ᠵᠢᠷᠠᠨ ᠨᠠᠰᠤ ᠲᠦᠭᠦᠭᠰᠡᠨ ᠡᠵᠡᠨ᠎ᠡ ᠬᠣᠰᠢᠭᠤᠨ᠎ᠤ ᠳᠠᠯᠠᠢᠬᠥᠢ᠍ᠪ ᠪᠠᠯᠭᠠᠰᠤᠨ᠎ᠤ ᠰᠠᠭᠤᠭᠠᠯᠢ ᠠᠷᠠᠳ ᠷᠦ ᠵᠢᠢ ᠴᠢᠦᠸᠠᠨ ᠪᠡᠶ᠎ᠡ ᠮᠠᠬᠠᠪᠤᠳ᠎ᠤᠨ ᠰᠢᠯᠲᠠᠭᠠᠨ᠎ᠠᠴᠠ ᠪᠣᠯᠵᠤ ᠭᠠᠳᠠᠭ᠍ᠰᠢ ᠭᠠᠷᠴᠤ ᠠᠵᠢᠯ ᠬᠢᠬᠦ᠂ ᠤᠴᠢᠷ ᠶᠠᠪᠤᠳᠠᠯ ᠰᠢᠢᠳᠪᠦᠷᠢᠯᠡᠬᠦ᠎ᠳᠦ ᠪᠦᠷ ᠳᠥᠭᠥᠮ ᠦᠭᠡᠢ ᠪᠠᠢᠳᠠᠭ᠃ ᠡᠵᠡᠨ᠎ᠡ ᠬᠣᠰᠢᠭᠤᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠲᠥᠪ᠎ᠦᠨ ᠠᠵᠢᠯᠲᠠᠳ ᠷᠦ ᠵᠢᠢ ᠴᠢᠦᠸᠠᠨᠤ ᠪᠠᠢᠳᠠᠯ᠎ᠢ ᠣᠢᠯᠠᠭᠠᠭᠰᠠᠨ᠎ᠤ ᠳᠠᠷᠠᠭ᠎ᠠ ᠰᠠᠨᠠᠭᠠᠴᠢᠯᠠᠭ᠎ᠠ᠎ᠠᠴᠠ᠎ᠪᠠᠨ ᠭᠡᠷ ᠲᠦ᠍ᠨᠢ ᠬᠦᠷᠴᠦ ᠤᠰᠤᠨ᠎ᠤ ᠰᠦᠢᠳᠬᠡᠯ ᠲᠤᠰᠢᠶᠠᠬᠤ ᠵᠡᠷᠭᠡ ᠠᠵᠢᠯ᠎ᠢ ᠭᠦᠢᠴᠡᠳᠬᠡᠵᠦ ᠦᠭᠪᠡ᠃ ᠶᠡᠷᠦ᠎ᠳᠡᠭᠡᠨ ᠷᠦ ᠵᠢᠢ ᠴᠢᠦᠸᠠᠨ ᠪᠠᠴᠢᠮ ᠴᠢᠬᠤᠯᠠ ᠱᠠᠭᠠᠷᠳᠠᠯᠭ᠎ᠠ᠎ᠲᠠᠢ ᠦᠶ᠎ᠡ᠎ᠳᠦ ᠴᠥᠮ 《ᠤᠨᠴᠠᠭᠠᠢ ᠬᠦᠮᠦᠰ᠎ᠤᠨ ᠭᠡᠷ ᠲᠦ᠍ᠨᠢ ᠬᠦᠷᠴᠦ ᠦᠢᠯᠡᠴᠢᠯᠡᠬᠦ ᠬᠠᠪᠰᠤᠷᠤᠨ ᠭᠦᠢᠴᠡᠳᠬᠡᠬᠦ ᠠᠷᠠᠳ᠎ᠲᠤ ᠲᠥᠬᠥᠮ ᠦᠵᠡᠭᠦᠯᠬᠦ ᠦᠢᠯᠡᠴᠢᠯᠡᠭᠡᠨ᠎ᠦ ᠺᠠᠷᠲ》 ᠢ᠋ᠶ᠋ᠠᠷ ᠳᠠᠮᠵᠢᠨ ᠦᠢᠯᠡᠴᠢᠯᠡᠭᠡᠨ᠎ᠦ ᠬᠠᠯᠠᠮᠰᠢᠯ ᠤᠲᠠᠰᠤ᠎ᠶᠢ ᠤᠲᠠᠰᠤᠳᠠᠳᠠᠭ᠃
《ᠠᠷᠠᠳ᠎ᠲᠤ ᠲᠥᠬᠥᠮ ᠦᠵᠡᠭᠦᠯᠬᠦ ᠦᠢᠯᠡᠴᠢᠯᠡᠭᠡᠨ᠎ᠦ ᠺᠠᠷᠲ᠎ᠲᠠᠢ ᠪᠣᠯᠤᠭᠰᠠᠨ᠎ᠤ ᠳᠠᠷᠠᠭ᠎ᠠ ᠤᠴᠢᠷ ᠶᠠᠪᠤᠳᠠᠯ᠎ᠢ ᠰᠢᠢᠳᠪᠦᠷᠢᠯᠡᠬᠦ᠎ᠳᠦ ᠮᠠᠰᠢ ᠲᠥᠬᠥᠮ ᠪᠤᠯᠪᠠ᠂ ᠪᠢ ᠶᠠᠮᠠᠷ ᠤᠴᠢᠷ ᠶᠠᠪᠤᠳᠠᠯ᠎ᠢ ᠰᠢᠢᠳᠪᠦᠷᠢᠯᠡᠬᠦ ᠴᠢᠬᠤᠯᠠᠳᠠᠢ ᠪᠤᠯ ᠬᠣᠰᠢᠭᠤᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠲᠥᠪ᠎ᠦᠨ ᠬᠠᠯᠠᠮᠰᠢᠯ ᠤᠲᠠᠰᠤ᠎ᠶᠢ ᠤᠲᠠᠰᠤᠳᠠᠪᠠᠯ ᠦᠢᠯᠡᠴᠢᠯᠡᠭᠡᠨ᠎ᠦ ᠠᠵᠢᠯᠲᠠᠳ ᠳᠠᠷᠤᠢᠬᠠᠨ ᠭᠡᠷ ᠲᠦ᠍ ᠢᠷᠡᠵᠦ ᠬᠠᠪᠰᠤᠷᠤᠨ ᠰᠢᠢᠳᠪᠦᠷᠢᠯᠡᠵᠦ ᠥᠭᠭᠦᠨ᠎ᠡ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠲᠥᠪ᠎ᠦᠨ ᠠᠵᠢᠯᠲᠠᠳ ᠮᠠᠰᠢ ᠲᠤᠳᠤᠨᠤᠰᠤᠭ》 ᠭᠡᠵᠦ ᠷᠦ ᠵᠢᠢ ᠴᠢᠦᠸᠠᠨ ᠶᠠᠷᠢᠨ᠎ᠠ᠃
ᠡᠨᠡ ᠵᠢᠯ᠎ᠡᠴᠡ ᠨᠠᠭᠠᠰᠢ᠂ ᠡᠵᠡᠨ᠎ᠡ ᠬᠣᠰᠢᠭᠤᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠲᠥᠪ ᠨᠠᠰᠤᠲᠠᠢᠴᠤᠳ ᠵᠡᠷᠭᠡ ᠣᠨᠴᠠᠭᠠᠶ ᠬᠦᠮᠦᠰ᠎ᠤᠨ ᠤᠴᠢᠷ ᠶᠠᠪᠤᠳᠠᠯ ᠭᠦᠢᠴᠡᠳᠬᠡᠬᠦ ᠬᠡᠷᠡᠭᠴᠡᠭᠡ ᠱᠠᠭᠠᠷᠳᠠᠯᠭ᠎ᠠ᠎ᠳᠦ ᠠᠩᠬᠠᠷᠤᠯ᠎ᠢᠶᠠᠨ ᠲᠥᠪᠯᠡᠷᠡᠭᠦᠯᠵᠦ ᠂ ᠪᠣᠳᠠᠲᠠᠢ᠎ᠲᠠᠢ ᠤᠶᠠᠯᠳᠤᠭᠤᠯᠤᠨ᠂ ᠰᠠᠭᠠᠳ ᠦᠭᠡᠢ ᠨᠡᠪᠲᠡᠷᠡᠬᠦ ᠵᠠᠮ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ᠂ ᠭᠡᠷ ᠲᠦ᠍ᠨᠢ ᠣᠴᠢᠵᠤ ᠦᠢᠯᠡᠴᠢᠯᠡᠬᠦ ᠵᠡᠷᠭᠡ ᠣᠯᠠᠨ ᠵᠦᠢᠯ᠎ᠦᠨ 《ᠨᠠᠰᠤᠵᠢᠯᠳᠠ᠎ᠳᠤ ᠲᠣᠬᠢᠷᠠᠬᠤ》 ᠠᠷᠠᠳ᠎ᠲᠤ ᠲᠥᠬᠥᠮ ᠦᠵᠡᠭᠦᠯᠬᠦ ᠦᠢᠯᠡᠴᠢᠯᠡᠭᠡᠨ᠎ᠦ ᠠᠷᠭ᠎ᠠ ᠬᠡᠮᠵᠢᠶ᠎ᠡ᠎ᠶᠢ ᠵᠡᠷᠭᠡ᠎ᠪᠡᠷ ᠬᠡᠷᠡᠭᠯᠡᠨ ᠨᠠᠰᠤᠲᠠᠢᠴᠤᠳ᠎ᠤᠨ ᠬᠦᠷᠲᠡᠮᠵᠢ᠎ᠶᠢᠨ ᠲᠥᠷᠥᠭᠳᠡᠯ᠂ ᠵᠣᠯ ᠵᠢᠷᠭᠠᠯᠳᠤ ᠲᠥᠷᠥᠭᠳᠡᠯ᠎ᠢ ᠳᠡᠭᠡᠭᠰᠢᠯᠡᠭᠦᠯᠪᠡ ᠃
ᠨᠠᠰᠤᠲᠠᠢᠴᠤᠳ᠎ᠤᠨ ᠤᠴᠢᠷ ᠶᠠᠪᠤᠳᠠᠯ ᠭᠦᠢᠴᠡᠳᠬᠡᠬᠦ᠎ᠳᠦ ᠲᠥᠬᠥᠮ ᠦᠵᠡᠭᠦᠯᠬᠦ᠎ᠶᠢᠨ ᠲᠥᠯᠥᠭᠡ᠂ ᠡᠵᠡᠨ᠎ᠡ ᠬᠣᠰᠢᠭᠤᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠲᠥᠪ᠎ᠤᠨ ᠬᠢᠨ ᠨᠠᠰᠤᠲᠠᠢᠴᠤᠳ᠎ᠤᠨ 《ᠰᠠᠭᠠᠳ ᠦᠭᠡᠢ ᠨᠡᠪᠲᠡᠷᠡᠬᠦ ᠵᠠᠮ》᠎ᠢ᠋ ᠨᠡᠭᠡᠭᠡᠵᠦ᠂ 《ᠨᠠᠰᠤᠲᠠᠢᠴᠤᠳ᠎ᠢ ᠲᠤᠰᠠᠯᠠᠬᠤ》 ᠴᠣᠩᠬᠣᠪᠴᠢ᠂ ᠬᠠᠪᠰᠤᠷᠤᠨ ᠭᠦᠢᠴᠡᠳᠬᠡᠬᠦ ᠪᠠ ᠣᠷᠣᠯᠠᠨ ᠭᠦᠢᠴᠡᠳᠬᠡᠬᠦ 《ᠰᠠᠭᠠᠳ ᠦᠭᠡᠢ ᠨᠡᠪᠲᠡᠷᠡᠬᠦ》 ᠴᠣᠩᠬᠣᠪᠴᠢ ᠭᠠᠷᠭᠠᠵᠤ᠂ ᠨᠥᠬᠥᠴᠡᠯ᠎ᠳᠦ ᠨᠡᠢᠴᠡᠬᠦ ᠨᠠᠰᠤᠲᠠᠢᠴᠤᠳ ᠲᠸ᠋ ᠮᠦᠷᠦᠯᠡᠬᠦ ᠦᠭᠡᠢ ᠪᠡᠷ ᠤᠷᠢᠳ ᠵᠢᠡᠷ ᠭᠦᠢᠴᠡᠳᠬᠡᠵᠦ ᠪᠤᠯᠬᠤ᠂ ᠠᠵᠢᠯᠲᠠᠨ ᠪᠥᠬᠥ ᠶᠠᠪᠤᠴᠠ᠎ᠳᠤ ᠪᠠᠷ᠎ᠠ ᠪᠣᠯᠵᠤ ᠬᠠᠪᠰᠤᠷᠤᠨ ᠭᠦᠢᠴᠡᠳᠬᠡᠵᠦ ᠦᠭᠬᠦ᠂ ᠠᠰᠠᠭᠤᠨ ᠯᠠᠪᠯᠠᠭ᠎ᠠ ᠬᠠᠩᠭᠠᠵᠤ ᠬᠥᠲᠥᠯᠥᠨ ᠵᠢᠯᠤᠭᠣᠳᠬᠤ᠂ ᠬᠠᠮᠵᠢᠨ ᠬᠦᠰᠦᠨᠦᠭᠳᠦ ᠲᠠᠭᠯᠠᠬᠤ ᠵᠡᠷᠭᠡ ᠲᠥᠬᠥᠮ ᠦᠢᠯᠡᠴᠢᠯᠡᠭᠡ᠎ᠶᠢ ᠬᠠᠩᠭᠠᠪᠠ; ᠰᠦᠯᠵᠢᠶᠡᠨ ᠳᠡᠭᠡᠷᠡᠬᠢ ᠦᠢᠯᠡᠴᠢᠯᠡᠭᠡᠨ᠎ᠦ ᠲᠠᠪᠴᠠᠩ ᠪᠠ ᠤᠶᠤᠨᠴᠢ ᠦᠢᠯᠡᠴᠢᠯᠡᠭᠡᠨ᠎ᠤ ᠲᠥᠬᠦᠭᠡᠷᠦᠮᠵᠢ᠎ᠶᠢ ᠬᠡᠷᠡᠭᠯᠡᠵᠦ ᠴᠢᠳᠠᠬᠤ ᠦᠭᠡᠢ ᠨᠠᠰᠤᠲᠠᠢᠴᠤᠳ᠎ᠲᠤ ᠴᠢᠭᠯᠡᠭᠦᠯᠦᠨ ᠬᠠᠪᠰᠤᠷᠤᠨ ᠬᠦᠢᠴᠡᠳᠭᠡᠵᠦ ᠦᠭᠬᠦ ᠪᠤᠶᠤ ᠤᠶᠤᠨᠴᠢ ᠲᠥᠬᠦᠭᠡᠷᠦᠮᠵᠢ ᠬᠡᠷᠡᠭᠯᠡᠬᠦ ᠵᠢ ᠵᠢᠭᠠᠨ ᠵᠢᠯᠤᠭᠤᠳᠴᠤ᠂ ᠨᠠᠩ ᠬᠥᠮᠥᠯᠢᠭ ᠂ ᠨᠠᠷᠢᠯᠢᠭ᠍ᠵᠢᠭᠤᠯᠤᠭᠰᠠᠨ ᠬᠠᠮᠢᠶᠠᠷᠤᠯᠲᠠ ᠪᠠ ᠦᠢᠯᠡᠴᠢᠯᠡᠭᠡᠬᠠᠩᠭᠠᠪᠠ᠃ ᠡᠨᠡ ᠵᠢᠯ᠎ᠡᠴᠡ ᠨᠠᠭᠠᠰᠢ 279 ᠨᠠᠰᠤᠲᠠᠢᠴᠤᠳ (ᠬᠦᠮᠦᠨ ᠤᠳᠠᠭ᠎ᠠ) ᠲᠸ᠋ ᠲᠤᠰᠠᠯᠠᠬᠤ ᠦᠢᠯᠡᠴᠢᠯᠡᠭᠡ ᠬᠠᠩᠭᠠᠪᠠ᠃
