《ᠪᠠᠷᠠᠭᠤᠨ ᠯᠢᠶᠣᠤᠾᠧ ᠭᠤᠤᠯ ᠡᠴᠡ ᠨᠠᠷᠠᠨ ᠮᠠᠨᠳᠤᠬᠤᠶ᠎ᠠ》 ᠬᠡᠬᠥ ᠲᠣᠮᠣ ᠬᠡᠯᠪᠡᠷᠢ᠎ᠶ᠋ᠢᠨ ᠪᠦᠷᠢᠨ ᠵᠠᠭᠤᠴᠢᠯᠠᠭᠤᠷ᠎ᠤᠨ ᠳᠠᠮᠵᠢᠭᠤᠯᠭ᠎ᠠ᠎ᠶ᠋ᠢᠨ ᠠᠵᠢᠯᠯᠠᠭ᠎ᠠ᠎ᠶ᠋ᠢᠨ ᠦᠷ᠎ᠡ ᠪᠦᠲᠦᠭᠡᠯ᠎ᠢ ᠨᠡᠢᠲᠡᠯᠡᠪᠠ
2024-10-29 10:24:03
ᠵᠣᠬᠢᠶᠠᠭ᠍ᠴᠢ᠄
ᠱᠢᠤᠢ ᠶᠤᠸᠠᠢ᠂ ᠱᠢᠤᠸᠠᠢ ᠢ ᠴᠢᠶᠦ᠋ᠨ
ᠣᠩᠱᠢᠭ᠍ᠰᠠᠨ ᠣᠳᠠᠭ᠎ᠠ᠄
★★★☆☆

ᠪᠠᠷᠠᠭᠤᠨ ᠯᠢᠶᠣᠤᠾᠧ ᠭᠤᠤᠯ ᠡᠴᠡ ᠨᠠᠷᠠᠨ ᠮᠠᠨᠳᠤᠬᠤᠶ᠎ᠠ᠂ ᠪᠣᠯᠪᠠᠰᠤᠨ᠎ᠤ ᠥᠦᠷ᠎ᠦᠨ ᠭᠡᠭᠡ ᠲᠤᠶᠠᠭᠠᠷᠠᠨ᠎ᠠ᠃ 10 ᠰᠠᠷ᠎ᠠ᠎ᠶ᠋ᠢᠨ 28᠎ᠤ᠋ ᠦᠳᠡ᠎ᠶ᠋ᠢᠨ ᠬᠣᠢᠨ᠎ᠠ᠂ 《ᠪᠠᠷᠠᠭᠤᠨ ᠯᠢᠶᠣᠤᠾᠧ ᠭᠤᠤᠯ ᠡᠴᠡ ᠨᠠᠷᠠᠨ ᠮᠠᠨᠳᠤᠬᠤᠶ᠎ᠠ》 ᠬᠡᠬᠥ ᠲᠣᠮᠣ ᠬᠡᠯᠪᠡᠷᠢ᠎ᠶ᠋ᠢᠨ ᠪᠦᠷᠢᠨ ᠵᠠᠭᠤᠴᠢᠯᠠᠭᠤᠷ᠎ᠤᠨ ᠳᠠᠮᠵᠢᠭᠤᠯᠭ᠎ᠠ᠎ᠶ᠋ᠢᠨ ᠠᠵᠢᠯᠯᠠᠭ᠎ᠠ᠎ᠶ᠋ᠢᠨ ᠦᠷ᠎ᠡ ᠪᠦᠲᠦᠭᠡᠯ᠎ᠢ ᠨᠡᠢᠲᠡᠯᠡᠬᠦ᠌ ᠬᠤᠷᠠᠯ ᠲᠦᠩᠯᠢᠶᠣᠤ ᠬᠣᠲᠠ᠎ᠳᠤ ᠶᠠᠪᠤᠭ᠍ᠳᠠᠪᠠ᠃ ᠲᠤᠰᠭᠠᠶ ᠮᠡᠷᠭᠡᠵᠢᠯᠲᠡᠨ ᠡᠷᠳᠡᠮᠲᠡᠨ᠂ ᠰᠣᠨᠢᠨ ᠮᠡᠳᠡᠭᠡᠨ᠎ᠦ ᠵᠠᠭᠤᠴᠢᠯᠠᠭᠤᠷ᠎ᠤᠨ ᠰᠤᠷᠪᠤᠯᠵᠢᠯᠠᠭ᠍ᠴᠢ᠂ ᠥᠪᠥᠷ ᠮᠣᠩᠭᠣᠯ᠎ᠤᠨ ᠦᠨᠳᠦᠰᠦᠲᠡᠨ᠎ᠦ ᠶᠡᠬᠡ ᠰᠤᠷᠭᠠᠭᠤᠯᠢ᠎ᠶ᠋ᠢᠨ ᠪᠠᠭ᠍ᠰᠢ ᠰᠣᠷᠣᠭ᠍ᠴᠢ ᠵᠡᠷᠭᠡ ᠨᠡᠢᠲᠡ 200 ᠭᠠᠷᠤᠶ ᠬᠥᠮᠦᠨ ᠲᠣᠰ ᠠᠵᠢᠯᠯᠠᠭ᠎ᠠ᠎ᠳᠤ ᠣᠷᠣᠯᠴᠠᠵᠠᠢ᠃

