ᠣᠷᠣᠨ ᠎ᠤ ᠲᠥᠪ ᠵᠠᠬ᠎ᠠ ᠳᠡᠯᠬᠡᠬᠦᠷᠴᠢᠯᠡᠭᠰᠡᠨ ᠠᠵᠢᠯᠯᠠᠭᠠᠨ ᠵᠢᠡᠷ ᠪᠤᠬᠢᠷᠳᠤᠯ ᠦᠬᠡᠢ ᠴᠠᠬᠢᠯᠭᠠᠨ ᠪᠤᠬᠢᠷᠳᠤᠯ ᠦᠬᠡᠢ ᠦᠨᠡᠮᠯᠡᠯ ᠎ᠦᠨ ᠠᠷᠠᠯᠵᠢᠶ᠎ᠠ ᠎ᠳᠤ ᠠᠮᠢᠵᠢᠷᠠᠯ ᠎ᠤᠨ ᠬᠦᠴᠦᠨ ᠨᠡᠮᠡᠷᠢᠯᠡᠯ᠎ᠠ
2024-10-21 09:50:52
ᠵᠣᠬᠢᠶᠠᠭ᠍ᠴᠢ᠄
ᠸᠠᠩ ᠶᠠ ᠵᠢᠩ
ᠣᠩᠱᠢᠭ᠍ᠰᠠᠨ ᠣᠳᠠᠭ᠎ᠠ᠄
★★★☆☆

9 ᠰᠠᠷ᠎ᠠ᠎ᠶᠢᠨ 3 ᠎ᠤ᠋ ᠡᠳᠦᠷ᠂ ᠳᠤᠮᠳᠠᠳᠤ ᠤᠯᠤᠰ᠎ᠤᠨ ᠴᠢᠯᠠᠭᠤᠨ ᠳᠤᠰᠤᠨ᠎ᠤ ᠪᠦᠯᠦᠭᠯᠡᠯ᠎ᠦᠨ ᠴᠠᠬᠢᠯᠭᠠᠨ ᠡᠨᠧᠷᠭᠢ᠎ᠶᠢᠨ ᠬᠢᠵᠠᠭᠠᠷᠲᠤ ᠺᠣᠮᠫᠠᠨᠢ᠎ᠶᠢᠨ ᠪᠦᠷᠢᠨ ᠪᠡᠯᠡᠳᠤ ᠬᠤᠪᠢᠶᠠᠷᠢ ᠺᠣᠮᠫᠠᠨᠢ᠎ᠪᠤᠯᠬᠤ ᠥᠪᠥᠷ ᠮᠣᠩᠭᠣᠯ ᠎ᠤᠨ ᠳᠤᠮᠳᠠᠳᠤ ᠤᠯᠤᠰ᠎ᠤᠨ ᠴᠢᠯᠠᠭᠤᠨ ᠳᠤᠰᠤᠨ᠎ᠤ ᠴᠠᠬᠢᠯᠭᠠᠨ ᠡᠨᠧᠷᠭᠢ ᠵᠢᠨ ᠴᠠᠬᠢᠯᠭᠠᠨ ᠪᠣᠷᠣᠯᠠᠭᠤᠯᠬᠤ ᠬᠢᠵᠠᠭᠠᠷᠲᠤ ᠺᠣᠮᠫᠠᠨᠢ᠎ᠶᠢᠨ ᠳᠡᠳ᠋ ᠳᠠᠭᠠᠭᠠᠮᠠᠯ ᠭᠦᠩ ᠶᠦᠩ ᠭᠧ ᠵᠡᠷᠭᠡ ᠭᠤᠷᠪᠠᠨ ᠬᠦᠮᠦᠨ ᠬᠥᠬᠡᠬᠣᠲᠠ᠎ᠶᠢᠨ ᠪᠤᠬᠢᠷᠳᠤᠯ ᠦᠬᠡᠢ ᠴᠠᠬᠢᠯᠭᠠᠨ ᠪᠤᠬᠢᠷᠳᠤᠯ ᠦᠬᠡᠢ ᠦᠨᠡᠮᠯᠡᠯ᠎ᠦᠨ ᠠᠷᠠᠯᠵᠢᠶᠠᠨ᠎ᠤ ᠦᠢᠯᠡᠴᠢᠯᠡᠭᠡᠨ᠎ᠦ ᠪᠠᠢᠭᠤᠯᠤᠮᠵᠢ᠎ᠳᠤ 《ᠵᠢᠯᠤᠭᠤᠳᠤᠮᠵᠢ ᠨᠠᠷᠢᠯᠢᠭ  ᠦᠢᠯᠡᠴᠢᠯᠡᠬᠡ ᠲᠤᠰᠬᠠᠢ  ᠬᠠᠮᠳᠤᠷᠠᠯᠴᠠᠭ᠎ᠠ ᠤᠨᠤᠴᠠᠳᠠᠢ  ᠢᠳᠡᠭᠡᠮᠵᠢ  ᠰᠠᠢᠳᠠᠢ 》 ᠭᠡᠰᠡᠨ ᠥᠰᠥᠭ᠎ᠲᠠᠢ  ᠬᠡᠮᠡᠷᠯᠢᠭ ᠲᠣᠭ  ᠬᠦᠷᠭᠡᠪᠡ᠃

2024 ᠣᠨ᠎ᠳᠤ ᠳᠤᠮᠳᠠᠳᠤ ᠤᠯᠤᠰ᠎ᠤᠨ ᠴᠢᠯᠠᠭᠤᠨ ᠲᠣᠰᠣ᠌ ᠪᠠᠢᠭᠠᠯᠢ᠎ᠶᠢᠨ ᠰᠢᠲᠠᠮᠠᠬᠠᠢ ᠬᠡᠢ᠎ᠶᠢᠨ ᠬᠤᠪᠢᠴᠠᠭᠠᠳᠤ ᠬᠢᠵᠠᠭᠠᠷᠲᠤ ᠺᠣᠮᠫᠠᠨᠢ᠎ᠶᠢᠨ ᠬᠥᠬᠡᠬᠣᠲᠠ᠎ᠶᠢᠨ ᠴᠢᠯᠠᠭᠤᠨ ᠲᠣᠰᠣ᠌ ᠬᠢᠮᠢ᠎ᠶᠢᠨ ᠠᠵᠤ ᠦᠢᠯᠡᠳᠪᠦᠷᠢ᠎ᠶᠢᠨ ᠬᠤᠪᠢᠶᠠᠷᠢ ᠺᠣᠮᠫᠠᠨᠢ ᠵᠢᠨ ᠬᠢᠨ ᠬᠦᠬᠡᠬᠣᠲᠠ᠎ᠶᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠪᠤᠬᠢᠷᠳᠤᠯ ᠦᠬᠡᠢ ᠦᠨᠡᠮᠯᠡᠯ ᠪᠤᠬᠢᠷᠳᠤᠯ ᠦᠬᠡᠢ ᠴᠠᠬᠢᠯᠭᠠᠨ ᠤ᠋ ᠠᠵᠢᠯ᠎ᠤᠨ ᠲᠤᠬᠠᠢ ᠵᠢᠭᠠᠪᠤᠷᠢ᠎ᠶᠢ ᠢᠳᠡᠪᠬᠢᠲᠡᠢ ᠴᠤᠤᠷᠢᠶᠠᠳᠤᠨ ᠂ ᠪᠤᠬᠢᠷᠳᠤᠯ ᠦᠬᠡᠢ ᠴᠠᠬᠢᠯᠭᠠᠨ ᠪᠤᠬᠢᠷᠳᠤᠯ ᠦᠬᠡᠢ ᠦᠨᠡᠮᠯᠡᠯ ᠬᠤᠳᠠᠯᠳᠤᠨ ᠠᠪᠬᠤ ᠠᠵᠢᠯ᠎ᠢ ᠰᠠᠨᠠᠭᠠᠴᠢᠯᠠᠭ᠎ᠠ ᠠ᠋ᠴᠠ᠎ᠪᠠᠨ ᠥᠷᠨᠢᠭᠦᠯᠪᠡ᠃ ᠬᠥᠬᠡᠬᠣᠲᠠ᠎ᠶᠢᠨ ᠪᠣᠬᠢᠷᠲᠤᠯ ᠦᠭᠡᠢ ᠴᠠᠬᠢᠯᠭᠠᠨ ᠪᠤᠬᠢᠷᠳᠤᠯ ᠦᠬᠡᠢ ᠦᠨᠡᠮᠯᠡᠯ ᠎ᠦᠨ ᠠᠷᠠᠯᠵᠢᠶᠠᠨ ᠎ᠤ ᠦᠢᠯᠡᠴᠢᠯᠡᠭᠡᠨ᠎ᠦ ᠪᠠᠢᠭᠤᠯᠤᠮᠵᠢ ᠦᠳᠲᠡᠷ ᠲᠦᠷᠭᠡᠨ ᠬᠥᠳᠡᠯᠦᠯᠴᠡᠵᠦ᠂ ᠦᠢᠯᠡᠴᠢᠯᠡᠭᠡᠨ ᠎ᠦ ᠠᠵᠢᠯ᠎ᠢ ᠢᠳᠡᠪᠬᠢᠲᠡᠢ ᠦᠷᠨᠢᠬᠦᠯᠦᠨ᠂ ᠠᠵᠤ ᠠᠬᠤᠢᠯᠠᠯ᠎ᠢ ᠬᠠᠪᠰᠤᠷᠤᠨ ᠪᠣᠳᠠᠲᠠᠢ ᠠᠰᠠᠭᠤᠳᠠᠯ᠎ᠢ ᠨᠢ ᠰᠢᠢᠳᠪᠦᠷᠢᠯᠡᠵᠦ᠂  ᠲᠦᠮᠡᠨ ᠬᠠᠭᠤᠳᠠᠰᠤ ᠪᠣᠬᠢᠷᠲᠤᠯ ᠦᠭᠡᠢ ᠦᠨᠡᠮᠯᠡᠯ ᠬᠤᠳᠠᠯᠳᠤᠨ ᠠᠪᠬᠤ ᠡᠭᠦᠷᠭᠡ᠎ᠶᠢ ᠪᠡᠶᠡᠯᠡᠭᠦᠯᠦᠭᠰᠡᠨ ᠪᠥᠭᠡᠳ  ᠪᠠᠰᠠ ᠠᠵᠤ ᠠᠬᠤᠢᠯᠠᠯ᠎ᠢ ᠬᠠᠪᠰᠤᠷᠤᠨ ᠳᠣᠣᠷ᠎ᠠ ᠬᠠᠭᠠᠰ ᠵᠢᠯ᠎ᠳᠦ  6 ᠲᠦᠮᠡᠨ ᠬᠠᠭᠤᠳᠠᠰᠤ ᠪᠣᠬᠢᠷᠲᠤᠯ ᠦᠭᠡᠢ ᠦᠨᠡᠮᠯᠡᠯ ᠬᠤᠳᠠᠯᠳᠤᠨ ᠠᠪᠬᠤ ᠠᠵᠢᠯ᠎ᠤᠨ ᠲᠥᠯᠥᠪᠯᠡᠭᠡ᠎ᠶᠢ ᠪᠡᠶᠡᠯᠡᠭᠦᠯᠵᠦ᠂ ᠳᠤᠮᠳᠠᠳᠤ ᠤᠯᠤᠰ᠎ᠤᠨ ᠴᠢᠯᠠᠭᠤᠨ ᠲᠣᠰᠣᠨ᠎ᠤ ᠺᠣᠮᠫᠠᠨᠢ᠎ᠶᠢᠨ ᠬᠥᠬᠡᠬᠣᠲᠠ᠎ᠶᠢᠨ ᠴᠢᠯᠠᠭᠤᠨ ᠲᠣᠰᠣᠨ᠎ᠤ ᠬᠢᠮᠢ᠎ᠶᠢᠨ ᠠᠵᠤ ᠦᠢᠯᠡᠳᠪᠦᠷᠢ᠎ᠶᠢᠨ ᠺᠣᠮᠫᠠᠨᠢ᠎ᠶᠢᠨ ᠬᠢᠨ᠎ᠤ ᠪᠥᠬᠥ ᠵᠢᠯ᠎ᠳᠤ 100%᠎ᠵᠢᠨ ᠪᠣᠬᠢᠷᠲᠤᠯ ᠦᠭᠡᠢ ᠴᠠᠬᠢᠯᠭᠠᠨ᠎ᠤ ᠬᠠᠷᠠᠯᠲᠠ᠎ᠶᠢ ᠪᠡᠶᠡᠯᠡᠭᠦᠯᠬᠦ᠎ᠳ᠋ᠤ ᠳᠡᠮᠵᠢᠯᠬᠡ  ᠦᠵᠡᠬᠦᠯᠵᠦ  ᠪᠠᠢᠨ᠎ᠠ᠃

ᠡᠨᠡ ᠪᠣᠯ ᠬᠥᠬᠡᠬᠣᠲᠠ᠎ᠶᠢᠨ ᠪᠣᠬᠢᠷᠲᠤᠯ ᠦᠭᠡᠢ ᠴᠠᠬᠢᠯᠭᠠᠨ ᠪᠤᠬᠢᠷᠳᠤᠯ ᠦᠬᠡᠢ ᠦᠨᠡᠮᠯᠡᠯ᠎ᠦᠨ ᠠᠷᠠᠯᠵᠢᠶᠠᠨ᠎ᠤ ᠦᠢᠯᠡᠴᠢᠯᠡᠭᠡᠨ᠎ᠦ ᠪᠠᠢᠭᠤᠯᠤᠮᠵᠢ᠎ᠶᠢᠨ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ᠎ᠢᠶᠠᠷ ᠠᠵᠤ ᠠᠬᠤᠢ᠎ᠶᠢᠨ ᠪᠦᠲᠦᠭᠡᠨ ᠪᠠᠢᠭᠤᠯᠤᠯᠲᠠ᠎ᠳᠤ ᠦᠢᠯᠡᠴᠢᠯᠡᠵᠦ ᠪᠠᠢᠭ᠎ᠠ ᠨᠢᠭᠡ ᠵᠢᠱ᠌ᠢᠶ᠎ᠡ ᠪᠣᠯᠣᠨ᠎ᠠ᠃

