ᠤᠯᠠᠨ ᠵᠢᠯ ᠪᠠᠷᠢᠯᠭᠠᠵᠢᠨ ᠠᠵᠢᠯ ᠨᠢ ᠵᠤᠭᠰᠤᠭᠰᠠᠨ ᠨᠡᠭᠦᠷᠡᠰᠦ ᠬᠢᠮᠢ ᠵᠢᠨ ᠠᠵᠤ ᠦᠢᠯᠡᠳᠪᠦᠷᠢ ᠵᠢᠨ ᠲᠦᠷᠦᠯ ᠵᠦᠢᠯ ᠲᠦᠷᠦᠬᠦᠭᠡᠨ ᠬᠠᠷᠢᠨ ᠠᠵᠢᠯᠵᠢᠡᠨ ᠡᠬᠢᠯᠡᠬᠦᠯᠦᠯ᠎ᠠ ! 10 ᠰᠠᠷ᠎ᠠ ᠵᠢᠨ 17 ᠤ᠋ ᠡᠳᠦᠷ ᠰᠤᠷᠪᠤᠯᠵᠢᠯᠠᠭ᠍ᠴᠢ ᠣᠷᠳᠣᠰ ᠬᠣᠲᠠ ᠵᠢᠨ ᠦᠦᠱᠢᠨ ᠬᠣᠱᠢᠭᠤᠨ ᠤ᠋ ᠰᠤᠪᠤᠷᠭ᠎ᠠ ᠠᠵᠤ ᠠᠬᠤᠶ ᠵᠢᠨ ᠨᠡᠭᠡᠭᠡᠯᠲᠡ ᠵᠢᠨ ᠲᠣᠭᠣᠷᠢᠭ ᠲᠣ᠌ ᠪᠠᠢᠭ᠎ᠠ ᠨᠠᠷᠢᠨ ᠭᠤᠤᠯ ᠠᠵᠤ ᠦᠶ᠋ᠯᠡᠰ ᠤ᠋ᠨ ᠬᠦᠷᠢᠶᠡᠯᠡᠩ ᠳ᠋ᠦ ᠬᠦᠷᠬᠦᠯᠠᠷ ᠬᠣᠶ ᠨᠸᠩ ᠵᠦᠸᠸ ᠵᠧᠩ ᠱᠢᠨ᠎ᠡ ᠮᠠᠲ᠋ᠧᠷᠢᠶᠠᠯ ᠤ᠋ᠨ ᠲᠥᠷᠥᠯ ᠵᠦᠶ᠋ᠯ ᠤ᠋ᠨ ᠪᠠᠷᠢᠯᠭᠠᠵᠢᠨ ᠠᠵᠢᠯ ᠡᠷᠴᠢᠮᠳᠠᠢ ᠶᠠᠪᠤᠭᠳᠠᠵᠤ᠂ ᠮᠠᠱᠢᠨ ᠲᠡᠷᠭᠡ ᠨᠠᠭᠠᠰᠢ ᠴᠠᠭᠠᠰᠢ ᠰᠦᠯᠵᠢᠯᠳᠦᠨ᠂ ᠪᠥᠲᠥᠭᠡᠨ ᠪᠠᠢᠭᠤᠯᠤᠯᠲᠠ ᠵᠢᠨ ᠲᠤᠬᠠᠢᠵᠢᠨ ᠲᠠᠯᠠᠪᠠᠢ ᠳ᠋ᠦ ᠤᠨᠴᠠᠵᠢᠨ ᠶᠠᠭᠠᠷᠠᠯᠲᠠᠶ ᠪᠦᠭᠡᠳ ᠬᠦᠭᠵᠢᠶᠡᠨᠳᠠᠢ ᠪᠠᠢᠬᠤ ᠵᠢ ᠣᠯᠵᠤ ᠬᠠᠷᠠᠯ᠎ᠠ᠃
《ᠡᠨᠡ ᠬᠡᠳᠦᠨ ᠡᠳᠦᠷ ᠠᠵᠢᠯᠴᠢᠳ ᠶᠠᠭ ᠬᠡᠢᠵᠢᠭᠦᠯᠬᠦ᠌ ᠵᠤᠤᠬ᠎ᠠ ᠵᠢ ᠵᠠᠯᠭᠠᠨ ᠤᠭ᠍ᠰᠠᠷᠠᠵᠤ᠂ ᠦᠶ᠋ᠯᠡᠳᠪᠦᠷᠢ ᠵᠢᠨ ᠲᠣᠭᠣᠷᠢᠭ ᠤ᠋ᠨ ᠰᠠᠭᠤᠷᠢ ᠲᠥᠬᠥᠭᠡᠷᠦᠮᠵᠢ ᠵᠢᠨ ᠪᠥᠲᠥᠭᠡᠨ ᠪᠠᠢᠭᠤᠯᠤᠯᠲᠠ᠂ ᠰᠠᠭᠤᠷᠢ ᠵᠢᠷᠤᠭ ᠲᠥᠯᠥᠪᠯᠡᠭᠡ᠂ ᠲᠤᠰᠭᠠᠶ ᠠᠱᠢᠭ ᠤ᠋ᠨ ᠡᠷᠬᠡᠵᠢᠨ ᠮᠡᠷᠭᠡᠵᠢᠯ ᠢ᠋ ᠬᠤᠳᠠᠯᠳᠤᠨ ᠠᠪᠬᠤ᠂ ᠣᠷᠳᠣ ᠦᠶᠡᠯᠡᠯ ᠤ᠋ᠨ ᠵᠠᠩᠭᠢᠯᠠᠭ᠎ᠠ ᠵᠢᠨ ᠲᠥᠬᠥᠭᠡᠷᠦᠮᠵᠢ ᠵᠢ ᠬᠤᠳᠠᠯᠳᠤᠨ ᠠᠪᠬᠤ ᠵᠡᠷᠭᠡ ᠠᠵᠢᠯ ᠢ᠋ ᠵᠡᠷᠭᠡ ᠪᠡᠷ ᠶᠠᠪᠤᠭ᠍ᠳᠠᠭᠤᠯᠵᠤ ᠂ ᠡᠯ᠎ᠡ ᠵᠦᠶ᠋ᠯ ᠤ᠋ᠨ ᠠᠵᠢᠯ ᠢ᠋ ᠶᠠᠭ ᠡᠮᠬᠢ ᠵᠢᠷᠦᠮᠲᠡᠶ ᠠᠬᠢᠭᠤᠯᠵᠤ ᠪᠠᠢᠨ᠎ᠠ》 ᠭᠡᠵᠦ ᠬᠤᠢ ᠨᠸᠩ ᠵᠦᠸᠸ ᠵᠧᠩ ᠱᠢᠨ᠎ᠡ ᠮᠠᠲ᠋ᠧᠷᠢᠶᠠᠯ ᠤ᠋ᠨ ᠲᠦᠷᠦᠯ ᠵᠦᠢᠯ ᠤ᠋ᠨ ᠶᠡᠷᠦᠩᠬᠡᠢ ᠬᠠᠮᠢᠶᠠᠷᠤᠯᠲᠠ ᠵᠢᠨ ᠬᠡᠯᠲᠡᠰ ᠤ᠋ᠨ ᠳᠠᠭᠠᠭᠠᠮᠠᠯ ᠠᠨ ᠬᠠᠢ ᠫᠢᠩ ᠲᠠᠨᠢᠯᠴᠠᠭᠤᠯᠤᠨ᠎ᠠ᠃ ᠲᠠᠷᠠ ᠪᠠᠰᠠ᠂ ᠬᠤᠢ ᠨᠸᠩ ᠵᠦᠸᠸ ᠵᠧᠩ ᠱᠢᠨ᠎ᠡ ᠮᠠᠲ᠋ᠧᠷᠢᠶᠠᠯ ᠤ᠋ᠨ ᠲᠦᠷᠦᠯ ᠵᠦᠢᠯ ᠤ᠋ᠨ ᠶᠡᠷᠦᠩᠬᠡᠢ ᠲᠠᠯᠠᠪᠠᠢ 7800 ᠮᠦ᠍ ᠪᠠᠢᠵᠤ᠂ ᠭᠣᠣᠯᠳᠠᠭᠤ ᠪᠥᠭᠡᠭᠡᠨᠡᠷᠡᠯ ᠠᠯᠺᠤᠤᠯ ᠬᠦᠴᠢᠯ ᠵᠡᠷᠭᠡ ᠢᠨᠵᠧᠨᠧᠷᠢᠩ ᠤ᠋ᠨ ᠰᠦᠯᠢᠶᠣᠣ ᠪᠣᠯᠤᠨ ᠵᠠᠳᠠᠷᠠᠵᠤ ᠪᠣᠯᠬᠤ ᠮᠠᠲ᠋ᠧᠷᠢᠶᠠᠯ ᠢ᠋ ᠦᠢᠯᠡᠳᠪᠦᠷᠢᠯᠡᠵᠦ᠍᠂ ᠵᠢᠯ ᠳ᠋ᠦ 1280 ᠲᠦᠮᠡᠨ ᠲᠣᠨ ᠨᠡᠭᠦᠷᠡᠰᠦ ᠤᠨᠳᠤᠤᠰᠢᠭᠤᠯᠵᠤ ᠪᠣᠯᠤᠨ᠎ᠠ ᠭᠡᠯ᠎ᠠ᠃
