ᠥᠪᠥᠷ ᠮᠣᠩᠭᠣᠯ ᠤ᠋ᠨ ᠴᠠᠬᠢᠯᠭᠠᠨ ᠲᠣᠣᠷ ᠪᠣᠯ ᠤᠯᠤᠰ ᠤ᠋ᠨ ᠴᠠᠬᠢᠯᠭᠠᠨ ᠲᠣᠣᠷ᠂ ᠡᠮᠦᠨᠡᠲᠦ ᠣᠷᠣᠨ ᠤ᠋ ᠴᠠᠬᠢᠯᠭᠠᠨ ᠲᠣᠣᠷ ᠤ᠋ᠨ ᠳᠠᠷᠠᠭᠠᠬᠢ ᠪᠦᠬᠦ᠌ ᠤᠯᠤᠰ ᠤ᠋ᠨ ᠭᠤᠷᠪᠠᠳᠤᠭᠠᠷ ᠪᠤᠬᠢᠷᠳᠦᠯ ᠦᠭᠡᠢ ᠴᠠᠬᠢᠯᠭᠠᠨ ᠤ᠋ ᠠᠷᠠᠯᠵᠢᠶᠠᠨ ᠤ᠋ ᠲᠤᠷᠱᠢᠯᠲᠠᠵᠢᠨ ᠴᠡᠭ ᠪᠣᠯᠤᠨᠠ᠃ ᠪᠣᠬᠢᠷᠲᠤᠯ ᠥᠬᠡᠶ ᠴᠠᠬᠢᠯᠭᠠᠨ ᠬᠦᠴᠦᠨᠦ ᠠᠷᠠᠯᠵᠢᠶᠠ ᠵᠢᠨ ᠵᠢᠩᠬᠢᠨᠢ ᠪᠡᠷ ᠡᠬᠢᠯᠡᠬᠦ᠌ ᠵᠢ ᠳᠠᠭᠠᠯᠳᠤᠨ ᠥᠪᠥᠷ ᠮᠣᠩᠭᠣᠯ ᠤ᠋ᠨ ᠪᠠᠷᠠᠭᠤᠨ ᠪᠡᠶᠡ ᠵᠢᠨ ᠴᠠᠬᠢᠯᠭᠠᠨ ᠲᠤᠤᠷ ᠨᠢ ᠪᠣᠬᠢᠷᠲᠤᠯ ᠥᠬᠡᠶ ᠴᠠᠬᠢᠯᠭᠠᠨ ᠬᠦᠴᠦᠨᠦ ᠡᠨᠧᠷᠭᠢ ᠬᠢᠭᠡᠳ ᠣᠷᠴᠢᠨ ᠲᠣᠭᠣᠷᠢᠨ ᠤ᠋ ᠦᠨᠡ ᠥᠷᠲᠡᠭ ᠢ᠋ ᠨᠡᠢᠯᠡᠭᠦᠯᠦᠨ ᠠᠷᠠᠯᠵᠢᠶᠠᠯᠠᠬᠤ ᠵᠢ ᠠᠩᠬᠠ ᠤᠳᠠᠭᠠ ᠪᠡᠶᠡᠯᠡᠭᠦᠯᠵᠦ᠍᠂ ᠪᠣᠬᠢᠷᠲᠤᠯ ᠥᠬᠡᠶ ᠬᠥᠭ᠌ᠵᠢᠯᠲᠡ ᠵᠢ ᠠᠬᠢᠭᠤᠯᠬᠤ ᠲᠠᠯᠠ ᠪᠡᠷ ᠱᠢᠨᠡ ᠠᠬᠢᠴᠠ ᠲᠠᠢ ᠪᠤᠯᠪᠠ᠃ ᠡᠨᠡ ᠵᠢᠯᠦᠨ 9 ᠰᠠᠷᠠ ᠵᠢᠨ ᠰᠡᠭᠦᠯᠴᠢ ᠪᠣᠯᠲᠠᠯᠠ ᠥᠪᠥᠷ ᠮᠣᠩᠭᠣᠯ ᠤ᠋ᠨ ᠴᠠᠬᠢᠯᠭᠠᠨ ᠬᠦᠴᠦᠨᠦ ᠪᠦᠯᠦᠭ᠌ᠯᠡᠯᠦᠨ ᠡᠵᠡᠩᠨᠡᠯᠲᠡ ᠵᠢᠨ ᠣᠷᠣᠨ ᠪᠦᠰᠡ ᠳ᠋ᠦ ᠨᠡᠢᠲᠡ 1788 ᠵᠠᠬᠠ ᠳᠡᠯᠭᠡᠭᠦᠷᠦᠨ ᠭᠤᠤᠯ ᠴᠣᠭ᠍ᠴᠠ ᠪᠤᠬᠢᠷᠳᠦᠯ ᠦᠭᠡᠢ ᠴᠠᠬᠢᠯᠭᠠᠨ ᠤ᠋ ᠠᠷᠠᠯᠵᠢᠶᠠ ᠳ᠋ᠦ ᠣᠷᠣᠯᠴᠠᠵᠤ᠂ ᠱᠢᠨᠡ ᠡᠨᠧᠷᠭᠢ ᠪᠡᠷ ᠴᠠᠬᠢᠯᠭᠠᠨ ᠭᠠᠷᠭᠠᠬᠤ 630 ᠠᠵᠤ ᠠᠬᠤᠢᠯᠠᠯ ᠤ᠋ᠨ ᠭᠠᠷᠭᠠᠭᠰᠠᠨ ᠪᠤᠬᠢᠷᠳᠦᠯ ᠦᠭᠡᠢ ᠴᠠᠬᠢᠯᠭᠠᠨ ᠢ᠋ 1158 ᠴᠠᠬᠢᠯᠭᠠᠨ ᠬᠡᠷᠡᠭ᠌ᠯᠡᠬᠦ᠌ ᠠᠵᠤ ᠠᠬᠤᠢᠯᠠᠯ ᠳ᠋ᠦ ᠲᠠᠰᠤᠷᠠᠯᠲᠠ ᠥᠬᠡᠶ ᠬᠦᠷᠭᠡᠪᠡ᠃ 1 — 9 ᠰᠠᠷᠠ ᠳ᠋ᠦ ᠥᠪᠥᠷ ᠮᠣᠩᠭᠣᠯ ᠤ᠋ᠨ ᠴᠠᠬᠢᠯᠭᠠᠨ ᠬᠦᠴᠦᠨᠦ ᠣᠯᠠᠨ ᠲᠠᠯᠠᠲᠤ ᠠᠷᠠᠯᠵᠢᠶᠠᠨ ᠤ᠋ ᠵᠠᠬᠠ ᠳᠡᠯᠭᠡᠭᠦᠷᠦᠨ ᠪᠣᠬᠢᠷᠲᠤᠯ ᠥᠬᠡᠶ ᠴᠠᠬᠢᠯᠭᠠᠨ ᠤ᠋ ᠠᠷᠠᠯᠵᠢᠶᠠᠨ ᠤ᠋ ᠳ᠋ᠦᠩᠨᠡᠨ ᠪᠤᠳᠤᠭ᠍ᠰᠠᠨ ᠴᠠᠬᠢᠯᠭᠠᠨ ᠤ᠋ ᠬᠡᠮᠵᠢᠶᠡ 540 ᠳ᠋ᠦᠩᠱᠢᠭᠤᠷ ᠺᠢᠯᠦᠸᠠᠲ ᠴᠠᠭ ᠲᠣ᠌ ᠬᠦᠷᠴᠦ᠍᠂ ᠬᠠᠷᠠᠭᠠᠯᠵᠠᠭ᠍ᠰᠠᠨ ᠪᠣᠬᠢᠷᠲᠤᠯ ᠥᠬᠡᠶ ᠦᠨᠡᠮᠯᠡᠯ 5400 ᠲᠦᠮᠡ ᠳ᠋ᠦ ᠬᠦᠷᠴᠦ᠍᠂ ᠠᠷᠠᠯᠵᠢᠶᠠᠨ ᠤ᠋ ᠬᠡᠪᠴᠢᠶᠡ ᠪᠥᠬᠥ᠌ ᠤᠯᠤᠰ ᠤ᠋ᠨ ᠲᠠᠷᠢᠬᠦᠨ ᠳ᠋ᠦ ᠵᠢᠬᠰᠠᠪᠠ᠃
