ᠣᠢᠷ᠎ᠠ ᠳᠤ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ
ᠶᠠᠪᠤᠳᠠᠯ ᠤᠨ ᠲᠢᠩᠬᠢᠮ ᠤᠯᠤᠰ ᠤᠨ ᠪᠠᠶᠠᠷ ᠤᠨ ᠠᠮᠠᠷᠠᠯᠳᠠ ᠵᠢᠨ ᠬᠤᠭᠤᠴᠠᠭᠠᠨ᠎ᠳᠠᠬᠢ ᠠᠮᠢᠳᠤᠷᠠᠯ᠎ᠤᠨ ᠴᠢᠬᠤᠯᠠ
ᠬᠡᠷᠡᠭᠯᠡᠭᠡᠨ᠎ᠦ ᠵᠦᠢᠯᠡᠰ᠎ᠦᠨ ᠬᠠᠩᠭᠠᠯᠭ᠎ᠠ᠎ᠶᠢ ᠪᠠᠲᠤᠯᠠᠬᠤ ᠠᠵᠢᠯ᠎ᠢ ᠲᠤᠰᠬᠠᠢᠯᠠᠨ ᠪᠠᠢᠷᠢᠯᠠᠭᠤᠯᠵᠤ᠂ ᠡᠯ᠎ᠡ
ᠠᠢᠮᠠᠭ ᠬᠣᠲᠠ᠎ᠶᠢᠨ ᠬᠤᠳᠠᠯᠳᠤᠭᠠᠨ᠎ᠤ ᠶᠠᠪᠤᠳᠠᠯ᠎ᠤᠨ ᠰᠠᠯᠠᠭ᠎ᠠ ᠮᠥᠴᠢᠷ᠎ᠢ ᠵᠢᠯᠣᠭᠣᠳᠤᠨ ᠵᠠᠬ᠎ᠠ ᠳᠡᠯᠭᠡᠭᠦᠷ᠎ᠦᠨ
ᠠᠵᠢᠯᠯᠠᠭ᠎ᠠ ᠵᠢ ᠬᠢᠨᠠᠨ ᠬᠡᠮᠵᠢᠬᠦ ᠠᠵᠢᠯ᠎ᠢ ᠬᠦᠴᠦᠯᠡᠨ ᠰᠠᠢᠲᠤᠷ ᠬᠢᠵᠦ᠂ ᠬᠤᠳᠠᠯᠳᠤᠭᠠᠨ᠎ᠤ ᠬᠥᠮᠥᠷᠭᠡ᠎ᠶᠢᠨ
ᠬᠠᠳᠠᠭᠠᠯᠠᠯᠲᠠ᠎ᠶᠢ ᠵᠣᠬᠢᠰᠲᠠᠢ ᠥᠷᠭᠡᠳᠬᠡᠵᠦ᠂ ᠠᠮᠢᠳᠤᠷᠠᠯ᠎ᠤᠨ ᠴᠢᠬᠤᠯᠠ ᠬᠡᠷᠡᠭᠯᠡᠭᠡᠨ᠎ᠦ ᠵᠦᠢᠯᠡᠰ᠎ᠦᠨ ᠬᠠᠩᠭᠠᠯᠭ᠎ᠠ
ᠭᠦᠢᠴᠡᠳ᠂ ᠬᠤᠳᠠᠯᠳᠤᠨ ᠠᠪᠬᠤ ᠪᠠ ᠪᠣᠷᠣᠯᠠᠭᠤᠯᠬᠤ᠎ᠶᠢ ᠰᠠᠭᠠᠳ ᠦᠭᠡᠢ ᠨᠡᠪᠲᠡᠷᠡᠭᠦᠯᠬᠦ᠎ᠶᠢ ᠦᠨᠡᠨ ᠬᠦ᠌ ᠪᠠᠲᠤᠯᠠᠵᠤ
ᠪᠠᠢᠨ᠎ᠠ᠃
