᠨ(ᠵᠠᠬᠢᠷᠭ᠎ᠠ)᠎ᠤ᠋ ᠳᠡᠳ᠋ ᠲᠤᠱᠢᠶᠠᠯ᠎ᠤᠨ ᠵᠢᠱ᠌ᠢᠭ᠌ᠳᠡᠭ᠌ᠴᠢ᠎ᠪᠡᠷ ᠨᠡᠷ᠎ᠡ ᠳᠤᠷᠠᠳᠭᠤ᠎ᠪᠠᠷ ᠪᠣᠶ;
ᠲᠡᠭᠦᠰ᠂ ᠡᠷᠡᠭ᠌ᠲᠡᠢ᠂ ᠮᠣᠩᠭᠣᠯ ᠦᠨᠳᠦᠰᠦᠲᠡᠨ᠂ 1966 ᠤᠨ᠎ᠤ 4 ᠰᠠᠷ᠎ᠠ᠎ᠳᠦ ᠳᠦᠷᠦᠵᠡᠢ᠂ ᠶᠡᠬᠡ ᠰᠤᠷᠭᠠᠭᠤᠯᠢ᠎ᠶᠢᠨ ᠰᠤᠷᠤᠯᠭ᠎ᠠ᠎ᠶᠢᠨ ᠨᠠᠮᠳᠠᠷ ᠲᠠᠢ᠂ ᠤᠳᠭ᠎ᠠ ᠵᠣᠬᠢᠶᠠᠯ᠎ᠤᠨ ᠤᠬᠠᠭᠠᠨ᠎ᠤ ᠪᠠᠴᠸᠯᠸᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠱᠢᠭᠦᠨ᠂ ᠤᠳᠤ ᠤᠷᠳᠤᠰ ᠬᠤᠳᠠ᠎ᠶ᠋ᠢᠨ ᠨᠠᠮ᠎ᠤᠨ ᠬᠤᠷᠢᠶ᠎ᠠ᠎ᠶᠢᠨ ᠨᠢᠭᠡᠳᠦᠮᠡᠯ ᠹᠷᠣᠨᠲ᠎ᠤᠨ ᠬᠡᠯᠲᠡᠰ᠎ᠦᠨ ᠳᠡᠳ᠋ ᠳᠠᠷᠤᠭ᠎ᠠ᠂ ᠬᠤᠳᠠ᠎ᠶ᠋ᠢᠨ ᠦᠨᠳᠦᠰᠦᠲᠡᠨ᠎ᠦ ᠬᠡᠷᠡᠭ ᠡᠷᠬᠢᠯᠡᠬᠦ᠌ ᠵᠥᠪᠯᠡᠯ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠡᠷᠬᠢᠯᠡᠭ᠌ᠴᠢ᠂ ᠬᠤᠳᠠ᠎ᠶ᠋ᠢᠨ ᠮᠣᠩᠭᠣᠯ ᠬᠡᠯᠡ ᠪᠢᠴᠢᠭ᠎ᠦᠨ ᠠᠵᠢᠯ᠎ᠤᠨ ᠵᠥᠪᠯᠡᠯ᠎ᠦᠨ ᠡᠷᠬᠢᠯᠡᠭ᠌ᠴᠢ᠎ᠶ᠋ᠢᠨ ᠲᠤᠱᠢᠶᠠᠯ᠎ᠢ ᠡᠭᠦᠷᠭᠡᠯᠡᠵᠦ᠍ ᠪᠤᠢ᠂ ᠲᠤᠰᠭᠠᠢ ᠣᠷᠣᠨ᠎ᠤ ᠲᠡᠰ᠎ᠤᠨ ᠬᠤᠳᠠ᠎ᠶ᠋ᠢᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶᠢᠨ ᠳᠡᠳ᠋ ᠡᠷᠬᠢᠯᠡᠭ᠌ᠴᠢ᠎ᠶ᠋ᠢᠨ ᠵᠢᠱ᠌ᠢᠭ᠌ᠳᠡᠭ᠌ᠴᠢ᠎ᠪᠡᠷ ᠨᠡᠷ᠎ᠡ ᠳᠤᠷᠠᠳᠭᠤ᠎ᠪᠠᠷ ᠪᠤᠢ;