《1 — 9 ᠰᠠᠷᠠ ᠳ᠋ᠦ ᠮᠠᠨ ᠤ᠋ ᠺᠣᠮᠫᠠᠨᠢ ᠵᠢᠨ ᠦᠶ᠋ᠯᠡᠳᠪᠦᠷᠢᠯᠡᠵᠦ᠍ ᠬᠡᠷᠡᠭ᠌ᠯᠡᠭ᠌ᠰᠡᠨ ᠴᠠᠬᠢᠯᠭᠠᠨ ᠤ᠋ ᠬᠡᠮᠵᠢᠶᠡ 11.3 ᠳ᠋ᠦᠩᠱᠢᠭᠤᠷ ᠭᠷᠠᠳᠦ᠋ᠰᠲᠦ ᠬᠦᠷᠴᠡᠶ᠂ ᠡᠭᠦᠨ ᠳ᠋ᠦ ᠪᠤᠬᠢᠷᠳᠦᠯ ᠦᠭᠡᠢ ᠴᠠᠬᠢᠯᠭᠠᠨ ᠤ᠋ ᠳ᠋ᠦᠩᠨᠡᠨ ᠪᠤᠳᠤᠭ᠍ᠰᠠᠨ ᠴᠠᠬᠢᠯᠭᠠᠨ ᠤ᠋ ᠬᠡᠮᠵᠢᠶᠡ 9.1 ᠳ᠋ᠦᠩᠱᠢᠭᠤᠷ ᠭᠷᠠᠳᠦ᠋ᠰ ᠲᠣ᠌ ᠬᠦᠷᠴᠦ᠍᠂ ᠪᠤᠬᠢᠷᠳᠦᠯ ᠦᠭᠡᠢ ᠴᠠᠬᠢᠯᠭᠠᠨ ᠤ᠋ ᠡᠵᠡᠯᠡᠬᠦ᠌ ᠬᠠᠷᠢᠴᠠᠯ 80% ᠳ᠋ᠦ ᠬᠦᠷᠴᠡᠶ᠃ 1000 ᠭᠷᠠᠳᠦ᠋ᠰ ᠪᠤᠬᠢᠷᠳᠦᠯ ᠦᠭᠡᠢ ᠴᠠᠬᠢᠯᠭᠠᠨ ᠢ᠋ ᠬᠤᠳᠠᠯᠳᠤᠨ ᠠᠪᠬᠤ ᠪᠣᠯᠭᠠᠨ ᠨᠢᠭᠡ ᠪᠤᠬᠢᠷᠳᠦᠯ ᠦᠭᠡᠢ ᠦᠨᠡᠮᠯᠡᠯ ᠣᠯᠤᠨᠠ᠂ ᠡᠨᠡ ᠪᠤᠬᠢᠷᠳᠦᠯ ᠦᠭᠡᠢ ᠦᠨᠡᠮᠯᠡᠯ ᠲᠠᠢ ᠪᠣᠯᠪᠠᠯ ᠮᠠᠨ ᠤ᠋ ᠠᠵᠤ ᠠᠬᠤᠢᠯᠠᠯ ᠤ᠋ᠨ ᠪᠦᠲᠦᠭᠡᠭ᠌ᠳᠡᠬᠦᠨᠦ ᠭᠠᠷᠭᠠᠯᠲᠠ ᠵᠢᠨ ᠥᠷᠢᠰᠦᠯᠳᠦᠬᠦ᠌ ᠬᠦᠴᠦᠨ ᠴᠢᠡᠭᠭᠠᠷᠠᠨᠠ》 ᠭᠡᠵᠦ᠍ ᠬᠣᠩ ᠶᠤᠸᠠᠨ ᠱᠢᠨᠡ ᠮᠠᠲ᠋ᠧᠷᠢᠶᠠᠯ (ᠪᠤᠭᠤᠲᠤ) ᠤ᠋ᠨ ᠬᠢᠵᠠᠭᠠᠷᠲᠤ ᠺᠣᠮᠫᠠᠨᠢ ᠵᠢᠨ ᠬᠥᠳᠡᠯᠭᠡᠬᠦ᠌ ᠬᠦᠴᠦᠨᠦ ᠲᠥᠬᠥᠭᠡᠷᠦᠮᠵᠢ ᠵᠢᠨ ᠬᠡᠯᠲᠡᠰᠦᠨ ᠬᠦᠴᠦᠳᠡᠯ ᠥᠭᠡᠷᠡᠴᠢᠯᠡᠬᠦ᠌ ᠥᠷᠲᠡᠭᠡᠨᠦ ᠬᠠᠷᠢᠭᠤᠴᠠᠯᠭᠠᠲᠠᠨ ᠶᠠᠩ ᠺᠤᠸᠠᠨ ᠬᠡᠯᠡᠨᠠ᠃
ᠡᠨᠡ ᠵᠢᠯᠦᠨ 2 ᠰᠠᠷᠠ ᠵᠢᠨ 2 ᠤ᠋ᠨ ᠡᠳᠦᠷ᠂ ᠤᠯᠤᠰ ᠤ᠋ᠨ ᠬᠥᠭ᠌ᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠤᠯᠤᠰ ᠤ᠋ᠨ ᠡᠨᠧᠷᠭᠢ ᠵᠢᠨ ᠲᠣᠪᠴᠢᠶᠠ 《ᠥᠪᠥᠷ ᠮᠣᠩᠭᠣᠯ ᠤ᠋ᠨ ᠴᠠᠬᠢᠯᠭᠠᠨ ᠬᠦᠴᠦᠨᠦ ᠵᠠᠬᠠ ᠳᠡᠯᠭᠡᠭᠦᠷᠦᠨ ᠪᠣᠬᠢᠷᠲᠤᠯ ᠥᠬᠡᠶ ᠴᠠᠬᠢᠯᠭᠠᠨ ᠬᠦᠴᠦᠨᠦ ᠠᠷᠠᠯᠵᠢᠶᠠᠨ ᠤ᠋ ᠲᠤᠷᠱᠢᠯᠲᠠ ᠵᠢᠨ ᠲᠥᠰᠦᠯ》 ᠢ᠋ ᠴᠣᠬᠣᠯᠠᠪᠤᠷᠢᠯᠠᠨ ᠵᠥᠪᠱᠢᠶᠡᠷᠡᠵᠦ᠍᠂ ᠥᠪᠥᠷ ᠮᠣᠩᠭᠣᠯ ᠤ᠋ᠨ ᠴᠠᠬᠢᠯᠭᠠᠨ ᠲᠤᠤᠷ ᠤ᠋ᠨ ᠡᠵᠡᠩᠨᠡᠯᠲᠡ ᠵᠢᠨ ᠣᠷᠣᠨ ᠪᠦᠰᠡ ᠵᠢ ᠵᠢᠩᠬᠢᠨᠢ ᠪᠡᠷ ᠪᠤᠬᠢᠷᠳᠦᠯ ᠦᠭᠡᠢ ᠴᠠᠬᠢᠯᠭᠠᠨ ᠤ᠋ ᠠᠷᠠᠯᠵᠢᠶᠠᠨ ᠤ᠋ ᠲᠤᠷᠱᠢᠯᠲᠠ ᠵᠢᠨ ᠴᠡᠭᠲᠦ ᠣᠷᠣᠭᠤᠯᠪᠠ᠃ 3 ᠰᠠᠷᠠ ᠵᠢᠨ 18 ᠤ᠋ ᠡᠳᠦᠷ᠂ ᠥᠪᠥᠷ ᠮᠣᠩᠭᠣᠯ ᠤ᠋ᠨ ᠴᠠᠬᠢᠯᠭᠠᠨ ᠬᠦᠴᠦᠨᠦ ᠣᠯᠠᠨ ᠲᠠᠯᠠᠲᠤ ᠠᠷᠠᠯᠵᠢᠶᠠᠨ ᠤ᠋ ᠵᠠᠬᠠ ᠳᠡᠯᠭᠡᠭᠦᠷ ᠠᠩᠬᠠ ᠤᠳᠠᠭᠠ ᠪᠣᠬᠢᠷᠲᠤᠯ ᠥᠬᠡᠶ ᠴᠠᠬᠢᠯᠭᠠᠨ ᠤ᠋ ᠠᠷᠠᠯᠵᠢᠶᠠ ᠵᠢ ᠵᠣᠬᠢᠶᠠᠨ ᠪᠠᠢᠭᠤᠯᠵᠤ᠂ ᠪᠣᠬᠢᠷᠲᠤᠯ ᠥᠬᠡᠶ ᠴᠠᠬᠢᠯᠭᠠᠨ ᠤ᠋ ᠠᠷᠠᠯᠵᠢᠶᠠ ᠵᠢ ᠳᠤᠮᠳᠠ ᠣᠷᠳᠣ ᠬᠤᠭᠤᠴᠠᠭᠠᠨ ᠤ᠋ ᠠᠷᠠᠯᠵᠢᠶᠠᠨ ᠤ᠋ ᠬᠡᠪᠴᠢᠶᠡᠨ ᠳ᠋ᠦ ᠣᠷᠣᠭᠤᠯᠵᠤ᠂ ᠵᠠᠬᠠ ᠳᠡᠯᠭᠡᠭᠦᠷᠦᠨ ᠭᠤᠤᠯ ᠴᠣᠭ᠍ᠴᠠ ᠨᠢ ᠳᠤᠤᠷᠠ ᠨᠡᠭᠦᠷᠡᠰᠦᠲᠥ᠋ᠷᠥᠭ᠌ᠴᠢᠲᠦ ᠴᠠᠬᠢᠯᠭᠠᠨ ᠬᠦᠴᠦᠨ ᠢ᠋ ᠬᠡᠷᠡᠭ᠌ᠯᠡᠬᠦ᠌ ᠵᠢᠨ ᠬᠠᠮᠲᠤ ᠤᠯᠤᠰ ᠤ᠋ᠨ ᠪᠣᠬᠢᠷᠲᠤᠯ ᠥᠬᠡᠶ ᠴᠠᠬᠢᠯᠭᠠᠨ ᠬᠦᠴᠦᠨᠦ ᠦᠨᠡᠮᠯᠡᠯ ᠢ᠋ ᠣᠯᠵᠤ᠂ ᠠᠵᠢᠯ ᠵᠢᠡᠨ ᠡᠬᠢᠯᠡᠭᠦᠯᠦᠭ᠌ᠰᠡᠨᠦ ᠳᠠᠷᠠᠭᠠ ᠵᠠᠬᠠ ᠳᠡᠯᠭᠡᠭᠦᠷᠦᠨ ᠭᠤᠤᠯ ᠴᠣᠭ᠍ᠴᠠ ᠵᠢᠨ ᠬᠦᠷᠢᠶᠡᠯᠡᠯ ᠢ᠋ ᠣᠯᠵᠤ᠂ ᠬᠠᠮᠢᠶᠠ ᠪᠥᠬᠥᠶ ᠪᠠᠢᠯᠳᠤᠬᠤ ᠪᠣᠳᠣᠯᠭᠠ ᠵᠢᠨ ᠱᠢᠨᠡ ᠪᠡᠷ ᠮᠠᠨᠳᠤᠭ᠍ᠰᠠᠨ ᠠᠵᠤ ᠦᠶ᠋ᠯᠡᠰ᠂ ᠤᠯᠠᠮᠵᠢᠯᠠᠯᠲᠤ ᠳᠠᠪᠠᠭᠤᠯᠢᠭ ᠠᠵᠤ ᠦᠶ᠋ᠯᠡᠰᠦᠨ 861 ᠵᠠᠬᠠ ᠳᠡᠯᠭᠡᠭᠦᠷᠦᠨ ᠭᠤᠤᠯ ᠴᠣᠭ᠍ᠴᠠ ᠲᠦᠷᠦᠬᠦᠤ ᠪᠦᠯᠦᠭ ᠤᠨ ᠰᠠᠷᠠ ᠵᠢᠨ ᠠᠷᠠᠯᠵᠢᠶᠠ ᠳ᠋ᠦ ᠢᠳᠡᠪᠬᠢᠲᠡᠶ ᠣᠷᠣᠯᠴᠠᠪᠠ᠃
《ᠪᠤᠬᠢᠷᠳᠦᠯ ᠦᠭᠡᠢ ᠴᠠᠬᠢᠯᠭᠠᠨ ᠤ᠋ ᠠᠷᠠᠯᠵᠢᠶᠠ ᠨᠢ ᠳᠠᠬᠢᠨ ᠡᠭᠦᠰᠴᠦ᠍ ᠪᠣᠯᠬᠤ ᠡᠨᠧᠷᠭᠢ ᠪᠡᠷ ᠴᠠᠬᠢᠯᠭᠠᠨ ᠭᠠᠷᠭᠠᠬᠤ ᠣᠷᠴᠢᠨ ᠲᠣᠭᠣᠷᠢᠨ ᠤ᠋ ᠦᠨᠡ ᠥᠷᠲᠡᠭ ᠢ᠋ ᠲᠤᠳᠤᠷᠠᠭᠤᠯᠵᠤ᠂ ᠱᠢᠨᠡ ᠡᠨᠧᠷᠭᠢ ᠵᠢᠨ ᠠᠵᠤ ᠦᠶ᠋ᠯᠡᠰᠦᠨ ᠦᠷᠭᠦᠯᠵᠢᠯᠡᠨ ᠡᠷᠡᠭᠦᠯ ᠵᠢᠡᠷ ᠬᠥᠭ᠌ᠵᠢᠬᠦ᠌ ᠵᠢ ᠠᠬᠢᠭᠤᠯᠬᠤ ᠳ᠋ᠦ ᠠᠱᠢᠭ᠍ᠲᠠᠶ ᠶᠤᠮ᠃ ᠪᠤᠬᠢᠷᠳᠦᠯ ᠦᠭᠡᠢ ᠴᠠᠬᠢᠯᠭᠠᠨ ᠤ᠋ ᠠᠷᠠᠯᠵᠢᠶᠠ ᠪᠡᠷ ᠳᠠᠮᠵᠢᠨ ᠣᠯᠤᠭ᠍ᠰᠠᠨ ᠪᠤᠬᠢᠷᠳᠦᠯ ᠦᠭᠡᠢ ᠦᠨᠡᠮᠯᠡᠯ ᠢ᠋ ᠳᠠᠬᠢᠨ ᠡᠭᠦᠰᠴᠦ᠍ ᠪᠣᠯᠬᠤ ᠡᠨᠧᠷᠭᠢ ᠵᠢᠨ ᠬᠡᠷᠡᠭ᠌ᠯᠡᠭᠡᠨᠦ ᠬᠡᠮᠵᠢᠶᠡ ᠵᠢ ᠮᠠᠭᠠᠳᠯᠠᠨ ᠲᠣᠭ᠍ᠲᠠᠭᠠᠬᠤ᠂ ᠡᠨᠧᠷᠭᠢ ᠵᠢᠨ ᠬᠣᠷᠣᠭ᠍ᠳᠠᠯ ᠤ᠋ᠨ ᠬᠡᠷᠡᠭ᠌ᠯᠡᠭᠡᠨᠦ ᠶᠡᠷᠦᠩᠬᠡᠢ ᠬᠡᠮᠵᠢᠶᠡ ᠵᠢ ᠲᠤᠯᠭᠠᠨ ᠬᠠᠰᠤᠬᠤ ᠳ᠋ᠦ ᠬᠡᠷᠡᠭ᠌ᠯᠡᠵᠦ᠍ ᠪᠣᠯᠤᠨᠠ᠂ ᠡᠨᠡ ᠨᠢ ᠱᠢᠨᠡ ᠪᠡᠷ ᠨᠡᠮᠡᠭ᠌ᠳᠡᠭ᠌ᠰᠡᠨ ᠦᠢᠯᠡᠳᠪᠦᠷᠢᠯᠡᠬᠦ᠌ ᠴᠢᠳᠠᠪᠤᠷᠢ ᠵᠢᠨ ᠪᠣᠳᠠᠲᠠᠢ ᠪᠡᠷ ᠠᠱᠢᠭ᠍ᠯᠠᠯᠲᠠ ᠳ᠋ᠦ ᠣᠷᠣᠬᠤ ᠵᠢ ᠠᠬᠢᠭᠤᠯᠬᠤ ᠳ᠋ᠦ ᠠᠱᠢᠭ᠍ᠲᠠᠢ ᠶᠤᠮ》 ᠭᠡᠵᠦ᠍ ᠥᠪᠥᠷ ᠮᠣᠩᠭᠣᠯ ᠤ᠋ᠨ ᠴᠠᠬᠢᠯᠭᠠᠨ ᠬᠦᠴᠦᠨᠦ ᠠᠷᠠᠯᠵᠢᠶᠠᠨ ᠤ᠋ ᠺᠣᠮᠫᠠᠨᠢ ᠵᠢᠨ ᠵᠠᠬᠠ ᠳᠡᠯᠭᠡᠭᠦᠷᠦᠨ ᠬᠠᠮᠢᠶᠠᠷᠤᠯᠲᠠ ᠵᠢᠨ ᠬᠡᠯᠲᠡᠰᠦᠨ ᠳᠠᠷᠤᠭᠠ ᠸᠠᠩ ᠮᠧᠩ ᠲᠠᠨᠢᠯᠴᠠᠭᠤᠯᠤᠯᠠ᠃
