ᠦᠬᠠᠶ᠄ ᠵᠠᠬ᠎ᠠ ᠳᠡᠯᠭᠡᠭᠦᠷ᠎ᠦᠨ ᠠᠷᠭ᠎ᠠ ᠪᠠᠷᠢᠯ᠎ᠢᠶᠠᠷ ᠨᠠᠰᠤᠵᠢᠯ᠎ᠤᠨ ᠠᠰᠠᠷᠠᠮᠵᠢ ᠵᠢ 《ᠦᠲᠡᠯᠦᠭᠡ ᠨᠠᠰᠤᠨ᠎ᠳᠠᠭᠠᠨ ᠵᠢᠷᠭᠠᠯ ᠡᠳ᠋ᠯᠡᠬᠦ 》 ᠪᠤᠯᠭᠠᠨ ᠬᠤᠪᠢᠷᠠᠭᠤᠯᠤᠨ᠎ᠠ
2024-10-14 17:21:41
ᠵᠣᠬᠢᠶᠠᠭ᠍ᠴᠢ᠄
ᠬᠤᠤ ᠪᠢᠶᠤᠤ
ᠣᠩᠱᠢᠭ᠍ᠰᠠᠨ ᠣᠳᠠᠭ᠎ᠠ᠄
★★★☆☆


ᠪᠤᠯᠤᠩ ᠨᠡᠭᠡᠭᠡᠬᠦ᠌ ᠦᠭᠡ

ᠲᠡᠦᠬᠡ ᠶᠡᠷᠦ ᠨᠢ ᠵᠠᠩᠭᠢᠯᠠᠭ᠎ᠠ᠎ᠶ᠋ᠢᠨ ᠦᠶ᠎ᠡ ᠵᠢᠨ ᠬᠡᠷᠡᠭ ᠶᠠᠪᠤᠳᠠᠯ᠎ᠢ ᠲᠤᠳᠤᠷᠬᠠᠢ ᠲᠡᠮᠳᠡᠭᠯᠡᠳᠡᠭ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠭᠤᠷᠪᠠᠳᠤᠭᠠᠷ ᠪᠦᠬᠦᠳᠡ ᠬᠤᠷᠠᠯ᠎ᠡᠴᠡ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌᠎ᠪᠡᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠰᠠᠷᠠᠭᠤᠯ ᠢᠷᠡᠭᠡᠳᠦᠢ᠎ᠶ᠋ᠢ ᠨᠡᠭᠡᠭᠡᠬᠦ᠌ ᠠᠤᠭ᠎ᠠ ᠲᠥᠰᠦᠪ᠎ᠢ ᠵᠢᠷᠤᠭ᠍ᠯᠠᠵᠤ᠂ 2035 ᠣᠨ ᠪᠣᠯᠬᠤ᠎ᠳᠤ ᠥᠨᠳᠥᠷ ᠲᠦᠪᠱᠢᠨ᠎ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶ᠋ᠢᠨ ᠪᠠᠢᠭᠤᠯᠤᠯ᠎ᠢ ᠪᠦᠬᠦ᠌ ᠲᠠᠯ᠎ᠠ᠎ᠪᠠᠷ ᠪᠠᠢᠭᠤᠯᠬᠤ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠲᠣᠭ᠍ᠲᠠᠭᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠨᠠᠢ᠍ᠮᠠᠳᠤᠭᠠᠷ ᠪᠦᠬᠦᠳᠡ ᠬᠤᠷᠠᠯ᠎ᠡᠴᠡ 《ᠥᠨᠳᠥᠷ ᠲᠦᠪᠱᠢᠨ ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶ᠋ᠢᠨ ᠪᠠᠢᠭᠤᠯᠤᠯ᠎ᠢ ᠪᠠᠢᠭᠤᠯᠬᠤ》 ᠲᠤᠬᠠᠢ ᠨᠠᠮ᠎ᠤᠨ ᠲᠥᠪ ᠬᠤᠷᠢᠶ᠎ᠠ ᠵᠢᠨ ᠱᠠᠭᠠᠷᠳᠠᠯᠭ᠎ᠠ᠎ᠶ᠋ᠢ ᠨᠠᠷᠢᠨ ᠬᠢᠨᠠᠮᠠᠭᠠᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠵᠠᠬ᠎ᠠ ᠳᠡᠯᠭᠡᠭᠦᠷᠴᠢᠯᠡᠭ᠌ᠰᠡᠨ ᠠᠷᠭ᠎ᠠ ᠪᠠᠷᠢᠯ᠎ᠳᠤ ᠨᠡᠩ ᠢᠯᠡᠭᠦᠦ ᠲᠦᠱᠢᠭ᠌ᠯᠡᠨ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠲᠦᠪᠱᠢᠨ᠂ ᠨᠡᠢᠭᠡᠮ᠎ᠦᠨ ᠵᠠᠰᠠᠯᠲᠠ᠎ᠶ᠋ᠢᠨ ᠲᠦᠪᠱᠢᠨ᠂ ᠤᠯᠠᠨ ᠲᠦᠮᠡᠨ᠎ᠳᠦ ᠦᠢᠯᠡᠴᠢᠯᠡᠬᠦ᠌ ᠲᠦᠪᠱᠢᠨ ᠵᠢᠡᠨ  ᠳᠡᠭᠡᠭ᠌ᠰᠢᠯᠡᠭᠦᠯᠦᠨ᠎ᠡ ᠭᠡᠵᠦ᠍ ᠳᠤᠷᠠᠳᠪᠠ᠃

ᠶᠡᠬᠡ ᠶᠤᠰᠤ᠎ᠶᠢ ᠪᠠᠷᠢᠮᠳᠠᠯᠠᠪᠠᠯ ᠲᠦᠮᠡᠨ ᠭᠠᠵᠠᠷ᠎ᠤᠨ ᠬᠤᠯᠠ᠎ᠳᠤ ᠬᠦᠷᠳᠡᠭ; ᠤᠭ ᠰᠠᠨᠠᠭ᠎ᠠ᠎ᠪᠠᠨ ᠪᠠᠷᠢᠮᠲᠠᠯᠠᠵᠤ᠂ ᠠᠯᠤᠰ᠎ᠤᠨ ᠲᠦᠰᠦᠪ᠎ᠢ ᠤᠬᠠᠭᠠᠯᠠᠨ ᠲᠦᠯᠦᠪᠯᠡᠨ᠎ᠡ᠃ ᠥᠪᠥᠷ ᠮᠣᠩᠭᠣᠯ᠎ᠤᠨ ᠵᠠᠬ᠎ᠠ ᠳᠡᠯᠭᠡᠭᠦᠷᠴᠢᠯᠡᠭ᠌ᠰᠡᠨ ᠠᠷᠭ᠎ᠠ ᠪᠠᠷᠢᠯ᠎ᠳᠤ ᠲᠦᠱᠢᠭ᠌ᠯᠡᠨ《ᠭᠤᠷᠪᠠᠨ ᠲᠦᠪᠱᠢᠨ》 ᠎ᠢ᠋ ᠳᠡᠭᠡᠭ᠌ᠰᠢᠯᠡᠭᠦᠯᠬᠦ᠌ ᠪᠠ ᠪᠥᠬᠥ᠌ ᠨᠡᠢᠭᠡᠮ᠎ᠦᠨ ᠳᠣᠲᠣᠭᠠᠳᠤ ᠬᠥᠳᠡᠯᠭᠡᠬᠦ᠌ ᠬᠦᠴᠦᠨ᠂ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠬᠥᠭ᠌ᠵᠢᠭᠡᠬᠦ᠌ ᠱᠢᠨ᠎ᠡ ᠠᠷᠭ᠎ᠠ ᠬᠡᠮᠵᠢᠶ᠎ᠡ᠂ ᠱᠢᠨ᠎ᠡ ᠦᠶ᠋ᠯᠡᠳᠦᠯᠭᠡ᠎ᠶ᠋ᠢ ᠲᠤᠰᠭᠠᠬᠤ᠎ᠶ᠋ᠢᠨ ᠲᠥᠯᠥᠭᠡ᠂ ᠡᠨᠡ ᠡᠳᠦᠷ᠎ᠡᠴᠡ ᠡᠬᠢᠯᠡᠨ ᠲᠣᠰ ᠰᠣᠨᠢᠨ 《ᠵᠠᠬ᠎ᠠ ᠳᠡᠯᠭᠡᠭᠦᠷᠴᠢᠯᠡᠭ᠌ᠰᠡᠨ ᠠᠷᠭ᠎ᠠ ᠪᠠᠷᠢᠯ᠎ᠳᠤ ᠲᠦᠱᠢᠭ᠌ᠯᠡᠨ 〈ᠭᠤᠷᠪᠠᠨ ᠲᠦᠪᠱᠢᠨ〉 ᠎ᠢ᠋ ᠳᠡᠭᠡᠭ᠌ᠰᠢᠯᠡᠭᠦᠯᠦᠶ᠎ᠡ》 ᠬᠡᠬᠦ ᠲᠤᠰᠭᠠᠶ ᠪᠤᠯᠤᠩ ᠨᠡᠬᠡᠬᠡᠵᠤ᠂ ᠬᠣᠯᠪᠣᠭ᠍ᠳᠠᠯ ᠪᠥᠬᠥᠶ ᠮᠡᠳᠡᠭᠡᠯᠡᠯ᠎ᠢ ᠦᠷᠭᠦᠯᠵᠢᠯᠡᠨ ᠨᠡᠢᠲᠡᠯᠡᠨ᠎ᠡ᠃ ᠠᠩᠬᠠᠷᠤᠯ᠎ᠢᠶᠡᠨ ᠬᠠᠨᠳᠤᠭᠤᠯᠤᠭᠠᠷᠠᠢ!


《ᠬᠣᠭᠣᠯᠠ ᠬᠢᠬᠦ᠌᠎ᠳᠦ ᠬᠦᠴᠢᠷ》᠂ 《ᠬᠣᠭᠣᠯᠠ ᠪᠤᠳᠠᠭ᠎ᠠ ᠦᠨᠡᠲᠡᠶ》 ᠪᠠᠢᠬᠤ ᠠᠰᠠᠭᠤᠳᠠᠯ ᠨᠢ ᠮᠠᠰᠢ ᠣᠯᠠᠨ ᠨᠠᠰᠤᠲᠠᠢᠴᠤᠳ᠎ᠢ ᠣᠷᠳᠣ ᠬᠤᠭᠤᠴᠠᠭ᠎ᠠ᠎ᠪᠠᠷ ᠵᠣᠪᠠᠨᠢᠭᠤᠯᠵᠤ ᠪᠠᠢᠨ᠎ᠠ᠂ ᠦᠷ᠎ᠡ ᠬᠡᠦᠬᠡᠳ ᠨᠢ ᠬᠠᠵᠠᠭᠤ᠎ᠳᠤᠨᠢ ᠪᠠᠢᠬᠤ ᠥᠬᠡᠶ᠎ᠡᠴᠡ ᠪᠣᠯᠵᠣ᠂ ᠨᠠᠰᠤᠲᠠᠢᠴᠤᠳ ᠶᠡᠷᠦ᠍ ᠨᠢ 《ᠠᠷᠪᠢᠨ ᠬᠢᠪᠡᠯ ᠢᠳᠡᠵᠦ᠍ ᠪᠠᠷᠠᠬᠤ ᠥᠬᠡᠶ᠂ ᠪᠠᠭ᠎ᠠ ᠬᠢᠭᠰᠡᠨ ᠴᠦ᠍ ᠬᠦᠴᠦ ᠬᠦᠳᠡᠯᠮᠦᠷᠢ ᠵᠠᠷᠤᠴᠠᠭᠤᠯᠬᠤ》 ᠭᠠᠴᠢᠭ᠍ᠳᠠᠯ᠎ᠳᠤ ᠲᠤᠯᠭᠠᠷᠠᠳᠠᠭ᠃ ᠣᠲᠣᠬᠠᠨ᠎ᠳᠤ ᠦᠬᠠᠶ ᠬᠣᠲᠠ᠎ᠶ᠋ᠢᠨ ᠡᠭᠦᠳᠡᠨ᠎ᠬᠠᠵᠠᠭᠤᠳᠡᠬᠢ ᠨᠠᠰᠤᠲᠠᠢᠴᠤᠳ ᠲᠤ᠌ ᠦᠢᠯᠡᠴᠢᠯᠡᠭᠦ ᠬᠣᠭᠣᠯᠠᠨ ᠬᠡᠷ ᠨᠢ ᠨᠠᠰᠤᠲᠠᠢᠴᠤᠳ᠎ᠤᠨ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠠᠰᠠᠭᠤᠳᠠᠯ᠎ᠢ ᠪᠦᠲᠦᠮᠵᠢᠲᠡᠶ ᠱᠢᠶ᠋ᠳᠪᠦᠷᠢᠯᠡᠪᠡ᠃

《ᠦᠳᠡ᠎ᠶ᠋ᠢᠨ ᠬᠣᠭᠣᠯᠠ ᠨᠢ ᠥᠪᠡᠷ ᠲᠡᠭᠡᠨ ᠦᠶ᠋ᠯᠡᠴᠢᠯᠡᠬᠦ᠌ ᠬᠡᠯᠪᠡᠷᠢ ᠵᠢᠨ ᠪᠣᠯᠤᠨ᠎ᠠ᠂ 10 ᠲᠥᠭᠥᠷᠢᠭ᠎ᠢᠶᠡᠷ ᠲᠠᠷᠤᠢ 10 ᠵᠦᠶ᠋ᠯ᠎ᠦᠨ ᠬᠤᠭᠤᠯᠠ ᠤᠮᠳᠠ ᠡᠴᠡ ᠳᠤᠷ᠎ᠠ᠎ᠪᠠᠷ᠎ᠢᠶᠠᠨ ᠰᠤᠩᠭᠤᠨ ᠢᠳᠡᠵᠦ ᠪᠤᠯᠬᠤ ᠮᠦᠷᠲᠡᠭᠡᠨ ᠬᠡᠮᠵᠢᠶ᠎ᠡ ᠵᠢ ᠬᠢᠵᠠᠭᠠᠷᠯᠠᠬᠤ ᠦᠭᠡᠢ ᠪᠠᠢᠳᠠᠭ》᠃ ᠨᠡᠢᠭᠡᠮ ᠲᠣᠭᠣᠷᠢᠭ᠎ᠲᠤ ᠨᠠᠰᠤᠲᠠᠢᠴᠤᠳ ᠲᠤ᠌ ᠦᠢᠯᠡᠴᠢᠯᠡᠭᠦ ᠬᠣᠭᠣᠯᠠᠨ ᠬᠡᠷ᠎ᠲᠡᠶ ᠪᠣᠯᠤᠭ᠍ᠰᠠᠨ᠎ᠡᠴᠡ ᠦᠬᠠᠢ ᠬᠤᠳᠠ᠎ᠶ᠋ᠢᠨ ᠬᠠᠢ᠌ᠷᠤᠪ᠎ᠤᠨ ᠲᠤᠬᠤᠢ ᠲᠣᠭᠣᠷᠢᠭ᠎ᠲᠤ ᠰᠠᠭᠤᠭ᠎ᠠ ᠹᠦ᠋ ᠸᠸᠨ ᠹᠸᠩ ᠨᠠᠰᠤᠲᠠᠨ ᠪᠠᠷᠤᠭ ᠡᠳᠦᠷ ᠪᠣᠯᠭᠠᠨ ᠡᠨᠳᠡ ᠢᠷᠡᠵᠦ᠍ ᠬᠣᠭᠣᠯᠠ ᠢᠳᠡᠳᠡᠭ ᠪᠣᠯᠵᠠᠢ᠃ ᠲᠡᠷᠡ ᠰᠤᠷᠪᠤᠯᠵᠢᠯᠠᠭ᠍ᠴᠢ᠎ᠳᠤ᠂ ᠡᠨᠳᠡᠬᠢ ᠬᠤᠭᠤᠯᠠ ᠪᠤᠳᠠᠭ᠎ᠠ ᠨᠢ ᠱᠢᠮ᠎ᠡ ᠲᠡᠵᠢᠭᠡᠯ ᠲᠠᠢ ᠪᠦᠬᠡᠳ ᠠᠷᠢᠭᠤᠨ ᠴᠡᠪᠡᠷ᠂ ᠦᠨ᠎ᠡ  ᠨᠢ ᠬᠢᠮᠳᠠ ᠮᠦᠷᠳᠡᠬᠡᠨ ᠬᠡᠷ᠎ᠡᠴᠡ᠎ᠴᠦ ᠣᠢᠷᠠᠬᠠᠨ ᠪᠠᠢᠳᠠᠭ᠂ ᠣᠢᠷ᠎ᠠ ᠬᠠᠪᠢ᠎ᠶ᠋ᠢᠨ ᠨᠠᠰᠤᠲᠠᠢᠴᠤᠳ ᠡᠳᠦᠷ ᠪᠦᠷᠢ ᠬᠠᠮᠲᠤ ᠢᠷᠡᠳᠡᠭ ᠭᠡᠵᠦ ᠬᠡᠯᠡᠪᠡ᠃

