ᠥᠪᠡᠷᠲᠡᠭᠡᠨ ᠵᠠᠰᠠᠬᠤ ᠣᠷᠣᠨ᠎ᠤ 《ᠣᠨᠣᠯ ᠰᠤᠷᠤᠯᠴᠠᠬᠤ ᠬᠥᠩᠭᠡᠨ ᠮᠣᠷᠢᠲᠤ ᠴᠡᠷᠢᠭ》 ᠤ᠋ᠨ ᠬᠤᠪᠢᠶᠠᠷᠢᠴᠢᠯᠠᠭᠰᠠᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠭᠤᠷᠪᠠᠳᠤᠭᠠᠷ ᠬᠤᠪᠢᠶᠠᠷᠢ ᠠᠩᠭᠢ ᠡᠷᠢᠶᠡᠨ ᠬᠣᠲᠠ ᠱᠢᠯᠢ᠎ᠶ᠋ᠢᠨ ᠭᠤᠤᠯ ᠤᠯᠠᠭᠠᠨᠬᠠᠳᠠ᠎ᠳᠤ ᠤᠬᠠᠭᠤᠯᠤᠨ ᠲᠠᠢᠯᠪᠤᠷᠢᠯᠠᠪᠠ
2024-10-08 10:04:36
ᠵᠣᠬᠢᠶᠠᠭ᠍ᠴᠢ᠄
ᠪᠠᠶᠠᠰᠭᠤᠯᠠᠩ ᠪᠢᠯᠢᠭ᠌ᠪᠠᠭᠠᠳᠤᠷ ᠰᠢᠶᠤᠤ ᠯᠤ᠌ ᠱᠢᠤᠢ ᠶᠤᠸᠠᠢ
ᠣᠩᠱᠢᠭ᠍ᠰᠠᠨ ᠣᠳᠠᠭ᠎ᠠ᠄
★★★☆☆

9 ᠰᠠᠷ᠎ᠠ᠎ᠶ᠋ᠢᠨ 27 ᠤ᠋ ᠡᠳᠦᠷ ᠡᠴᠡ 30 ᠤ᠋ ᠡᠳᠦᠷ ᠪᠣᠯᠲᠠᠯ᠎ᠠ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ 《ᠤᠨᠤᠯ᠎ᠰᠤᠷᠤᠯᠴᠠᠬᠤ ᠬᠦᠩᠭᠡᠨ ᠮᠣᠷᠢᠲᠤ ᠴᠡᠷᠢᠭ》ᠤ᠋ᠨ ᠬᠤᠪᠢᠶᠠᠷᠢᠴᠢᠯᠠᠭᠰᠠᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠭᠤᠷᠪᠠᠳᠤᠭᠠᠷ ᠬᠤᠪᠢᠶᠠᠷᠢ ᠠᠩᠬᠢ ᠡᠷᠢᠶᠡᠨ ᠬᠤᠳᠠ᠂ ᠱᠢᠯᠢ᠎ᠶ᠋ᠢᠨ ᠭᠣᠣᠯ ᠠᠢᠮᠠᠭ ᠪᠣᠯᠤᠨ ᠤᠯᠠᠭᠠᠨᠬᠠᠳᠠ ᠬᠤᠳᠠ᠎ᠳᠤ ᠬᠦᠷᠴᠦ᠍ ᠤᠬᠠᠭᠤᠯᠤᠨ ᠲᠠᠢᠯᠪᠤᠷᠢᠯᠠᠪᠠ᠃