ᠪᠤᠬᠢᠷᠳᠦᠯ ᠦᠭᠡᠢ ᠴᠠᠬᠢᠯᠭᠠᠨ ᠤ᠋ ᠠᠷᠠᠯᠵᠢᠶᠠ ᠵᠢᠩᠬᠢᠨᠢ ᠪᠡᠷ ᠡᠬᠢᠯᠡᠬᠦ᠌ ᠵᠢ ᠳᠠᠭᠠᠯᠳᠤᠨ ᠥᠪᠥᠷ ᠮᠣᠩᠭᠣᠯ ᠤ᠋ᠨ ᠴᠠᠬᠢᠯᠭᠠᠨ ᠲᠤᠤᠷᠤᠨ ᠬᠢᠨ ᠴᠠᠬᠢᠯᠭᠠᠨ ᠬᠦᠴᠦᠨ ᠬᠢᠭᠡᠳ ᠠᠮᠢ ᠠᠬᠤᠶ ᠮᠥᠷᠥ᠍ ᠵᠡᠷᠭᠡᠴᠡᠨ ᠤᠷᠤᠭ᠍ᠰᠢᠯᠠᠵᠤ᠂ ᠪᠣᠬᠢᠷᠲᠤᠯ ᠥᠬᠡᠶ ᠬᠥᠭ᠌ᠵᠢᠯᠲᠡ ᠵᠢ ᠠᠬᠢᠭᠤᠯᠬᠤ ᠵᠠᠮ ᠵᠢᠡᠷ ᠱᠢᠨᠡ ᠠᠬᠢᠴᠠ ᠲᠠᠢ ᠪᠤᠯᠵᠤ᠂ ᠥᠪᠡᠷᠲᠡᠭᠡᠨ ᠵᠠᠰᠠᠬᠤ ᠣᠷᠣᠨ ᠤ᠋ ᠪᠤᠬᠢᠷᠳᠦᠯ ᠦᠭᠡᠢ ᠴᠠᠬᠢᠯᠭᠠᠨ ᠤ᠋ ᠠᠷᠠᠯᠵᠢᠶᠠ ᠥᠬᠡᠶ ᠪᠠᠢᠭ᠍ᠰᠠᠨᠠᠴᠠ ᠪᠡᠨ ᠪᠠᠢᠬᠤ ᠪᠣᠯᠵᠣ᠂ ᠪᠠᠢᠭ᠍ᠰᠠᠨᠠᠴᠠ ᠪᠡᠨ ᠪᠥᠬᠥ᠌ ᠤᠯᠤᠰ ᠲᠣ᠌ ᠲᠦᠷᠦᠭᠦᠯᠡᠭᠰᠡᠨ ᠯᠤᠲᠤ ᠶᠡᠬᠡ ᠳᠠᠪᠠᠯᠲᠠ ᠵᠢ ᠪᠡᠶᠡᠯᠡᠭᠦᠯᠪᠡ᠃ ᠪᠤᠬᠢᠷᠳᠦᠯ ᠦᠭᠡᠢ ᠴᠠᠬᠢᠯᠭᠠᠨ ᠤ᠋ ᠠᠷᠠᠯᠵᠢᠶᠠ ᠵᠢ ᠪᠥᠬᠥ᠌ ᠲᠠᠯᠠ ᠪᠡᠷ ᠥᠷᠨᠢᠭᠦᠯᠵᠦ᠍᠂ ᠪᠤᠬᠢᠷᠳᠦᠯ ᠦᠭᠡᠢ ᠦᠨᠡᠮᠯᠡᠯ ᠢ᠋ ᠪᠦᠷᠬᠦᠬᠦᠯᠬᠦ ᠵᠢ ᠢᠳᠡᠪᠬᠢᠲᠡᠶ ᠠᠬᠢᠭᠤᠯᠬᠤ ᠪᠣᠯ ᠵᠥᠪᠬᠡᠨ ᠥᠪᠥᠷ ᠮᠣᠩᠭᠣᠯ ᠤ᠋ᠨ ᠪᠠᠷᠠᠭᠤᠨ ᠪᠠᠶᠠ ᠵᠢᠨ ᠴᠠᠬᠢᠯᠭᠠᠨ ᠬᠦᠴᠦᠨᠦ ᠵᠠᠬᠠ ᠳᠡᠯᠭᠡᠭᠦᠷᠴᠢᠯᠡᠭ᠌ᠰᠡᠨ ᠠᠷᠠᠯᠵᠢᠶᠠᠨ ᠤ᠋ ᠲᠣᠭ᠍ᠲᠠᠴᠠ ᠵᠢᠨ ᠲᠠᠰᠤᠷᠠᠯᠲᠠ ᠥᠬᠡᠶ ᠱᠢᠯᠢᠳᠡᠭ᠌ᠵᠢᠨ ᠲᠡᠭᠦᠯᠳᠡᠷᠵᠢᠵᠦ᠍ ᠪᠠᠢᠭᠠ ᠨᠢᠭᠡᠨ ᠣᠭ᠍ᠲᠣᠯᠤᠭᠠᠰᠤ ᠮᠥᠨ᠃
ᠥᠪᠥᠷ ᠮᠣᠩᠭᠣᠯ ᠤ᠋ᠨ ᠴᠠᠬᠢᠯᠭᠠᠨ ᠬᠦᠴᠦᠨᠦ ᠣᠯᠠᠨ ᠲᠠᠯᠠᠲᠤ ᠠᠷᠠᠯᠵᠢᠶᠠᠨ ᠤ᠋ ᠵᠠᠬᠠ ᠳᠡᠯᠭᠡᠭᠦᠷ ᠪᠣᠯ ᠮᠠᠨ ᠤ᠋ ᠤᠯᠤᠰ ᠤ᠋ᠨ ᠠᠩᠬᠠᠳᠠᠭ᠍ᠴᠢ ᠵᠢᠩᠬᠢᠨᠢ ᠪᠡᠷ ᠡᠵᠡᠩᠨᠡᠵᠦ᠍ ᠪᠠᠢᠭᠠ ᠮᠤᠵᠢ ᠵᠢᠨ ᠱᠠᠲᠤᠨ ᠤ᠋ ᠴᠠᠬᠢᠯᠭᠠᠨ ᠬᠦᠴᠦᠨᠦ ᠵᠠᠬᠠ ᠳᠡᠯᠭᠡᠭᠦᠷ ᠪᠣᠯᠤᠨᠠ᠃ ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ᠋ ᠬᠠᠮᠢᠶᠠ ᠪᠦᠬᠦᠢ ᠪᠠᠢᠷᠢᠯᠠᠭᠤᠯᠤᠯᠲᠠ ᠱᠠᠭᠠᠷᠳᠠᠯᠭᠠ ᠶᠣᠰᠣᠭᠠᠷ ᠡᠨᠡ ᠵᠢᠯᠡᠴᠡ ᠨᠠᠭᠠᠰᠢ ᠥᠪᠡᠷᠲᠡᠭᠡᠨ ᠵᠠᠰᠠᠬᠤ ᠣᠷᠣᠨ ᠤ᠋ ᠡᠨᠧᠷᠭᠢ ᠵᠢᠨ ᠲᠣᠪᠴᠢᠶᠠᠵᠢᠨ ᠬᠢᠨ ᠵᠠᠬᠠ ᠳᠡᠯᠭᠡᠭᠦᠷᠦᠨ ᠠᠵᠢᠯᠯᠠᠭᠠᠨ ᠤ᠋ ᠪᠠᠢᠳᠠᠯ ᠢ᠋ ᠦᠨᠳᠦᠰᠦᠯᠡᠨ ᠥᠪᠥᠷ ᠮᠣᠩᠭᠣᠯ ᠤ᠋ᠨ ᠪᠠᠷᠠᠭᠤᠨ ᠪᠠᠶᠠᠵᠢᠨ ᠴᠠᠬᠢᠯᠭᠠᠨ ᠬᠦᠴᠦᠨᠦ ᠵᠠᠬᠠ ᠳᠡᠯᠭᠡᠭᠦᠷᠦᠨ ᠠᠷᠠᠯᠵᠢᠶᠠᠨ ᠤ᠋ ᠳᠦᠷᠢᠮ ᠢ᠋ ᠴᠠᠭ ᠲᠤᠬᠠᠶ ᠳ᠋ᠤᠨᠢ ᠱᠢᠯᠢᠳᠡᠭ᠌ᠵᠢᠭᠦᠯᠦᠨ ᠲᠣᠬᠢᠷᠠᠭᠤᠯᠵᠤ᠂ ᠴᠠᠬᠢᠯᠭᠠᠨ ᠬᠦᠴᠦᠨᠦ ᠠᠷᠠᠯᠵᠢᠶᠠᠨ ᠤ᠋ ᠵᠠᠬᠠ ᠳᠡᠯᠭᠡᠭᠦᠷᠦᠨ ᠲᠣᠭ᠍ᠲᠠᠭᠤᠨ᠂ ᠡᠮᠬᠢ ᠵᠢᠷᠤᠮ ᠲᠠᠢ ᠠᠵᠢᠯᠯᠠᠬᠤ ᠵᠢ ᠪᠠᠲᠤᠯᠠᠪᠠ᠃