ᠵᠣᠣ ᠸᠧᠨ ᠪᠢᠨ᠂ ᠡᠷᠡᠭ᠌ᠲᠡᠶ᠂ ᠬᠢᠲᠠᠳ ᠦᠨᠳᠦᠰᠦᠲᠡᠨ᠂ 1973 ᠣᠨ᠎ᠤ 5 ᠰᠠᠷ᠎ᠠ᠎ᠳᠤ ᠳᠦᠷᠦᠵᠡᠶ᠂ ᠠᠵᠢᠯ᠎ᠤᠨ ᠪᠠᠢᠷᠢ ᠳᠡᠭᠡᠷ᠎ᠡ ᠪᠠᠨ ᠰᠤᠷᠤᠯᠴᠠᠭᠰᠠᠨ ᠶᠡᠬᠡ ᠰᠤᠷᠭᠠᠭᠤᠯᠢ᠎ᠶᠢᠨ ᠰᠤᠷᠤᠯᠭ᠎ᠠ᠎ᠶᠢᠨ ᠨᠠᠮᠳᠠᠷ ᠲᠠᠢ᠂ ᠢᠨᠵᠧᠨᠧᠷᠢᠩ᠎ᠦᠨ ᠮᠠᠭᠢᠰᠲ᠋ᠧᠷ᠂ ᠪᠠᠭ᠎ᠠ ᠰᠤᠷᠭᠠᠭᠤᠯᠢ᠎ᠶ᠋ᠢᠨ ᠳᠡᠭᠡᠳᠦ ᠲᠠᠰ᠎ᠤᠨ ᠪᠠᠭ᠍ᠰᠢ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠱᠢᠭᠦᠨ᠂ ᠣᠲᠣ ᠪᠤᠭᠤᠲᠤ ᠬᠣᠲᠠ᠎ᠶ᠋ᠢᠨ ᠠᠮᠢ ᠠᠬᠤᠶ ᠣᠷᠴᠢᠨ ᠲᠣᠭᠣᠷᠢᠨ᠎ᠤ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ᠂ ᠨᠢᠭᠡᠳᠦᠭᠡᠷ ᠳᠡᠰ᠎ᠤᠨ ᠪᠠᠢᠴᠠᠭᠠᠨ ᠰᠤᠳᠤᠯᠤᠭ᠍ᠴᠢ ᠶ᠋ᠢᠨ ᠲᠤᠱᠢᠶᠠᠯ᠎ᠢ ᠡᠭᠦᠷᠭᠡᠯᠡᠵᠦ᠍ ᠪᠣᠶ᠂ ᠠᠢᠮᠠᠭ ᠬᠣᠲᠠ᠎ᠶ᠋ᠢᠨ ᠤᠯᠤᠰ ᠲᠥᠷᠥ᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ᠎ᠶ᠋ᠢᠨ ᠵᠢᠱ᠌ᠢᠭ᠌ᠳᠡᠭ᠌ᠴᠢ᠎ᠪᠡᠷ ᠨᠡᠷ᠎ᠡ ᠳᠤᠷᠠᠳᠭᠤ᠎ᠪᠠᠷ ᠪᠣᠶ᠃
ᠬᠣᠶᠠᠷ᠂ ᠢᠯᠡ ᠨᠡᠢᠲᠡᠯᠡᠬᠦ᠌ ᠴᠠᠭ
2024 ᠣᠨ᠎ᠤ 10 ᠰᠠᠷ᠎ᠠ᠎ᠶ᠋ᠢᠨ 13 ᠤ᠋ ᠡᠳᠦᠷ ᠡᠴᠡ 2024 ᠣᠨ᠎ᠤ 10 ᠰᠠᠷ᠎ᠠ᠎ᠶ᠋ᠢᠨ 18 ᠤ᠋ ᠡᠳᠦᠷ ᠪᠣᠯᠲᠠᠯ᠎ᠠ ᠢᠯᠡ ᠨᠡᠢᠲᠡᠯᠡᠨᠠ᠃
ᠭᠤᠷᠪᠠ᠂ ᠬᠦᠯᠢᠶᠡᠨ ᠠᠪᠴᠤ᠌ ᠱᠢᠢᠳᠪᠦᠷᠢᠯᠡᠬᠦ᠌ ᠬᠡᠯᠪᠡᠷᠢ
ᠪᠠᠢᠭᠤᠯᠭ᠎ᠠ ᠪᠠ ᠬᠤᠪᠢ ᠬᠥᠮᠦᠨᠤᠲᠠᠰᠤ ᠢᠷᠡᠬᠦᠯᠬᠦ᠂ ᠵᠠᠬᠢᠳᠠᠯ ᠢᠷᠡᠭᠦᠯᠬᠦ᠂ ᠰᠤᠷᠪᠤᠯᠵᠢᠯᠠᠯ ᠬᠢᠬᠦ᠂ ᠰᠦᠯᠵᠢᠶ᠎ᠡ ᠵᠡᠷᠭᠡ ᠬᠡᠯᠪᠡᠷᠢ ᠪᠡᠷ ᠳᠠᠮᠵᠢᠭᠤᠯᠤᠨ ᠳᠡᠭᠡᠷᠡᠬᠢ ᠢᠯᠡ ᠨᠡᠢᠲᠡᠯᠡᠭ᠌ᠰᠡᠨ ᠬᠥᠮᠦᠰ᠎ᠦᠨ ᠬᠣᠯᠪᠣᠭ᠍ᠳᠠᠯ ᠪᠥᠬᠥᠶ ᠪᠠᠢᠳᠠᠯ ᠪᠠ ᠠᠰᠠᠭᠤᠳᠠᠯ᠎ᠢ ᠲᠤᠰᠭᠠᠵᠤ ᠪᠣᠯᠤᠨ᠎ᠠ᠃ ᠲᠤᠰᠭᠠᠭ᠍ᠰᠠᠨ ᠠᠰᠠᠭᠤᠳᠠᠯ ᠳ᠋ᠤ ᠪᠠᠢᠴᠠᠭᠠᠯᠲᠠ ᠬᠢᠵᠦ ᠬᠢᠨᠠᠨ ᠲᠤᠳᠤᠯᠠᠬᠤ ᠳ᠋ᠤ ᠲᠥᠬᠥᠮ ᠪᠤᠯᠭᠠᠬᠤ᠎ᠵᠢᠨ ᠳᠤᠰᠠᠳᠠ᠂ ᠠᠰᠠᠭᠤᠳᠠᠯ᠎ᠢ ᠲᠤᠰᠭᠠᠬᠤ ᠳ᠋ᠠᠭᠠᠨ ᠬᠣᠯᠪᠣᠭ᠍ᠳᠠᠯ ᠪᠥᠬᠥᠶ ᠰᠦᠪᠡᠭ᠌ᠴᠢ ᠵᠢᠴᠢ ᠲᠣᠰ ᠬᠥᠮᠦᠨ᠎ᠦ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠪᠤᠶᠤ ᠠᠵᠢᠯᠯᠠᠵᠤ ᠪᠠᠢᠭ᠎ᠠ ᠨᠢᠭᠡᠴᠢ ᠵᠡᠷᠭᠡ ᠮᠡᠳᠡᠭᠡ ᠵᠠᠩᠭᠢ᠎ᠪᠠᠨ ᠬᠠᠩᠭᠠᠭᠠᠷᠠᠶ᠂ ᠪᠢᠳᠡ ᠠᠵᠢᠯ᠎ᠤᠨ ᠰᠠᠬᠢᠯᠭ᠎ᠠ ᠪᠠᠲᠤ᠎ᠶ᠋ᠢ ᠴᠢᠩᠭ᠎ᠠ ᠵᠢᠷᠤᠮᠯᠠᠨ᠂ ᠨᠢᠭᠤᠴᠠ᠎ᠶ᠋ᠢ ᠬᠠᠮᠠᠭᠠᠯᠠᠬᠤ ᠡᠭᠦᠷᠭᠡ᠎ᠪᠡᠨ ᠭᠦᠶ᠋ᠴᠡᠳᠭᠡᠵᠦ᠍᠂ ᠬᠢᠨᠠᠨ ᠲᠤᠳᠤᠯᠠᠭᠰᠠᠨ ᠪᠠᠢᠳᠠᠯ᠎ᠢ ᠴᠠᠭ ᠲᠤᠬᠠᠶ᠎ᠳᠤᠨᠢ ᠬᠠᠷᠢᠭᠤ ᠲᠤᠰᠭᠠᠨ᠎ᠠ᠃