ᠬᠥᠬᠡᠬᠣᠲᠠ᠎ᠶᠢᠨ ᠪᠤᠬᠢᠷᠳᠤᠯ ᠦᠬᠡᠢ ᠴᠠᠬᠢᠯᠭᠠᠨ᠎ᠪᠤᠬᠢᠷᠳᠤᠯ ᠦᠬᠡᠢ ᠦᠨᠡᠮᠯᠡᠯ᠎ᠦᠨ ᠠᠷᠠᠯᠵᠢᠶᠠᠨ᠎ᠤ ᠦᠢᠯᠡᠴᠢᠯᠡᠭᠡᠨ ᠎ᠦ ᠪᠠᠢᠭᠤᠯᠤᠮᠵᠢ ᠨᠢ ᠣᠷᠣᠨ᠎ᠤ ᠲᠥᠪ᠎ᠦᠨ ᠠᠩᠬᠠᠳᠠᠭ᠍ᠴᠢ ᠪᠤᠬᠢᠷᠳᠤᠯ ᠦᠬᠡᠢ ᠴᠠᠬᠢᠯᠭᠠᠨ ᠪᠤᠬᠢᠷᠳᠤᠯ ᠦᠬᠡᠢ ᠦᠨᠡᠮᠯᠡᠯ᠎ᠦᠨ ᠠᠷᠠᠯᠵᠢᠶᠠᠨ᠎ᠤ ᠦᠢᠯᠡᠴᠢᠯᠡᠭᠡᠨ᠎ᠦ ᠪᠠᠢᠭᠤᠯᠤᠮᠵᠢ ᠪᠣᠯᠤᠭᠰᠠᠨ᠎ᠤ ᠬᠤᠪᠢ᠎ᠳᠤ ᠂ 2024 ᠣᠨ᠎ᠤ 4 ᠰᠠᠷ᠎ᠠ᠎ᠶᠢᠨ 19 ᠎ᠤ᠋ ᠡᠳᠦᠷ ᠫᠠᠢᠰᠠ ᠡᠯᠬᠦᠨ ᠪᠠᠢᠭᠤᠯᠤᠭᠳᠠᠵᠠᠢ᠃ ᠪᠠᠢᠭᠤᠯᠤᠮᠵᠢ᠎ᠶᠢ ᠥᠪᠥᠷ ᠮᠣᠩᠭᠣᠯ᠎ᠤᠨ ᠵᠦᠩ ᠾᠧ ᠰᠢᠨ᠎ᠡ ᠡᠨᠧᠷᠭᠢ ᠎ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠣᠯ᠎ᠤᠨ ᠬᠥᠬᠡᠬᠣᠲᠠ᠎ᠶᠢᠨ ᠰᠢᠨ᠎ᠡ ᠡᠨᠧᠷᠭᠢ ᠎ᠶᠢᠨ ᠪᠡᠯᠡ ᠣᠷᠣᠭᠤᠯᠤᠯᠲᠠ᠎ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠣᠯ᠎ᠤᠨ ᠬᠥᠬᠡᠬᠣᠲᠠ᠎ᠶᠢᠨ ᠡᠨᠧᠷᠭᠢ᠎ᠶᠢᠨ ᠰᠤᠳᠤᠯᠭᠠᠨ᠎ᠤ ᠬᠦᠷᠢᠶᠡᠯᠡᠩ᠎ᠦᠨ ᠬᠢᠵᠠᠭᠠᠷᠲᠤ ᠺᠣᠮᠫᠠᠨᠢ᠎ᠠᠴᠠ ᠬᠠᠮᠲᠤᠷᠠᠨ ᠪᠠᠢᠭᠤᠯᠵᠤ ᠡᠵᠡᠩᠨᠡᠵᠦ ᠪᠤᠢ᠃ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ᠂ ᠲᠤᠰᠬᠠᠢᠵᠢᠭ᠍ᠰᠠᠨ ᠦᠢᠯᠡᠴᠢᠯᠡᠭᠡ᠎ᠪᠡᠷ ᠳᠠᠮᠵᠢᠭᠤᠯᠤᠨ ᠂ ᠬᠡᠷᠡᠭᠯᠡᠭᠴᠢ᠎ᠶᠢᠨ ᠵᠠᠬ᠎ᠠ ᠳᠡᠯᠭᠡᠭᠦᠷ᠎ᠢ ᠨᠡᠭᠡᠭᠡᠨ᠂ ᠪᠤᠬᠢᠷᠳᠤᠯ ᠦᠬᠡᠢ ᠴᠠᠬᠢᠯᠭᠠᠨ ᠪᠤᠬᠢᠷᠳᠤᠯ ᠦᠬᠡᠢ ᠦᠨᠡᠮᠯᠡᠯ᠎ᠦᠨ ᠠᠷᠠᠯᠵᠢᠶ᠎ᠠ᠎ᠶᠢ ᠠᠬᠢᠭᠤᠯᠬᠤ᠎ᠶᠢᠨ ᠬᠠᠮᠲᠤ ᠭᠣᠣᠯᠳᠠᠯᠭ᠎ᠠ᠎ᠲᠠᠢ ᠡᠨᠧᠷᠭᠢ ᠬᠡᠷᠡᠭᠯᠡᠬᠦ ᠠᠵᠤ ᠠᠬᠤᠢᠯᠠᠯ᠎ᠳᠤ ᠨᠡᠭᠦᠷᠡᠰᠦᠲᠥ᠋ᠷᠥᠭᠴᠢ᠎ᠶᠢᠨ ᠬᠥᠭᠵᠢᠯᠲᠡ᠎ᠶᠢᠨ ᠲᠥᠷᠥ᠎ᠶᠢᠨ ᠪᠣᠳᠣᠯᠭ᠎ᠠ᠎ᠶᠢᠨ ᠯᠠᠪᠯᠠᠭ᠎ᠠ ᠬᠠᠩᠭᠠᠬᠤ᠂ ᠪᠤᠬᠢᠷᠳᠤᠯ ᠦᠬᠡᠢ ᠴᠠᠬᠢᠯᠭᠠᠨ ᠪᠤᠬᠢᠷᠳᠤᠯ ᠦᠬᠡᠢ ᠦᠨᠡᠮᠯᠡᠯ᠎ᠦᠨ ᠦᠨᠡᠯᠡᠯᠲᠡ ᠬᠢᠬᠦ᠂ ᠪᠤᠬᠢᠷᠳᠤᠯ ᠦᠬᠡᠢ ᠴᠠᠬᠢᠯᠭᠠᠨ ᠪᠤᠬᠢᠷᠳᠤᠯ ᠦᠬᠡᠢ ᠦᠨᠡᠮᠯᠡᠯ᠎ᠦᠨ ᠠᠷᠠᠯᠵᠢᠶ᠎ᠠ᠎ᠶᠢᠨ ᠬᠠᠪᠰᠤᠷᠤᠯᠭ᠎ᠠ ᠦᠵᠡᠬᠦᠯᠬᠦ᠂ ᠪᠠᠭ᠎ᠠ  ᠨᠡᠭᠦᠷᠡᠰᠦᠲᠥ᠋ᠷᠥᠭᠴᠢᠳᠦ  ᠡᠨᠧᠷᠭᠢ᠎ᠶᠢᠨ ᠯᠠᠪᠯᠠᠭ᠎ᠠ ᠬᠠᠩᠭᠠᠬᠤ ᠵᠡᠷᠭᠡ ᠦᠢᠯᠡᠴᠢᠯᠡᠭᠡ ᠬᠠᠩᠭᠠᠵᠦ ᠪᠠᠢᠨ᠎ᠠ᠃ ᠡᠲᠡᠭᠡᠷ ᠦᠢᠯᠡᠴᠢᠯᠡᠭᠡ᠎ᠪᠡᠷ ᠳᠡᠮᠵᠢᠨ᠂ ᠪᠠᠢᠭᠤᠯᠤᠮᠵᠢ ᠨᠢ ᠪᠤᠬᠢᠷᠳᠤᠯ ᠦᠬᠡᠢ ᠴᠠᠬᠢᠯᠭᠠᠨ ᠪᠤᠬᠢᠷᠳᠤᠯ ᠦᠬᠡᠢ ᠦᠨᠡᠮᠯᠡᠯ᠎ᠦᠨ ᠠᠷᠠᠯᠵᠢᠶᠠᠨ᠎ᠤ ᠵᠠᠬ᠎ᠠ ᠳᠡᠯᠭᠡᠭᠦᠷ᠎ᠦᠨ ᠡᠷᠡᠭᠦᠯ᠎ᠢᠶᠡᠷ ᠬᠥᠭᠵᠢᠬᠦ᠎ᠶᠢ ᠠᠬᠢᠭᠤᠯᠤᠭᠰᠠᠨ᠎ᠢᠶᠠᠷ ᠪᠠᠷᠠᠬᠤ ᠦᠭᠡᠢ᠂ ᠪᠠᠰᠠ ᠪᠥᠬᠥ ᠨᠡᠢᠭᠡᠮ᠎ᠦᠨ ᠡᠨᠧᠷᠭᠢ᠎ᠶᠢᠨ ᠬᠡᠷᠡᠭᠯᠡᠭᠡ᠎ᠶᠢᠨ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠳᠦ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶᠢ ᠠᠬᠢᠭᠤᠯᠬᠤ᠎ᠳᠤ ᠬᠦᠴᠦᠲᠡᠢ ᠳᠡᠮᠵᠢᠯᠭᠡ ᠬᠠᠩᠭᠠᠭᠰᠠᠨ ᠪᠠᠢᠨ᠎ᠠ᠃

ᠠᠵᠤ ᠠᠬᠤᠢᠯᠠᠯ᠎ᠤᠨ ᠪᠣᠬᠢᠷᠲᠤᠯ ᠦᠭᠡᠢ ᠴᠠᠬᠢᠯᠭᠠᠨ᠎ᠤ ᠠᠷᠠᠯᠵᠢᠶᠠᠨ᠎ᠤ ᠬᠦᠴᠢᠷᠳᠡᠯ ᠪᠠ ᠬᠦᠰᠡᠯ ᠱᠠᠭᠠᠷᠳᠠᠯᠭ᠎ᠠ᠎ᠶᠢ ᠤᠢᠯᠠᠭᠠᠨ ᠰᠢᠢᠳᠪᠦᠷᠢᠯᠡᠬᠦ᠎ᠶᠢᠨ ᠲᠥᠯᠥᠭᠡ᠂ ᠭᠣᠣᠯᠳᠠᠯᠭ᠎ᠠ᠎ᠲᠠᠢ ᠡᠨᠧᠷᠭᠢ ᠬᠡᠷᠡᠭᠯᠡᠬᠦ ᠨᠢᠭᠡᠴᠢ᠎ᠶᠢᠨ ᠪᠤᠬᠢᠷᠳᠤᠯ ᠦᠬᠡᠢ ᠴᠠᠬᠢᠯᠭᠠᠨ ᠪᠤᠬᠢᠷᠳᠤᠯ ᠦᠬᠡᠢ ᠦᠨᠡᠮᠯᠡᠯ᠎ᠦᠨ ᠠᠷᠠᠯᠵᠢᠶ᠎ᠠ ᠬᠢᠬᠦ ᠵᠢ ᠲᠡᠮᠵᠢᠵᠦ᠂ ᠬᠥᠬᠡᠬᠣᠲᠠ᠎ᠶᠢᠨ ᠪᠣᠬᠢᠷᠲᠤᠯ ᠦᠭᠡᠢ ᠴᠠᠬᠢᠯᠭᠠᠨ ᠪᠤᠬᠢᠷᠳᠤᠯ ᠦᠬᠡᠢ ᠦᠨᠡᠮᠯᠡᠯ᠎ᠦᠨ ᠠᠷᠠᠯᠵᠢᠶᠠᠨ᠎ᠤ ᠦᠢᠯᠡᠴᠢᠯᠡᠭᠡᠨ᠎ᠦ ᠪᠠᠢᠭᠤᠯᠤᠮᠵᠢ ᠵᠢᠨ ᠬᠢᠨ ᠬᠦᠬᠡᠬᠤᠳᠠ᠎ᠶᠢᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠲᠠᠢ ᠬᠠᠮᠲᠤᠷᠠᠨ ᠠᠵᠤ ᠠᠬᠤᠢᠯᠠᠯ᠎ᠢ ᠵᠣᠯᠭᠠᠭᠤᠯᠵᠤ ᠂ ᠠᠵᠤ ᠠᠬᠤᠢᠯᠠᠯ᠎ᠳᠤ《 ᠨᠢᠭᠡ ᠥᠷᠲᠡᠭᠡᠴᠢᠯᠡᠭᠰᠡᠨ ᠮᠠᠶᠢᠭ᠋ 》  ᠤ᠋ᠨ ᠦᠢᠯᠡᠴᠢᠯᠡᠭᠡ ᠬᠠᠩᠭᠠᠵᠤ᠂ ᠤᠷᠢᠳ ᠬᠣᠵᠢᠳ ᠪᠥᠬᠥ ᠬᠣᠲᠠ᠎ᠶᠢᠨ 50 ᠭᠠᠷᠤᠢ ᠭᠣᠣᠯᠳᠠᠯᠭ᠎ᠠ᠎ᠲᠠᠢ ᠡᠨᠧᠷᠭᠢ ᠬᠡᠷᠡᠭᠯᠡᠬᠦ ᠠᠵᠤ ᠠᠬᠤᠢᠯᠠᠯ ᠪᠠ 