ᠹᠦ᠋ ᠸᠸᠨ ᠹᠸᠩ᠎ᠤᠨ ᠬᠡᠯᠡᠵᠦ᠍ ᠪᠠᠢᠭ᠎ᠠ ᠬᠣᠭᠣᠯᠠᠨ ᠬᠡᠷ ᠪᠣᠯ ᠬᠠᠶ᠋ᠢᠪᠸᠢ ᠵᠡᠭᠡᠯᠢ ᠭᠤᠳᠤᠮᠵᠢ᠎ᠶ᠋ᠢᠨ ᠱ᠌ᠢ ᠴᠧᠩ ᠨᠡᠢᠭᠡᠮ ᠲᠣᠭᠣᠷᠢᠭ᠎ᠤᠨ ᠬᠡᠷ ᠪᠦᠯᠢ ᠵᠢᠨ ᠨᠠᠰᠤᠲᠠᠢᠴᠤᠳ᠎ᠢ ᠠᠰᠠᠷᠠᠬᠤ ᠦᠶ᠋ᠯᠡᠴᠢᠯᠡᠭᠡᠨ᠎ᠦ ᠥᠷᠲᠡᠭᠡ᠎ᠶ᠋ᠢᠨ ᠬᠣᠭᠣᠯᠠᠨ ᠬᠡᠷ  ᠪᠣᠯᠤᠨ᠎ᠠ᠃ ᠬᠣᠭᠣᠯᠠᠨ ᠬᠡᠷ ᠲᠦ᠍ ᠣᠷᠣᠬᠤ᠎ᠳᠤ᠂ ᠴᠡᠪᠡᠷ ᠴᠡᠮᠴᠡᠭᠡᠷ ᠲᠣᠭᠣᠭᠠᠨ ᠭᠡᠷ᠎ᠤᠨ ᠣᠷᠴᠢᠨ ᠲᠣᠭᠣᠷᠢᠨ ᠨᠢ ᠬᠥᠮᠦᠰ᠎ᠤᠨ ᠠᠩᠬᠠᠷᠤᠯ᠎ᠢ ᠤᠨᠴᠠ ᠲᠠᠳᠠᠨ᠎ᠠ᠃ ᠡᠩ᠎ᠦᠨ ᠦᠶ᠎ᠡ᠎ᠳᠦ᠂ ᠬᠣᠭᠣᠯᠠᠨ ᠬᠡᠷ᠎ᠨᠢ 《ᠬᠣᠭᠣᠯᠠᠨ ᠲᠢᠩᠭᠢᠮ ᠳ᠋ᠤ ᠢᠳᠡᠬᠦ + ᠦᠷᠳᠡᠭᠡ ᠴᠡᠭ ᠲᠦ᠍ ᠬᠦᠷᠭᠡᠵᠤ ᠦᠭᠬᠦ + ᠬᠦᠴᠢᠷᠳᠡᠯᠲᠡᠶ ᠨᠠᠰᠤᠲᠠᠢᠴᠤᠳ᠎ᠲᠤ ᠬᠣᠭᠣᠯᠠ ᠬᠦᠷᠭᠡᠬᠦ᠌》ᠬᠡᠯᠪᠡᠷᠢ᠎ᠪᠡᠷ ᠦᠶ᠋ᠯᠡᠴᠢᠯᠡᠭᠡ ᠥᠷᠨᠢᠭᠦᠯᠵᠦ᠍᠂ ᠦᠶ᠋ᠯᠡᠴᠢᠯᠡᠭᠡ ᠨᠢ ᠨᠡᠢᠭᠡᠮ ᠲᠣᠭᠣᠷᠢᠭ᠎ᠤᠨ ᠪᠣᠶ ᠪᠥᠬᠥᠶ ᠨᠠᠰᠤᠲᠠᠢᠴᠤᠳ ᠢ᠋ ᠬᠠᠮᠤᠷᠪᠠ᠃

ᠬᠤᠭᠤᠯᠠ ᠡᠴᠡ ᠭᠠᠳᠠᠨ᠎ᠠ᠂ ᠬᠠᠢ᠌ᠪᠸᠢ ᠵᠡᠭᠡᠯᠢ ᠭᠤᠳᠤᠮᠵᠢ᠎ᠶ᠋ᠢᠨ ᠱ᠌ᠢ ᠴᠸᠩ ᠨᠡᠢᠭᠡᠮ ᠲᠣᠭᠣᠷᠢᠭ᠎ᠤᠨ ᠭᠡᠷ᠎ᠪᠦᠯᠢ ᠵᠢᠨ ᠨᠠᠰᠤᠲᠠᠢᠴᠤᠳ᠎ᠢ ᠠᠰᠠᠷᠠᠬᠤ ᠦᠢᠯᠡᠴᠢᠯᠡᠭᠡᠨ᠎ᠦ ᠦᠷᠳᠡᠭᠡ᠎ᠶ᠋ᠢᠨ 1000 ᠭᠠᠷᠤᠢ ᠲᠡᠭ᠌ᠰᠢ ᠳᠥᠷᠪᠡᠯᠵᠢᠨ ᠮᠸᠲᠷ ᠲᠠᠯᠠᠪᠠᠢ ᠳᠣᠲᠣᠷ᠎ᠠ  ᠪᠠᠰᠠ ᠱᠢᠳᠠᠷ᠎ᠠ᠎ᠶ᠋ᠢᠨ ᠲᠣᠭᠣᠷᠢᠭ᠂ ᠪᠡᠶ᠎ᠡ ᠴᠢᠭᠢᠷᠠᠭ᠍ᠵᠢᠭᠤᠯᠬᠤ ᠲᠣᠭᠣᠷᠢᠭ᠂ ᠢᠯᠢᠬᠦ ᠪᠠᠷᠢᠬᠤ ᠲᠣᠭᠣᠷᠢᠭ᠂ ᠶᠡᠷᠦᠩᠬᠡᠢᠯᠡᠭ᠌ᠰᠡᠨ ᠬᠥᠳᠡᠯᠭᠡᠭᠡᠨ᠎ᠦ ᠲᠠᠰᠤᠭ᠂ ᠤᠷᠠᠨ ᠪᠢᠴᠢᠯᠭᠡ᠎ᠶ᠋ᠢᠨ ᠲᠠᠰᠤᠭ᠂ ᠰᠡᠳᠭᠢᠴᠡ ᠵᠠᠰᠠᠯ ᠤ᠋ᠨ᠎ᠲᠠᠰᠤᠭ ᠵᠡᠷᠭᠡ 15 ᠴᠢᠳᠠᠮᠵᠢᠳᠤ ᠲᠣᠭᠣᠷᠢᠭ᠎ᠢ ᠲᠤᠬᠢᠷᠠᠭᠤᠯᠵᠤ᠂ ᠡᠳᠦᠷ ᠪᠦᠷᠢ ᠨᠡᠭᠡᠭᠡᠵᠤ ᠪᠤᠢ᠃ ᠡᠨᠳᠡ᠂ ᠨᠠᠰᠤᠲᠠᠢᠴᠤᠳ 《ᠰᠤᠪᠢᠯᠠᠯᠲᠠ᠂ ᠬᠤᠭᠤᠯᠠ᠂ ᠴᠡᠩᠭᠡᠯ᠂ ᠬᠥᠮᠦᠵᠢᠯ᠂ ᠡᠷᠡᠭᠦᠯᠵᠢᠯ》ᠣᠯᠠᠨ ᠡᠱᠢᠵᠢᠭ᠌ᠰᠡᠨ ᠬᠠᠯᠠᠭᠤᠨ ᠳᠤᠯᠠᠭᠠᠨ ᠦᠶ᠋ᠯᠡᠴᠢᠯᠡᠭᠡ᠎ᠶ᠋ᠢ ᠭᠥᠷᠳᠡᠵᠦ᠍ ᠴᠢᠳᠠᠨ᠎ᠠ᠃

ᠡᠭᠦᠨ ᠢ᠋ ᠡᠵᠡᠩᠨᠡᠵᠤ ᠪᠠᠢᠭ᠎ᠠ ᠱᠸᠤ ᠺᠠᠩ ᠬᠠᠢᠷᠤᠪ᠎ᠤᠨ ᠲᠣᠬᠣᠶ᠎ᠶ᠋ᠢᠨ ᠨᠠᠰᠤᠲᠠᠢᠴᠤᠳ᠎ᠲᠤ ᠦᠶ᠋ᠯᠡᠴᠢᠯᠡᠬᠦ᠌ ᠲᠥᠪ ᠪᠣᠯ ᠨᠠᠰᠤᠵᠢᠯ᠎ᠤᠨ ᠠᠰᠠᠷᠠᠮᠵᠢ᠎ᠶ᠋ᠢᠨ ᠲᠤᠰᠭᠠᠶ ᠪᠠᠢᠭᠤᠯᠤᠮᠵᠢ ᠪᠣᠯᠤᠨ᠎ᠠ᠂ ᠲᠣᠰ ᠲᠥᠪ᠎ᠦᠨ ᠡᠷᠬᠢᠯᠡᠭ᠌ᠴᠢ ᠸᠠᠩ ᠶᠦᠩ ᠰᠤᠷᠪᠤᠯᠵᠢᠯᠠᠭ᠍ᠴᠢ᠎ᠳᠤ᠂ ᠨᠠᠰᠤᠲᠠᠢᠴᠤᠳ᠎ᠤᠨ ᠡᠯ᠎ᠡ ᠵᠦᠶ᠋ᠯ᠎ᠦᠨ ᠬᠡᠷᠡᠭ᠌ᠴᠡᠭᠡ᠎ᠶ᠋ᠢ ᠨᠠᠰᠤᠵᠢᠯ᠎ᠤᠨ ᠠᠰᠠᠷᠠᠮᠵᠢ᠎ᠶ᠋ᠢᠨ ᠲᠦᠪ ᠲᠤ᠌ ᠨᠢᠭᠡ ᠯᠡ ᠥᠷᠲᠡᠭᠡᠴᠢᠯᠡᠭᠰᠡᠨ ᠮᠠᠶᠢᠭ᠎ᠢᠶᠠᠷ ᠱᠢᠶ᠋ᠳᠪᠦᠷᠢᠯᠡᠵᠦ᠍ ᠴᠢᠳᠠᠬᠤ᠎ᠪᠠᠷ ᠪᠠᠷᠠᠬᠤ ᠥᠬᠡᠶ ᠡᠩ᠎ᠦᠨ ᠦᠶ᠎ᠡ᠎ᠳᠦ ᠤᠳᠠᠰᠤ ᠢᠷᠡᠪᠡᠯ᠂ ᠪᠢᠳᠡ ᠪᠠᠰᠠ ᠪᠡᠶ᠎ᠠ ᠤᠬᠢᠶᠠᠯᠭ᠎ᠠ᠂ ᠭᠡᠷ ᠴᠡᠪᠡᠷᠯᠡᠬᠦ ᠵᠡᠷᠭᠡ ᠦᠶ᠋ᠯᠡᠴᠢᠯᠡᠭᠡ ᠬᠠᠩᠭᠠᠳᠠᠭ ᠭᠡᠵᠤ ᠬᠡᠯᠡᠵᠤ ᠦᠭᠴᠠᠢ᠃