ᠬᠣᠯᠪᠣᠭᠳᠠᠯ ᠪᠦᠬᠦᠢ ᠰᠠᠯᠠᠭ᠎ᠠ ᠮᠥᠴᠢᠷ ᠭᠠᠷᠠᠭ ᠪᠦᠷᠢ
11 ᠶᠡᠬᠡ ᠲᠥᠷᠥᠯ᠎ᠦᠨ ᠠᠮᠢᠳᠤᠷᠠᠯ᠎ᠤᠨ ᠴᠢᠬᠤᠯᠠ ᠬᠡᠷᠡᠭᠯᠡᠭᠡᠨ᠎ᠦ
ᠵᠦᠢᠯᠡᠰ᠎ᠦᠨ ᠦᠨ᠎ᠡ ᠬᠠᠩᠰᠢ᠎ᠶᠢᠨ ᠬᠡᠯᠪᠡᠯᠵᠡᠯ᠎ᠢ ᠬᠢᠨᠠᠨ ᠬᠡᠮᠵᠢᠵᠦ᠂ ᠬᠢᠨᠠᠨ ᠬᠡᠮᠵᠢᠬᠦ ᠥᠯᠢᠭᠡᠷ ᠡᠳ᠋᠎ᠦᠨ
ᠠᠵᠤ ᠠᠬᠤᠢᠯᠠᠯ᠎ᠢ ᠲᠠᠰᠤᠷᠠᠯᠲᠠ ᠦᠭᠡᠢ ᠰᠢᠯᠢᠳᠡᠭᠵᠢᠭᠦᠯᠦᠨ ᠲᠣᠬᠢᠷᠠᠭᠤᠯᠪᠠ᠃ ᠣᠳᠣᠬᠠᠨ᠎ᠳᠤ ᠪᠥᠬᠥ ᠣᠷᠣᠨ᠎ᠤ ᠠᠮᠢᠳᠤᠷᠠᠯ᠎ᠤᠨ
ᠴᠢᠬᠤᠯᠠ ᠬᠡᠷᠡᠭᠯᠡᠭᠡᠨ᠎ᠦ ᠵᠦᠢᠯᠡᠰ᠎ᠦᠨ ᠬᠢᠨᠠᠨ ᠬᠡᠮᠵᠢᠬᠦ ᠥᠯᠢᠭᠡᠷ ᠡᠳ᠋᠎ᠦᠨ ᠠᠵᠤ ᠠᠬᠤᠢᠯᠠᠯ 235 ᠪᠠᠢᠨ᠎ᠠ᠃
ᠠᠵᠤ ᠠᠬᠤᠢᠯᠠᠯ᠎ᠤᠨ ᠳᠠᠭᠠᠭᠠᠨ ᠬᠠᠳᠠᠭᠠᠯᠠᠬᠤ ᠴᠢᠳᠠᠪᠤᠷᠢ᠂
ᠢᠲᠡᠭᠡᠮᠵᠢ᠎ᠶᠢᠨ ᠢᠲᠡᠭᠡᠯ ᠬᠦᠨᠳᠦ ᠵᠡᠷᠭᠡ ᠬᠦᠴᠦᠨ ᠵᠦᠢᠯ᠎ᠢ ᠶᠡᠷᠦᠩᠬᠡᠢᠯᠡᠨ ᠪᠣᠳᠣᠯᠬᠢᠯᠠᠵᠤ᠂ ᠥᠪᠡᠷᠲᠡᠭᠡᠨ
ᠵᠠᠰᠠᠬᠤ ᠣᠷᠣᠨ᠎ᠤ ᠱᠠᠲᠤᠨ᠎ᠤ 4000 ᠲᠣᠨ ᠮᠢᠬ᠎ᠠ ᠨᠥᠭᠡᠴᠡᠯᠡᠬᠦ ᠡᠭᠦᠷᠭᠡ᠎ᠶᠢᠨ ᠲᠥᠯᠥᠪᠯᠡᠭᠡ᠎ᠶᠢ
ᠪᠡᠶᠡᠯᠡᠭᠦᠯᠦᠨ᠎ᠡ᠂ ᠡᠭᠦᠨ᠎ᠳᠦ ᠬᠥᠯᠳᠡᠭᠦᠦ ᠬᠣᠨᠢᠨ ᠮᠢᠬ᠎ᠠ 1000 ᠲᠣᠨ᠂ ᠬᠥᠯᠳᠡᠭᠦᠦ ᠭᠠᠬᠠᠢ᠎ᠶᠢᠨ ᠮᠢᠬ᠎ᠠ 1650 ᠲᠣᠨ᠂ ᠠᠮᠢᠳᠤ ᠭᠠᠬᠠᠢ 1350 ᠲᠣᠨ ᠪᠠᠢᠵᠤ᠂ ᠣᠳᠣᠬᠠᠨ᠎ᠳᠤ ᠨᠢᠭᠡᠨᠲᠡ ᠪᠦᠬᠦᠨ᠎ᠢ ᠨᠥᠭᠡᠴᠡᠯᠡᠵᠦ᠂
ᠵᠠᠬ᠎ᠠ ᠳᠡᠯᠭᠡᠭᠦᠷ᠎ᠦᠨ ᠪᠠᠢᠳᠠᠯ᠎ᠢ ᠦᠨᠳᠦᠰᠦᠯᠡᠨ ᠴᠠᠭ ᠲᠤᠬᠠᠢ ᠳ᠋ᠤᠨᠢ ᠵᠠᠬ᠎ᠠ ᠳᠡᠯᠭᠡᠭᠦᠷ᠎ᠲᠦ ᠭᠠᠷᠭᠠᠨ᠎ᠠ᠃
ᠠᠮᠢᠳᠤᠷᠠᠯ᠎ᠤᠨ ᠴᠢᠬᠤᠯᠠ ᠬᠡᠷᠡᠭᠯᠡᠭᠡᠨ᠎ᠦ ᠵᠦᠢᠯᠡᠰ᠎ᠦᠨ
ᠬᠢᠨᠠᠨ ᠬᠡᠮᠵᠢᠬᠦ ᠰᠢᠰᠲᠧᠮ ᠪᠠ ᠪᠠᠴᠢᠮ ᠪᠠᠢᠳᠠᠯ᠎ᠢ ᠠᠷᠭᠠᠴᠠᠭᠠᠬᠤ ᠣᠷᠣᠭᠤᠯᠤᠯᠲᠠ᠎ᠶᠢᠨ ᠲᠣᠣᠷ ᠴᠡᠭ᠎ᠤᠨ ᠪᠠᠢᠭᠤᠯᠤᠯᠲᠠ᠎ᠶᠢ
ᠦᠷᠭᠦᠯᠵᠢᠯᠡᠨ ᠲᠡᠭᠦᠯᠳᠡᠷᠵᠢᠭᠦᠯᠵᠦ᠂ ᠠᠵᠤ ᠠᠬᠤᠢᠯᠠᠯ᠎ᠤᠨ ᠡᠵᠡᠩᠨᠡᠯᠲᠡ᠎ᠶᠢᠨ ᠪᠠᠢᠳᠠᠯ᠂ ᠲᠤᠬᠠᠢᠯᠠᠭᠰᠠᠨ ᠠᠵᠢᠯ᠎ᠤᠨ
ᠨᠥᠯᠥᠭᠡᠯᠡᠬᠦ ᠬᠡᠪᠴᠢᠶ᠎ᠡ ᠵᠡᠷᠭᠡ ᠬᠦᠴᠦᠨ ᠵᠦᠢᠯ᠎ᠢ ᠶᠡᠷᠦᠩᠬᠡᠢᠯᠡᠨ ᠪᠣᠳᠣᠯᠬᠢᠯᠠᠵᠤ᠂ ᠬᠤᠳᠠᠯᠳᠤᠭᠠᠨ᠎ᠤ ᠶᠠᠪᠤᠳᠠᠯ᠎ᠤᠨ
ᠶᠠᠮᠤᠨ᠎ᠳᠤ ᠮᠧᠩ ᠨᠢᠦ᠂ ᠢᠯᠢ ᠵᠡᠷᠭᠡ 50
ᠠᠵᠤ ᠠᠬᠤᠢᠯᠠᠯ᠎ᠢ ᠤᠯᠤᠰ᠎ᠤᠨ