ᠬᠤᠢ ᠨᠸᠩ ᠵᠦᠸᠸ ᠵᠧᠩ ᠱᠢᠨ᠎ᠡ ᠮᠠᠲ᠋ᠧᠷᠢᠶᠠᠯ ᠤ᠋ᠨ ᠲᠦᠷᠦᠯ ᠵᠦᠢᠯ ᠪᠣᠯ ᠦᠦᠱᠢᠨ ᠬᠣᠱᠢᠭᠤᠨ ᠤ᠋ ᠵᠠᠬ᠎ᠠ ᠳᠡᠯᠭᠡᠭᠦᠷᠴᠢᠯᠡᠬᠦ ᠠᠷᠭ᠎ᠠ ᠪᠠᠷᠢᠯ ᠵᠢᠡᠷ ᠪᠠᠷᠢᠯᠭᠠᠵᠢᠨ ᠠᠵᠢᠯ ᠵᠣᠭ᠍ᠰᠣᠭ᠍ᠰᠠᠨ ᠲᠦᠷᠦᠯ ᠵᠦᠢᠯ ᠢ᠋ ᠲᠠᠬᠢᠨ ᠡᠬᠢᠯᠡᠬᠦᠯᠦᠭᠰᠡᠨ ᠨᠡᠢᠲᠡᠯᠢᠭ ᠵᠢᠱ᠌ᠢᠶ᠎ᠡ ᠪᠣᠯᠤᠨ᠎ᠠ᠃ ᠦᠦᠱᠢᠨ ᠬᠣᠱᠢᠭᠤ ᠵᠠᠬ᠎ᠠ ᠳᠡᠯᠭᠡᠭᠦᠷᠴᠢᠯᠡᠬᠦ᠌ ᠠᠷᠭ᠎ᠠ ᠪᠠᠷᠢᠯ ᠵᠢᠡᠷ ᠲᠥᠷᠥᠯ ᠵᠦᠶ᠋ᠯ ᠢ᠋ ᠤᠷᠢᠨ ᠠᠪᠴᠢᠷᠠᠬᠤ ᠪᠠ ᠰᠤᠯᠠ ᠪᠠᠢᠭ᠎ᠠ ᠡᠬᠢ ᠪᠠᠶᠠᠯᠢᠭ ᠢ᠋ ᠠᠮᠢᠳᠤᠯᠢᠭ ᠪᠣᠯᠭᠠᠬᠤ ᠵᠢ ᠤᠶᠠᠯᠳᠤᠭᠤᠯᠵᠤ᠂ ᠪᠥᠲᠥᠭᠡᠨ ᠪᠠᠢᠭᠤᠯᠬᠤ ᠪᠡᠨ ᠵᠣᠭ᠍ᠰᠣᠭᠠᠳ ᠣᠯᠠᠨ ᠵᠢᠯ ᠪᠣᠯᠵᠣ ᠪᠠᠢᠭ᠎ᠠ ᠤᠤᠯ ᠤ᠋ᠨ ᠵᠦᠸᠸ ᠵᠧᠩ ᠺᠣᠮᠫᠠᠨᠢ ᠵᠢᠨ ᠵᠢᠯ ᠳ᠋ᠦ 120 ᠲᠦᠮᠡᠨ ᠲᠣᠨ ᠨᠡᠭᠦᠷᠡᠰᠦᠨ ᠮᠧᠲ᠋ᠢᠯ ᠠᠯᠺᠣᠣᠯ᠂ 100 ᠲᠦᠮᠡᠨ ᠲᠣᠨ ᠼᠤᠤ ᠬᠦᠴᠢᠯ ᠦᠶ᠋ᠯᠡᠳᠪᠦᠷᠢᠯᠡᠬᠦ ᠲᠥᠷᠥᠯ ᠵᠦᠶ᠋ᠯ ᠳ᠋ᠦ ᠴᠢᠭ᠌ᠯᠡᠭᠦᠯᠦᠨ ᠬᠣᠶ ᠨᠸᠩ ᠪᠦᠯᠦᠭ᠌ᠯᠡᠯ ᠢ᠋ ᠣᠷᠣᠭᠤᠯᠤᠨ ᠠᠪᠴᠢᠷᠠᠵᠤ ᠬᠤᠳᠠᠯᠳᠤᠨ ᠠᠪᠤᠭ᠍ᠰᠠᠨ ᠪᠥᠭᠡᠳ 590 ᠳ᠋ᠦᠩᠱᠢᠭᠤᠷ ᠲᠥᠭᠥᠷᠢᠭ ᠤ᠋ᠨ ᠪᠠᠯᠠ ᠣᠷᠣᠭᠤᠯᠵᠤ ᠪᠠᠢᠭᠠᠳ ᠱᠢᠨ᠎ᠡ ᠮᠠᠲ᠋ᠧᠷᠢᠶᠠᠯ ᠤ᠋ᠨ ᠲᠥᠷᠥᠯ ᠵᠦᠶ᠋ᠯ ᠢ᠋ ᠪᠥᠲᠥᠭᠡᠨ ᠪᠠᠢᠭᠤᠯᠪᠠ᠃ ᠲᠣᠰ ᠠᠷᠭ᠎ᠠ ᠬᠡᠮᠵᠢᠶ᠎ᠡᠨᠢ ᠤᠤᠯ ᠤ᠋ᠨ ᠵᠦᠸᠸ ᠵᠧᠩ᠂ ᠢ ᠭᠤᠤ᠂ ᠫᠸᠩ ᠤ᠋ᠤᠢ ᠵᠡᠷᠭᠡ 7 ᠪᠠᠷᠢᠯᠭᠠᠵᠢᠨ ᠠᠵᠢᠯ ᠵᠣᠭ᠍ᠰᠣᠭ᠍ᠰᠠᠨ ᠪᠠ ᠬᠣᠢᠱᠢᠯᠠᠭᠤᠯᠤᠨ ᠪᠥᠲᠥᠭᠡᠨ ᠪᠠᠢᠭᠤᠯᠬᠤ ᠪᠠᠷ ᠪᠠᠢᠭ᠎ᠠ ᠲᠥᠷᠥᠯ ᠵᠦᠶ᠋ᠯ ᠤ᠋ᠨ ᠠᠵᠢᠯ ᠢ᠋ ᠲᠠᠬᠢᠨ ᠡᠬᠢᠯᠡᠬᠦᠯᠦᠭᠰᠡᠨᠵᠢᠡᠷ ᠪᠠᠷᠠᠬᠤ ᠥᠬᠡᠶ 3544 ᠮᠥ᠍ ᠰᠤᠯᠠ ᠪᠠᠢᠭ᠎ᠠ ᠭᠠᠵᠠᠷ ᠱᠢᠷᠣᠶ ᠵᠢ ᠱᠢᠶ᠋ᠳᠪᠦᠷᠢᠯᠡᠨ ᠠᠰᠢᠭᠯᠠᠵᠦ᠂ ᠣᠷᠣᠨ ᠨᠤᠲᠤᠭ ᠤ᠋ᠨ ᠠᠵᠤ ᠠᠬᠤᠶ ᠵᠢᠨ ᠬᠥᠭ᠌ᠵᠢᠯᠲᠡ ᠳ᠋ᠦ ᠬᠦᠴᠦᠲᠡᠶ ᠬᠥᠳᠡᠯᠭᠡᠬᠦ᠌ ᠬᠦᠴᠦᠨ ᠨᠡᠮᠡᠷᠢᠯᠡᠪᠡ᠃
ᠪᠠᠷᠢᠯᠭᠠᠵᠢᠨ ᠠᠵᠢᠯ ᠵᠤᠭᠰᠤᠭᠰᠠᠨ ᠵᠦᠸᠸ ᠵᠧᠩ ᠲᠥᠷᠥᠯ ᠵᠦᠶ᠋ᠯ ᠤ᠋ᠨ ᠠᠵᠢᠯᠢ ᠬᠡᠷᠬᠢᠨ ᠳᠠᠬᠢᠨ ᠡᠬᠢᠯᠡᠭᠦᠯᠬᠦ᠌ ᠪᠣᠶ? ᠦᠦᠱᠢᠨ ᠬᠣᠱᠢᠭᠤ ᠳᠡᠯᠡᠬᠡᠶ ᠵᠢᠨ 500 ᠬᠦᠴᠦᠷᠬᠡᠭ ᠠᠵᠤ ᠠᠬᠤᠢᠯᠠᠯ ᠪᠣᠯᠤᠨ ᠠᠵᠢᠯ ᠲᠥᠷᠥᠯ ᠤ᠋ᠨ ᠳᠠᠭᠠᠭᠤᠯᠤᠭ᠍ᠴᠢ ᠠᠵᠤ ᠠᠬᠤᠢᠯᠠᠯ ᠢ᠋ ᠴᠢᠩᠭ᠎ᠠ ᠠᠩᠬᠠᠷᠴᠤ᠌᠂ ᠬᠥᠭᠥᠷᠭᠡ ᠬᠣᠯᠪᠣᠭᠠᠰᠤᠵᠢᠨ ᠦᠢᠯᠡᠳᠦᠯᠵᠢᠡᠨ ᠪᠠᠳᠠᠷᠠᠭᠤᠯᠤᠨ ᠠᠷᠠᠯᠵᠢᠶᠠᠴᠢᠨ ᠤᠷᠢᠬᠤ ᠵᠡᠷᠭᠡ ᠠᠷᠭ᠎ᠠ ᠬᠡᠯᠪᠡᠷᠢ ᠪᠡᠷ ᠳᠠᠮᠵᠢᠭᠤᠯᠤᠨ ᠡᠴᠦᠰᠲᠡᠬᠡᠨ ᠬᠣᠶ ᠨᠧᠩ ᠪᠦᠯᠦᠭ᠌ᠯᠡᠯ ᠢ᠋ ᠤᠷᠤᠭᠤᠯᠤᠨ ᠠᠪᠴᠢᠷᠠᠵᠦ ᠥᠪᠥᠷ ᠮᠣᠩᠭᠣᠯ ᠤ᠋ᠨ ᠵᠦᠸᠧ ᠵᠧᠩ ᠨᠡᠭᠦᠷᠡᠰᠦ ᠬᠢᠮᠢ ᠵᠢᠨ ᠠᠵᠤ ᠦᠶ᠋ᠯᠡᠳᠪᠦᠷᠢ ᠵᠢᠨ ᠬᠢᠵᠠᠭᠠᠷᠲᠤ ᠺᠣᠮᠫᠠᠨᠢᠲᠠᠶ ᠨᠡᠢᠯᠡᠬᠦᠯᠦᠨ ᠬᠤᠳᠠᠯᠳᠤᠨ ᠠᠪᠬᠤ ᠵᠦᠪᠯᠡᠯᠴᠡᠭᠡᠷ ᠲᠣᠭ᠍ᠲᠠᠵᠤ᠂ ᠪᠥᠲᠥᠭᠡᠨ ᠪᠠᠢᠭᠤᠯᠬᠤ ᠪᠡᠨ ᠵᠣᠭ᠍ᠰᠤᠭᠰᠠᠨ ᠲᠥᠷᠥᠯ ᠵᠦᠶ᠋ᠯ ᠤ᠋ᠨ ᠪᠠᠷᠢᠯᠭᠠᠵᠢᠨ ᠠᠵᠢᠯᠢ ᠡᠬᠢᠯᠡᠬᠦᠯᠬᠦᠳᠤ ᠠᠬᠢᠭᠤᠯᠬᠤ ᠦᠢᠯᠡᠳᠤᠯ ᠦᠵᠡᠬᠦᠯᠪᠠ᠃
ᠬᠤᠳᠠᠯᠳᠤᠨ ᠠᠪᠤᠭᠰᠠᠨᠤ᠋ ᠳᠠᠷᠠᠭ᠎ᠠ ᠬᠤᠢ ᠨᠸᠩ ᠵᠦᠸᠸ ᠵᠸᠩ ᠤᠤᠯ ᠤ᠋ᠨ ᠲᠦᠷᠦᠯ ᠵᠦᠢᠯ ᠤ᠋ᠨ ᠦᠢᠯᠡᠳᠬᠦᠨᠦ ᠦᠷᠢᠰᠦᠯᠳᠦᠬᠦ᠌ ᠬᠦᠴᠦᠨ ᠬᠦᠷᠦᠯᠴᠡᠬᠦ᠌ ᠦᠭᠡᠢ ᠪᠠᠢᠬᠤ ᠠᠰᠠᠭᠤᠳᠠᠯᠳᠤ ᠴᠢᠭ᠌ᠯᠡᠭᠦᠯᠦᠨ ᠤᠯᠤᠰ ᠤ᠋ᠨ ᠳᠣᠲᠣᠭᠠᠳᠤ ᠵᠢᠨ ᠨᠡᠭᠦᠷᠡᠰᠦ ᠬᠢᠮᠢ ᠵᠢᠨ ᠠᠵᠤ ᠦᠢᠯᠡᠳᠪᠦᠷᠢ ᠵᠢᠨ ᠬᠦᠷᠢᠶᠡᠨᠦ ᠣᠷᠣᠢᠯᠠᠭ᠍ᠰᠠᠨ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠬᠦᠷᠢᠶᠡᠯᠡᠩ ᠭᠠᠵᠠᠷ ᠤ᠋ᠨ ᠲᠤᠰᠭᠠᠢ ᠮᠡᠷᠭᠡᠵᠢᠯᠲᠡᠨᠦ ᠪᠦᠯᠬᠦᠮ ᠢ᠋ ᠤᠷᠢᠵᠤ᠂ ᠤᠷ᠎ᠠ ᠮᠡᠷᠭᠡᠵᠢᠯ ᠤ᠋ᠨ ᠱᠤᠭᠤᠮ ᠪᠣᠯᠤᠨ ᠦᠢᠯᠡᠳᠬᠦᠨᠦ ᠲᠥᠰᠦᠯ ᠢ᠋ ᠱᠢᠯᠢᠳᠡᠭ᠌ᠵᠢᠭᠦᠯᠵᠦ᠍᠂ ᠡᠴᠦᠰᠲᠡᠬᠡᠨ ᠪᠥᠭᠡᠭᠡᠨᠡᠷᠡᠯ ᠠᠯᠺᠤᠤᠯᠳᠦ ᠬᠦᠴᠢᠯ᠂ ᠡᠲ᠋ᠧᠨ — ᠼᠤᠤ ᠬᠦᠴᠢᠯ ᠤ᠋ᠨ ᠡᠲ᠋ᠧᠨᠦ ᠬᠠᠮᠳᠤᠳᠠ ᠪᠥᠭᠡᠮᠨᠡᠷᠡᠬᠦ ᠪᠤᠳᠠᠰ᠂ ᠣᠨᠴᠠ ᠲᠦᠷᠦᠯ ᠤ᠋ᠨ ᠴᠠᠢᠶᠢᠦ ᠲᠤᠰᠤ ᠵᠡᠷᠭᠡ 30 ᠭᠠᠷᠤᠢ ᠵᠦᠢᠯ ᠤ᠋ᠨ ᠳᠡᠭᠡᠳᠦ ᠲᠡᠰ ᠤ᠋ᠨ ᠦᠢᠯᠡᠳᠬᠦᠨ ᠢ᠋ ᠪᠦᠷᠢᠯᠳᠦᠭᠦᠯᠵᠦ᠍᠂ ᠲᠥᠬᠥᠭᠡᠷᠦᠮᠵᠢ᠂ ᠤᠷ᠎ᠠ ᠮᠡᠷᠭᠡᠵᠢᠯ᠂ ᠬᠠᠮᠢᠶᠠᠷᠤᠯᠲᠠ᠂ ᠦᠢᠯᠡᠳᠬᠦᠨᠦ ᠪᠦᠬᠦ᠌ ᠲᠠᠯ᠎ᠠ ᠵᠢᠨ ᠲᠡᠰ ᠳᠠᠪᠱᠢᠯᠲᠠ ᠵᠢ ᠪᠡᠶᠡᠯᠡᠭᠦᠯᠪᠡ᠃ ᠡᠭᠦᠨᠦ ᠬᠠᠮᠲᠤ ᠤᠯᠤᠰ ᠤ᠋ᠨ ᠳᠣᠲᠣᠭᠠᠳᠤ ᠭᠠᠳᠠᠭᠠᠳᠤ ᠵᠢᠨ ᠠᠵᠢᠯ ᠲᠥᠷᠥᠯ ᠤ᠋ᠨ ᠣᠷᠣᠢᠯᠠᠭ᠍ᠰᠠᠨ ᠴᠢᠳᠠᠪᠤᠷᠢᠲᠠᠨ ᠤ᠋ ᠪᠦᠯᠬᠦᠮ ᠢ᠋ ᠣᠷᠣᠭᠤᠯᠤᠨ ᠠᠪᠴᠢᠷᠠᠬᠤᠪᠠᠷ ᠳᠠᠮᠵᠢᠭᠤᠯᠤᠨ ᠨᠡᠭᠦᠷᠡᠰᠦ ᠪᠡᠷ ᠰᠠᠭᠤᠷᠢᠯᠠᠭᠰᠠᠨ ᠪᠥᠭᠡᠮᠨᠡᠷᠡᠯ ᠤ᠋ᠨ ᠱᠢᠨ᠎ᠡ ᠮᠠᠲ᠋ᠧᠷᠢᠶᠠᠯ ᠤ᠋ᠨ ᠱᠢᠨᠵᠢᠯᠡᠬᠦ᠌ ᠤᠬᠠᠭᠠᠨ ᠤ᠋ ᠲᠤᠷᠱᠢᠯᠲᠠ ᠵᠢᠨ ᠰᠤᠳᠤᠯᠭᠠᠨ ᠤ᠋ ᠬᠦᠷᠢᠶᠡᠯᠡᠩ ᠢ᠋ ᠲᠥᠯᠥᠪᠵᠢᠭᠦᠯᠦᠨ ᠪᠠᠢᠭᠤᠯᠵᠤ᠂ ᠭᠤᠤᠯᠳᠠᠭᠤ ᠳᠡᠭᠡᠳᠦ ᠲᠠᠰ ᠤ᠋ᠨ ᠨᠡᠭᠦᠷᠡᠰᠦ ᠪᠡᠷ ᠰᠠᠭᠤᠷᠢᠯᠠᠭᠰᠠᠨ ᠱᠢᠨ᠎ᠡ ᠮᠠᠲ᠋ᠧᠷᠢᠶᠠᠯ ᠤ᠋ᠨ ᠠᠵᠤ ᠦᠶ᠋ᠯᠡᠰ ᠤ᠋ᠨ ᠲᠣᠭᠣᠷᠢᠨᠳᠤ ᠮᠡᠷᠭᠡᠵᠢᠯ ᠤ᠋ᠨ ᠰᠤᠳᠤᠯᠤᠨ ᠨᠡᠭᠡᠭᠡᠬᠦ᠌ ᠪᠠ ᠱᠢᠨ᠎ᠡ ᠵᠢ ᠡᠭᠦᠳᠬᠦ᠌ ᠬᠠᠮᠲᠤᠷᠠᠯᠴᠠᠭ᠎ᠠ ᠥᠷᠨᠢᠭᠦᠯᠵᠦ᠍ ᠂ ᠬᠥᠭ᠌ᠵᠢᠯᠲᠡ ᠵᠢᠨ ᠮᠡᠷᠭᠡᠵᠢᠯ ᠤ᠋ᠨ ᠪᠡᠷᠬᠡ ᠰᠡᠳᠦᠪ ᠢ᠋ ᠱᠢᠶ᠋ᠳᠪᠦᠷᠢᠯᠡᠨᠡ᠃ ᠡᠭᠦᠨ ᠡᠴᠡ ᠭᠠᠳᠠᠨ᠎ᠠ ᠨᠡᠭᠦᠷᠡᠰᠦ ᠬᠢᠮᠢ ᠵᠢᠨ ᠠᠵᠤ ᠦᠶ᠋ᠯᠡᠳᠪᠦᠷᠢ ᠵᠢᠨ ᠠᠵᠢᠯ ᠲᠥᠷᠥᠯ ᠤ᠋ᠨ ᠠᠵᠢᠯᠴᠢᠨ ᠡᠯᠰᠡᠬᠦ᠌ ᠳ᠋ᠦ ᠬᠦᠴᠢᠷᠲᠡᠶ᠂ ᠠᠵᠢᠯᠴᠢᠨ ᠬᠡᠷᠡᠭ᠌ᠯᠡᠬᠦ᠌ ᠳ᠋ᠦ ᠬᠦᠴᠢᠷᠲᠡᠶ ᠪᠠᠢᠬᠤ ᠠᠰᠠᠭᠤᠳᠠᠯᠳᠤ ᠴᠢᠭ᠌ᠯᠡᠭᠦᠯᠦᠨ ᠦᠦᠱᠢᠨ ᠬᠣᠱᠢᠭᠤ ᠠᠵᠤ ᠠᠬᠤᠢᠯᠠᠯ ᠢ᠋ ᠬᠠᠪᠰᠤᠷᠤᠨ ᠰᠤᠷᠭᠠᠭᠤᠯᠢ ᠠᠵᠤ ᠠᠬᠤᠢᠯᠠᠯ ᠬᠠᠮᠲᠤᠷᠠᠯᠴᠠᠬᠤ᠂ ᠦᠶ᠋ᠯᠡᠳᠪᠦᠷᠢᠯᠡᠯ ᠵᠢᠭᠠᠨ ᠰᠤᠷᠭᠠᠯᠲᠠ ᠵᠢ ᠠᠭᠤᠰᠤᠯᠴᠠᠭᠤᠯᠬᠤ ᠠᠷᠭ᠎ᠠ ᠬᠡᠯᠪᠡᠷᠢ ᠪᠡᠷ ᠳᠠᠮᠵᠢᠭᠤᠯᠤᠨ ᠲᠥᠷᠥᠯ ᠵᠦᠶ᠋ᠯ ᠳ᠋ᠦ ᠶᠡᠬᠡ ᠬᠡᠮᠵᠢᠶᠡᠨᠦ ᠥᠨᠳᠥᠷ ᠬᠡᠪ ᠪᠣᠯᠪᠠᠰᠤᠷᠠᠯᠲᠠᠶ ᠠᠵᠤ ᠦᠶ᠋ᠯᠡᠰ ᠤ᠋ᠨ ᠠᠵᠢᠯᠴᠢᠨ ᠢ᠋ ᠬᠥᠮᠦᠵᠢᠭᠦᠯᠵᠦ᠍᠂ ᠠᠵᠤ ᠠᠬᠤᠢᠯᠠᠯ ᠤ᠋ᠨ ᠠᠵᠢᠯᠴᠢᠨ ᠬᠡᠷᠡᠭ᠌ᠯᠡᠬᠦ᠌ ᠳᠠᠷᠤᠭᠠᠰᠤ ᠵᠢ ᠪᠦᠲᠦᠮᠵᠢᠲᠡᠶ ᠨᠠᠮᠳᠠᠭᠤᠯᠪᠠ᠃