ᠲᠠᠨᠢᠯᠴᠠᠭᠤᠯᠤᠭ᠍ᠰᠠᠨ᠎ᠢᠶᠠᠷ᠂ ᠱᠸᠤ ᠺᠠᠩ ᠬᠠᠢᠷᠤᠪ᠎ᠤᠨ ᠲᠣᠬᠣᠶ᠎ᠶ᠋ᠢᠨ ᠨᠠᠰᠤᠲᠠᠢᠴᠤᠳ᠎ᠲᠤ ᠦᠶ᠋ᠯᠡᠴᠢᠯᠡᠬᠦ᠌ ᠲᠥᠪ ᠢ᠋ ᠡᠷᠬᠢᠯᠡᠵᠤ ᠪᠠᠢᠭ᠎ᠠ ᠪᠡᠭᠡᠵᠢᠩ᠎ᠦᠨ ᠱᠸᠤ ᠺᠠᠩ ᠡᠷᠡᠭᠦᠯᠵᠢᠯ ᠨᠠᠰᠤᠵᠢᠯ᠎ᠤᠨ ᠠᠰᠠᠷᠠᠮᠵᠢ᠎ᠶ᠋ᠢᠨ ᠠᠵᠤ ᠦᠶ᠋ᠯᠡᠰ᠎ᠦᠨ ᠪᠦᠯᠦᠭ᠌ᠯᠡᠯ ᠬᠢᠵᠠᠭᠠᠷᠲᠤ ᠺᠣᠮᠫᠠᠨᠢ ᠪᠣᠯ ᠣᠶᠤᠨᠴᠢ ᠨᠠᠰᠤᠵᠢᠯ᠎ᠤᠨ ᠠᠰᠠᠷᠠᠮᠵᠢ᠂ ᠪᠠᠢᠭᠤᠯᠤᠮᠵᠢ᠎ᠶ᠋ᠢᠨ ᠨᠠᠰᠤᠵᠢᠯ᠎ᠤᠨ ᠠᠰᠠᠷᠠᠮᠵᠢ᠂ ᠨᠡᠢᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ᠂ ᠬᠡᠷ ᠪᠦᠯᠢ᠎ᠶ᠋ᠢᠨ ᠨᠠᠰᠤᠵᠢᠯ᠎ᠤᠨ ᠠᠰᠠᠷᠠᠮᠵᠢ᠂ ᠡᠮᠴᠢᠯᠡᠭᠡ ᠡᠷᠡᠭᠦᠯᠵᠢᠯ᠎ᠢ ᠨᠢᠭᠡ ᠴᠣᠭ᠍ᠴᠠᠵᠢᠭᠤᠯᠤᠭ᠍ᠰᠠᠨ ᠬᠡᠯᠬᠢᠶᠡᠳᠤ ᠮᠠᠶᠢᠭ ᠤ᠋ᠨ ᠡᠵᠡᠩᠨᠡᠯᠲᠡ᠎ᠶ᠋ᠢᠨ ᠬᠤᠳᠠᠯᠳᠤᠭᠠᠴᠢᠨ ᠪᠣᠯᠤᠨ᠎ᠠ᠃ 2019 ᠣᠨ᠎ᠳᠤ᠂ ᠠᠵᠤ ᠠᠬᠤᠢᠯᠠᠯ ᠨᠢ ᠦᠬᠠᠶ᠎ᠶ᠋ᠢᠨ ᠵᠠᠬ᠎ᠠ ᠳᠡᠯᠭᠡᠭᠦᠷ᠎ᠲᠦ ᠣᠷᠣᠵᠤ᠂ ᠤᠳᠠ ᠵᠢᠨ ᠲᠤᠬᠤᠢ ᠲᠣᠭᠣᠷᠢᠭ᠎ᠲᠤ ᠭᠡᠷ ᠪᠦᠯᠢ ᠵᠢᠨ ᠨᠠᠰᠤᠵᠢᠯ ᠤ᠋ᠨ ᠠᠰᠠᠷᠠᠮᠵᠢ ᠵᠡᠷᠭᠡ ᠦᠶ᠋ᠯᠡᠴᠢᠯᠡᠭᠡ ᠬᠠᠩᠭᠠᠵᠤ᠂ ᠰᠠᠢᠨ ᠲᠠᠭᠠᠰᠢᠶᠠᠯ ᠬᠦᠷᠳᠡᠪᠡ᠃ ᠨᠢᠳᠤᠨᠤᠨ᠂ ᠠᠵᠤ ᠠᠬᠤᠢᠯᠠᠯ ᠬᠠᠢ᠌ᠷᠤᠪ᠎ᠤᠨ ᠲᠤᠬᠤᠢ ᠲᠣᠭᠣᠷᠢᠭ᠎ᠲᠤ ᠵᠢᠩᠬᠢᠨᠢ᠎ᠪᠡᠷ ᠣᠷᠣᠪᠠ᠃

《ᠣᠳᠣᠬᠠᠨ᠎ᠳᠤ ᠪᠢᠳᠡ ᠬᠠᠢ᠌ᠷᠤᠪ᠎ᠤᠨ ᠲᠤᠬᠤᠢ ᠲᠣᠭᠣᠷᠢᠭ᠎ᠲᠤ ᠬᠠᠢ ᠪᠸᠢ ᠵᠡᠭᠡᠯᠢ ᠭᠤᠳᠤᠮᠵᠢ᠂ ᠯᠢᠨ᠎ᠶ᠌ᠢᠨ ᠵᠡᠭᠡᠯᠢ ᠭᠤᠳᠤᠮᠵᠢ᠂ ᠴᠢᠶᠠᠨ ᠯᠢ ᠱᠠᠨ ᠪᠠᠯᠭᠠᠰᠤ ᠵᠡᠷᠭᠡ ᠨᠡᠢ᠌ᠳᠡ 20 ᠨᠠᠰᠤᠵᠢᠯ᠎ᠤᠨ ᠦᠢᠯᠡᠴᠢᠯᠡᠭᠡᠨ᠎ᠦ ᠲᠥᠪ (ᠦᠷᠳᠡᠭᠡ) ᠢ᠋ ᠡᠵᠡᠩᠨᠡᠨ ᠬᠠᠮᠢᠶᠠᠷᠴᠤ᠌᠂ 2.9 ᠲᠦᠮᠡᠨ ᠨᠠᠰᠤᠲᠠᠢᠴᠤᠳ᠎ᠲᠤ ᠦᠢᠯᠡᠴᠢᠯᠡᠵᠦ᠍᠂ ᠭᠣᠣᠯᠳᠠᠭᠤ ᠨᠠᠰᠤᠲᠠᠢᠴᠤᠳ᠎ᠤᠨ ᠬᠣᠭᠣᠯᠠᠠ᠎ᠳᠦ ᠳᠤᠰᠠᠯᠠᠬᠤ᠂ ᠤᠬᠢᠶᠠᠯᠭ᠎ᠠ᠎ᠳᠦ ᠳᠤᠰᠠᠯᠠᠬᠤ᠂ ᠴᠡᠪᠡᠷᠯᠡᠭᠡ᠎ᠳᠦ ᠳᠤᠰᠠᠯᠠᠬᠤ᠂ ᠪᠠᠴᠢᠮ ᠪᠠᠢᠳᠠᠯ᠎ᠳᠦ ᠳᠤᠰᠠᠯᠠᠬᠤ᠂ ᠶᠠᠪᠤᠵᠤ ᠰᠠᠭᠤᠬᠤ᠎ᠳᠦ ᠲᠤᠰᠠᠯᠠᠬᠤ ᠵᠡᠷᠭᠡ ᠨᠡᠢᠲᠡ᠎ᠶ᠋ᠢᠨ ᠠᠰᠠᠷᠠᠮᠵᠢ᠎ᠶ᠋ᠢᠨ ᠴᠢᠨᠠᠷᠲᠠᠢ᠂ ᠲᠥᠯᠥᠪᠦᠷᠢ ᠪᠠᠭ᠎ᠠ ᠦᠢᠯᠡᠴᠢᠯᠡᠭᠡ ᠬᠠᠩᠭᠠᠵᠤ ᠪᠠᠢᠨ᠎ᠠ᠃ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡ᠎ᠶ᠋ᠢ ᠨᠠᠩ ᠲᠤᠰᠭᠠᠶ᠂ ᠨᠠᠩ ᠴᠢᠨᠠᠷ ᠰᠠᠢᠲᠠᠶ᠂ ᠨᠠᠩ ᠨᠠᠷᠢᠯᠢᠭ ᠪᠣᠯᠭᠠᠬᠤ᠎ᠶ᠋ᠢᠨ ᠲᠥᠯᠥᠭᠡ᠂ ᠲᠣᠭ᠍ᠲᠠᠮᠠᠯ ᠬᠤᠭᠤᠴᠠᠭ᠎ᠠ᠎ᠲᠠᠶ ᠪᠡᠷ ᠠᠵᠢᠯᠲᠠᠨ᠎ᠢ ᠵᠣᠬᠢᠶᠠᠨ ᠪᠠᠢᠭᠤᠯᠵᠤ ᠤᠷ᠎ᠠ ᠴᠢᠳᠠᠪᠤᠷᠢ᠎ᠶ᠋ᠢᠨ ᠪᠣᠯᠪᠠᠰᠤᠷᠠᠯ ᠥᠷᠨᠢᠭᠦᠯᠬᠦ᠌᠎ᠶ᠋ᠢᠨ ᠬᠠᠮᠲᠤ ᠨᠢᠭᠡᠨ ᠢᠵᠢ ᠴᠢᠩᠭ᠎ᠠ ᠵᠢᠷᠤᠮᠵᠢᠭᠤᠨ ᠦᠶ᠋ᠯᠡᠴᠢᠯᠡᠭᠡᠨ᠎ᠦ ᠪᠠᠷᠢᠮᠵᠢᠶ᠎ᠠ᠎ᠶ᠋ᠢ ᠲᠣᠭ᠍ᠲᠠᠭᠠᠵᠠᠢ ᠭᠡᠵᠦ ᠸᠠᠩ ᠶᠦᠩ ᠬᠡᠯᠡᠪᠡ᠃

ᠦᠬᠠᠶ ᠬᠣᠲᠠ᠎ᠳᠤ ᠣᠲᠣ ᠪᠠᠢᠩᠭᠤ ᠰᠠᠭᠤᠭ᠎ᠠ ᠬᠥᠮᠦᠨ ᠠᠮᠠ 55.6 ᠲᠦᠮᠡ ᠪᠠᠢᠵᠤ᠂ 60 ᠨᠠᠰᠤᠨ ᠡᠴᠡ ᠳᠡᠭᠡᠭ᠌ᠰᠢᠬᠢ ᠨᠠᠰᠤᠲᠠᠢᠴᠤᠳ 10.73 ᠲᠦᠮᠡ ᠪᠠᠢᠵᠤ᠂ ᠬᠥᠮᠦᠨ ᠠᠮᠠ᠎ᠳ᠋ᠡᠬᠢ ᠡᠵᠡᠯᠡᠬᠦ᠌ ᠬᠠᠷᠢᠴᠠᠯ᠎ᠨᠢ 19.29% ᠎ᠳ᠋ᠤ ᠬᠦᠷᠴᠡᠶ᠃ ᠡᠳᠦᠷ ᠢᠷᠡᠬᠦᠶ᠎ᠡ ᠨᠡᠮᠡᠭ᠌ᠳᠡᠵᠦ᠍ ᠪᠠᠢᠭ᠎ᠠ ᠨᠠᠰᠤᠵᠢᠯ᠎ᠤᠨ ᠠᠰᠠᠷᠠᠮᠵᠢ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠶ᠋ᠢᠨ ᠡᠮᠦᠨ᠎ᠡ᠂ ᠦᠬᠠᠶ ᠬᠣᠲᠠ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡ᠎ᠶ᠋ᠢ ᠵᠠᠬ᠎ᠠ ᠳᠡᠯᠭᠡᠭᠦᠷᠴᠢᠯᠡᠬᠦ᠌᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠪᠥᠬᠥ᠌ ᠬᠣᠲᠠ᠎ᠶ᠋ᠢᠨ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠲᠤᠰᠭᠠᠢᠵᠢᠭ᠍ᠰᠠᠨ ᠲᠦᠪᠱᠢᠨ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠦᠨ᠂ ᠨᠠᠰᠤᠲᠠᠢᠴᠤᠳ᠎ᠤᠨ ᠣᠯᠠᠨ ᠶᠠᠩᠵᠤ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠩᠭᠠᠵᠤ᠂ ᠨᠠᠰᠤᠵᠢᠯ᠎ᠤᠨ ᠠᠰᠠᠷᠠᠮᠵᠢ᠎ᠶ᠋ᠢ 《ᠥᠲᠡᠯᠦᠭᠡ ᠨᠠᠰᠤᠨ ᠳ᠋ᠠᠭᠠᠨ ᠵᠢᠷᠭᠠᠯ ᠡᠳ᠋ᠯᠡᠬᠦ᠌》 ᠪᠣᠯᠭᠠᠨ ᠬᠤᠪᠢᠷᠠᠭᠤᠯᠪᠠ᠃

ᠦᠬᠠᠶ ᠬᠣᠲᠠ᠎ᠶ᠋ᠢᠨ ᠠᠷᠠᠳ᠎ᠤᠨ ᠶᠠᠪᠤᠳᠠᠯ᠎ᠤᠨ ᠲᠣᠪᠴᠢᠶ᠎ᠠ᠎ᠶ᠋ᠢᠨ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠰᠠᠯᠠᠭᠠᠨ᠎ᠤ ᠳᠠᠷᠤᠭ᠎ᠠ ᠦ᠋ ᠳ᠋ᠢ᠂ ᠣᠳᠣᠬᠠᠨ᠎ᠳᠤ᠂ ᠦᠬᠠᠶ ᠬᠣᠲᠠ ᠪᠥᠬᠥ᠌ ᠬᠣᠲᠠ᠎ᠶ᠋ᠢᠨ 83 ᠨᠡᠢᠭᠡᠮ ᠲᠣᠭᠣᠷᠢᠭ (ᠲᠣᠰᠭᠣᠨ) ᠎ᠲᠤ᠌ ᠨᠡᠢᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠲᠥᠪ (ᠥᠷᠲᠡᠭᠡ) ᠎ᠢ᠋ 89 ᠪᠠᠢᠭᠤᠯᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠡᠩ ᠲᠡᠷᠢᠭᠦᠨ᠎ᠳᠦ ᠬᠣᠲᠠ᠂ ᠲᠠᠷᠢᠶᠠᠯᠠᠬᠤ ᠣᠷᠣᠨ᠎ᠳᠦ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠲᠥᠬᠥᠭᠡᠷᠦᠮᠵᠢ᠎ᠶ᠋ᠢ ᠪᠦᠷᠢᠨ ᠪᠥᠷᠬᠥᠭᠦᠯᠬᠦ᠌᠎ᠶ᠋ᠢ ᠪᠡᠶᠡᠯᠡᠭᠦᠯᠪᠡ᠃ ᠡᠭᠦᠨ᠎ᠦ ᠬᠠᠮᠲᠤ᠂ ᠤᠷᠢᠳ ᠬᠣᠵᠢᠳ 3 ᠲᠤᠰᠭᠠᠶ ᠮᠡᠷᠭᠡᠵᠢᠯ᠎ᠦᠨ ᠨᠠᠰᠤᠵᠢᠯ᠎ᠤᠨ ᠦᠶ᠋ᠯᠡᠴᠢᠯᠡᠭᠡᠨ᠎ᠦ ᠪᠠᠢᠭᠤᠯᠤᠮᠵᠢ᠎ᠶ᠋ᠢ ᠣᠷᠣᠭᠤᠯᠤᠨ ᠠᠪᠴᠢᠷᠠᠵᠤ ᠪᠥᠬᠥ᠌ ᠬᠣᠲᠠ᠎ᠶ᠋ᠢᠨ ᠨᠡᠢᠭᠡᠮ ᠲᠣᠭᠣᠷᠢᠭ᠎ᠤᠨ ᠨᠠᠰᠤᠵᠢᠯ᠎ᠤᠨ ᠦᠶ᠋ᠯᠡᠴᠢᠯᠡᠭᠡᠨ᠎ᠦ ᠲᠥᠪ (ᠥᠷᠲᠡᠭᠡ)᠎ᠤ᠋ᠨ ᠪᠥᠲᠥᠭᠡᠨ ᠪᠠᠢᠭᠤᠯᠤᠯᠲᠠ ᠡᠵᠡᠩᠨᠡᠯᠲᠡ᠎ᠶ᠋ᠢ ᠬᠦᠯᠢᠶᠡᠨ ᠠᠪᠴᠤ᠌᠂ ᠲᠣᠰ ᠭᠠᠵᠠᠷ᠎ᠤᠨ 5 ᠲᠤᠰᠭᠠᠶ ᠮᠡᠷᠭᠡᠵᠢᠯ᠎ᠦᠨ ᠨᠠᠰᠤᠵᠢᠯ᠎ᠤᠨ ᠦᠶ᠋ᠯᠡᠴᠢᠯᠡᠭᠡᠨ᠎ᠦ ᠵᠣᠬᠢᠶᠠᠨ ᠪᠠᠢᠭᠤᠯᠤᠯᠲᠠ᠎ᠶ᠋ᠢ ᠪᠣᠢᠵᠢᠭᠤᠯᠵᠤ᠂ ᠠᠬᠤᠢ ᠳᠠᠯᠠᠪᠠᠢ᠎ᠳᠦ ᠬᠤᠯᠪᠤᠭᠠᠨ᠎ᠳᠦ ᠤᠷᠤᠬᠤ 122 ᠦᠶ᠋ᠯᠡᠴᠢᠯᠡᠭᠡᠨ᠎ᠦ ᠬᠤᠳᠠᠯᠳᠤᠭᠠᠴᠢᠨ᠎ᠲᠠᠶ ᠭᠡᠷ᠎ᠡ ᠲᠣᠭ᠍ᠲᠠᠵᠤ᠂ ᠲᠥᠷᠥ᠎ᠶ᠋ᠢᠨ ᠪᠣᠳᠣᠯᠭ᠎ᠠ᠎ᠪᠠᠷ ᠲᠡᠳᠬᠦᠨ ᠳᠡᠮᠵᠢᠬᠦ᠌ ᠪᠠ ᠵᠠᠬ᠎ᠠ ᠳᠡᠯᠭᠡᠭᠦᠷᠴᠢᠯᠡᠨ ᠡᠵᠡᠩᠨᠡᠬᠦ᠌᠎ᠶ᠋ᠢ ᠬᠠᠷᠢᠯᠴᠠᠨ ᠤᠶᠠᠯᠳᠤᠭᠤᠯᠬᠤ ᠵᠠᠭ᠍ᠪᠤᠷ᠎ᠢᠶᠠᠷ ᠳᠠᠮᠵᠢᠭᠤᠯᠤᠨ᠂ ᠨᠠᠰᠤᠲᠠᠢᠴᠤᠳ᠎ᠤᠨ ᠬᠣᠭᠣᠯᠠ᠎ᠳᠦ ᠳᠤᠰᠠᠯᠠᠬᠤ᠂ ᠡᠮᠴᠢᠯᠡᠭᠡ᠎ᠳᠦ ᠳᠤᠰᠠᠯᠠᠬᠤ᠂ ᠵᠤᠭ᠎ᠠ ᠴᠡᠨᠭᠬᠡᠭᠦᠨ᠎ᠳᠦ ᠳᠤᠰᠠᠯᠠᠬᠤ᠂ ᠨᠠᠢᠳᠠᠯᠭ᠎ᠠ᠎ᠳᠦ ᠳᠤᠰᠠᠯᠠᠬᠤ᠂ ᠴᠡᠪᠡᠷᠯᠡᠭᠡ᠎ᠳᠦ ᠳᠤᠰᠠᠯᠠᠬᠤ᠂ ᠤᠬᠢᠶᠠᠯᠭ᠎ᠠ᠎ᠳᠦ ᠳᠤᠰᠠᠯᠠᠬᠤ᠂ ᠪᠠᠴᠢᠮ ᠪᠠᠢᠳᠠᠯ᠎ᠳᠦ ᠳᠤᠰᠠᠯᠠᠬᠤ᠂ ᠶᠠᠪᠤᠵᠤ ᠰᠠᠭᠤᠬᠤ᠎ᠳᠤ ᠲᠤᠰᠠᠯᠠᠬᠤ᠂ ᠬᠤᠳᠠᠯᠳᠤᠨ ᠠᠪᠬᠤ᠎ᠳᠦ ᠳᠤᠰᠠᠯᠠᠬᠤ᠂ ᠵᠤᠭᠤᠭᠳᠠᠵᠤ ᠶᠠᠷᠢᠯᠴᠠᠬᠤ᠎ᠳᠦ ᠳᠤᠰᠠᠯᠠᠬᠤ 《ᠠᠷᠪᠠ᠎ᠳᠦ ᠲᠤᠰᠠᠯᠠᠬᠤ》 ᠦᠶ᠋ᠯᠡᠴᠢᠯᠡᠭᠡ ᠬᠠᠩᠭᠠᠵᠠᠢ ᠭᠡᠵᠦ ᠳᠠᠨᠢᠯᠴᠠᠭᠤᠯᠪᠠ᠃

ᠨᠠᠰᠤᠲᠠᠢᠴᠤᠳ᠎ᠤᠨ ᠬᠠᠮᠤᠭ᠎ᠤᠨ ᠠᠩᠬᠠᠷᠴᠤ᠌ ᠪᠠᠢᠭ᠎ᠠ ᠬᠣᠭᠣᠯᠠ ᠢᠳᠡᠬᠦ᠌ ᠠᠰᠠᠭᠤᠳᠠᠯ᠎ᠤᠨ ᠲᠤᠬᠠᠶ᠂ ᠦᠬᠠᠶ ᠬᠣᠲᠠ ᠪᠥᠬᠥ᠌ ᠬᠣᠲᠠ᠎ᠶ᠋ᠢᠨ 89 ᠨᠡᠢᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠲᠥᠪ (ᠥᠷᠲᠡᠭᠡ) ᠲᠦ᠍ ᠴᠥᠮ ᠬᠣᠭᠣᠯᠠᠠ᠎ᠳᠦ ᠳᠤᠰᠠᠯᠠᠬᠤ ᠴᠡᠭ ᠪᠠ ᠨᠠᠰᠤᠳᠠᠢᠴᠤᠳ᠎ᠲᠦ ᠬᠠᠨᠳᠤᠭᠤᠯᠤᠭᠰᠠᠨ ᠬᠣᠭᠣᠯᠠᠨ ᠬᠡᠷ ᠪᠠᠢᠭᠤᠯᠤᠭ᠍ᠰᠠᠨ ᠪᠥᠭᠡᠳ ᠨᠠᠰᠤᠲᠠᠢᠴᠤᠳ ᠨᠡᠯᠢᠶᠡᠳ ᠲᠥᠪᠯᠡᠷᠡᠭ᠌ᠰᠡᠨ ᠵᠢᠵᠢᠭ ᠲᠣᠭᠣᠷᠢᠭ᠎ᠲᠤ ᠨᠠᠰᠤᠳᠠᠢᠴᠤᠳ᠎ᠲᠦ ᠬᠠᠨᠳᠤᠭᠤᠯᠤᠭᠰᠠᠨ 20 ᠬᠠᠯᠠᠮᠵᠢ᠎ᠶᠢᠨ ᠬᠣᠭᠣᠯᠠᠨ ᠬᠡᠷ᠎ᠲᠡᠶ ᠭᠡᠷ᠎ᠡ ᠲᠣᠭ᠍ᠲᠠᠬᠤ᠎ᠶᠢᠨ ᠬᠠᠮᠲᠤ ᠪᠥᠬᠥ᠌ ᠬᠣᠲᠠ᠎ᠶ᠋ᠢᠨ ᠬᠡᠪᠴᠢᠶᠡᠵᠢᠭᠰᠡᠨ  ᠢᠳᠡᠭᠡᠨ ᠤᠮᠳᠠᠭᠠᠨ᠎ᠤ ᠠᠵᠢᠯ ᠲᠥᠷᠥᠯ᠎ᠲᠡᠶ ᠬᠣᠭᠣᠯᠠᠠ᠎ᠳᠦ ᠳᠤᠰᠠᠯᠠᠬᠤ ᠬᠡᠯᠡᠯᠴᠡᠭᠡᠷ ᠲᠣᠭ᠍ᠲᠠᠵᠤ᠂ ᠨᠢᠭᠡᠨᠲᠡ ᠷᠠᠳᠢᠦ᠍ᠰ ᠨᠢ 1 ᠺᠢᠯᠣᠮᠧᠲ᠋ᠷ ᠪᠤᠯᠬᠤ 《ᠭᠤᠤᠯ ᠲᠣᠭᠣᠭᠠᠨ ᠬᠡᠷ + ᠬᠣᠭᠣᠯᠠ ᠢᠳᠡᠬᠦ᠌ ᠭᠠᠵᠠᠷ + ᠨᠠᠰᠤᠳᠠᠢᠴᠤᠳ᠎ᠲᠦ ᠬᠠᠨᠳᠤᠭᠤᠯᠤᠭᠰᠠᠨ ᠬᠠᠯᠠᠮᠵᠢ᠎ᠶᠢᠨ ᠬᠣᠭᠣᠯᠠᠨ ᠭᠡᠷ + ᠢᠳᠡᠭᠡᠨ ᠤᠮᠳᠠᠭᠠᠨ᠎ᠤ ᠠᠵᠤ ᠠᠬᠤᠢᠯᠠᠯ》 ᠤ᠋ᠨ ᠬᠣᠭᠣᠯᠠᠠ᠎ᠳᠦ ᠳᠤᠰᠠᠯᠠᠬᠤ ᠦᠶ᠋ᠯᠡᠴᠢᠯᠡᠭᠡᠨ᠎ᠦ ᠲᠤᠤᠷ᠎ᠢ ᠪᠦᠷᠢᠯᠳᠦᠭᠦᠯᠵᠡᠶ᠃