ᠲᠠᠰ᠎ᠤᠨ ᠠᠮᠢᠳᠤᠷᠠᠯ᠎ᠤᠨ ᠴᠢᠬᠤᠯᠠ ᠬᠡᠷᠡᠭᠯᠡᠭᠡᠨ᠎ᠦ ᠵᠦᠢᠯᠡᠰ᠎ᠦᠨ ᠬᠠᠩᠭᠠᠯᠭ᠎ᠠ᠎ᠶᠢ ᠪᠠᠲᠤᠯᠠᠬᠤ ᠠᠵᠤ ᠠᠬᠤᠢᠯᠠᠯ᠎ᠢᠶᠠᠷ
ᠲᠠᠨᠢᠯᠴᠠᠭᠤᠯᠪᠠ᠃ ᠣᠳᠣᠬᠠᠨ ᠪᠣᠯᠲᠠᠯ᠎ᠠ᠂ ᠪᠥᠬᠥ ᠣᠷᠣᠨ᠎ᠤ ᠬᠡᠪᠴᠢᠶᠡᠨ᠎ᠳᠤ ᠥᠪᠡᠷᠲᠡᠭᠡᠨ ᠵᠠᠰᠠᠬᠤ ᠣᠷᠣᠨ᠂ ᠠᠢᠮᠠᠭ
ᠬᠣᠲᠠ ᠬᠣᠶᠠᠷ ᠱᠠᠲᠤᠨ᠎ᠤ ᠬᠠᠩᠭᠠᠯᠭ᠎ᠠ᠎ᠶᠢ ᠪᠠᠲᠤᠯᠠᠬᠤ ᠠᠵᠤ ᠠᠬᠤᠢᠯᠠᠯ 785 ᠪᠠᠢᠵᠤ᠂ ᠭᠣᠣᠯᠳᠠᠭᠤ ᠮᠧᠶ ᠲᠦᠩ ᠵᠠᠬ᠎ᠠ ᠳᠡᠯᠭᠡᠭᠦᠷ᠂
ᠶᠦᠩ ᠱᠧᠩ ᠴᠧᠩ ᠬᠡᠲᠦ ᠳᠡᠯᠭᠡᠭᠦᠷ ᠵᠡᠷᠭᠡ ᠲᠠᠷᠢᠶᠠᠯᠠᠩ᠎ᠤᠨ ᠪᠥᠭᠡᠮ᠎ᠢᠶᠡᠷ ᠬᠤᠳᠠᠯᠳᠤᠬᠤ ᠲᠠᠷᠢᠶᠠᠯᠠᠩ᠎ᠤᠨ ᠠᠷᠠᠯᠵᠢᠶᠠᠨ᠎ᠤ
ᠵᠠᠬ᠎ᠠ ᠳᠡᠯᠭᠡᠭᠦᠷ ᠪᠠ ᠬᠡᠯᠬᠢᠶ᠎ᠡ ᠬᠡᠲᠦ ᠳᠡᠯᠭᠡᠭᠦᠷ᠎ᠢᠶᠡᠷ ᠪᠦᠷᠢᠯᠳᠦᠵᠦ᠂ 1355 ᠲᠣᠣᠷ ᠴᠡᠭ ᠲᠠᠯᠪᠢᠵᠤ᠂ ᠵᠠᠬ᠎ᠠ ᠳᠡᠯᠭᠡᠭᠦᠷ᠎ᠦᠨ ᠬᠠᠩᠭᠠᠯᠭ᠎ᠠ᠎ᠶᠢᠨ
ᠴᠢᠨᠠᠷ ᠰᠠᠢᠲᠠᠢ ᠪᠥᠭᠡᠳ ᠥᠨᠳᠥᠷ ᠪᠦᠲᠦᠮᠵᠢᠲᠡᠶ ᠬᠡᠷᠡᠭᠴᠡᠭᠡ᠎ᠶᠢ ᠬᠠᠩᠭᠠᠵᠤ ᠴᠢᠳᠠᠨ᠎ᠠ᠃ ᠠᠮᠢᠳᠤᠷᠠᠯ᠎ᠤᠨ ᠴᠢᠬᠤᠯᠠ
ᠬᠡᠷᠡᠭᠯᠡᠭᠡᠨ᠎ᠦ ᠵᠦᠢᠯᠡᠰ᠎ᠦᠨ ᠪᠠᠷᠠᠭᠠᠨ᠎ᠤ ᠢᠷᠡᠯᠲᠡ᠎ᠶᠢᠨ ᠬᠠᠩᠭᠠᠯᠭ᠎ᠠ᠂ ᠪᠣᠷᠤᠯᠠᠭᠤᠯᠭ᠎ᠠ᠎ᠶᠢᠨ ᠠᠷᠭ᠎ᠠ ᠵᠠᠮ᠎ᠢ
ᠢᠳᠡᠪᠬᠢᠲᠡᠢ ᠲᠣᠭᠲᠠᠪᠤᠷᠢᠵᠢᠭᠤᠯᠵᠤ᠂ ᠲᠣᠮᠣ᠌ ᠬᠡᠯᠪᠡᠷᠢ᠎ᠶᠢᠨ ᠲᠠᠷᠢᠶᠠᠯᠠᠩ᠎ᠤᠨ ᠪᠦᠲᠦᠭᠡᠭᠳᠡᠬᠦᠨ᠎ᠦ ᠭᠦᠢᠯᠭᠡᠭᠡᠨ᠎ᠦ
ᠠᠵᠤ ᠠᠬᠤᠢᠯᠠᠯ ᠬᠢᠭᠡᠳ ᠲᠠᠷᠢᠶᠠᠯᠠᠩ᠎ᠤᠨ ᠪᠦᠲᠦᠭᠡᠭᠳᠡᠬᠦᠨ᠎ᠦ ᠰᠠᠭᠤᠷᠢᠨ᠎ᠤ ᠬᠠᠮᠲᠤᠷᠠᠯᠴᠠᠭᠠᠨ᠎ᠤ ᠬᠠᠷᠢᠴᠠᠭ᠎ᠠ
ᠪᠠᠶ᠋ᠢᠭᠤᠯᠬᠤ᠎ᠶᠢ ᠲᠡᠮᠵᠢᠵᠤ᠂ ᠬᠤᠳᠠᠯᠳᠤᠭ᠎ᠠ ᠠᠷᠠᠯᠵᠢᠶᠠᠨ᠎ᠤ ᠭᠦᠢᠯᠭᠡᠭᠡᠨ᠎ᠦ ᠠᠵᠤ ᠠᠬᠤᠢᠯᠠᠯ᠎ᠤᠨ ᠪᠠᠷᠠᠭᠠᠨ᠎ᠤ
ᠢᠷᠡᠯᠲᠡ᠎ᠶᠢᠨ ᠠᠷᠭ᠎ᠠ ᠵᠠᠮ᠎ᠢᠶᠠᠨ ᠥᠷᠭᠡᠳᠬᠡᠬᠦ᠎ᠶᠢ ᠵᠢᠯᠤᠭᠣᠳᠴᠤ᠂ ᠦᠢᠯᠡᠳᠪᠦᠷᠢᠯᠡᠯ ᠪᠣᠷᠤᠯᠠᠭᠤᠯᠭ᠎ᠠ ᠶᠢ
ᠵᠣᠯᠭᠠᠭᠤᠯᠬᠤ ᠶᠢ ᠴᠢᠩᠭᠠᠳᠬᠠᠵᠤ᠂ ᠵᠠᠬ᠎ᠠ ᠳᠡᠯᠭᠡᠭᠦᠷ᠎ᠦᠨ ᠣᠷᠴᠢᠯ᠎ᠤᠨ ᠰᠠᠭᠠᠳ ᠦᠭᠡᠢ ᠨᠡᠪᠲᠡᠷᠡᠬᠦ᠎ᠶᠢ ᠪᠠᠲᠤᠯᠠᠨ᠎ᠠ᠃
ᠢᠷᠡᠯᠳᠡ᠄ ᠦᠪᠤᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ
ᠰᠦᠯᠵᠢᠶ᠎ᠡ