《ᠪᠠᠷᠠᠭᠤᠨ ᠯᠢᠶᠣᠤᠾᠧ ᠭᠤᠤᠯ ᠡᠴᠡ ᠨᠠᠷᠠᠨ ᠮᠠᠨᠳᠤᠬᠤᠶ᠎ᠠ》 ᠬᠡᠬᠥ ᠲᠤᠮᠤ ᠬᠡᠯᠪᠡᠷᠢ᠎ᠶ᠋ᠢᠨ ᠪᠦᠷᠢᠨ ᠵᠠᠭᠤᠴᠢᠯᠠᠭᠤᠷ᠎ᠤᠨ ᠳᠠᠮᠵᠢᠭᠤᠯᠭ᠎ᠠ᠎ᠶ᠋ᠢᠨ ᠠᠵᠢᠯᠯᠠᠭ᠎ᠠ᠎ᠶ᠋ᠢ ᠥᠪᠥᠷ ᠮᠣᠩᠭᠣᠯ᠎ᠤᠨ ᠡᠳᠦᠷ᠎ᠦᠨ ᠰᠣᠨᠢᠨ᠎ᠤ ᠬᠤᠷᠢᠶ᠎ᠠ ᠪᠣᠯᠤᠨ ᠲᠦᠩᠯᠢᠶᠣᠤ ᠬᠤᠳᠠ᠎ᠶ᠋ᠢᠨ ᠨᠠᠮ᠎ᠤᠨ ᠬᠤᠷᠢᠶ᠎ᠠ᠎ᠵᠢᠨ ᠤᠬᠠᠭᠤᠯᠬᠤ ᠬᠡᠯᠲᠡᠰ ᠬᠠᠮᠲᠤᠷᠠᠨ ᠭᠣᠣᠯᠯᠠᠨ ᠡᠷᠬᠢᠯᠡᠵᠦ᠍᠂ ᠥᠪᠥᠷ ᠮᠣᠩᠭᠣᠯ᠎ᠤᠨ ᠦᠨᠳᠦᠰᠦᠲᠡᠨ᠎ᠦ ᠶᠡᠬᠡ ᠰᠤᠷᠭᠠᠭᠤᠯᠢ᠂ ᠲᠦᠩᠯᠢᠶᠣᠤ ᠬᠤᠳᠠ᠎ᠶ᠋ᠢᠨ ᠬᠠᠮ ᠵᠠᠭᠤᠴᠢᠯᠠᠭᠤᠷ᠎ᠤᠨ ᠲᠥᠪ ᠬᠠᠮᠵᠢᠯᠴᠠᠨ ᠡᠷᠬᠢᠯᠡᠵᠦ᠍᠂ ᠬᠡᠳᠦᠨ ᠰᠠᠷ᠎ᠠ᠎ᠶ᠋ᠢᠨ ᠬᠤᠭᠤᠴᠠᠭ᠎ᠠ ᠬᠡᠷᠡᠭ᠌ᠰᠡᠨ ᠡᠬᠦᠳᠦᠨ ᠴᠣᠭ᠍ᠴᠠᠯᠠᠭ᠍ᠰᠠᠨ ᠤᠮᠠᠷᠠᠲᠤ ᠬᠢᠯᠢ᠎ᠶ᠋ᠢᠨ ᠰᠣᠶᠣᠯ᠎ᠤᠨ ᠲᠦᠷᠦᠯ ᠲᠡᠮᠳᠡᠭᠲᠦ ᠠᠵᠢᠯᠯᠠᠭ᠎ᠠ ᠪᠣᠯᠤᠨ᠎ᠠ᠃ ᠲᠣᠰ ᠠᠵᠢᠯᠯᠠᠭ᠎ᠠ᠎ᠨᠢ ᠱᠢᠰᠲ᠋ᠧᠮᠲᠦ ᠴᠢᠨᠠᠷ᠂ ᠣᠯᠠᠨ ᠬᠠᠷᠠᠭᠠᠰᠤ᠂ ᠪᠥᠬᠥ᠌ ᠦᠵᠡᠮᠵᠢ᠎ᠶ᠋ᠢᠨ ᠬᠡᠯᠪᠡᠷᠢ᠎ᠪᠡᠷ ᠪᠠᠷᠠᠭᠤᠨ ᠯᠢᠶᠣᠤᠾᠧ ᠭᠤᠤᠯ᠎ᠤᠨ ᠪᠣᠯᠪᠠᠰᠤᠨ᠎ᠤ ᠰᠣᠶᠣᠯ᠎ᠤᠨ ᠭᠤᠤ᠎ᠠ ᠰᠠᠢᠬᠠᠨ᠎ᠢ ᠢᠯᠡᠷᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠦᠶ᠋ᠯᠡᠳᠦᠯᠭᠡ᠎ᠶ᠋ᠢᠨ ᠠᠷᠭ᠎ᠠ ᠵᠠᠮ᠎ᠢ ᠰᠦᠪᠡᠭ᠌ᠴᠢᠯᠡᠵᠦ᠍᠂ ᠪᠠᠷᠠᠭᠤᠨ ᠯᠢᠶᠣᠤᠾᠧ ᠭᠤᠤᠯ᠎ᠤᠨ ᠪᠣᠯᠪᠠᠰᠤᠨ᠎ᠤ ᠪᠦᠲᠦᠭᠡᠯᠴᠢ ᠴᠢᠨᠠᠷᠲᠠᠶ ᠤᠨᠳᠤᠤᠰᠢᠭᠤᠯᠤᠯᠳᠠ᠂ ᠱᠢᠨ᠎ᠡ᠎ᠶ᠋ᠢ ᠡᠭᠦᠳᠬᠦ᠌ ᠴᠢᠨᠠᠷᠲᠠᠶ ᠬᠥᠭ᠌ᠵᠢᠯᠲᠡ᠎ᠶ᠋ᠢ ᠠᠬᠢᠭᠤᠯᠬᠤ᠎ᠪᠡᠷ ᠵᠤᠷᠢᠯᠭ᠎ᠠ ᠪᠤᠯᠭᠠᠬᠰᠠᠨ ᠶᠤᠮ᠃ ᠰᠣᠨᠢᠨ ᠮᠡᠳᠡᠭᠡ ᠨᠡᠢᠲᠡᠯᠡᠬᠦ᠌ ᠬᠤᠷᠠᠯ ᠳᠡᠭᠡᠷ᠎ᠡ᠂ ᠱᠢᠷᠢᠰ ᠸᠢᠳᠢᠣ᠋᠂ ᠪᠦᠲᠦᠭᠡᠯᠴᠢ ᠴᠢᠨᠠᠷᠲᠠᠶ ᠵᠡᠷ ᠮᠡᠳᠡᠭᠡ᠂ ᠬᠦᠨᠴᠡ ᠮᠡᠳᠡᠭᠡᠯᠡᠯ᠎ᠤᠨ ᠣᠨᠴᠠ ᠬᠡᠪᠯᠡᠯ᠂ ᠭᠠᠷ᠎ᠢᠶᠠᠷ ᠵᠢᠷᠤᠭ᠍ᠰᠠᠨ ᠣᠷᠳᠣ ᠵᠢᠷᠤᠭ ᠵᠡᠷᠭᠡ ᠠᠵᠢᠯᠯᠠᠭ᠎ᠠ᠎ᠶ᠋ᠢᠨ ᠦᠷ᠎ᠡ ᠪᠦᠲᠦᠭᠡᠯ᠎ᠢ ᠬᠣᠢᠨ᠎ᠠ ᠬᠣᠢᠨ᠎ᠠ᠎ᠡᠴᠡ ᠨᠢ ᠨᠡᠢᠳᠡᠯᠡᠵᠠᠢ᠃ ᠡᠭᠦᠨ᠎ᠳᠦ ᠭᠤᠤᠯᠯᠠᠬᠤ ᠪᠦᠲᠦᠭᠡᠭ᠌ᠳᠡᠬᠦᠨ ᠪᠣᠯᠬᠤ 6 ᠬᠦᠨᠴᠡ ᠮᠡᠳᠡᠭᠡᠯᠡᠯ᠎ᠤᠨ ᠣᠨᠴᠠ ᠬᠡᠪᠯᠡᠯ ᠨᠢ ᠪᠠᠷᠤᠭ 2.6 ᠲᠦᠮᠡᠨ ᠥᠰᠥᠭ᠂ 18 ᠪᠦᠯᠦᠭ᠎ᠢᠶᠡᠷ ᠪᠦᠷᠢᠯᠳᠦᠪᠡ᠃