ᠡᠨᠡ ᠬᠦ᠌ ᠰᠠᠭᠤᠷᠢᠨ ᠳᠡᠭᠡᠷ᠎ᠡ᠂ ᠦᠬᠠᠶ ᠬᠣᠲᠠ ᠪᠠᠰᠠ ᠬᠣᠲᠠ᠎ᠶ᠋ᠢᠨ ᠲᠠᠰ᠂ ᠲᠣᠭᠣᠷᠢᠭ᠎ᠤᠨ ᠲᠠᠰ᠂ ᠵᠡᠭᠡᠯᠢ ᠭᠤᠳᠤᠮᠵᠢ᠂ ᠨᠡᠢᠭᠡᠮ ᠲᠣᠭᠣᠷᠢᠭ᠂ ᠰᠠᠭᠤᠭᠠᠯᠢ ᠲᠣᠭᠣᠷᠢᠭ᠂ ᠬᠡᠷ ᠪᠦᠯᠢ᠎ᠶ᠋ᠢᠨ 《ᠵᠢᠷᠭᠤᠭᠠᠨ ᠲᠠᠰ》 ᠤ᠋ᠨ ᠪᠥᠬᠥ᠌ ᠣᠷᠣᠨ ᠪᠦᠰᠡ᠎ᠶ᠋ᠢᠨ ᠨᠡᠢᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠰᠦᠯᠵᠢᠶ᠎ᠡ ᠵᠢᠴᠢ ᠡᠷᠬᠢᠨ ᠲᠣᠭᠣᠷᠢᠨ ᠳ᠋ᠤ ᠥᠷᠲᠡᠭᠡ ᠴᠡᠭ᠎ᠲᠡᠶ᠂ ᠱᠢᠷᠡᠭᠡᠨ᠎ᠦ ᠬᠠᠵᠠᠭᠤ᠎ᠳᠤ 《ᠢᠳᠡᠭᠡᠨ᠎ᠦ ᠬᠠᠷᠠᠭᠠᠯᠵᠠᠯ》 ᠲᠠᠢ᠂ ᠪᠡᠶ᠎ᠡ᠎ᠵᠢᠨ ᠳᠡᠷᠭᠡᠳᠡ ᠬᠠᠪᠰᠤᠷᠤᠯᠭ᠎ᠠ᠎ᠲᠠᠶ᠂ ᠣᠷᠣ᠎ᠶ᠋ᠢᠨ ᠬᠠᠵᠠᠭᠤ᠎ᠳᠤ ᠠᠰᠠᠷᠠᠨ ᠰᠤᠪᠢᠯᠯᠠᠲᠠ᠎ᠲᠠᠶ᠂ ᠭᠠᠷ᠎ᠦᠵᠦᠭᠦᠷ ᠳᠠᠭᠤᠳᠠᠭᠤᠷ᠎ᠲᠠᠶ᠂ ᠴᠢᠬᠢᠨ᠎ᠦ ᠬᠠᠪᠢ ᠳ᠋ᠤ᠌ ᠢᠨᠢᠶᠡᠳᠦ ᠬᠦᠷ᠎ᠲᠠᠶ 《ᠵᠢᠷᠭᠤᠭᠠᠨ ᠲᠠᠯ᠎ᠠ》 ᠶ᠋ᠢᠨ ᠬᠡᠷ᠎ᠲᠡᠬᠡᠨ ᠨᠡᠢᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠬᠦᠷᠲᠡᠬᠦ ᠵᠢ ᠨᠢᠭᠡ ᠴᠣᠭ᠍ᠴᠠᠵᠢᠭᠤᠯᠬᠤ ᠦᠶ᠋ᠯᠡᠴᠢᠯᠡᠭᠡᠨ᠎ᠦ ᠴᠢᠳᠠᠮᠵᠢ᠎ᠶ᠋ᠢ ᠪᠥᠬᠥ᠌ ᠬᠦᠴᠦᠨ᠎ᠢᠶᠡᠷ᠎ᠢᠶᠡᠨ ᠪᠠᠢᠭᠤᠯᠵᠤ᠂ ᠬᠡᠷ᠎ᠲᠡᠬᠡᠨ ᠨᠠᠰᠤᠵᠢᠯ᠎ᠤᠨ ᠠᠰᠠᠷᠠᠮᠵᠢ ᠬᠦᠷᠲᠡᠬᠦ ᠦᠶ᠋ᠯᠡᠴᠢᠯᠡᠭᠡᠨ᠎ᠦ ᠬᠢᠷᠢ ᠲᠦᠪᠱᠢᠨ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠠᠳᠠᠯᠢ ᠪᠤᠰᠤ ᠲᠠᠰ ᠳᠠᠪᠬᠤᠷᠭ᠎ᠠ᠎ᠶ᠋ᠢᠨ ᠨᠠᠰᠤᠲᠠᠢᠴᠤᠳ᠎ᠤᠨ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠩᠭᠠᠭ᠍ᠰᠠᠨ ᠪᠠᠢᠨ᠎ᠠ᠃

ᠡᠭᠦᠨ᠎ᠡᠴᠡ ᠭᠠᠳᠠᠨ᠎ᠠ᠂ ᠦᠬᠠᠶ ᠬᠣᠲᠠ ᠪᠠᠰᠠ ᠵᠠᠬ᠎ᠠ ᠳᠡᠯᠭᠡᠭᠦᠷᠴᠢᠯᠡᠭ᠌ᠰᠡᠨ ᠰᠡᠳᠭᠢᠬᠦᠶ᠎ᠪᠡᠷ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠲᠥᠬᠥᠭᠡᠷᠦᠮᠵᠢ᠎ᠶ᠋ᠢᠨ ᠲᠠᠰ ᠳᠡᠪᠱᠢᠬᠦ᠌᠎ᠶ᠋ᠢ ᠲᠠᠰᠤᠷᠠᠯᠲᠠ ᠥᠬᠡᠶ ᠠᠬᠢᠭᠤᠯᠪᠠ᠃ ᠲᠣᠰ ᠬᠣᠲᠠ ᠬᠠᠢᠷᠤᠪ᠎ᠤᠨ ᠲᠣᠬᠣᠶ ᠲᠣᠭᠣᠷᠢᠭ᠎ᠤᠨ ᠨᠠᠰᠤᠲᠠᠢᠴᠤᠳ ᠵᠡᠮᠳᠡᠭ᠌ᠴᠦᠳ᠎ᠦᠨ ᠬᠡᠷᠡᠭ᠌ᠰᠡᠯ ᠪᠣᠷᠣᠯᠠᠭᠤᠯᠬᠤ ᠵᠠᠬ᠎ᠠ ᠳᠡᠯᠭᠡᠭᠦᠷ ᠵᠡᠷᠭᠡ 6 ᠡᠷᠡᠭᠦᠯᠵᠢᠭᠦᠯᠬᠦ᠌ ᠲᠤᠰᠠᠯᠠᠬᠤ ᠪᠠᠭᠠᠵᠢ ᠪᠣᠷᠣᠯᠠᠭᠤᠯᠬᠤ ᠦᠵᠡᠭᠦᠯᠭᠡ᠎ᠶ᠋ᠢᠨ ᠲᠥᠪ᠎ᠢ ᠪᠠᠢᠭᠤᠯᠵᠤ᠂ ᠨᠠᠰᠤᠵᠢᠯ᠎ᠳᠤ ᠳᠣᠭᠢᠷᠠᠬᠤ ᠦᠶ᠋ᠯᠡᠳᠬᠦᠨ᠎ᠦ ᠪᠣᠷᠣᠯᠠᠭᠤᠯᠭ᠎ᠠ᠎ᠶ᠋ᠢᠨ ᠦᠶ᠋ᠯᠡᠴᠢᠯᠡᠭᠡᠨ᠎ᠦ ᠬᠠᠮᠵᠢᠯᠴᠠᠨ ᠬᠥᠭ᠌ᠵᠢᠬᠦ᠌᠎ᠶ᠋ᠢ ᠠᠬᠢᠭᠤᠯᠪᠠ; ᠡᠭᠦᠨ᠎ᠦ ᠬᠠᠮᠲᠤ ᠨᠠᠰᠤᠵᠢᠯ᠎ᠤᠨ ᠪᠠᠢᠭᠤᠯᠤᠮᠵᠢ᠎ᠶ᠋ᠢᠨ ᠪᠠᠯᠠ ᠣᠷᠣᠭᠤᠯᠤᠯᠲᠠ᠎ᠶ᠋ᠢ ᠣᠯᠠᠨ ᠡᠱᠢᠵᠢᠭᠦᠯᠬᠦ᠌᠂ ᠬᠠᠮᠢᠶᠠᠷᠤᠯᠲᠠ᠎ᠶ᠋ᠢ ᠪᠠᠷᠢᠮᠵᠢᠶᠠᠵᠢᠭᠤᠯᠬᠤ᠎ᠶ᠋ᠢ ᠠᠬᠢᠭᠤᠯᠵᠤ᠂ ᠦᠬᠠᠶ ᠬᠣᠲᠠ᠎ᠶ᠋ᠢᠨ ᠨᠠᠰᠤᠲᠠᠢᠴᠤᠳ᠎ᠢ ᠠᠰᠠᠷᠠᠨ ᠰᠤᠪᠢᠯᠠᠬᠤ ᠦᠶ᠋ᠯᠡᠴᠢᠯᠡᠭᠡᠨ᠎ᠦ ᠲᠥᠪ᠎ᠲᠦ ᠠᠯᠪᠠᠨ᠎ᠡᠴᠡ ᠪᠠᠢᠭᠤᠯᠵᠤ ᠠᠷᠠᠳ᠎ᠡᠴᠡ ᠡᠵᠡᠨᠭᠨᠡᠬᠦ ᠥᠭᠡᠷᠡᠴᠢᠯᠡᠯᠲᠡ᠎ᠶ᠋ᠢ ᠬᠡᠷᠡᠭ᠌ᠵᠢᠭᠦᠯᠪᠡ; ᠬᠠᠢ᠌ᠷᠤᠪ᠎ᠤᠨ ᠲᠣᠬᠣᠶ ᠲᠣᠭᠣᠷᠢᠭ᠎ᠤᠨ ᠨᠠᠰᠤᠵᠢᠯ᠎ᠤᠨ ᠶᠡᠷᠦᠩᠬᠡᠢᠯᠡᠭ᠌ᠰᠡᠨ ᠦᠶ᠋ᠯᠡᠴᠢᠯᠡᠭᠡᠨ᠎ᠦ ᠲᠥᠪ ᠵᠡᠷᠭᠡ 5 ᠠᠭᠤᠰᠤᠯᠴᠠᠯ ᠮᠠᠶᠢᠭ᠎ᠤᠨ᠂ ᠣᠯᠠᠨ ᠴᠢᠳᠠᠮᠵᠢᠲᠤ ᠡᠮᠴᠢᠯᠡᠭᠡ ᠰᠤᠪᠢᠯᠠᠯᠲᠠ᠎ᠵᠢᠨ ᠦᠶ᠋ᠯᠡᠴᠢᠯᠡᠭᠡᠨ᠎ᠦ ᠶᠡᠷᠦᠩᠬᠡᠢᠯᠡᠭ᠌ᠰᠡᠨ ᠴᠣᠭ᠍ᠴᠠ᠎ᠨᠢ ᠵᠠᠬ᠎ᠠ ᠳᠡᠯᠭᠡᠭᠦᠷᠴᠢᠯᠡᠨ ᠡᠵᠡᠩᠨᠡᠬᠦ᠌ ᠲᠣᠭ᠍ᠲᠡᠴᠡ᠎ᠪᠠᠷ ᠳᠠᠮᠵᠢᠭᠤᠯᠤᠨ᠂ ᠠᠭᠤᠯᠬᠤᠨ ᠮᠠᠶᠢᠭ᠎ᠤᠨ ᠬᠡᠷ᠎ᠲᠡᠬᠡᠨ ᠠᠰᠠᠷᠠᠨ ᠰᠤᠪᠢᠯᠠᠬᠤ ᠪᠠ ᠡᠮᠴᠢᠯᠡᠭᠡ ᠡᠷᠡᠭᠦᠯᠵᠢᠯ᠎ᠦᠨ ᠦᠶ᠋ᠯᠡᠴᠢᠯᠡᠭᠡ ᠥᠷᠨᠢᠭᠦᠯᠵᠦ᠍᠂ ᠨᠢᠭᠡᠨᠲᠡ 6000 ᠭᠠᠷᠤᠶ ᠬᠥᠮᠦᠨ ᠤᠳᠠᠭ᠎ᠠ᠎ᠳᠤ ᠦᠶ᠋ᠯᠡᠴᠢᠯᠡᠭᠡ ᠬᠠᠩᠭᠠᠪᠠ᠃

2023 ᠣᠨ᠎ᠤ ᠰᠡᠭᠦᠯᠴᠢ᠎ᠪᠡᠷ᠂ ᠳᠤᠮᠳᠠᠳᠤ ᠤᠯᠤᠰ᠎ᠤᠨ ᠠᠵᠤ ᠠᠬᠤᠢ᠎ᠶ᠋ᠢᠨ ᠪᠠᠢᠭᠤᠯᠤᠮᠵᠢ᠎ᠶ᠋ᠢᠨ ᠥᠭᠡᠷᠡᠴᠢᠯᠡᠯᠲᠡ ᠰᠡᠳᠬᠦᠯ᠎ᠦᠨ ᠬᠣᠷᠢᠶ᠎ᠠ 《ᠳᠤᠮᠳᠠᠳᠤ ᠤᠯᠤᠰ᠎ᠤᠨ ᠥᠭᠡᠷᠡᠴᠢᠯᠡᠯᠲᠡ᠎ᠶ᠋ᠢᠨ 2023 ᠣᠨ᠎ᠤ ᠣᠷᠣᠨ ᠨᠤᠲᠤᠭ᠎ᠤᠨ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠦᠭ᠌ᠰᠡᠨ ᠨᠡᠢᠲᠡᠯᠢᠭ ᠬᠡᠷᠡᠭ᠎ᠦᠨ ᠵᠢᠱ᠌ᠢᠢ᠎ᠡ》 ᠵᠢᠨ ᠨᠡᠷᠡᠰ᠎ᠢ ᠨᠡᠢᠲᠡᠯᠡᠵᠦ᠍᠂ ᠦᠬᠠᠢ ᠬᠤᠳᠠ᠎ᠶ᠋ᠢᠨ 《ᠨᠢᠭᠡ ᠮᠥᠴᠡ᠎ᠳ᠋ᠦ ᠭᠦᠢᠴᠡᠳᠭᠡᠬᠦ ᠨᠠᠰᠤᠵᠢᠯ᠎ᠤᠨ ᠠᠰᠠᠷᠠᠮᠵᠢ ᠵᠢᠨ ᠦᠢᠯᠡᠴᠢᠯᠡᠭᠡᠨ᠎ᠦ ᠲᠣᠭᠣᠷᠢᠭ᠎ᠢ ᠪᠠᠢᠭᠤᠯᠵᠤ᠂ ᠬᠤᠳᠠ᠎ᠪᠠ ᠲᠠᠷᠢᠶᠠᠯᠠᠬᠤ ᠣᠷᠣᠨ᠎ᠤ ᠨᠠᠰᠤᠵᠢᠯ᠎ᠤᠨ ᠦᠢᠯᠡᠴᠢᠯᠡᠭᠡᠨ᠎ᠦ ᠲᠥᠬᠥᠭᠡᠷᠦᠮᠵᠢ᠎ᠶ᠋ᠢ ᠪᠦᠬᠦᠨ᠎ᠢ ᠪᠦᠷᠬᠦᠬᠦᠯᠬᠦ᠌᠎ᠶ᠋ᠢ ᠪᠡᠶᠡᠯᠡᠭᠦᠯᠬᠦ᠌》  ᠬᠡᠷᠡᠭ᠎ᠦᠨ ᠵᠢᠱ᠌ᠢᠢ᠎ᠡ ᠰᠣᠩᠭᠣᠭ᠍ᠳᠠᠵᠠᠢ᠃

ᠡᠨᠡ ᠵᠢᠯ ᠦᠬᠠᠶ ᠬᠣᠲᠠ ᠪᠥᠬᠥ᠌ ᠤᠯᠤᠰ᠎ᠤᠨ ᠦᠨᠳᠦᠰᠦᠨ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠶᠡᠷᠦᠩᠬᠡᠢᠯᠡᠭ᠌ᠰᠡᠨ ᠲᠠᠪᠴᠠᠩ᠎ᠤᠨ ᠲᠤᠷᠱᠢᠯᠲᠠ᠎ᠶ᠋ᠢᠨ ᠭᠠᠵᠠᠷ ᠣᠷᠣᠨ᠎ᠢᠶᠠᠷ ᠠᠮᠵᠢᠯᠲᠠ᠎ᠲᠠᠶ ᠰᠣᠩᠭᠣᠭ᠍ᠳᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号