ᠲᠦᠷᠦᠬᠦᠤ ᠬᠤᠭᠤᠴᠠᠭᠠᠨ ᠤ᠋ ᠠᠯᠢ ᠣᠯᠠᠨ ᠪᠡᠯᠡᠳᠭᠡᠯ ᠪᠠ ᠪᠥᠲᠥᠭᠡᠨ ᠪᠠᠢᠭᠤᠯᠤᠯᠲᠠ ᠵᠢᠨ ᠠᠵᠢᠯ ᠵᠢᠡᠷ ᠳᠡᠮᠵᠢᠨ ᠬᠣᠶ ᠨᠸᠩ ᠵᠦᠸᠸ ᠵᠧᠩ ᠱᠢᠨ᠎ᠡ ᠮᠠᠲ᠋ᠧᠷᠢᠶᠠᠯ ᠤ᠋ᠨ ᠲᠥᠷᠥᠯ ᠵᠦᠶ᠋ᠯ 2026 ᠣᠨ ᠤ᠋ 11 ᠰᠠᠷᠠᠳᠤ ᠠᠱᠢᠭ᠍ᠯᠠᠯᠲᠠᠳᠤ ᠣᠷᠣᠵᠤ᠂ ᠵᠢᠱ᠌ᠢᠯᠲᠡ ᠪᠡᠷ 424 ᠳ᠋ᠦᠩᠱᠢᠭᠤᠷ ᠲᠥᠭᠥᠷᠢᠭ ᠤ᠋ᠨ ᠦᠶ᠋ᠯᠡᠳᠬᠦᠨᠦ ᠥᠷᠲᠡᠭ ᠢ᠋ ᠪᠡᠶᠡᠯᠡᠭᠦᠯᠤᠨ᠂ 75 ᠳ᠋ᠦᠩᠱᠢᠭᠤᠷ ᠲᠥᠭᠥᠷᠢᠭ ᠤ᠋ᠨ ᠭᠠᠢᠯᠢ ᠲᠤᠱᠢᠶᠠᠵᠤ᠂ ᠲᠤᠬᠠᠶ ᠵᠢᠨ ᠭᠠᠵᠠᠷ ᠤ᠋ᠨ ᠠᠵᠢᠯ ᠣᠯᠭᠣᠯᠲᠠ ᠵᠢᠨ ᠠᠵᠢᠯ ᠤ᠋ᠨ ᠪᠠᠢᠷᠢ ᠵᠢ 3500 ᠭᠠᠷᠤᠶ ᠳᠠᠢᠴᠢᠯᠠᠵᠤ᠂ ᠣᠷᠳᠣᠰ ᠤ᠋ᠨ ᠤᠯᠤᠰ ᠤ᠋ᠨ ᠣᠲᠣ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠶ᠋ᠯᠡᠳᠪᠦᠷᠢ ᠵᠢᠨ ᠠᠵᠤ ᠦᠶ᠋ᠯᠡᠰ ᠤ᠋ᠨ ᠵᠢᠱ᠌ᠢᠶ᠎ᠡ ᠦᠵᠡᠭᠦᠯᠬᠦ᠌ ᠰᠠᠭᠤᠷᠢᠨ ᠤ᠋ ᠭᠤᠤᠯ ᠣᠷᠣᠨ᠂ ᠤᠯᠤᠰ ᠤ᠋ᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ ᠵᠢᠨ ᠡᠬᠢ ᠪᠠᠶᠠᠯᠢᠭ ᠤ᠋ᠨ ᠰᠠᠭᠤᠷᠢᠨ ᠢ᠋ ᠪᠥᠲᠥᠭᠡᠨ ᠪᠠᠢᠭᠤᠯᠬᠤᠳᠤ ᠬᠦᠴᠦᠲᠡᠶ ᠲᠤᠯᠭᠠᠭᠤᠷᠢᠯᠠᠯ ᠬᠠᠩᠭᠠᠬᠤ ᠪᠣᠯᠤᠨ᠎ᠠ᠃