ᠡᠷᠢᠶᠡᠨ ᠬᠤᠳᠠ᠎ᠶ᠋ᠢᠨ ᠨᠠᠨᠶᠤᠸᠠᠨ ᠨᠡᠢᠭᠡᠮ ᠲᠣᠭᠣᠷᠢᠭ᠎ᠲᠤ᠂ ᠥᠪᠥᠷ ᠮᠣᠩᠭᠣᠯ᠎ᠤᠨ ᠬᠢᠯᠢ᠎ᠪᠡᠷ ᠣᠷᠣᠵᠤ ᠭᠠᠷᠬᠤ ᠬᠢᠯᠢ᠎ᠶ᠋ᠢᠨ ᠬᠠᠮᠠᠭᠠᠯᠠᠯᠲᠠ᠎ᠶ᠋ᠢᠨ ᠪᠠᠢᠴᠠᠭᠠᠬᠤ ᠶᠡᠷᠦᠩᠬᠡᠢ ᠦᠷᠳᠡᠭᠡ᠎ᠶ᠋ᠢᠨ ᠠᠯᠠᠱᠠ ᠵᠢᠨ ᠬᠢᠯᠢ᠎ᠶ᠋ᠢᠨ ᠬᠠᠮᠢᠶᠠᠷᠤᠯᠲᠠ᠎ᠶ᠋ᠢᠨ ᠬᠤᠪᠢᠶᠠᠷᠢ ᠠᠩᠬᠢ᠎ᠶ᠋ᠢᠨ ᠢᠩᠬᠡᠨ ᠬᠢᠯᠢ᠎ᠶ᠋ᠢᠨ ᠲᠣᠮᠢᠯᠠᠭ᠍ᠰᠠᠨ ᠰᠠᠯᠪᠤᠷᠢ᠎ᠶ᠋ᠢᠨ ᠳᠡᠳ᠋ ᠳᠠᠷᠤᠭ᠎ᠠ ᠱᠢᠤᠢ ᠨᠠᠢ ᠴᠤᠤ᠂ ᠬᠢᠩᠭᠠᠨ ᠠᠢᠮᠠᠭ᠎ᠤᠨ ᠵᠠᠬᠢᠷᠭ᠎ᠠ᠎ᠶ᠋ᠢᠨ ᠠᠯᠪᠠᠨ ᠭᠡᠷ᠎ᠦᠨ ᠪᠠᠢᠩᠭᠤ᠎ᠶ᠋ᠢᠨ ᠳᠡᠳ᠋ ᠡᠷᠬᠢᠯᠡᠭ᠌ᠴᠢ ᠵᠢᠶᠠᠩ ᠵᠦᠸᠸ ᠷᠦᠩ ᠵᠡᠷᠭᠡ 4 ᠤᠬᠠᠭᠤᠯᠤᠨ ᠲᠠᠢᠯᠪᠤᠷᠢᠯᠠᠭ᠍ᠴᠢ ᠲᠤᠰ ᠪᠡᠶ᠎ᠡ᠎ᠶ᠋ᠢᠨ ᠠᠵᠢᠯ᠎ᠤᠨ ᠥᠩᠭᠡᠷᠡᠯᠲᠡ᠎ᠲᠡᠶ᠎ᠪᠡᠨ ᠤᠶᠠᠯᠳᠤᠭᠤᠯᠵᠤ᠂ ᠡᠭᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ᠂ 《ᠤᠮᠠᠷᠠᠲᠤ᠎ᠶ᠋ᠢᠨ ᠭᠤᠷᠪᠠᠨ ᠣᠷᠣᠨ》 ᠤ᠋ ᠵᠣᠷᠢᠭ ᠰᠠᠨᠠᠭ᠎ᠠ᠎ᠶ᠋ᠢ ᠪᠠᠳᠠᠷᠠᠭᠤᠯᠵᠤ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠢᠭᠤᠯᠬᠤ ᠵᠡᠷᠭᠡ ᠲᠠᠯ᠎ᠠ ᠡᠴᠡ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠲᠠᠢᠯᠪᠤᠷᠢᠯᠠᠪᠠ᠃ ᠨᠠᠨᠶᠤᠸᠠᠨ ᠨᠡᠢᠭᠡᠮ ᠲᠣᠭᠣᠷᠢᠭ᠎ᠤᠨ ᠲᠣᠣᠷᠵᠢᠭᠤᠯᠤᠭ᠍ᠰᠠᠨ ᠬᠠᠮᠢᠶᠠᠷᠤᠯᠲᠠ᠎ᠶ᠋ᠢᠨ ᠠᠵᠢᠯᠲᠠᠨ ᠱ᠌ᠢ ᠵᠢᠶᠠᠨ ᠾᠧ ᠄ 《 ᠬᠣᠢᠱᠢᠳᠠ ᠪᠢ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠠᠪᠤᠳᠠᠯ᠎ᠢ ᠣᠯᠠᠨ ᠲᠦᠮᠡᠨ᠎ᠦ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ ᠪᠠᠢᠭ᠎ᠠ ᠠᠰᠠᠭᠤᠳᠠᠯ᠎ᠢ ᠪᠦᠬᠦ᠌ ᠬᠦᠴᠦ᠍᠎ᠪᠡᠷ᠎ᠢᠶᠡᠨ ᠰᠠᠢᠲᠤᠷ ᠱᠢᠶ᠋ᠳᠪᠦᠷᠢᠯᠡᠬᠦ᠌᠎ᠲᠡᠶ ᠤᠶᠠᠯᠳᠤᠭᠤᠯᠵᠤ᠂ ᠨᠠᠮ ᠪᠠ ᠤᠯᠤᠰ ᠤ᠋ᠨ ᠬᠠᠢᠷ᠎ᠠ ᠬᠠᠯᠠᠮᠵᠢ᠎ᠶ᠋ᠢ ᠠᠷᠠᠳ ᠣᠯᠠᠨ᠎ᠳᠤ ᠮᠡᠳᠡᠷᠡᠭᠦᠯᠦᠨ᠎ᠡ》 ᠭᠡᠪᠡ᠃

ᠡᠷᠢᠶᠡᠨ ᠬᠤᠳᠠ᠎ᠶ᠋ᠢᠨ ᠬᠡᠷᠡᠯᠳᠤᠨ᠌ᠤᠳᠤ ᠰᠤᠮᠤ᠎ᠳᠤ᠂ ᠤᠬᠠᠭᠤᠯᠤᠨ ᠲᠠᠢᠯᠪᠤᠷᠢᠯᠠᠭ᠍ᠴᠢ ᠤᠯᠠᠨ ᠲᠦᠮᠡᠨ᠎ᠦ ᠬᠠᠷᠠᠭᠠᠰᠤ᠂ ᠤᠯᠠᠨ ᠲᠦᠮᠡᠨ᠎ᠦ ᠦᠭᠡ ᠶᠠᠷᠢᠶ᠎ᠠ᠎ᠪᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠳᠤᠷ ᠶᠠᠷᠢᠵᠤ᠂ ᠲᠤᠬᠠᠢ᠎ᠶ᠋ᠢᠨ ᠲᠠᠯᠠᠪᠠᠢ᠎ᠶ᠋ᠢᠨ ᠺᠠᠳ᠋ᠷ ᠤᠯᠠᠨ ᠲᠦᠮᠡᠨ ᠬᠢᠨᠠᠮᠠᠭᠠᠢ ᠰᠤᠨᠤᠰᠴᠤ᠂ ᠪᠠᠢᠨ ᠪᠠᠢᠨ ᠠᠯᠠᠭ᠎ᠠ ᠲᠠᠱᠢᠵᠤ ᠪᠠᠢᠯ᠎ᠠ᠃ ᠭᠡᠷᠡᠯᠳᠤᠨ᠌ᠤᠳᠤ ᠰᠤᠮᠤ᠎ᠶ᠋ᠢᠨ ᠠᠵᠢᠯᠳᠠᠨ ᠶᠠᠩ ᠱᠤ᠌ ᠶᠤᠸᠠᠢ᠄ 《 ᠪᠢ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠮᠠᠯᠴᠢᠨ ᠲᠠᠷᠢᠶᠠᠴᠢᠨ᠎ᠤ ᠭᠡᠷ᠎ᠲᠦ ᠬᠦᠷᠭᠡᠵᠦ᠍᠂ ᠲᠡᠳᠡᠨ᠎ᠦ ᠦᠢᠯᠡᠳᠪᠦᠷᠢᠯᠡᠯ ᠠᠮᠢᠳᠤᠷᠠᠯ᠎ᠳᠤ  ᠬᠣᠯᠪᠣᠭᠳᠠᠬᠤ ᠨᠠᠮ᠎ᠤᠨ ᠰᠠᠢ᠌ᠨ ᠲᠦᠷᠦ᠍᠎ᠶ᠋ᠢᠨ ᠪᠤᠳᠤᠯᠭ᠎ᠠ᠎ᠶ᠋ᠢ ᠨᠢᠭᠡᠳ ᠨᠢᠭᠡ᠎ᠪᠡᠷ ᠪᠣᠳᠠᠲᠠᠢ᠎ᠳᠤ ᠨᠠᠢᠳᠠᠪᠤᠷᠢᠵᠢᠭᠤᠯᠵᠤ᠂ ᠤᠯᠠᠨ ᠲᠦᠮᠡᠨ᠎ᠳᠦ ᠨᠡᠩ ᠤᠯᠠᠨ ᠠᠱᠢᠭ ᠬᠦᠷᠲᠡᠭᠡᠨ᠎ᠡ》 ᠭᠡᠵᠠᠢ᠃

ᠱᠢᠯᠢᠩᠬᠣᠲᠠ᠎ᠶ᠋ᠢᠨ ᠪᠢᠯᠢᠭ ᠮᠠᠯᠵᠢᠯ᠎ᠤᠨ ᠲᠠᠯᠠᠪᠠᠢ᠎ᠳᠤ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠤᠯᠠᠭᠠᠨᠬᠠᠳᠠ ᠬᠤᠳᠠ᠎ᠶ᠋ᠢᠨ ᠰᠦᠩᠱᠠᠨ ᠲᠣᠭᠣᠷᠢᠭ᠎ᠤᠨ ᠱᠢᠶᠤᠤ ᠮᠢᠶᠣᠣ ᠽᠢ ᠲᠣᠰᠭᠣᠨ᠎ᠤ ᠨᠠᠮ᠎ᠤᠨ ᠶᠡᠷᠦᠩᠬᠡᠢ ᠡᠭᠦᠷ᠎ᠦᠨ ᠱᠦᠵᠢ ᠵᠤᠤ ᠬᠤᠢ ᠵᠢᠶ᠍ᠸ᠂ ᠤᠯᠠᠭᠠᠨᠬᠠᠳᠠ ᠬᠤᠳᠠ᠎ᠶ᠋ᠢᠨ ᠶᠤᠸᠠᠨ ᠪᠦᠦ ᠱᠠᠨ ᠲᠣᠭᠣᠷᠢᠭ᠎ᠤᠨ ᠯᠧᠺᠲ᠋ᠣᠷ᠎ᠤᠨ ᠪᠦᠯᠬᠦᠮ᠎ᠦᠨ ᠳᠠᠷᠤᠭ᠎ᠠ ᠯᠢ ᠱᠤ᠌ ᠢᠦᠢ᠂ ᠤᠷᠳᠤᠰ᠎ᠤᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶ᠋ᠢᠨ ᠦᠵᠡᠯ ᠰᠠᠨᠠᠭ᠎ᠠ ᠤᠯᠤᠰ ᠲᠦᠷᠦ᠍᠎ᠶ᠋ᠢᠨ ᠬᠡᠯᠲᠡᠰ᠎ᠦᠨ ᠪᠠᠭ᠍ᠰᠢ ᠯᠢ ᠢ ᠧᠨ ᠵᠡᠷᠭᠡ 5 ᠤᠬᠠᠭᠤᠯᠤᠨ ᠲᠠᠢᠯᠪᠤᠷᠢᠯᠠᠭ᠍ᠴᠢ ᠬᠡᠷᠬᠢᠨ ᠪᠣᠳᠠᠲᠤ ᠠᠵᠢᠯᠯᠠᠭ᠎ᠠ᠎ᠪᠠᠷ᠎ᠢᠶᠠᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠠᠬᠢᠴᠠ᠎ᠶ᠋ᠢ ᠠᠬᠢᠭᠤᠯᠬᠤ᠂ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌᠂ ᠦᠨᠳᠦᠰᠦᠲᠡᠨ᠎ᠦ ᠪᠦᠯᠬᠦᠮᠳᠡᠯ᠎ᠢ ᠠᠬᠢᠭᠤᠯᠬᠤ ᠵᠡᠷᠭᠡ ᠲᠠᠯ᠎ᠠ᠎ᠪᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠠᠮᠢᠳᠤᠯᠢᠭ ᠲᠠᠢᠯᠪᠤᠷᠢᠯᠠᠵᠡᠢ᠃ ᠪᠢᠯᠢᠭ ᠮᠠᠯᠵᠢᠯ᠎ᠤᠨ ᠲᠠᠯᠠᠪᠠᠢ᠎ᠶ᠋ᠢᠨ ᠪᠠᠶᠠᠨᠬᠠᠳᠠ ᠬᠤᠪᠢᠶᠠᠷᠢ ᠲᠠᠯᠠᠪᠠᠢ᠎ᠶ᠋ᠢᠨ ᠮᠠᠯᠴᠢᠨ ᠬ᠍ᠤ ᠢᠦᠢ ᠮᠢᠩ᠄ 《ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠲᠠᠢᠯᠤᠮᠵᠢ ᠨᠢ ᠤᠯᠠᠨ ᠲᠦᠮᠡᠨ᠎ᠲᠡᠶ ᠮᠠᠰᠢ ᠣᠢᠷᠠᠳᠴᠤ᠌᠂ ᠬᠥᠮᠦᠰ᠎ᠦᠨ ᠰᠡᠳᠭᠢᠯ᠎ᠳᠦ ᠭᠦᠨ ᠰᠠᠭᠤᠭ᠍ᠳᠠᠵᠤ᠂ ᠨᠠᠮ᠎ᠤᠨ ᠲᠦᠷᠦ᠍᠎ᠶ᠋ᠢᠨ ᠪᠤᠳᠤᠯᠭ᠎ᠠ ᠪᠠ ᠬᠠᠢᠷ᠎ᠠ ᠬᠠᠯᠠᠮᠵᠢ᠎ᠶ᠋ᠢ ᠮᠠᠨ᠎ᠤ ᠠᠷᠠᠳ ᠲᠦᠮᠡᠨ᠎ᠦ ᠳᠡᠷᠭᠡᠳᠡ ᠳᠠᠮᠵᠢᠭᠤᠯᠪᠠ》 ᠭᠡᠪᠡ᠃