ᠡᠨᠡ ᠵᠢᠯᠦᠨ 1 ᠰᠠᠷᠠ ᠳ᠋ᠦ ᠥᠪᠡᠷᠲᠡᠭᠡᠨ ᠵᠠᠰᠠᠬᠤ ᠣᠷᠣᠨ ᠤ᠋ ᠡᠨᠧᠷᠭᠢ ᠵᠢᠨ ᠲᠣᠪᠴᠢᠶᠠ 《2024 ᠣᠨ ᠤ᠋ ᠥᠪᠥᠷ ᠮᠣᠩᠭᠣᠯ ᠤ᠋ᠨ ᠴᠠᠬᠢᠯᠭᠠᠨ ᠬᠦᠴᠦᠨᠦ ᠣᠯᠠᠨ ᠲᠠᠯᠠᠲᠤ ᠠᠷᠠᠯᠵᠢᠶᠠᠨ ᠤ᠋ ᠵᠠᠬᠠ ᠳᠡᠯᠭᠡᠭᠦᠷᠦᠨ ᠳᠤᠮᠳᠠ ᠣᠷᠳᠣ ᠬᠤᠭᠤᠴᠠᠭᠠᠨ ᠤ᠋ ᠠᠷᠠᠯᠵᠢᠶᠠᠨ ᠤ᠋ ᠬᠣᠯᠪᠣᠭ᠍ᠳᠠᠯ ᠪᠥᠬᠥᠶ ᠵᠦᠶ᠋ᠯᠡᠰ ᠢ᠋ ᠰᠠᠢᠲᠤᠷ ᠬᠢᠬᠦ᠌ ᠲᠤᠬᠠᠶ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠡᠨᠧᠷᠭᠢ ᠵᠢᠨ ᠲᠣᠪᠴᠢᠶᠠ ᠵᠢᠨ ᠮᠡᠳᠡᠭ᠌ᠳᠡᠯ》 ᠢ᠋ ᠳᠠᠷᠤᠮᠠᠯᠯᠠᠨ ᠲᠠᠷᠬᠠᠭᠠᠪᠠ᠂ 《ᠪᠦᠬᠦᠯᠢ ᠴᠣᠭ᠍ᠴᠠ ᠵᠢᠨ ᠲᠣᠭ᠍ᠲᠠᠭᠤᠨ ᠪᠠᠢᠬᠤ ᠵᠢ ᠪᠠᠲᠤᠯᠠᠬᠤ᠂ ᠠᠷᠠᠯᠵᠢᠶᠠᠨ ᠤ᠋ ᠴᠠᠭ ᠤ᠋ᠨ ᠳᠠᠷᠠᠭᠠᠯᠠᠯ ᠢ᠋ ᠱᠢᠯᠢᠳᠡᠭ᠌ᠵᠢᠭᠦᠯᠬᠦ᠂ ᠠᠷᠠᠯᠵᠢᠶᠠᠨ ᠤ᠋ ᠢᠳᠡᠪᠬᠢ ᠴᠢᠨᠠᠷ ᠢ᠋ ᠨᠡᠮᠡᠭ᠌ᠳᠡᠭᠦᠯᠬᠦ᠂ ᠠᠷᠠᠯᠵᠢᠶᠠᠨ ᠤ᠋ ᠦᠶᠡᠯᠡᠯ ᠢ᠋ ᠪᠣᠭᠣᠨᠢᠰᠭᠠᠬᠤ᠂ ᠭᠤᠤᠯ ᠴᠣᠭ᠍ᠴᠠ ᠵᠢᠨ ᠣᠷᠣᠯᠴᠠᠭᠠ ᠵᠢ ᠭᠦᠨᠵᠡᠭᠡᠢᠷᠡᠭᠦᠯᠬᠦ᠂ ᠠᠵᠦ ᠦᠢᠯᠡᠰ ᠤ᠋ᠨ ᠬᠦᠭᠵᠢᠯᠳᠡᠳᠦ ᠬᠦᠴᠦᠨ ᠤᠯᠭᠤᠬᠤ》 6 ᠵᠠᠷᠴᠢᠮ ᠳ᠋ᠦ ᠰᠠᠭᠤᠷᠢᠯᠠᠨ ᠮᠠᠨ ᠤ᠋ ᠣᠷᠣᠨ ᠤ᠋ 2024 ᠣᠨ ᠤ᠋ ᠴᠠᠬᠢᠯᠭᠠᠨ ᠬᠦᠴᠦᠨᠦ ᠳᠤᠮᠳᠠ ᠣᠷᠳᠣ ᠬᠤᠭᠤᠴᠠᠭᠠᠨ ᠤ᠋ ᠠᠷᠠᠯᠵᠢᠶᠠ ᠳ᠋ᠦ ᠱᠢᠯᠢᠳᠡᠭ᠌ᠵᠢᠭᠦᠯᠦᠨ ᠲᠣᠬᠢᠷᠠᠭᠤᠯᠤᠯᠲᠠ ᠬᠢᠵᠦ᠂ ᠳᠤᠮᠳᠠ ᠤᠷᠲᠤ ᠬᠤᠭᠤᠴᠠᠭᠠᠨ ᠤ᠋ ᠭᠡᠷᠡ ᠲᠣᠭ᠍ᠲᠠᠬᠤ ᠬᠠᠷᠢᠴᠠᠯ ᠤ᠋ᠨ ᠱᠠᠭᠠᠷᠳᠠᠯᠭᠠ ᠵᠢ ᠳᠡᠭᠡᠭ᠌ᠰᠢᠯᠡᠭᠦᠯᠤᠨ᠂ ᠱᠢᠨᠡ ᠡᠨᠧᠷᠭᠢ ᠵᠢᠨ ᠰᠣᠯᠢᠯᠴᠠᠭᠠᠨ ᠤ᠋ ᠵᠠᠭ᠍ᠪᠤᠷ ᠲᠣ᠌ ᠲᠣᠬᠢᠷᠠᠭᠤᠯᠤᠯᠳᠠ ᠬᠢᠵᠦ᠂ ᠱᠢᠨᠡ ᠡᠨᠧᠷᠭᠢ ᠵᠢᠨ ᠠᠷᠠᠯᠵᠢᠶᠠᠨ ᠤ᠋ ᠬᠠᠷᠢᠴᠠᠯ ᠤ᠋ᠨ ᠬᠢᠵᠠᠭᠠᠷᠯᠠᠯ ᠢ᠋ ᠴᠢᠯᠥᠭᠡᠲᠡᠶ ᠪᠣᠯᠭᠠᠨ᠂ ᠠᠷᠠᠯᠵᠢᠶᠠᠨ ᠤ᠋ ᠦᠶᠡᠯᠡᠯ ᠢ᠋ ᠤᠯᠠᠮ ᠨᠢᠭᠡ ᠠᠯᠬᠤᠮ ᠪᠣᠭᠣᠨᠢᠰᠭᠠᠵᠦ᠂ ᠴᠡᠪᠡᠷᠯᠡᠬᠦ᠌ ᠵᠠᠭ᠍ᠪᠤᠷ ᠢ᠋ ᠱᠢᠯᠢᠳᠡᠭ᠌ᠵᠢᠭᠦᠯᠤᠨ᠂ ᠭᠤᠤᠯᠳᠠᠯᠭᠠ ᠲᠠᠢ ᠠᠵᠢᠯ ᠲᠥᠷᠥᠯᠦᠨ ᠦᠨᠡ ᠬᠠᠩᠰᠢ ᠵᠢ ᠲᠣᠭ᠍ᠲᠠᠪᠤᠷᠢᠵᠢᠭᠤᠯᠪᠠ᠃
ᠲᠣᠰ ᠤᠳᠠᠭᠠᠨ ᠤ᠋ ᠲᠥᠷᠥ ᠵᠢᠨ ᠪᠣᠳᠣᠯᠭᠠ ᠵᠢᠨ ᠲᠣᠬᠢᠷᠠᠭᠤᠯᠤᠯᠲᠠ ᠳ᠋ᠦ ᠥᠪᠥᠷ ᠮᠣᠩᠭᠣᠯ ᠤ᠋ᠨ ᠪᠠᠷᠠᠭᠤᠨ ᠪᠡᠶᠠᠵᠢᠨ ᠴᠠᠬᠢᠯᠭᠠᠨ ᠬᠦᠴᠦᠨᠦ ᠵᠠᠬᠠ ᠳᠡᠯᠭᠡᠭᠦᠷᠦᠨ ᠠᠷᠠᠯᠵᠢᠶᠠ ᠳ᠋ᠦ ᠱᠢᠨᠡ ᠡᠨᠧᠷᠭᠢ ᠪᠡᠷ ᠴᠠᠬᠢᠯᠭᠠᠨ ᠭᠠᠷᠭᠠᠬᠤ ᠠᠵᠤ ᠠᠬᠤᠢᠯᠠᠯ ᠬᠢᠭᠡᠳ ᠴᠠᠬᠢᠯᠭᠠᠨ ᠬᠦᠴᠦᠨᠦ ᠬᠡᠷᠡᠭ᠌ᠯᠡᠭ᠌ᠴᠢ ᠵᠢᠨ ᠬᠣᠭᠣᠷᠣᠨᠳᠣᠬᠢ ᠠᠷᠠᠯᠵᠢᠶᠠᠯᠠᠬᠤ ᠴᠠᠬᠢᠯᠭᠠᠨ ᠤ᠋ ᠬᠡᠮᠵᠢᠶᠡᠨᠦ ᠳᠡᠭᠡᠳᠦ ᠬᠢᠵᠠᠭᠠᠷ ᠢ᠋ ᠬᠦᠴᠦᠨ ᠥᠬᠡᠶ ᠪᠣᠯᠭᠠᠭ᠍ᠰᠠᠨ ᠤ᠋ ᠬᠠᠮᠲᠤ ᠱᠢᠨᠡ ᠡᠨᠧᠷᠭᠢ ᠪᠡᠷ ᠭᠠᠷᠭᠠᠭᠰᠠᠨ ᠴᠠᠬᠢᠯᠭᠠᠨᠤ ᠠᠷᠠᠯᠵᠢᠶᠠ ᠵᠢ ᠨᠡᠭᠦᠷᠡᠰᠦ ᠪᠡᠷ ᠴᠠᠬᠢᠯᠭᠠᠨ ᠭᠠᠷᠭᠠᠬᠤ ᠠᠷᠠᠯᠵᠢᠶᠠᠵᠢᠨ ᠡᠮᠦᠨᠡ ᠲᠠᠯᠪᠢᠵᠤ᠂ ᠴᠠᠬᠢᠯᠭᠠᠨ ᠬᠦᠴᠦᠨᠦ ᠬᠡᠷᠡᠭ᠌ᠯᠡᠭ᠌ᠴᠢ ᠪᠠ ᠱᠢᠨᠡ ᠡᠨᠧᠷᠭᠢ ᠪᠡᠷ ᠴᠠᠬᠢᠯᠭᠠᠨ ᠭᠠᠷᠭᠠᠬᠤ ᠠᠵᠤ ᠠᠬᠤᠢᠯᠠᠯ ᠥᠪᠡᠰᠦᠪᠡᠨ ᠠᠷᠠᠯᠵᠢᠶᠠ ᠪᠦᠲᠦᠬᠦ᠌ ᠬᠡᠪᠴᠢᠶᠡ ᠵᠢ ᠲᠣᠭ᠍ᠲᠠᠭᠠᠨᠠ᠃ ᠲᠣᠰ ᠤᠳᠠᠭᠠᠨ ᠤ᠋ ᠲᠣᠬᠢᠷᠠᠭᠤᠯᠤᠯᠲᠠ ᠨᠢ ᠵᠠᠬᠠ ᠳᠡᠯᠭᠡᠭᠦᠷᠦᠨ ᠲᠣᠭ᠍ᠲᠠᠴᠠ ᠵᠢᠨ ᠥᠪᠡᠷ ᠢ᠋ᠪᠡᠨ ᠲᠣᠬᠢᠷᠠᠭᠤᠯᠬᠤ ᠦᠶ᠋ᠯᠡᠳᠦᠯ ᠢ᠋ ᠤᠯᠠᠮ ᠨᠢᠭᠡ ᠠᠯᠬᠤᠮ ᠪᠠᠳᠠᠷᠠᠭᠤᠯᠵᠤ᠂ ᠱᠢᠨᠡ ᠡᠨᠧᠷᠭᠢ ᠪᠡᠷ ᠴᠠᠬᠢᠯᠭᠠᠨ ᠭᠠᠷᠭᠠᠬᠤ ᠠᠵᠤ ᠠᠬᠤᠢᠯᠠᠯ ᠬᠢᠭᠡᠳ ᠴᠠᠬᠢᠯᠭᠠᠨ ᠬᠦᠴᠦᠨᠦ ᠬᠡᠷᠡᠭ᠌ᠯᠡᠭ᠌ᠴᠢ ᠵᠢᠨ ᠭᠦᠶ᠋ᠴᠡᠳ ᠠᠷᠠᠯᠵᠢᠶᠠ ᠵᠢ ᠠᠬᠢᠭᠤᠯᠵᠤ᠂ ᠬᠡᠷᠡᠭ᠌ᠴᠡᠭᠡ ᠱᠠᠭᠠᠷᠳᠠᠯᠭᠠ ᠲᠠᠢ ᠴᠠᠬᠢᠯᠭᠠᠨ ᠬᠦᠴᠦᠨᠦ ᠬᠡᠷᠡᠭ᠌ᠯᠡᠭ᠌ᠴᠢᠳ ᠢ᠋ ᠨᠠᠩ ᠣᠯᠠᠨ ᠱᠢᠨᠡ ᠡᠨᠧᠷᠭᠢ ᠵᠢᠨ ᠴᠠᠬᠢᠯᠭᠠᠨ ᠬᠤᠳᠠᠯᠳᠤᠨ ᠠᠪᠴᠤ᠌ ᠳᠡᠢᠯᠬᠦ᠌ ᠪᠣᠯᠭᠠᠨ᠂ ᠱᠢᠨᠡ ᠡᠨᠧᠷᠭᠢ ᠪᠡᠷ ᠴᠠᠬᠢᠯᠭᠠᠨ ᠭᠠᠷᠭᠠᠬᠤ ᠵᠢᠨ 《ᠤᠷᠢᠳ ᠵᠢᠡᠷ ᠪᠣᠳᠣᠯᠬᠢᠯᠠᠬᠤ ᠴᠢᠨᠠᠷ》 ᠪᠠ ᠠᠷᠠᠯᠵᠢᠶᠠᠨ ᠤ᠋ ᠲᠣᠭ᠍ᠲᠠᠴᠠ ᠵᠢᠨ 《ᠠᠮᠢᠳᠤᠯᠢᠭ ᠴᠢᠨᠠᠷ》 ᠢ᠋ ᠢᠯᠡᠷᠡᠭᠦᠯᠵᠦ᠍᠂ ᠥᠪᠥᠷ ᠮᠣᠩᠭᠣᠯ ᠤ᠋ᠨ ᠪᠠᠷᠠᠭᠤᠨ ᠪᠡᠶᠠᠵᠢᠨ ᠴᠠᠬᠢᠯᠭᠠᠨ ᠬᠦᠴᠦᠨᠦ ᠵᠠᠬᠠ ᠳᠡᠯᠭᠡᠭᠦᠷᠦᠨ ᠨᠢᠭᠡ ᠤᠳᠠᠭᠠᠨ ᠤ᠋ ᠱᠢᠯᠢᠳᠡᠭ᠌ᠵᠢᠭᠦᠯᠦᠯᠲᠡ ᠪᠤᠯᠵᠠᠢ᠃
ᠥᠪᠥᠷ ᠮᠣᠩᠭᠣᠯ ᠤ᠋ᠨ ᠪᠠᠷᠠᠭᠤᠨ ᠪᠡᠶᠠᠵᠢᠨ ᠴᠠᠬᠢᠯᠭᠠᠨ ᠬᠦᠴᠦᠨᠦ ᠵᠠᠬᠠ ᠳᠡᠯᠭᠡᠭᠦᠷᠦᠨ ᠠᠵᠢᠯᠯᠠᠭᠠᠨ ᠤ᠋ ᠶᠠᠪᠤᠴᠠᠳᠠᠬᠢ ᠪᠣᠳᠠᠲᠠᠶ ᠬᠡᠷᠡᠭ᠌ᠴᠡᠭᠡ ᠳ᠋ᠦ ᠴᠢᠭ᠌ᠯᠡᠭᠦᠯᠦᠨ ᠡᠨᠡ ᠵᠢᠯᠦᠨ 4 ᠰᠠᠷᠠ ᠵᠢᠨ ᠡᠬᠢ ᠪᠡᠷ ᠥᠪᠡᠷᠲᠡᠭᠡᠨ ᠵᠠᠰᠠᠬᠤ ᠣᠷᠣᠨ ᠤ᠋ ᠡᠨᠧᠷᠭᠢ ᠵᠢᠨ ᠲᠣᠪᠴᠢᠶᠠ ᠳᠠᠬᠢᠨᠲᠠ ᠮᠡᠳᠡᠭ᠌ᠳᠡᠯ ᠳᠠᠷᠤᠮᠠᠯᠯᠠᠨ ᠲᠠᠷᠬᠠᠭᠠᠵᠤ᠂ ᠥᠪᠥᠷ ᠮᠣᠩᠭᠣᠯ ᠤ᠋ᠨ ᠪᠠᠷᠠᠭᠤᠨ ᠪᠡᠶᠠᠵᠢᠨ ᠴᠠᠬᠢᠯᠭᠠᠨ ᠬᠦᠴᠦᠨᠦ ᠵᠠᠬᠠ ᠳᠡᠯᠭᠡᠭᠦᠷᠦᠨ ᠠᠷᠠᠯᠵᠢᠶᠠᠨ ᠤ᠋ ᠲᠣᠭ᠍ᠲᠠᠴᠠ ᠵᠢ ᠱᠢᠯᠢᠳᠡᠭ᠌ᠵᠢᠭᠦᠯᠦᠨ ᠲᠣᠬᠢᠷᠠᠭᠤᠯᠬᠤ ᠪᠡᠷ ᠪᠣᠯᠪᠠ᠃