11 ᠰᠢᠨ᠎ᠡ ᠡᠨᠧᠷᠭᠢ᠎ᠶᠢᠨ ᠴᠠᠬᠢᠯᠭᠠᠨ ᠭᠠᠷᠭᠠᠬᠤ ᠠᠵᠤ ᠠᠬᠤᠢᠯᠠᠯ᠎ᠳᠤ ᠭᠦᠨᠵᠡᠭᠡᠢᠷᠡᠨ ᠪᠠᠢᠴᠠᠭᠠᠨ ᠰᠤᠳᠤᠯᠵᠦ᠂ ᠠᠵᠤ ᠠᠬᠤᠢᠯᠠᠯ᠎ᠤᠨ ᠪᠣᠬᠢᠷᠲᠤᠯ ᠦᠭᠡᠢ ᠴᠠᠬᠢᠯᠭᠠᠨ ᠪᠤᠬᠢᠷᠳᠤᠯ ᠦᠬᠡᠢ ᠦᠨᠡᠮᠯᠡᠯ᠎ᠦᠨ ᠠᠷᠠᠯᠵᠢᠶ᠎ᠠ᠎ᠬᠢᠬᠦ ᠶᠠᠪᠤᠴᠠ᠎ᠳᠠᠬᠢ ᠪᠡᠷᠬᠡ ᠠᠰᠠᠭᠤᠳᠠᠯ ᠪᠠ ᠲᠥᠷᠥ᠎ᠶᠢᠨ ᠪᠣᠳᠣᠯᠭ᠎ᠠ᠎ᠶᠢᠨ ᠬᠦᠰᠡᠯ ᠱᠠᠭᠠᠷᠳᠠᠯᠭ᠎ᠠ᠎ᠶᠢ ᠡᠵᠡᠮᠰᠢᠭᠰᠡᠨ ᠪᠠᠢᠨ᠎ᠠ᠃ ᠤᠷᠢᠳ ᠬᠣᠵᠢᠳ ᠰᠢᠨᠬᠤᠸᠠ ᠬᠠᠭᠠᠰ ᠳᠠᠮᠵᠢᠭᠤᠯᠤᠭ᠍ᠴᠢ᠂ ᠹᠦ ᠹᠧᠩ ᠠᠮᠢᠳᠤ ᠪᠣᠳᠠᠰ᠂ ᠬᠤᠸᠠ ᠶᠣᠣ ᠭᠡᠷᠡᠯ ᠴᠠᠬᠢᠯᠭᠠᠨ᠂ ᠢᠯᠢ ᠪᠦᠯᠦᠭᠯᠡᠯ᠂ ᠵᠢᠤ ᠲᠠᠢ ᠰᠢᠨ᠎ᠡ ᠮᠠᠲᠧᠷᠢᠶᠠᠯ᠂ ᠵᠦᠩ ᠼᠠᠢ ᠯᠢᠲ᠋ᠢ᠎ᠶᠢᠨ ᠢᠯᠳᠡᠰᠤ ᠵᠡᠷᠭᠡ 26 ᠬᠡᠷᠡᠭᠴᠡᠭᠡᠨ᠎ᠦ ᠲᠠᠯ᠎ᠠ᠎ᠶᠢᠨ ᠠᠵᠤ ᠠᠬᠤᠢᠯᠠᠯ᠎ᠢ ᠬᠠᠪᠰᠤᠷᠤᠨ ᠪᠤᠬᠢᠷᠳᠤᠯ ᠦᠬᠡᠢ ᠦᠨᠡᠮᠯᠡᠯ ᠣᠯᠬᠤ᠂ ᠪᠤᠬᠢᠷᠳᠤᠯ ᠦᠬᠡᠢ ᠦᠨᠡᠮᠯᠡᠯ᠎ᠢ ᠬᠡᠷᠡᠭᠯᠡᠬᠦ ᠵᠡᠷᠭᠡ ᠪᠣᠳᠠᠲᠠᠢ ᠠᠰᠠᠭᠤᠳᠠᠯ᠎ᠢ ᠪᠦᠲᠦᠮᠵᠢᠳᠡᠢ ᠰᠢᠢᠳᠪᠦᠷᠢᠯᠡᠵᠦ᠂ 8 ᠰᠠᠷ᠎ᠠ ᠪᠣᠯᠲᠠᠯ᠎ᠠ ᠪᠤᠬᠢᠷᠳᠤᠯ ᠦᠬᠡᠢ ᠦᠨᠡᠮᠯᠡᠯ᠎ᠦᠨ ᠠᠷᠠᠯᠵᠢᠶ᠎ᠠ ᠎ᠶᠢ ᠨᠡᠢ᠍ᠢᠳᠡ 2 ᠲᠦᠮᠡᠨ ᠬᠤᠪᠢ ᠪᠡᠶᠡᠯᠡᠭᠦᠯᠵᠡᠢ᠂ ᠡᠨᠡ ᠨᠢ 14050 ᠲᠣᠨ ᠨᠡᠭᠦᠷᠡᠰᠦᠲᠥ᠋ᠷᠥᠭᠴᠢ᠎ᠶᠢᠨ ᠳᠠᠪᠬᠤᠷ ᠢᠰᠦᠯ᠎ᠦᠨ ᠭᠠᠳᠠᠭᠰᠢᠯᠠᠭᠤᠯᠤᠯᠲᠠ᠎ᠶᠢ ᠪᠠᠭᠠᠰᠬᠠᠬᠰᠠᠨ ᠲᠠᠢ ᠲᠡᠩᠴᠡᠨ᠎ᠠ᠃

ᠳᠠᠬᠢᠨ ᠡᠭᠦᠰᠴᠦ᠍ ᠪᠣᠯᠬᠤ ᠡᠨᠧᠷᠭᠢ ᠵᠢᠨ ᠴᠠᠬᠢᠯᠭᠠᠨ ᠭᠠᠷᠭᠠᠯᠳᠠ᠎ᠵᠢᠨ ᠲᠤᠬᠠᠢ ᠤᠯᠠᠩᠬᠢ ᠬᠦᠮᠦᠰ ᠪᠦᠷ ᠮᠡᠳᠡᠨ᠎ᠡ᠂ ᠭᠡᠪᠡᠴᠦ᠍ ᠳᠠᠬᠢᠨ ᠡᠭᠦᠰᠴᠦ᠍ ᠪᠣᠯᠬᠤ ᠡᠨᠧᠷᠭᠢ᠎ᠵᠢᠨ ᠴᠠᠬᠢᠯᠭᠠᠨ ᠭᠠᠷᠭᠠᠯᠲᠠ᠎ᠶ᠋ᠢᠨ《ᠪᠡᠶ᠎ᠡ᠎ᠶ᠋ᠢᠨ ᠦᠨᠡᠮᠯᠡᠯ》 ᠢ᠋ ᠬᠠᠷᠢᠨ ᠮᠡᠳᠡᠬᠦ ᠬᠦᠮᠦᠨ ᠴᠥᠭᠡᠨ ᠶᠤᠮ᠃ ᠲᠣᠣᠷ᠎ᠲᠤ ᠨᠡᠢᠯᠡᠭᠦᠯᠦᠭ᠌ᠰᠡᠨ ᠰᠠᠯᠬᠢᠨ ᠬᠦᠴᠦᠨ᠎ᠦ ᠴᠠᠬᠢᠯᠭᠠᠨ᠂ ᠨᠡᠷᠡᠨ᠎ᠤ ᠡᠨᠧᠷᠭᠢ᠎ᠶ᠋ᠢᠨ ᠴᠠᠬᠢᠯᠭᠠᠨ᠂ ᠡᠩ᠎ᠦᠨ ᠤᠰᠦᠠ ᠴᠠᠬᠢᠯᠭᠠᠨ᠂ ᠤᠰᠤ ᠲᠠᠲᠠᠵᠤ ᠡᠨᠧᠷᠭᠢ ᠬᠤᠷᠠᠮᠳᠤᠭᠤᠯᠬᠤ ᠪᠠ ᠠᠮᠢᠳᠤ ᠪᠣᠳᠠᠰ ᠎ᠢᠶᠠᠷ ᠴᠠᠬᠢᠯᠭᠠᠨ ᠭᠠᠷᠭᠠᠬᠤ ᠵᠡᠷᠭᠡ ᠲᠡᠬᠢᠨ ᠡᠭᠦᠰᠴᠤ ᠪᠤᠯᠬᠤ ᠡᠨᠧᠷᠭᠢ ᠎ᠪᠠᠷ ᠴᠠᠬᠢᠯᠭᠠᠨ ᠭᠠᠷᠭᠠᠬᠤ ᠵᠦᠢᠯᠡᠰ᠎ᠲᠦ ᠴᠥᠮ ᠥᠪᠡᠷ᠎ᠦᠨ ᠬᠢᠨᠢ《ᠪᠡᠶ᠎ᠡ᠎ᠶ᠋ᠢᠨ ᠦᠨᠡᠮᠯᠡᠯ》 ᠲᠡᠶ ᠪᠠᠢᠳᠠᠭ᠃

《ᠳᠠᠬᠢᠨ ᠡᠭᠦᠰᠴᠦ᠍ ᠪᠣᠯᠬᠤ ᠡᠨᠧᠷᠭᠢ  ᠪᠡᠷ ᠴᠠᠬᠢᠯᠭᠠᠨ ᠭᠠᠷᠭᠠᠬᠤ ᠲᠥᠷᠥᠯ ᠵᠦᠶ᠋ᠯ᠎ᠳᠦ ᠣᠯᠭᠣᠭ᠍ᠰᠠᠨ ᠺᠣᠳ᠋᠂ ᠲᠤᠬᠠᠢᠯᠠᠪᠠᠯ ᠲᠥᠷᠥᠯ ᠵᠦᠶ᠋ᠯ᠎ᠳᠦ ᠣᠯᠭᠣᠭ᠍ᠰᠠᠨ 〈 ᠪᠡᠶ᠎ᠡ᠎ᠶ᠋ᠢᠨ ᠦᠨᠡᠮᠯᠡᠯ〉ᠪᠣᠯ ᠲᠥᠷᠥᠯ ᠵᠦᠶ᠋ᠯ᠎ᠦᠨ ᠠᠮᠢ ᠨᠠᠰᠤᠨ᠎ᠤ ᠪᠥᠬᠥ᠌ ᠦᠶᠡᠯᠡᠯ᠎ᠦᠨ ᠬᠤᠭᠤᠴᠠᠭᠠᠨ᠎ᠤ ᠴᠤᠷ᠎ᠤᠨ ᠭᠠᠭ᠍ᠴᠠ ᠪᠡᠶ᠎ᠡ᠎ᠶ᠋ᠢᠨ ᠭᠠᠷᠤᠯ᠎ᠢ ᠢᠯᠭᠠᠨ ᠲᠠᠨᠢᠬᠤ ᠣᠷᠣᠯᠠᠬᠤ ᠨᠣᠮᠧᠷ ᠮᠥᠨ᠂ ᠪᠠᠰᠠ ᠴᠤ᠌ ᠪᠤᠬᠢᠷᠲᠤᠯ ᠦᠭᠡᠢ ᠦᠨᠡᠮᠯᠡᠯ᠎ᠢ ᠬᠠᠷᠭᠤᠭᠤᠯᠤᠨ ᠣᠯᠭᠣᠬᠤ ᠰᠠᠭᠤᠷᠢ ᠮᠥᠨ᠂ ᠲᠥᠷᠥᠯ ᠵᠦᠶ᠋ᠯ ᠨᠢ ᠵᠥᠪᠬᠡᠨ ᠳᠡᠩᠰᠡᠯᠡᠨ ᠺᠠᠷᠲ ᠲᠠᠢ ᠪᠠᠢᠮᠠᠨᠵᠢᠨ ᠰᠠᠶᠢ ᠪᠤᠬᠢᠷᠲᠤᠯ ᠦᠭᠡᠢ ᠦᠨᠡᠮᠯᠡᠯ᠎ᠢ ᠬᠠᠷᠭᠤᠭᠤᠯᠤᠨ ᠣᠯᠭᠣᠨ᠎ᠠ》ᠬᠡᠵᠦ ᠬᠥᠬᠡᠬᠣᠲᠠ᠎ᠶ᠋ᠢᠨ ᠪᠤᠬᠢᠷᠲᠤᠯ ᠦᠭᠡᠢ ᠴᠠᠬᠢᠯᠭᠠᠨ ᠪᠤᠬᠢᠷᠲᠤᠯ ᠦᠭᠡᠢ ᠦᠨᠡᠮᠯᠡᠯ᠎ᠦᠨ ᠠᠷᠠᠯᠵᠢᠶᠠᠨ᠎ᠤ ᠦᠶ᠋ᠯᠡᠴᠢᠯᠡᠭᠡᠨ᠎ᠦ ᠪᠠᠢᠭᠤᠯᠤᠮᠵᠢ᠎ᠶ᠋ᠢᠨ ᠠᠵᠢᠯᠲᠠᠨ ᠲᠠᠨᠢᠯᠴᠠᠭᠤᠯᠪᠠ᠃

ᠲᠠᠩᠰᠠᠯᠡᠵᠦ ᠺᠠᠷᠲ᠋ᠯᠠᠬᠤ ᠠᠵᠢᠯ᠎ᠢ ᠥᠷᠨᠢᠭᠦᠯᠬᠦ᠌ ᠶᠠᠪᠤᠴᠠ᠎ᠳᠤ᠂ ᠬᠥᠬᠡᠬᠣᠲᠠ᠎ᠶ᠋ᠢᠨ ᠦᠴᠦᠸᠠᠨ ᠱᠢᠶᠠᠨ᠎ᠤ ᠲᠢᠶᠠᠨ ᠬᠣᠶ ᠹᠸᠩ ᠱᠢᠨ᠎ᠡ ᠡᠨᠧᠷᠭᠢ᠎ᠶ᠋ᠢᠨ ᠴᠠᠬᠢᠯᠭᠠᠨ ᠭᠠᠷᠭᠠᠬᠤ ᠲᠥᠷᠥᠯ ᠵᠦᠶ᠋ᠯ 《ᠨᠥᠬᠥᠪᠥᠷᠢ᠎ᠶ᠋ᠢᠨ ᠲᠥᠷᠥᠯ ᠵᠦᠶ᠋ᠯ᠎ᠢ ᠲᠠᠩᠰᠠᠯᠡᠵᠦ ᠺᠠᠷᠲ᠋ᠯᠠᠬᠰᠠᠨ᠎ᠤ ᠳᠠᠷᠠᠭ᠎ᠠ ᠦᠨᠡᠨ ᠬᠦ᠌ ᠨᠥᠬᠥᠪᠥᠷᠢ ᠦᠭᠴᠦ ᠪᠠᠢᠬᠤ ᠡᠰᠡᠬᠦ᠌》ᠲᠤᠬᠠᠶ ᠰᠡᠨᠠᠭᠤᠯᠭ᠎ᠠ ᠳᠤᠷᠠᠳᠴᠠᠢ᠂ ᠬᠥᠬᠡᠬᠣᠲᠠ᠎ᠶ᠋ᠢᠨ ᠪᠤᠬᠢᠷᠲᠤᠯ ᠦᠭᠡᠢ ᠴᠠᠬᠢᠯᠭᠠᠨ ᠪᠤᠬᠢᠷᠲᠤᠯ ᠦᠭᠡᠢ ᠦᠨᠡᠮᠯᠡᠯ᠎ᠤᠨ ᠠᠷᠠᠯᠵᠢᠶᠠᠨ᠎ᠤ ᠦᠶ᠋ᠯᠡᠴᠢᠯᠡᠭᠡᠨ᠎ᠦ ᠪᠠᠢᠭᠤᠯᠤᠮᠵᠢ ᠪᠥᠬᠥ᠌ ᠲᠠᠯ᠎ᠠ᠎ᠶ᠋ᠢᠨ ᠨᠠᠷᠢᠨ ᠪᠣᠳᠠᠲᠠᠶ ᠬᠠᠷᠢᠭᠤᠯᠲᠠ ᠥᠭ᠌ᠴᠦ᠂ ᠠᠵᠤ ᠠᠬᠤᠢᠯᠠᠯ᠎ᠤᠨ ᠡᠭᠡᠳᠡᠷᠡᠭᠡ᠎ᠵᠢ ᠲᠠᠢᠯᠵᠤ᠂  ᠲᠢᠶᠠᠨ ᠬᠣᠶ ᠹᠸᠩ ᠱᠢᠨ᠎ᠡ ᠡᠨᠧᠷᠭᠢ᠎ᠶ᠋ᠢᠨ ᠴᠠᠬᠢᠯᠭᠠᠨ ᠭᠠᠷᠭᠠᠬᠤ ᠲᠥᠷᠥᠯ ᠵᠦᠶ᠋ᠯ᠎ᠤᠨ ᠲᠠᠩᠰᠠᠯᠡᠵᠦ ᠺᠠᠷᠲ᠋ᠯᠠᠬᠤ ᠮᠡᠳᠡᠭᠡ ᠵᠠᠩᠭᠢ᠎ᠶ᠋ᠢ ᠲᠠᠭ᠍ᠯᠠᠨ ᠮᠡᠳᠡᠭᠦᠯᠬᠦ᠌ ᠠᠵᠢᠯ᠎ᠢ ᠤᠷᠤᠭ᠍ᠰᠢᠲᠠᠶ ᠪᠡᠶᠡᠯᠡᠭᠦᠯᠪᠡ᠃

ᠪᠥᠬᠥ᠌ ᠬᠣᠲᠠ᠎ᠶ᠋ᠢᠨ ᠱᠢᠨ᠎ᠡ ᠡᠨᠧᠷᠭᠢ᠎ᠪᠡᠷ ᠴᠠᠬᠢᠯᠭᠠᠨ ᠭᠠᠷᠭᠠᠬᠤ ᠲᠥᠷᠥᠯ ᠵᠦᠶ᠋ᠯ᠎ᠢ ᠰᠢᠯᠤᠭᠤᠳᠬᠠᠭᠰᠠᠨ᠎ᠦ ᠳᠠᠷᠠᠭ᠎ᠠ᠂ ᠬᠥᠬᠡᠬᠣᠲᠠ᠎ᠶ᠋ᠢᠨ ᠪᠤᠬᠢᠷᠲᠤᠯ ᠦᠭᠡᠢ ᠴᠠᠬᠢᠯᠭᠠᠨ ᠪᠤᠬᠢᠷᠲᠤᠯ ᠦᠭᠡᠢ ᠦᠨᠡᠮᠯᠡᠯ᠎ᠦᠨ ᠠᠷᠠᠯᠵᠢᠶᠠᠨ᠎ᠤ ᠦᠶ᠋ᠯᠡᠴᠢᠯᠡᠭᠡᠨ᠎ᠦ ᠪᠠᠢᠭᠤᠯᠤᠮᠵᠢ  ᠲᠤᠤᠷ᠎ᠲᠤ ᠨᠡᠢᠯᠡᠭᠦᠯᠦᠨ ᠴᠠᠬᠢᠯᠭᠠᠨ ᠭᠠᠷᠭᠠᠬᠤ ᠲᠥᠷᠥᠯ ᠵᠦᠶ᠋ᠯ ᠎ᠢ ᠳᠡᠩᠰᠡᠯᠡᠵᠦ ᠺᠠᠷᠲ᠋ᠯᠠᠬᠤ᠎ᠶ᠋ᠢ ᠨᠡᠢᠳᠡᠮ ᠪᠡᠶᠡᠯᠡᠭᠦᠯᠵᠦ᠍᠂ ᠪᠠᠢᠴᠠᠭᠠᠨ ᠰᠤᠳᠤᠯᠤᠯᠲᠠ ᠬᠢᠭ᠌ᠰᠡᠨ᠎ᠦ ᠳᠠᠷᠠᠭ᠎ᠠ ᠲᠤᠤᠷ᠎ᠲᠤ ᠨᠡᠢᠯᠡᠭᠦᠯᠬᠦ᠌ ᠲᠥᠷᠥᠯ ᠵᠦᠶ᠋ᠯ᠎ᠢ ᠦᠷᠭᠦᠯᠵᠢᠯᠡᠨ ᠨᠠᠢᠳᠠᠪᠤᠷᠢᠵᠢᠭᠤᠯᠪᠠ᠃ ᠣᠳᠣᠬᠠᠨ᠎ᠳᠤ᠂ ᠳᠠᠬᠢᠨ ᠡᠭᠦᠰᠴᠦ᠍ ᠪᠣᠯᠬᠤ ᠡᠨᠧᠷᠭᠢ᠎ᠶ᠋ᠢᠨ ᠲᠥᠷᠥᠯ ᠵᠦᠶ᠋ᠯ᠎ᠢ ᠨᠡᠢᠲᠡ 78 ᠲᠠᠩᠰᠠᠯᠡᠵᠦ ᠺᠠᠷᠲᠯᠡᠪᠠ᠂  ᠡᠨᠡ ᠨᠢ ᠪᠥᠬᠥ᠌ ᠬᠣᠲᠠ᠎ᠶ᠋ᠢᠨ ᠳᠠᠬᠢᠨ ᠡᠭᠦᠰᠴᠦ᠍ ᠪᠣᠯᠬᠤ ᠡᠨᠧᠷᠭᠢ᠎ᠶ᠋ᠢᠨ ᠲᠥᠷᠥᠯ ᠵᠦᠶ᠋ᠯ᠎ᠦᠨ 100 % ᠎ᠶ᠋ᠢ ᠡᠵᠡᠯᠡᠪᠡ᠃

ᠡᠭᠦᠨ᠎ᠦ ᠬᠠᠮᠲᠤ᠂ ᠬᠥᠬᠡᠬᠣᠲᠠ᠎ᠶ᠋ᠢᠨ ᠪᠤᠬᠢᠷᠲᠤᠯ ᠦᠭᠡᠢ ᠴᠠᠬᠢᠯᠭᠠᠨ ᠪᠤᠬᠢᠷᠲᠤᠯ ᠦᠭᠡᠢ ᠦᠨᠡᠮᠯᠡᠯ᠎ᠦᠨ ᠠᠷᠠᠯᠵᠢᠶᠠᠨ ᠎ᠤ ᠦᠶ᠋ᠯᠡᠴᠢᠯᠡᠭᠡᠨ ᠎ᠦ ᠪᠠᠢᠭᠤᠯᠤᠮᠵᠢ ᠤᠬᠠᠭᠤᠯᠤᠨ ᠲᠤᠭᠤᠰᠢᠯᠠᠭᠤᠯᠬᠤ᠎ᠶ᠋ᠢ ᠴᠢᠩᠭᠠᠳᠭᠠᠬᠤ᠎ᠪᠠᠷ ᠳᠠᠮᠵᠢᠭᠤᠯᠤᠨ᠂ ᠠᠵᠤ ᠠᠬᠤᠢᠯᠠᠯ ᠎ᠤᠨ ᠪᠤᠬᠢᠷᠲᠤᠯ ᠦᠭᠡᠢ ᠴᠠᠬᠢᠯᠭᠠᠨ ᠪᠤᠬᠢᠷᠲᠤᠯ ᠦᠭᠡᠢ ᠦᠨᠡᠮᠯᠡᠯ᠎ᠦᠨ ᠬᠡᠷᠡᠭ᠌ᠯᠡᠭᠡᠨ᠎ᠦ ᠤᠬᠠᠮᠰᠠᠷ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠪᠡ᠃ ᠤᠷᠢᠳ ᠬᠣᠵᠢᠳ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠠᠭᠠᠷ᠎ᠤᠨ ᠲᠡᠭᠡᠭᠡᠪᠦᠷᠢ᠎ᠶ᠋ᠢᠨ ᠨᠢᠰᠭᠡᠯ᠎ᠦᠨ ᠪᠠᠭᠤᠳᠠᠯ  ᠪᠦᠯᠦᠭ᠌ᠯᠡᠯ᠎ᠦᠨ ᠬᠥᠬᠡᠬᠣᠲᠠ᠎ᠶ᠋ᠢᠨ ᠬᠤᠪᠢᠶᠠᠷᠢ ᠺᠣᠮᠫᠠᠨᠢ᠎ᠳᠤ ᠬᠦᠷᠴᠦ᠍ ᠲᠤᠰᠭᠠᠶ ᠰᠡᠳᠦᠪᠲᠦ ᠪᠣᠯᠪᠠᠰᠤᠷᠠᠯ ᠥᠷᠨᠢᠭᠦᠯᠵᠦ᠍᠂《ᠥᠪᠥᠷ ᠮᠣᠩᠭᠣᠯ᠎ᠤᠨ ᠴᠠᠬᠢᠯᠭᠠᠨ ᠬᠦᠴᠦᠨ᠎ᠦ ᠠᠷᠠᠯᠵᠢᠶᠠᠨ᠎ᠤ ᠵᠠᠬ᠎ᠠ ᠳᠡᠯᠭᠡᠭᠦᠷ᠎ᠦᠨ ᠪᠣᠬᠢᠷᠲᠤᠯ ᠥᠬᠡᠶ ᠴᠠᠬᠢᠯᠭᠠᠨ ᠬᠦᠴᠦᠨ᠎ᠦ ᠠᠷᠠᠯᠵᠢᠶᠠᠨ᠎ᠤ ᠬᠡᠷᠡᠭ᠌ᠵᠢᠭᠦᠯᠬᠦ᠌ ᠨᠠᠷᠢᠨ ᠲᠦᠷᠢᠮ》 ᠪᠣᠯᠤᠨ 《2024 ᠪᠤᠬᠢᠷᠲᠤᠯ ᠦᠭᠡᠢ ᠴᠠᠬᠢᠯᠭᠠᠨ᠎ᠤ ᠠᠷᠠᠯᠵᠢᠶ᠎ᠠ᠎ᠶ᠋ᠢ ᠵᠣᠯᠭᠠᠭᠤᠯᠬᠤ ᠲᠣᠭ᠍ᠲᠠᠴᠠ》 ᠵᠡᠷᠭᠡ ᠲᠥᠷᠥ᠎ᠶ᠋ᠢᠨ ᠪᠣᠳᠣᠯᠭ᠎ᠠ᠎ᠶ᠋ᠢᠨ ᠪᠢᠴᠢᠭ ᠮᠠᠲ᠋ᠧᠷᠢᠶᠠᠯ᠎ᠳᠤ ᠨᠠᠷᠢᠯᠢᠬ ᠲᠠᠢᠯᠤᠮᠵᠢ ᠬᠢᠪᠠ᠃ 9 ᠰᠠᠷ᠎ᠠ᠎ᠶ᠋ᠢᠨ ᠰᠡᠭᠦᠯᠴᠢ ᠪᠣᠯᠲᠠᠯ᠎ᠠ᠂ ᠣᠯᠠᠨ ᠨᠡᠢᠲᠡ ᠎ᠶ᠋ᠢᠨ ᠲᠠᠪᠴᠠᠩ᠎ᠢᠶᠠᠷ ᠳᠠᠮᠵᠢᠭᠤᠯᠤᠨ ᠪᠣᠬᠢᠷᠲᠤᠯ ᠥᠬᠡᠶ ᠴᠠᠬᠢᠯᠭᠠᠨ ᠪᠤᠬᠢᠷᠲᠤᠯ ᠦᠭᠡᠢ ᠦᠨᠡᠮᠯᠡᠯ ᠎ᠦᠨ ᠠᠷᠠᠯᠵᠢᠶᠠᠨ᠎ᠤ ᠲᠥᠷᠥ᠎ᠶ᠋ᠢᠨ ᠪᠣᠳᠣᠯᠭ᠎ᠠ᠎ᠶ᠋ᠢᠨ ᠮᠡᠳᠡᠭᠡ ᠵᠠᠩᠭᠢ ᠵᠢᠴᠢ ᠠᠵᠢᠯ ᠎ᠤᠨ  ᠪᠠᠢᠳᠠᠯ ᠎ᠢ  ᠨᠡᠢᠲᠡ 32 ᠵᠤᠷᠪᠤᠰ ᠨᠡᠢᠲᠡᠯᠡᠵᠦ᠍᠂ ᠬᠠᠮᠢᠶ᠎ᠠ ᠪᠥᠬᠥᠶ ᠲᠥᠷᠥ᠎ᠶ᠋ᠢᠨ ᠪᠣᠳᠣᠯᠭ᠎ᠠ᠎ᠶ᠋ᠢᠨ ᠪᠢᠴᠢᠭ ᠮᠠᠲ᠋ᠧᠷᠢᠶᠠᠯ᠂ ᠠᠷᠠᠯᠵᠢᠶᠠᠨ᠎ᠤ ᠵᠢᠯᠣᠭᠣᠳᠭᠤ ᠭᠠᠷ ᠠᠪᠤᠯᠭ᠎ᠠ ᠵᠡᠷᠭᠡ ᠮᠡᠳᠡᠭᠡ ᠵᠠᠩᠭᠢ᠎ᠶ᠋ᠢ 7 ᠵᠤᠷᠪᠤᠰ ᠲᠠᠮᠵᠢᠭᠤᠯᠤᠨ ᠲᠠᠷᠬᠠᠭᠠᠵᠤ᠂ ᠳᠠᠬᠢᠨ ᠡᠭᠦᠰᠴᠦ᠍ ᠪᠣᠯᠬᠤ ᠡᠨᠧᠷᠭᠢ᠎ᠶ᠋ᠢᠨ ᠴᠠᠬᠢᠯᠭᠠᠨ ᠬᠦᠴᠦᠨ᠎ᠢ ᠬᠡᠷᠡᠭᠯᠡᠬᠦ ᠤᠷᠴᠢᠨ ᠨᠦᠬᠦᠴᠡᠯ ᠎ᠢ ᠰᠠᠢᠳᠤᠷ ᠪᠣᠶ ᠪᠣᠯᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号