ᠤᠯᠠᠭᠠᠨᠬᠠᠳᠠ ᠬᠣᠲᠠ᠎ᠶ᠋ᠢᠨ ᠬᠠᠮ ᠵᠠᠭᠤᠴᠢᠯᠠᠭᠤᠷ᠎ᠤᠨ ᠲᠥᠪ᠎ᠲᠦ᠂ 5 ᠤᠬᠠᠭᠤᠯᠤᠨ ᠲᠠᠢᠯᠪᠤᠷᠢᠯᠠᠭ᠍ᠴᠢ ᠬᠡᠷᠬᠢᠨ ᠪᠣᠳᠠᠲᠤ ᠠᠵᠢᠯᠯᠠᠭ᠎ᠠ᠎ᠪᠠᠷ᠎ᠢᠶᠠᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠠᠬᠢᠴᠠ᠎ᠶ᠋ᠢ ᠠᠬᠢᠭᠤᠯᠬᠤ ᠵᠡᠷᠭᠡ ᠠᠭᠤᠯᠭ᠎ᠠ᠎ᠶ᠋ᠢᠨ ᠲᠣᠭᠣᠷᠢᠨ᠎ᠳᠤ ᠲᠠᠰ ᠳᠠᠷᠠᠭᠠᠯᠠᠨ ᠤᠬᠠᠭᠤᠯᠤᠨ ᠲᠠᠢᠯᠪᠤᠷᠢᠯᠠᠪᠠ᠃ ᠠᠮᠢᠳᠤᠯᠢᠭ ᠪᠣᠳᠠᠲᠠᠢ ᠬᠡᠷᠡᠭ᠎ᠦᠨ ᠵᠢᠱ᠌ᠢᠢ᠎ᠡ᠎ᠨᠦᠭᠦᠳ᠂ ᠨᠠᠷᠢᠨ ᠪᠣᠳᠠᠲᠠᠢ ᠲᠣᠭ᠎ᠠ ᠪᠠᠷᠢᠮᠲᠠ᠎ᠨᠤᠭᠤᠳ ᠨᠢ ᠤᠯᠤᠰ ᠲᠦᠷᠦ᠍᠎ᠶ᠋ᠢᠨ ᠦᠨᠳᠦᠷᠴᠡ᠂ ᠤᠨᠤᠯ᠎ᠤᠨ ᠭᠦᠨᠴᠡ᠎ᠲᠡᠶ ᠪᠥᠭᠡᠳ ᠪᠠᠰᠠ ᠦᠢᠯᠡᠳᠦᠯᠭᠡ᠎ᠶ᠋ᠢᠨ ᠡᠷᠴᠢᠮ᠂ ᠬᠠᠯᠠᠭᠤᠨ ᠬᠠᠢᠷ᠎ᠠ ᠰᠡᠳᠭᠢᠯᠭᠡ᠎ᠠᠭᠤᠯᠤᠭᠰᠠᠨ ᠪᠠᠢᠪᠠ᠃ 《ᠰᠣᠨᠢᠨ ᠮᠡᠳᠡᠭᠡᠨ᠎ᠦ ᠠᠵᠢᠯᠳᠠᠨ ᠪᠣᠯᠤᠭ᠍ᠰᠠᠨ᠎ᠤ ᠬᠤᠪᠢ᠎ᠳᠤ ᠬᠣᠢᠱᠢᠳᠠ᠎ᠶ᠋ᠢᠨ ᠠᠵᠢᠯ ᠳᠤᠮᠳᠠ᠎ᠪᠠᠨ ᠪᠢ ᠲᠥᠪ ᠶᠣᠰᠣ᠎ᠶ᠋ᠢ ᠰᠠᠬᠢᠨ ᠱᠢᠨ᠎ᠡ᠎ᠶ᠋ᠢ ᠡᠭᠦᠳᠬᠦ᠌᠎ᠶ᠋ᠢ ᠪᠠᠷᠢᠮᠲᠠᠯᠠᠵᠤ᠂ ᠦᠨᠳᠦᠰᠦᠨ ᠱᠠᠲᠤᠨ᠎ᠤ᠂ ᠦᠨᠡᠨ ᠪᠤᠲᠠᠲᠠᠢ᠂ ᠠᠮᠢᠳᠤᠷᠠᠯ᠎ᠤᠨ ᠦᠨᠦᠷ ᠠᠮᠲᠠ ᠲᠠᠢ ᠰᠣᠨᠢᠨ ᠮᠡᠳᠡᠭᠡ᠎ᠶ᠋ᠢ ᠢᠯᠡᠭᠦᠬᠡᠨ ᠰᠤᠷᠪᠤᠯᠵᠢᠯᠠᠨ ᠪᠢᠴᠢᠵᠦ᠍᠂ ᠬᠥᠮᠦᠰ᠎ᠲᠦ ᠡᠨᠡ ᠬᠦ᠌ ᠠᠭᠤᠤ ᠶᠡᠬᠡ ᠴᠠᠭ ᠦᠶ᠎ᠡ᠎ᠶ᠋ᠢᠨ ᠬᠤᠪᠢᠰᠤᠯᠲᠠ ᠪᠣᠯᠤᠨ ᠠᠮᠵᠢᠯᠲᠠ ᠪᠦᠲᠦᠮᠵᠢ᠎ᠶ᠋ᠢ ᠤᠢ᠍ᠢᠯᠠᠭᠠᠭᠤᠯᠵᠤ᠂ ᠨᠠᠮ ᠪᠣᠯᠤᠨ ᠠᠷᠠᠳ ᠲᠦᠮᠡᠨ᠎ᠦ ᠢᠲᠡᠭᠡᠯ ᠨᠠᠢᠳᠠᠪᠤᠷᠢᠲᠠᠢ ᠰᠣᠨᠢᠨ ᠮᠡᠳᠡᠭᠡᠨ᠎ᠦ ᠠᠵᠢᠯᠳᠠᠨ ᠪᠣᠯᠤᠨ᠎ᠠ》 ᠭᠡᠵᠦ ᠤᠯᠠᠭᠠᠨᠬᠠᠳᠠ ᠬᠤᠳᠠ᠎ᠶ᠋ᠢᠨ ᠬᠠᠮ ᠵᠠᠭᠤᠴᠢᠯᠠᠭᠤᠷ᠎ᠤᠨ ᠲᠥᠪ᠎ᠦᠨ APP ᠲᠠᠪᠴᠠᠩ᠎ᠤᠨ ᠰᠣᠨᠢᠨ ᠮᠡᠳᠡᠭᠡ ᠨᠠᠢᠷᠠᠭᠤᠯᠤᠨ ᠲᠠᠷᠬᠠᠭᠠᠬᠤ ᠬᠡᠯᠲᠡᠰ᠎ᠦᠨ ᠡᠷᠬᠢᠯᠡᠭ᠌ᠴᠢ ᠱᠢᠤᠢ ᠴᠧᠨ ᠰᠢ ᠬᠡᠯᠡᠪᠡ᠃ ᠤᠯᠤᠰ᠎ᠤᠨ ᠴᠠᠬᠢᠯᠭᠠᠨ ᠲᠣᠣᠷ᠎ᠤᠨ ᠪᠦᠯᠦᠭᠯᠡᠯ᠎ᠤᠨ ᠤᠯᠠᠭᠠᠨᠬᠠᠳᠠ᠎ᠶ᠋ᠢᠨ ᠴᠠᠬᠢᠯᠭᠠᠨ ᠬᠠᠩᠭᠠᠬᠤ ᠺᠣᠮᠫᠠᠨᠢ᠎ᠶ᠋ᠢᠨ ᠮᠡᠳᠡᠭᠦᠯᠦᠯᠲᠡ᠎ᠶ᠋ᠢᠨ ᠲᠢᠩᠬᠢᠮ᠎ᠳᠦ᠂ ᠤᠬᠠᠭᠤᠯᠤᠨ ᠲᠠᠢᠯᠪᠤᠷᠢᠯᠠᠭ᠍ᠴᠢᠳ ᠭᠣᠢᠳᠠ ᠰᠠᠢᠬᠠᠨ ᠤᠬᠠᠭᠤᠯᠤᠨ ᠲᠠᠢᠯᠪᠤᠷᠢᠯᠠᠵᠦ᠂ ᠲᠤᠬᠠᠢ᠎ᠶ᠋ᠢᠨ ᠲᠠᠯᠠᠪᠠᠢ᠎ᠳᠤ ᠠᠯᠠᠭ᠎ᠠ ᠲᠠᠱᠢᠯᠲᠠ᠎ᠵᠢᠨ ᠳᠠᠭᠤᠨ ᠨᠢᠵᠢᠭᠢᠨᠡᠵᠦ ᠪᠠᠢᠪᠠ᠃ ᠲᠤᠰ ᠺᠣᠮᠫᠠᠨᠢ᠎ᠶ᠋ᠢᠨ ᠴᠠᠬᠢᠯᠭᠠᠨ ᠬᠦᠴᠦᠨ᠎ᠢ ᠲᠤᠬᠢᠷᠠᠭᠤᠯᠤᠨ ᠡᠵᠡᠮᠳᠡᠬᠦ᠌ ᠲᠥᠪ᠎ᠦᠨ ᠲᠤᠬᠢᠷᠠᠭᠤᠯᠤᠭ᠍ᠴᠢ ᠳ᠋ᠦᠩ ᡁᠢ ᠴᠢᠶᠠᠩ᠄ 《ᠤᠯᠤᠰ᠎ᠤᠨ ᠴᠠᠬᠢᠯᠭᠠᠨ ᠲᠣᠣᠷ᠎ᠤᠨ ᠴᠠᠬᠢᠯᠭᠠᠨ ᠬᠠᠩᠭᠠᠬᠤ ᠺᠣᠮᠫᠠᠨᠢ᠎ᠶ᠋ᠢᠨ ᠦᠨᠳᠦᠰᠦᠨ ᠱᠠᠲᠤᠨ᠎ᠤ ᠠᠵᠢᠯᠳᠠᠨ ᠪᠣᠯᠤᠭ᠍ᠰᠠᠨ᠎ᠤ ᠬᠤᠪᠢ᠎ᠳᠤ᠂ ᠪᠢ ᠬᠦᠴᠦᠯᠡᠨ ᠴᠢᠷᠮᠠᠢᠵᠤ ᠦᠢᠯᠡᠰ ᠪᠦᠲᠦᠭᠡᠬᠦ᠌ ᠤᠶᠤᠨ ᠰᠠᠨᠠᠭᠠᠨ᠎ᠤ ᠳᠦᠷᠰᠦ ᠪᠠᠢᠳᠠᠯ᠎ᠢᠶᠠᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠠᠭᠤᠤ ᠶᠡᠬᠡ ᠦᠢᠯᠡᠰ᠎ᠲᠦ ᠢᠳᠡᠪᠬᠢᠲᠡᠢ ᠣᠷᠣᠯᠴᠠᠵᠤ᠂ ᠲᠤᠬᠠᠢᠯᠠᠭ᠍ᠰᠠᠨ ᠠᠵᠢᠯ᠎ᠤᠨ ᠲᠦᠪᠱᠢᠨ᠎ᠢᠶᠡᠨ ᠲᠠᠰᠤᠷᠠᠯᠳᠠ ᠦᠭᠡᠢ ᠳᠡᠭᠡᠭ᠌ᠰᠢᠯᠡᠭᠦᠯᠵᠦ᠍᠂ ᠱᠢᠨ᠎ᠡ ᠮᠠᠶᠢᠭ᠎ᠤᠨ ᠴᠠᠬᠢᠯᠭᠠᠨ ᠬᠦᠴᠦᠨ᠎ᠦ ᠱᠢᠰᠲ᠋ᠧᠮ᠎ᠢ ᠲᠦᠷᠭᠡᠳᠭᠡᠨ ᠪᠠᠢᠭᠤᠯᠬᠤ᠂ ᠱᠢᠨ᠎ᠡ ᠮᠠᠶᠢᠭ᠎ᠤᠨ ᠡᠨᠧᠷᠭᠢ᠎ᠶ᠋ᠢᠨ ᠱᠢᠰᠲ᠋ᠧᠮ᠎ᠢ ᠪᠠᠢᠭᠤᠯᠬᠤ᠎ᠳᠤ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠨ᠎ᠡ》 ᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号