ᠳᠤᠮᠳᠠᠳᠤ᠎ᠶ᠋ᠢᠨ ᠪᠣᠯᠪᠠᠰᠤᠨ᠎ᠤ ᠡᠬᠢ ᠰᠤᠷᠪᠤᠯᠵᠢ᠎ᠶ᠋ᠢ ᠬᠠᠢᠨ ᠱᠢᠨᠵᠢᠯᠡᠬᠦ᠌ ᠢᠨᠵᠧᠨᠧᠷᠢᠩ᠎ᠦᠨ ᠰᠤᠳᠤᠯᠭᠠᠨ᠎ᠤ ᠦᠷ᠎ᠡ ᠪᠦᠲᠦᠭᠡᠯ᠎ᠢ ᠥᠨᠲᠥᠰᠥᠯᠡᠪᠡᠯ᠂ ᠣᠲᠣ ᠡᠴᠡ 5800 ᠵᠢᠯ᠎ᠦᠨ ᠤᠷᠢᠳ ᠬᠤᠵᠢᠳ᠎ᠢᠶᠡᠷ ᠬᠠᠲᠤᠨ ᠭᠤᠤᠯ᠂ ᠬᠥᠬᠡᠮᠥ᠋ᠷᠡᠨ᠎ᠦ ᠳᠤᠮᠳᠠ ᠳᠤᠤᠷᠠᠳᠤ ᠤᠷᠤᠰᠭᠠᠯ ᠵᠢᠴᠢ ᠪᠠᠷᠠᠭᠤᠨ ᠯᠢᠶᠣᠤᠾᠧ ᠭᠤᠤᠯ ᠵᠡᠷᠭᠡ ᠣᠷᠣᠨ ᠪᠦᠰᠡ᠎ᠳᠦ ᠪᠣᠯᠪᠠᠰᠤᠨ᠎ᠤ ᠡᠭᠦᠰᠦᠯ᠎ᠦᠨ ᠤᠯᠠ ᠮᠦᠷ ᠢᠯᠡᠷᠡᠵᠡᠢ ᠭᠡᠵᠦ ᠦᠵᠡᠪᠡ᠃ ᠪᠠᠷᠠᠭᠤᠨ ᠯᠢᠶᠣᠤᠾᠧ ᠭᠣᠣᠯ᠎ᠤᠨ ᠰᠠᠪᠠ ᠭᠠᠵᠠᠷ ᠨᠢ ᠳᠤᠮᠳᠠᠳᠤ᠎ᠶ᠋ᠢᠨ ᠪᠣᠯᠪᠠᠰᠤᠨ᠎ᠤ ᠡᠬᠢ ᠰᠤᠷᠪᠤᠯᠵᠢ᠎ᠶ᠋ᠢᠨ ᠨᠢᠭᠡ ᠪᠡᠷ ᠨᠤᠲᠠᠯᠠᠭ᠍ᠳᠠᠬᠰᠠᠨ ᠶᠤᠮ᠃ ᠲᠠᠯᠢᠢᠬᠴᠢ ᠳᠤᠮᠳᠠᠳᠤ ᠤᠯᠤᠰ᠎ᠤᠨ ᠠᠯᠳᠠᠷᠲᠤ ᠬᠠᠭᠤᠴᠢ ᠰᠤᠳᠤᠯᠤᠭ᠍ᠴᠢ ᠰᠤ᠌ ᠪᠢᠩ ᠴᠢ ᠠᠪᠤᠭᠠᠢ᠎ᠲᠡᠬᠦᠨ᠎ᠢ 《ᠪᠣᠯᠪᠠᠰᠤᠨ ᠤ᠋ ᠨᠠᠷᠠᠠ ᠮᠠᠨᠳᠤᠬᠰᠠᠨ ᠭᠠᠵᠠᠷ》 ᠬᠡᠮᠡᠨ ᠦᠨᠡᠯᠡᠪᠡ᠃ ᠪᠠᠷᠠᠭᠤᠨ ᠯᠢᠶᠣᠤᠾᠧ ᠭᠣᠣᠯ᠎ᠤᠨ ᠪᠣᠯᠪᠠᠰᠤᠨ᠎ᠤ ᠰᠤᠳᠤᠯᠭᠠᠨ᠎ᠤ ᠲᠤᠰᠭᠠᠢ ᠮᠡᠷᠭᠡᠵᠢᠯᠲᠡᠨ᠎ᠦ ᠠᠵᠢᠯᠯᠠᠬᠤ ᠥᠷᠲᠡᠭᠡ ᠵᠢᠨ ᠲᠡᠷᠢᠭᠦᠨ ᠲᠤᠰᠭᠠᠢ ᠮᠡᠷᠭᠡᠵᠢᠯᠲᠡᠨ᠂ ᠥᠪᠥᠷ ᠮᠣᠩᠭᠣᠯ᠎ᠤᠨ ᠦᠨᠳᠦᠰᠦᠲᠡᠨ᠎ᠦ ᠶᠡᠬᠡ ᠰᠤᠷᠭᠠᠭᠤᠯᠢ᠎ᠶ᠋ᠢᠨ ᠫᠷᠤᠹᠸᠰᠰᠤᠷ ᠵᠠᠩ ᠲᠢᠶ᠍ᠸ ᠨᠠᠨ᠄《ᠪᠠᠷᠠᠭᠤᠨ ᠯᠢᠶᠣᠤᠾᠧ ᠭᠣᠣᠯ᠎ᠤᠨ ᠪᠣᠯᠪᠠᠰᠤᠨ᠎ᠤ ᠰᠤᠳᠤᠯᠭᠠᠨ ᠪᠣᠯ ᠳᠤᠮᠳᠠᠳᠤ᠎ᠶ᠋ᠢᠨ ᠪᠣᠯᠪᠠᠰᠤᠨ᠎ᠤ ᠡᠬᠢ ᠰᠤᠷᠪᠤᠯᠵᠢ᠎ᠶ᠋ᠢ ᠬᠠᠢᠨ ᠰᠤᠳᠤᠯᠬᠤ ᠢᠨᠵᠧᠨᠧᠷᠢᠩ᠎ᠦᠨ ᠴᠢᠬᠤᠯᠠ ᠪᠦᠷᠢᠯᠳᠦᠬᠦᠨ ᠬᠡᠰᠡᠭ ᠮᠥᠨ᠃ ᠲᠤᠰ ᠤᠳᠠᠭ᠎ᠠ᠎ᠶ᠋ᠢᠨ ᠠᠵᠢᠯᠯᠠᠭ᠎ᠠ ᠨᠢ ᠴᠢᠪ ᠬᠡᠮᠡᠨ ᠴᠠᠭ ᠳᠠᠭᠠᠨ ᠲᠤᠬᠢᠷᠠᠵᠤ᠂ ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠤᠮᠠᠷᠠᠲᠤ ᠬᠢᠯᠢ᠎ᠶ᠋ᠢᠨ ᠰᠣᠶᠣᠯ᠎ᠤᠨ ᠲᠦᠷᠦᠯ ᠲᠡᠮᠳᠡᠭ᠎ᠢ ᠡᠭᠦᠳᠬᠦ᠌ ᠠᠮᠢᠳᠤᠯᠢᠭ ᠦᠢᠯᠡᠳᠦᠯᠭᠡ ᠪᠣᠯᠵᠠᠢ》 ᠭᠡᠪᠡ᠃

ᠲᠣᠰ ᠤᠳᠠᠭᠠᠨ᠎ᠤ ᠠᠵᠢᠯᠯᠠᠭ᠎ᠠ᠎ᠶ᠋ᠢᠨ ᠦᠷ᠎ᠡ ᠪᠦᠲᠦᠭᠡᠯ᠎ᠢ 10 ᠰᠠᠷ᠎ᠠ᠎ᠶ᠋ᠢᠨ 28᠎ᠤ᠋ ᠡᠳᠦᠷ ᠡᠴᠡ ᠡᠬᠢᠯᠡᠨ ᠡᠯ᠎ᠡ ᠱᠠᠲᠤᠨ᠎ᠤ ᠵᠠᠭᠤᠴᠢᠯᠠᠭᠤᠷ᠎ᠤᠨ ᠲᠠᠪᠴᠠᠩ᠎ᠳᠤ ᠵᠠᠯᠭᠠᠭ᠎ᠠ ᠪᠠᠷ ᠨᠡᠢᠳᠡᠯᠡᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号