ᠡᠨᠡ ᠤᠳᠠᠭᠠᠨ ᠤ᠋ ᠲᠣᠬᠢᠷᠠᠭᠤᠯᠤᠯᠲᠠ ᠨᠢ ᠬᠠᠨᠳᠤᠯᠭᠠᠲᠤ ᠴᠢᠨᠠᠷᠲᠠᠶ ᠪᠡᠷ 10 ᠵᠤᠷᠪᠤᠰ ᠱᠢᠯᠢᠳᠡᠭ᠌ᠵᠢᠭᠦᠯᠬᠦ᠌ ᠠᠷᠭᠠ ᠬᠡᠮᠵᠢᠶᠡ ᠵᠢ ᠳᠤᠷᠠᠳᠤᠨ ᠭᠠᠷᠭᠠᠵᠠᠶ᠂ ᠡᠭᠦᠨ ᠳ᠋ᠦ ᠭᠤᠤᠯᠳᠠᠭᠤ 3 ᠵᠦᠶ᠋ᠯᠦᠨ ᠦᠨᠳᠦᠰᠦᠨ ᠵᠠᠷᠴᠢᠮ ᠢ᠋ ᠵᠢᠷᠤᠮᠯᠠᠪᠠ᠃ ᠨᠢᠭᠡ᠂ ᠵᠠᠬᠠ ᠳᠡᠯᠭᠡᠭᠦᠷᠦᠨ ᠠᠷᠠᠯᠵᠢᠶᠠ ᠵᠢ ᠶᠡᠬᠡ ᠪᠡᠷ ᠲᠣᠭ᠍ᠲᠠᠭᠤᠨ ᠪᠠᠢᠯᠭᠠᠵᠤ᠂ ᠪᠠᠭᠠ ᠲᠣᠬᠢᠷᠠᠭᠤᠯᠤᠯᠲᠠ ᠬᠢᠵᠦ᠍᠂ ᠡᠵᠡᠩᠨᠡᠯᠲᠡ ᠵᠢᠨ ᠭᠤᠤᠯ ᠴᠣᠭ᠍ᠴᠠ ᠵᠢᠨ ᠲᠣᠭ᠍ᠲᠠᠭᠤᠨ ᠵᠢᠡᠷ ᠣᠷᠣᠯᠴᠠᠬᠤ ᠵᠢ ᠪᠠᠲᠤᠯᠠᠨᠠ; ᠬᠣᠶᠠᠷ᠂ ᠳᠤᠮᠳᠠ ᠤᠷᠲᠤ ᠬᠤᠭᠤᠴᠠᠭᠠᠨ ᠤ᠋ ᠪᠡᠯᠡᠨ ᠪᠠᠷᠠᠭᠠᠨ ᠤ᠋ ᠵᠠᠬᠠ ᠳᠡᠯᠭᠡᠭᠦᠷ ᠢ᠋ ᠨᠢᠭᠡᠳᠦᠯᠲᠡᠶ ᠲᠦᠯᠦᠪᠵᠢᠬᠦᠯᠵᠦ᠂ ᠳᠤᠮᠳᠠ ᠤᠷᠲᠤ ᠬᠤᠭᠤᠴᠠᠭᠠᠨ ᠤ᠋ ᠠᠷᠠᠯᠵᠢᠶᠠ ᠳ᠋ᠦ ᠦᠵᠡᠭᠦᠯᠬᠦ᠌ ᠪᠡᠯᠡᠨ ᠪᠠᠷᠠᠭᠠᠨ ᠤ᠋ ᠵᠠᠬᠠ ᠳᠡᠯᠭᠡᠭᠦᠷᠦᠨ ᠨᠥᠬᠥᠪᠥᠷᠢᠯᠡᠬᠦ᠌ ᠦᠢᠯᠡᠳᠦᠯ ᠢ᠋ ᠭᠦᠢᠴᠡᠳ ᠪᠠᠳᠠᠷᠠᠭᠤᠯᠤᠨᠠ; ᠭᠤᠷᠪᠠ᠂ ᠵᠠᠬᠠ ᠳᠡᠯᠭᠡᠭᠦᠷᠦᠨ ᠠᠵᠢᠯᠯᠠᠭᠠᠨ ᠤ᠋ ᠶᠠᠪᠤᠴᠠ ᠳ᠋ᠦ ᠪᠦᠬᠦᠯᠢ ᠴᠣᠭ᠍ᠴᠠ ᠵᠢ ᠠᠩᠬᠠᠷᠬᠤ ᠮᠥᠷᠲᠡᠭᠡᠨ ᠭᠤᠤᠯᠳᠠᠯᠭᠠ ᠲᠠᠢ ᠠᠵᠤ ᠦᠶ᠋ᠯᠡᠰ ᠢ᠋ ᠴᠣ᠌ ᠠᠩᠬᠠᠷᠴᠤ᠌᠂ ᠥᠪᠡᠷᠲᠡᠭᠡᠨ ᠵᠠᠰᠠᠬᠤ ᠣᠷᠣᠨ ᠤ᠋ ᠳᠣᠲᠣᠷᠠ ᠪᠥᠬᠥ᠌ ᠠᠵᠤ ᠦᠶ᠋ᠯᠡᠰᠦᠨ ᠬᠡᠯᠬᠢᠶᠡ ᠲᠠᠢ ᠬᠡᠷᠡᠯᠴᠢ ᠴᠡᠨᠡᠭᠦᠨ ᠠᠵᠤ ᠠᠬᠤᠢᠯᠠᠯ ᠪᠠ ᠪᠤᠳᠤᠬᠤ ᠬᠦᠴᠦᠨᠦ ᠠᠵᠢᠯ ᠲᠥᠷᠥᠯᠦᠨᠬᠢᠨᠦ ᠴᠡᠪᠡᠷ ᠡᠨᠧᠷᠭᠢ ᠬᠡᠷᠡᠭ᠌ᠯᠡᠬᠦ᠌ ᠬᠠᠷᠢᠴᠠᠯ ᠵᠢᠡᠨ ᠤᠯᠠᠮ ᠨᠢᠭᠡ ᠠᠯᠬᠤᠮ ᠳᠡᠭᠡᠭ᠌ᠰᠢᠯᠡᠭᠦᠯᠬᠦ᠌ ᠵᠢ ᠵᠣᠷᠢᠭ᠍ᠵᠢᠭᠤᠯᠵᠤ᠂ ᠠᠵᠤ ᠦᠶ᠋ᠯᠡᠰ ᠢ᠋ ᠥᠪᠡᠷᠲᠡᠭᠡᠨ ᠵᠠᠰᠠᠬᠤ ᠣᠷᠣᠨ ᠤ᠋ ᠬᠡᠪᠴᠢᠶᠡᠨ ᠳ᠋ᠦ ᠪᠥᠬᠥ᠌ ᠠᠵᠤ ᠦᠶ᠋ᠯᠡᠰᠦᠨ ᠬᠡᠯᠬᠢᠶᠡ ᠳᠠᠢᠰᠢ ᠤᠷᠲᠤᠳᠭᠠᠨ ᠬᠥᠭ᠌ᠵᠢᠭᠦᠯᠬᠦ᠌ ᠵᠢ ᠠᠬᠢᠭᠤᠯᠤᠨᠠ᠃
ᠥᠪᠡᠷᠲᠡᠭᠡᠨ ᠵᠠᠰᠠᠬᠤ ᠣᠷᠣᠨ ᠤ᠋ ᠡᠨᠧᠷᠭᠢ ᠵᠢᠨ ᠲᠣᠪᠴᠢᠶᠠ ᠵᠢᠨ ᠬᠠᠮᠢᠢᠠ ᠪᠥᠬᠥᠶ ᠬᠠᠷᠢᠭᠤᠴᠠᠯᠭᠠᠲᠠᠨ ᠡᠴᠡ᠄ 《ᠲᠣᠰ ᠤᠳᠠᠭᠠᠨ ᠤ᠋ ᠲᠣᠬᠢᠷᠠᠭᠤᠯᠤᠯᠲᠠ ᠳ᠋ᠦ 3 ᠶᠡᠬᠡ ᠬᠤᠪᠢᠷᠠᠯᠲᠠ ᠲᠠᠢ᠃ ᠨᠢᠭᠡ᠂ ᠳᠤᠮᠳᠠ ᠣᠷᠳᠣ ᠬᠤᠭᠤᠴᠠᠭᠠᠨ ᠤ᠋ ᠠᠷᠠᠯᠵᠢᠶᠠᠨ ᠤ᠋ ᠲᠣᠭ᠍ᠲᠠᠴᠠ ᠳ᠋ᠦ ᠲᠣᠬᠢᠷᠠᠭᠤᠯᠤᠯᠲᠠ ᠬᠢᠵᠦ᠍᠂ ᠳᠤᠮᠳᠠ ᠣᠷᠳᠣ ᠬᠤᠭᠤᠴᠠᠭᠠᠨ ᠤ᠋ ᠭᠡᠷᠡ ᠲᠠᠢ ᠴᠠᠬᠢᠯᠭᠠᠨᠢ ᠨᠡᠩ ᠢᠯᠡᠬᠦᠦ ᠬᠠᠩᠭᠠᠨᠠ; ᠬᠣᠶᠠᠷ᠂ ᠭᠡᠷᠡ ᠪᠡᠷ ᠰᠣᠯᠢᠯᠴᠠᠬᠤ ᠠᠷᠠᠯᠵᠢᠶᠠᠨ ᠤ᠋ ᠵᠠᠭ᠍ᠪᠤᠷ ᠢ᠋ ᠱᠢᠯᠢᠳᠡᠭ᠌ᠵᠢᠭᠦᠯᠵᠦ᠍᠂ ᠵᠠᠬᠠ ᠳᠡᠯᠭᠡᠭᠦᠷᠦᠨ ᠲᠣᠭ᠍ᠲᠠᠭᠤᠨ ᠡᠷᠭᠢᠯᠲᠡ ᠵᠢ ᠠᠬᠢᠭᠤᠯᠤᠨᠠ; ᠭᠤᠷᠪᠠ᠂ ᠳ᠋ᠦᠩᠨᠡᠨ ᠪᠤᠳᠤᠯᠲᠠ ᠵᠢᠨ ᠬᠢᠨᠠᠨ ᠱᠢᠯᠭᠠᠯᠲᠠ ᠵᠢ ᠵᠣᠬᠢᠰᠲᠠᠶ ᠠᠭᠤᠵᠢᠭᠤ ᠲᠠᠯᠪᠢᠵᠤ᠂ ᠬᠡᠷᠡᠭ᠌ᠯᠡᠭ᠌ᠴᠢ ᠵᠢᠨ ᠴᠠᠬᠢᠯᠭᠠᠨ ᠬᠡᠷᠡᠭ᠌ᠯᠡᠬᠦ᠌ ᠥᠪᠡᠷᠦᠨ ᠥᠷᠲᠡᠭ ᠢ᠋ ᠪᠠᠭᠤᠷᠠᠭᠤᠯᠤᠨᠠ》 ᠭᠡᠵᠦ ᠲᠠᠨᠢᠯᠴᠠᠭᠤᠯᠪᠠ᠃
《ᠲᠣᠰ ᠤᠳᠠᠭᠠ ᠱᠢᠯᠢᠳᠡᠭ᠌ᠵᠢᠭᠦᠯᠦᠨ ᠲᠣᠬᠢᠷᠠᠭᠤᠯᠤᠯᠲᠠ ᠬᠢᠬᠦ᠌ ᠵᠢᠨ ᠵᠣᠷᠢᠯᠭᠠ ᠨᠢ ᠠᠯᠢ ᠣᠯᠠᠨ ᠠᠷᠭᠠ ᠬᠡᠮᠵᠢᠶᠡ ᠪᠡᠷ ᠳᠠᠮᠵᠢᠭᠤᠯᠤᠨ ᠴᠠᠬᠢᠯᠭᠠᠨ ᠬᠦᠴᠦᠨᠦ ᠬᠠᠩᠭᠠᠯᠭᠠ ᠵᠢᠨ ᠲᠣᠭ᠍ᠲᠠᠪᠤᠷᠢᠲᠤ ᠴᠢᠨᠠᠷ ᠪᠠ ᠠᠵᠤ ᠠᠬᠤᠶ ᠵᠢᠨ ᠴᠢᠨᠠᠷ ᠢ᠋ ᠪᠠᠲᠤᠯᠠᠵᠤ᠂ ᠳᠤᠮᠳᠠ ᠣᠷᠳᠣ ᠬᠤᠭᠤᠴᠠᠭᠠᠨ ᠤ᠋ ᠠᠷᠠᠯᠵᠢᠶᠠᠨ ᠤ᠋ ᠲᠣᠭ᠍ᠲᠠᠭᠤᠨ ᠵᠢᠱ᠌ᠢᠯᠲᠡ ᠵᠢᠨ 〈ᠲᠣᠭ᠍ᠲᠠᠪᠤᠷᠢᠵᠢᠭᠤᠯᠤᠭ᠍ᠴᠢ〉 ᠵᠢᠨ ᠪᠠᠢᠷᠢ ᠰᠠᠭᠤᠷᠢ ᠵᠢ ᠤᠯᠠᠮ ᠨᠢᠭᠡ ᠠᠯᠬᠤᠮ ᠪᠡᠬᠢᠵᠢᠭᠦᠯᠵᠦ᠍᠂ ᠥᠪᠥᠷ ᠮᠣᠩᠭᠣᠯ ᠤ᠋ᠨ ᠪᠠᠷᠠᠭᠤᠨ ᠪᠡᠶᠠᠵᠢᠨ ᠴᠠᠬᠢᠯᠭᠠᠨ ᠬᠦᠴᠦᠨᠦ ᠵᠠᠬᠠ ᠳᠡᠯᠭᠡᠭᠦᠷᠦᠨ ᠨᠢᠭᠡᠳᠦᠯᠲᠡᠶ ᠨᠡᠭᠡᠭᠡᠯᠲᠡ ᠬᠢᠬᠦ᠌᠂ ᠥᠷᠢᠰᠥᠯᠳᠦᠭᠡᠨ ᠨᠢ ᠡᠮᠬᠢ ᠵᠢᠷᠤᠮ ᠲᠠᠢ᠂ ᠦᠨᠡ ᠬᠠᠩᠰᠢ ᠨᠢ ᠵᠦᠶ ᠵᠣᠬᠢᠰᠲᠠᠶ ᠪᠠᠢᠬᠤ ᠵᠢ ᠦᠨᠡᠨ ᠬᠦ᠌ ᠪᠠᠲᠤᠯᠠᠬᠤ ᠵᠢᠨ ᠲᠥᠯᠥᠭᠡ ᠶᠤᠮ》 ᠭᠡᠵᠤ ᠲᠤᠰ ᠬᠠᠷᠢᠭᠤᠴᠠᠯᠭᠠᠳᠠᠨ ᠭᠡᠯᠡᠯᠠ᠃ ᠲᠠᠷᠠ ᠪᠠᠰᠠ ᠥᠪᠡᠷᠲᠡᠭᠡᠨ ᠵᠠᠰᠠᠬᠤ ᠣᠷᠣᠨ ᠤ᠋ ᠡᠨᠧᠷᠭᠢ ᠵᠢᠨ ᠲᠣᠪᠴᠢᠶᠠᠵᠢᠨ ᠬᠢᠨ ᠴᠠᠬᠢᠯᠭᠠᠨ ᠬᠦᠴᠦᠨᠦ ᠵᠠᠬᠠ ᠳᠡᠯᠭᠡᠭᠦᠷᠦᠨ ᠠᠷᠠᠯᠵᠢᠶᠠᠨ ᠤ᠋ ᠠᠵᠢᠯᠯᠠᠭᠠᠨ ᠤ᠋ ᠪᠠᠢᠳᠠᠯ ᠢ᠋ ᠦᠷᠭᠦᠯᠵᠢᠯᠡᠨ ᠳᠡᠭᠡᠳᠦ ᠬᠡᠮᠵᠢᠶᠡ ᠪᠡᠷ ᠠᠩᠬᠠᠷᠴᠤ᠌᠂ ᠵᠠᠬᠠ ᠳᠡᠯᠭᠡᠭᠦᠷᠦᠨ ᠭᠤᠤᠯ ᠴᠣᠭ᠍ᠴᠠ ᠵᠢᠨ ᠬᠡᠷᠡᠭ᠌ᠴᠡᠭᠡ ᠱᠠᠭᠠᠷᠳᠠᠯᠭᠠ ᠳ᠋ᠦ ᠢᠳᠡᠪᠬᠢᠲᠡᠶ ᠬᠠᠷᠢᠭᠤᠯᠲᠠ ᠥᠭ᠌ᠴᠦ᠂ ᠴᠠᠬᠢᠯᠭᠠᠨ ᠬᠦᠴᠦᠨᠦ ᠠᠷᠠᠯᠵᠢᠶᠠᠨ ᠤ᠋ ᠲᠣᠭ᠍ᠲᠠᠴᠠ ᠵᠢ ᠲᠠᠰᠤᠷᠠᠯᠲᠠ ᠥᠬᠡᠶ ᠲᠡᠭᠦᠯᠳᠡᠷᠵᠢᠭᠦᠯᠤᠨ᠂ ᠣᠲᠣ ᠦᠶᠡ ᠵᠢᠨ ᠡᠨᠧᠷᠭᠢ ᠵᠢᠨ ᠠᠵᠤ ᠠᠬᠤᠶ ᠵᠢ ᠰᠠᠢᠲᠤᠷ ᠬᠢᠬᠦ᠌᠂ ᠤᠯᠤᠰ ᠤ᠋ᠨ ᠴᠢᠬᠤᠯᠠ ᠡᠨᠧᠷᠭᠢ ᠵᠢᠨ ᠰᠠᠭᠤᠷᠢᠨ ᠢ᠋ ᠪᠤᠵᠠᠭᠠᠢᠷᠠᠭᠤᠯᠤᠨ ᠬᠦᠴᠦᠷᠬᠡᠭ᠌ᠵᠢᠭᠦᠯᠬᠦ᠌ ᠳ᠋ᠦ ᠬᠦᠴᠦᠲᠡᠶ ᠲᠤᠯᠭᠠᠭᠤᠷᠢᠯᠠᠯ ᠬᠠᠩᠭᠠᠨᠠ ᠭᠡᠵᠤ ᠬᠠᠷᠠᠯᠳᠠ ᠪᠠᠨ ᠲᠤᠳᠤᠷᠠᠭᠤᠯᠤᠯᠠ᠃