ᠮᠠᠨ ᠤ᠋ ᠣᠷᠣᠨ ᠤᠰᠤ ᠲᠠᠲᠠᠵᠤ ᠬᠡᠷᠡᠭ᠌ᠯᠡᠬᠦ᠌ ᠬᠦᠷᠢᠶᠠᠨ ᠳ᠋ᠡᠬᠢ ᠢᠲᠡᠭᠡᠮᠵᠢ ᠢ᠋ᠢᠨ ᠱᠢᠰᠲ᠋ᠧᠮ ᠤ᠋ᠨ ᠪᠠᠢᠭᠤᠯᠤᠯᠲᠠ ᠢ᠋ᠢ ᠲᠦᠷᠭᠡᠳᠭᠡᠨ ᠠᠬᠢᠭᠤᠯᠵᠤ᠂ ᠤᠰᠤ ᠲᠡᠲᠡᠵᠤ ᠬᠡᠷᠡᠭ᠌ᠯᠡᠬᠦ᠌ ᠢᠲᠡᠭᠡᠮᠵᠢ ᠢ᠋ᠢᠨ ᠬᠢᠨᠠᠯᠲᠠ ᠬᠠᠮᠢᠶᠠᠷᠤᠯᠲᠠ ᠢ᠋ᠢ ᠴᠢᠨᠠᠭᠰᠢᠳᠠ ᠴᠢᠩᠭᠠᠳᠬᠠᠬᠤ ᠪᠡᠷ ᠣᠢᠷ᠎ᠠ ᠳ᠋ᠤ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠤᠰᠤ ᠲᠠᠲᠠᠵᠤ ᠬᠡᠷᠡᠭ᠌ᠯᠡᠬᠦ᠌ ᠬᠦᠷᠢᠶᠡᠨ ᠳ᠋ᠡᠬᠢ ᠢᠲᠡᠭᠡᠮᠵᠢ ᠢ᠋ᠢᠨ ᠦᠨᠡᠯᠡᠯᠲᠡ ᠢ᠋ᠢᠨ ᠠᠵᠢᠯ ᠤ᠋ᠨ ᠲᠥᠰᠦᠯ》 ᠢ᠋ ᠳᠠᠷᠤᠮᠠᠯᠯᠠᠨ ᠲᠠᠷᠬᠠᠭᠠᠪᠠ᠃
《ᠲᠥᠰᠦᠯ》 ᠳ᠋ᠤ ᠤᠰᠤ ᠲᠠᠲᠠᠵᠤ ᠬᠡᠷᠡᠭ᠌ᠯᠡᠬᠦ᠌ ᠬᠦᠷᠢᠶᠠᠨ ᠳ᠋ᠡᠬᠢ ᠢᠲᠡᠭᠡᠮᠵᠢ ᠢ᠋ᠢᠨ ᠬᠢᠨᠠᠯᠲᠠ ᠬᠠᠮᠢᠶᠠᠷᠤᠯᠲᠠ ᠢ᠋ᠢ ᠴᠢᠩᠭᠠᠳᠭᠠᠬᠤ ᠲᠣᠭᠣᠷᠢᠨ ᠳ᠋ᠤ ᠵᠣᠬᠢᠶᠠᠨ ᠪᠠᠢᠭᠤᠯᠤᠯᠲᠠ ᠢ᠋ᠢᠨ ᠠᠵᠢᠯ ᠤ᠋ᠨ ᠬᠤᠪᠢᠶᠠᠷᠢᠯᠠᠯ᠂ ᠦᠨᠡᠯᠡᠬᠦ᠌ ᠲᠦᠷᠢᠮ ᠲᠣᠭ᠍ᠲᠠᠭᠠᠯ ᠪᠤᠯᠤᠨ ᠪᠡᠶᠡᠯᠡᠭᠦᠯᠬᠦ᠌ ᠴᠠᠭ ᠤ᠋ᠨ ᠬᠢᠵᠠᠭᠠᠷ ᠵᠡᠷᠭᠡ ᠭᠤᠤᠯ ᠠᠭᠤᠯᠭ᠎ᠠ ᠢ᠋ᠢ ᠲᠣᠳᠣᠷᠬᠠᠢᠯᠠᠬᠤ ᠵᠢᠨ ᠬᠠᠮᠳᠤ ᠪᠦᠬᠦ ᠣᠷᠣᠨ ᠤ᠋ ᠤᠰᠤ ᠲᠠᠲᠠᠵᠤ ᠬᠡᠷᠡᠭ᠌ᠯᠡᠬᠦ᠌ ᠬᠦᠷᠢᠶᠠᠨ ᠳ᠋ᠡᠬᠢ ᠢᠲᠡᠭᠡᠮᠵᠢ ᠶ᠋ᠢᠨ ᠦᠨᠡᠯᠡᠯᠳᠠ ᠵᠢᠨ ᠠᠵᠢᠯ ᠢ᠋ ᠥᠪᠡᠷᠲᠡᠭᠡᠨ ᠵᠠᠰᠠᠬᠤ ᠣᠷᠣᠨ ᠤ᠋ ᠤᠰᠤᠨ ᠠᠱᠢᠭ᠍ᠯᠠᠯᠲᠠ ᠢ᠋ᠢᠨ ᠲᠢᠩᠬᠢᠮ ᠡᠴᠡ ᠨᠢᠭᠡᠳᠦᠯᠲᠡᠢ ᠵᠣᠬᠢᠶᠠᠨ ᠪᠠᠢᠭᠤᠯᠤᠨ ᠥᠷᠨᠢᠭᠦᠯᠵᠦ᠍᠂ ᠠᠢᠮᠠᠭ ᠬᠤᠳᠠ ᠵᠢᠨ ᠤᠰᠤᠨ ᠤ᠋ ᠵᠠᠰᠠᠭ ᠵᠠᠬᠢᠷᠭᠠᠨ ᠤ᠋ ᠭᠣᠣᠯᠯᠠᠨ ᠬᠠᠮᠢᠶᠠᠷᠬᠤ ᠰᠠᠯᠠᠭ᠎ᠠ ᠮᠥᠴᠢᠷ ᠡᠴᠡ ᠬᠠᠷᠢᠶ᠎ᠠ ᠣᠷᠣᠨ ᠤ᠋ ᠪᠠᠨ ᠢᠲᠡᠭᠡᠮᠵᠢ ᠶ᠋ᠢᠨ ᠦᠨᠡᠯᠡᠯᠳᠠ ᠵᠢᠨ ᠠᠡᠭᠬᠠᠨ ᠤ᠋ ᠠᠵᠢᠯ ᠢ᠋ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ᠋ ᠤᠰᠤᠨ ᠠᠱᠢᠭ᠍ᠯᠠᠯᠲᠠ ᠢ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠱᠢᠨ᠎ᠡ ᠶ᠋ᠢ ᠡᠭᠦᠳᠬᠦ᠌ ᠲᠥᠪ ᠡᠴᠡ ᠥᠪᠡᠷᠲᠡᠭᠡᠨ ᠵᠠᠰᠠᠬᠤ ᠣᠷᠣᠨ ᠤ᠋ ᠲᠤᠰ ᠱᠠᠲᠤᠨ ᠤ᠋ ᠢᠲᠡᠭᠡᠮᠵᠢ ᠶ᠋ᠢᠨ ᠦᠨᠡᠯᠡᠯᠳᠡ ᠵᠢᠨ ᠪᠣᠳᠠᠲᠠᠢ ᠠᠵᠢᠯ ᠢ᠋ ᠬᠠᠷᠢᠭᠤᠴᠠᠬᠤ ᠢ᠋ᠢᠨ ᠬᠠᠮᠲᠤ ᠡᠯ᠎ᠡ ᠠᠢᠮᠠᠭ ᠬᠤᠳᠠ ᠵᠢ ᠵᠢᠯᠣᠭᠣᠳᠤᠨ ᠤᠰᠤ ᠲᠠᠲᠠᠵᠤ ᠬᠡᠷᠡᠭ᠌ᠯᠡᠬᠦ᠌ ᠬᠦᠷᠢᠶᠡᠨ ᠳ᠋ᠡᠬᠢ ᠢᠲᠡᠭᠡᠮᠵᠢ ᠶ᠋ᠢᠨ ᠦᠨᠡᠯᠡᠯᠳᠡ ᠵᠢᠨ ᠬᠠᠮᠢᠶ᠎ᠠ ᠪᠦᠬᠦᠢ ᠠᠵᠢᠯ ᠢ᠋ ᠥᠷᠨᠢᠭᠦᠯᠦᠨ᠎ᠡ ᠃ ᠥᠪᠡᠷᠲᠡᠭᠡᠨ ᠵᠠᠰᠠᠬᠤ ᠣᠷᠣᠨ ᠤ᠋ ᠬᠥᠭ᠌ᠵᠢᠭᠦᠯᠦᠯᠲᠡ ᠪᠠ ᠥᠭᠡᠷᠡᠴᠢᠯᠡᠯᠲᠡ ᠢ᠋ᠢᠨ ᠵᠥᠪᠯᠡᠯ ᠡᠴᠡ ᠬᠣᠯᠪᠣᠭ᠍ᠳᠠᠯ ᠪᠥᠬᠥᠶ ᠲᠣᠭ᠍ᠲᠠᠭᠠᠯ ᠶᠣᠰᠣᠭᠠᠷ 《ᠤᠰᠤ ᠲᠡᠲᠡᠵᠤ ᠬᠡᠷᠡᠭ᠌ᠯᠡᠬᠦ ᠲᠠᠯ᠎ᠠ ᠪᠡᠷ ᠬᠦᠨᠳᠦ ᠨᠣᠴᠢᠲᠠᠶ ᠢᠲᠡᠭᠡᠮᠵᠢ ᠠᠯᠳᠠᠭ᠍ᠰᠠᠨ ᠭᠤᠤᠯ ᠴᠣᠭ᠍ᠴᠠ ᠢ᠋ᠢᠨ ᠨᠡᠷᠡᠰ》 ᠢ᠋ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠣᠯᠠᠨ ᠨᠡᠢᠲᠡ ᠢ᠋ᠢᠨ ᠢᠲᠡᠭᠡᠮᠵᠢ ᠢ᠋ᠢᠨ ᠮᠡᠳᠡᠭᠡ ᠵᠠᠩᠭᠢ ᠢ᠋ᠢᠨ ᠨᠡᠷᠡᠰ》᠂ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠢᠲᠡᠭᠡᠮᠵᠢ ᠠᠯᠳᠠᠭ᠍ᠰᠠᠳ ᠢ᠋ ᠵᠠᠯᠬᠠᠭᠠᠨ ᠴᠡᠭᠡᠷᠯᠡᠭᠦᠯᠬᠦ᠌ ᠠᠷᠭ᠎ᠠ ᠬᠡᠮᠵᠢᠶ᠎ᠡ ᠢ᠋ᠢᠨ ᠨᠠᠷᠢᠨ ᠬᠠᠭᠤᠳᠠᠰᠤ》ᠳ᠋ᠤ ᠣᠷᠣᠭᠤᠯᠵᠤ᠂ ᠢᠲᠡᠭᠡᠮᠵᠢ ᠠᠯᠳᠠᠭ᠍ᠰᠠᠳ ᠢ᠋ ᠵᠠᠯᠬᠠᠭᠠᠨ ᠴᠡᠭᠡᠷᠯᠡᠭᠦᠯᠬᠦ᠌ ᠦᠨᠳᠦᠰᠦᠯᠡᠯ ᠪᠣᠯᠭᠠᠨ᠎ᠠ᠃ ᠬᠣᠯᠪᠣᠭ᠍ᠳᠠᠯ ᠪᠥᠬᠥᠶ ᠰᠠᠯᠠᠭ᠎ᠠ ᠮᠥᠴᠢᠷ ᠪᠠ ᠨᠢᠭᠡᠴᠢ ᠤᠰᠤ ᠲᠡᠲᠡᠵᠤ ᠬᠡᠷᠡᠭ᠌ᠯᠡᠬᠦ᠌ ᠡᠷᠦᠬᠡ ᠢ᠋ᠢᠨ ᠤᠰᠤ ᠲᠡᠲᠡᠵᠤ ᠬᠡᠷᠡᠭ᠌ᠯᠡᠬᠦ᠌ ᠬᠦᠷᠢᠶᠡᠨ ᠳ᠋ᠡᠬᠢ ᠢᠲᠡᠭᠡᠮᠵᠢ ᠢ᠋ᠢᠨ ᠦᠨᠡᠯᠡᠯᠲᠡ ᠢ᠋ᠢᠨ ᠵᠡᠷᠭᠡ ᠳᠡᠰ ᠢ᠋ ᠦᠨᠳᠦᠰᠦᠯᠡᠨ ᠢᠲᠡᠭᠡᠮᠵᠢ ᠲᠡᠶ ᠪᠠᠢᠬᠤ ᠢ᠋ᠢ ᠤᠷᠮᠠᠱᠢᠭᠤᠯᠬᠤ ᠪᠠ ᠢᠲᠡᠭᠡᠮᠵᠢ ᠠᠯᠳᠠᠭ᠍ᠰᠠᠳ ᠢ᠋ ᠵᠠᠯᠬᠠᠭᠠᠨ ᠴᠡᠭᠡᠷᠯᠡᠭᠦᠯᠬᠦ᠌ ᠢ᠋ᠢ ᠬᠠᠤᠯᠢ ᠶᠣᠰᠣᠭᠠᠷ ᠬᠡᠷᠡᠭ᠌ᠵᠢᠭᠦᠯᠦᠨᠡ ᠬᠡᠵᠤ ᠲᠤᠳᠤᠷᠬᠠᠢᠯᠠᠵᠠᠢ᠃
ᠤᠰᠤ ᠲᠡᠲᠡᠵᠤ ᠬᠡᠷᠡᠭ᠌ᠯᠡᠬᠦ᠌ ᠬᠦᠷᠢᠶᠠᠨ ᠳ᠋ᠡᠬᠢ ᠢᠲᠡᠭᠡᠮᠵᠢ ᠢ᠋ᠢᠨ ᠦᠨᠡᠯᠡᠯᠲᠡ ᠪᠣᠯ ᠤᠰᠤᠨ ᠤ᠋ ᠡᠬᠢ ᠪᠠᠶᠠᠯᠢᠭ ᠢ᠋ ᠨᠠᠷᠢᠯᠢᠭ ᠪᠤᠳᠤᠵᠤ ᠰᠠᠢᠲᠤᠷ ᠬᠠᠮᠢᠶᠠᠷᠬᠤ ᠴᠢᠬᠤᠯᠠ ᠠᠷᠭ᠎ᠠ ᠬᠡᠮᠵᠢᠶ᠎ᠡ ᠪᠠᠢᠵᠤ᠂ ᠤᠰᠤ ᠲᠡᠲᠡᠵᠤ ᠬᠡᠷᠡᠭ᠌ᠯᠡᠬᠦ᠌ ᠬᠢᠨᠠᠯᠲᠠ ᠬᠠᠮᠢᠶᠠᠷᠤᠯᠲᠠ ᠢ᠋ᠢ ᠴᠢᠩᠭᠠᠳᠭᠠᠬᠤ᠂ ᠤᠰᠤ ᠲᠡᠲᠡᠵᠤ ᠬᠡᠷᠡᠭ᠌ᠯᠡᠬᠦ᠌ ᠡᠮᠬᠢ ᠳᠢᠭ᠌ᠯᠢᠮ ᠢ᠋ ᠵᠢᠷᠤᠮᠵᠢᠭᠤᠯᠬᠤ ᠴᠢᠬᠤᠯᠠ ᠭᠠᠷᠳᠠᠴᠠ ᠪᠣᠯᠤᠨ᠎ᠠ᠃ ᠲᠠᠷᠡ ᠨᠢ ᠤᠰᠤ ᠲᠡᠲᠡᠵᠤ ᠬᠡᠷᠡᠭ᠌ᠯᠡᠬᠦ᠌ ᠡᠷᠦᠬᠡ ᠢ᠋ᠢᠨ ᠬᠠᠤᠯᠢ ᠲᠣᠭ᠍ᠲᠠᠭᠠᠯ ᠶᠣᠰᠣᠭᠠᠷ ᠤᠰᠤᠨ ᠤ᠋ ᠡᠬᠢ ᠪᠠᠶᠠᠯᠢᠭ ᠢ᠋ ᠬᠡᠷᠡᠭ᠌ᠯᠡᠬᠦ᠌ ᠢ᠋ᠢ ᠬᠥᠲᠥᠯᠥᠨ ᠵᠢᠯᠣᠭᠣᠳᠭᠤ᠂ ᠦᠨᠡᠨᠴᠢ ᠢᠲᠡᠭᠡᠮᠵᠢᠲᠡᠶ ᠪᠡᠷ ᠤᠰᠤ ᠲᠡᠲᠡᠵᠤ ᠬᠡᠷᠡᠭ᠌ᠯᠡᠬᠦ᠌ ᠣᠷᠴᠢᠨ ᠲᠣᠭᠣᠷᠢᠨ ᠢ᠋ ᠪᠣᠶ ᠪᠣᠯᠭᠠᠬᠤ᠂ ᠠᠮᠢ ᠠᠬᠤᠶ ᠢ᠋ᠢᠨ ᠬᠠᠮᠠᠭᠠᠯᠠᠯᠲᠠ ᠪᠠ ᠠᠵᠤ ᠠᠬᠤᠶ ᠨᠡᠢᠭᠡᠮ ᠤ᠋ᠨ ᠴᠢᠨᠠᠷ ᠰᠠᠢᠲᠠᠶ ᠬᠥᠭ᠌ᠵᠢᠯᠲᠡ ᠢ᠋ᠢ ᠠᠬᠢᠭᠤᠯᠬᠤ ᠳ᠋ᠤ ᠴᠢᠬᠤᠯᠠ ᠠᠴᠢ ᠬᠣᠯᠪᠣᠭ᠍ᠳᠠᠯ ᠲᠠᠶ ᠶᠤᠮ᠃