ᠬᠦᠯᠢᠶᠡᠨ ᠠᠪᠴᠤ ᠰᠢᠢᠳᠪᠦᠷᠢᠯᠡᠬᠦ ᠴᠠᠭ᠄ ᠠᠵᠢᠯᠯᠠᠬᠤ ᠡᠳᠦᠷ
ᠦᠳᠡ᠎ᠶ᠋ᠢᠨ ᠡᠮᠦᠨ᠎ᠡ 9᠄ 00 — 12᠄ 00
ᠦᠳᠡ᠎ᠶ᠋ᠢᠨ ᠬᠣᠢᠨ᠎ᠠ 13᠄ 30 — 17᠄ 00
ᠬᠦᠯᠢᠶᠡᠨ ᠠᠪᠴᠤ ᠰᠢᠢᠳᠪᠦᠷᠢᠯᠡᠬᠦ ᠤᠲᠠᠰᠤ᠄ (0471) 12380
ᠵᠠᠬᠢᠳᠠᠯ ᠢᠷᠡᠭᠦᠯᠬᠦ᠌ ᠬᠠᠶᠢᠭ᠄ ᠬᠥᠬᠡᠬᠣᠲᠠ᠎ᠶ᠋ᠢᠨ ᠰᠠᠢᠬᠠᠨ ᠲᠣᠭᠣᠷᠢᠭ᠎ᠤᠨ ᠴᠡᠯᠡᠭᠡᠷ ᠲᠠᠯ᠎ᠠ ᠵᠡᠭᠡᠯᠢ᠎ᠶ᠋ᠢᠨ 1 ᠳ᠋ᠤᠭᠡᠷ ᠨᠣᠮᠧᠷᠲᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠵᠣᠬᠢᠶᠠᠨ ᠪᠠᠢᠭᠤᠯᠬᠤ ᠬᠡᠯᠲᠡᠰ᠎ᠦᠨ ᠢᠯᠡᠴᠢᠯᠡᠨ ᠮᠡᠳᠡᠭᠦᠯᠬᠦ᠌ ᠲᠥᠪ (ᠱᠢᠦᠳᠠᠨ᠎ᠤ ᠳ᠋ᠤᠭᠠᠷ᠄ 010098 )
ᠢᠯᠡᠴᠢᠯᠡᠨ ᠮᠡᠳᠡᠭᠦᠯᠬᠦ᠌ ᠰᠦᠯᠵᠢᠶᠡᠨ᠎ᠦ ᠬᠠᠶᠢᠭ᠄ 12380.nmgdj.gov.cn
ᠣᠨᠴᠠᠭᠠᠢᠯᠠᠨ ᠵᠠᠷᠯᠠᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ ᠤᠨ ᠬᠤᠷᠢᠶ᠎ᠠ ᠵᠢᠨ ᠵᠣᠬᠢᠶᠠᠨ ᠪᠠᠢᠭᠤᠯᠬᠤ ᠬᠡᠯᠲᠡᠰ
2024 ᠣᠨ᠎ᠤ 10 ᠰᠠᠷ᠎ᠠ᠎ᠶ᠋ᠢᠨ 12 ᠤ᠋ᠨ ᠡᠳᠦᠷ