ᠡᠭᠦᠨ᠎ᠦ ᠬᠠᠮᠲᠤ᠂ ᠨᠠᠰᠤᠲᠠᠢᠴᠤᠳ᠎ᠤᠨ ᠤᠴᠢᠷ ᠶᠠᠪᠤᠳᠠᠯ ᠭᠦᠢᠴᠡᠳᠬᠡᠬᠦ ᠶᠠᠪᠤᠴᠠ᠎ᠳᠤ ᠲᠣᠬᠢᠶᠠᠯᠳᠤᠵᠤ ᠮᠡᠳᠡᠬᠦ ᠵᠦᠢᠯ ᠵᠦᠢᠯ᠎ᠦᠨ ᠳᠥᠭᠥᠮ ᠦᠭᠡᠢ ᠪᠠᠢᠳᠠᠯ᠎ᠢ ᠠᠷᠭᠠᠴᠠᠬᠤ᠎ᠶᠢᠨ ᠲᠥᠯᠥᠭᠡ᠂ ᠡᠵᠡᠨ᠎ᠡ ᠬᠣᠰᠢᠭᠤᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠲᠥᠪ ᠪᠠᠰᠠ ᠰᠠᠭᠠᠳ ᠦᠭᠡᠢ ᠨᠡᠪᠲᠡᠷᠡᠬᠦ ᠵᠠᠮ᠂ ᠰᠠᠭᠠᠳ ᠦᠭᠡᠢ ᠡᠷᠡᠬᠦᠯ ᠬᠠᠮᠠᠭᠠᠯᠠᠯ᠎ᠦᠨ ᠲᠠᠰᠤᠯᠭ᠎ᠠ ᠭᠠᠷᠭᠠᠭᠰᠠᠨ ᠪᠥᠭᠡᠳ ᠬᠥᠭᠰᠢᠨ ᠬᠠᠷᠠᠭᠠᠨ᠎ᠤ ᠰᠢᠯ᠂ ᠲᠦᠷᠭᠡᠨ ᠠᠪᠤᠷᠠᠬᠤ ᠡᠮ᠂ ᠬᠦᠷᠳᠦᠲᠦ ᠰᠠᠨᠳᠠᠯᠢ᠂ ᠲᠠᠶᠠᠭ ᠵᠡᠷᠭᠡ ᠡᠳ᠋ ᠪᠣᠳᠠᠰ ᠲᠣᠬᠢᠷᠠᠭᠤᠯᠵᠤ᠂ ᠨᠠᠰᠤᠲᠠᠢᠴᠤᠳ᠎ᠤᠨ ᠤᠴᠢᠷ ᠶᠠᠪᠤᠳᠠᠯ ᠭᠦᠢᠴᠡᠳᠬᠡᠬᠦ ᠶᠠᠪᠤᠴᠠ᠎ᠳᠠᠬᠢ ᠡᠯ᠎ᠡ ᠵᠦᠢᠯ᠎ᠦᠨ ᠪᠠᠴᠢᠮ ᠪᠠᠢᠳᠠᠯ᠎ᠢ ᠠᠷᠭᠠᠴᠠᠬᠤ ᠬᠡᠷᠡᠭᠴᠡᠭᠡ᠎ᠶᠢ ᠬᠠᠩᠭᠠᠪᠠ᠃
ᠡᠭᠦᠨ᠎ᠡᠴᠡ ᠭᠠᠳᠠᠨ᠎ᠠ᠂ ᠪᠠᠰᠠ 《ᠭᠡᠷ ᠲᠦ᠍ᠨᠢ ᠬᠦᠷᠴᠦ ᠦᠢᠯᠡᠴᠢᠯᠡᠬᠦ》 ᠵᠢ ᠬᠡᠷᠡᠭᠵᠢᠭᠦᠯᠦᠨ ᠨᠠᠰᠤᠲᠠᠢᠴᠤᠳ᠎ᠢ ᠬᠠᠯᠠᠮᠵᠢᠯᠠᠵᠤ᠂ ᠨᠠᠰᠤᠲᠠᠢᠴᠤᠳ ᠵᠡᠷᠭᠡ ᠣᠨᠴᠠᠭᠠᠶ ᠬᠦᠮᠦᠰ᠎ᠲᠤ ᠤᠨᠤᠴᠠᠳᠠᠢ ᠦᠢᠯᠡᠴᠢᠯᠡᠬᠦ ᠬᠢᠷᠢ ᠲᠦᠪᠰᠢᠨ᠎ᠢ ᠳᠡᠭᠡᠭᠰᠢᠯᠡᠭᠦᠯᠬᠦ᠎ᠶᠢᠨ ᠲᠥᠯᠥᠭᠡ᠂ ᠡᠵᠡᠨ᠎ᠡ ᠬᠣᠰᠢᠭᠤᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠲᠥᠪ ᠣᠨᠴᠠᠭᠠᠶ ᠬᠦᠮᠦᠰ᠎ᠲᠤ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠨᠡᠷᠡᠰ᠎ᠦᠨ ᠪᠦᠷᠢᠳᠬᠡᠯ᠎ᠢ ᠪᠠᠶ᠋ᠢᠭᠤᠯᠬᠤ᠎ᠪᠠᠷ ᠳᠠᠮᠵᠢᠭᠤᠯᠤᠨ᠂《ᠣᠨᠴᠠᠭᠠᠶ ᠬᠦᠮᠦᠰ᠎ᠤᠨ ᠭᠡᠷ ᠲᠦ᠍ᠨᠢ ᠬᠦᠷᠴᠦ ᠦᠢᠯᠡᠴᠢᠯᠡᠬᠦ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠠᠷᠠᠳ᠎ᠲᠤ ᠲᠥᠬᠥᠮ ᠦᠵᠡᠭᠦᠯᠬᠦ ᠦᠢᠯᠡᠴᠢᠯᠡᠭᠡᠨ᠎ᠦ ᠺᠠᠷᠲ》 ᠢ᠋ ᠦᠢᠯᠡᠳᠦᠨ ᠲᠠᠷᠬᠠᠭᠠᠵᠤ᠂ ᠬᠦᠴᠢᠷᠳᠡᠯᠲᠡᠢ ᠣᠯᠠᠨ ᠲᠦᠮᠡᠨ᠎ᠲᠠᠢ ᠢᠳᠡᠪᠬᠢᠲᠡᠢ ᠬᠠᠷᠢᠯᠴᠠᠵᠤ᠂ ᠬᠦᠴᠢᠷᠳᠡᠯᠲᠡᠢ ᠵᠡᠮᠳᠡᠭᠴᠦᠳ᠂ ᠨᠠᠰᠤᠲᠠᠢᠴᠤᠳ ᠵᠡᠷᠭᠡ ᠵᠠᠷᠢᠮ ᠶᠠᠪᠤᠵᠤ ᠰᠠᠭᠤᠬᠤ᠎ᠳᠤ ᠳᠥᠭᠥᠮ ᠦᠭᠡᠢ᠂ ᠶᠠᠪᠤᠵᠤ ᠰᠠᠭᠤᠬᠤ᠎ᠳᠤ ᠬᠦᠴᠢᠷᠲᠡᠢ ᠬᠦᠮᠦᠰ᠎ᠲᠤ ᠲᠥᠬᠥᠮ ᠦᠵᠡᠭᠦᠯᠪᠡ᠃ ᠠᠷᠠᠳ᠎ᠲᠤ ᠲᠥᠬᠥᠮ ᠦᠵᠡᠭᠦᠯᠬᠦ ᠦᠢᠯᠡᠴᠢᠯᠡᠭᠡᠨ᠎ᠦ ᠺᠠᠷᠲ ᠨᠢ ᠨᠡᠢᠭᠡᠮ᠎ᠦᠨ ᠳᠠᠭᠠᠳᠬᠠᠯ᠎ᠤᠨ ᠰᠦᠢᠳᠬᠡᠯ ᠲᠤᠰᠢᠶᠠᠬᠤ᠂ ᠡᠮᠴᠢᠯᠡᠭᠡᠨ᠎ᠦ ᠳᠠᠭᠠᠳᠬᠠᠯ᠎ᠤᠨ ᠰᠦᠢᠳᠬᠡᠯ ᠲᠤᠰᠢᠶᠠᠬᠤ᠂ ᠪᠡᠶ᠎ᠡ᠎ᠶᠢᠨ ᠦᠨᠡᠮᠯᠡᠯ᠎ᠤᠨ ᠭᠠᠷᠳᠠᠮ ᠭᠦᠢᠴᠡᠳᠬᠡᠬᠦ᠂ ᠣᠷᠣᠰᠢᠨ ᠰᠠᠭᠤᠬᠤ ᠦᠨᠡᠮᠯᠡᠯ᠎ᠤᠨ ᠭᠠᠷᠳᠠᠮ ᠭᠦᠢᠴᠡᠳᠬᠡᠬᠦ᠂ ᠣᠨᠳᠣᠣ ᠭᠠᠵᠠᠷ᠎ᠲᠤ ᠡᠮᠨᠡᠬᠦᠯᠬᠦ ᠪᠡᠷ ᠳᠠᠩᠰᠠᠯᠠᠭᠤᠯᠬᠤ᠂ ᠨᠠᠰᠤᠵᠢᠯ᠎ᠤᠨ ᠬᠢᠷᠢ ᠬᠡᠮ᠎ᠤᠨ ᠬᠡᠷᠡᠴᠢᠯᠡᠯ ᠵᠢᠴᠢ ᠤᠰᠤ᠂ ᠴᠠᠬᠢᠯᠭᠠᠨ᠂ ᠳᠤᠯᠠᠭᠠᠯᠠᠭ᠎ᠠ᠎ᠶᠢᠨ ᠰᠦᠢᠳᠬᠡᠯ᠎ᠢ ᠣᠷᠣᠯᠠᠨ ᠲᠤᠰᠢᠶᠠᠬᠤ᠂ ᠥᠯᠥ ᠬᠥᠳᠡᠯᠬᠦ ᠬᠥᠷᠥᠩᠭᠡ᠎ᠶᠢᠨ ᠡᠷᠬᠡ᠎ᠶᠢᠨ ᠦᠨᠡᠮᠯᠡᠯ᠎ᠢ ᠬᠠᠪᠰᠤᠷᠤᠨ ᠭᠦᠢᠴᠡᠳᠬᠡᠵᠦ ᠣᠷᠣᠯᠠᠨ ᠭᠦᠢᠴᠡᠳᠬᠡᠬᠦ᠂ ᠡᠷᠦᠬᠡ᠎ᠳᠦ ᠣᠷᠣᠵᠤ ᠵᠡᠮᠳᠡᠭ᠎ᠤᠨ ᠲᠡᠰᠢ ᠦᠨᠡᠯᠡᠨ ᠲᠣᠭᠲᠠᠭᠠᠬᠤ ᠵᠡᠷᠭᠡ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ 11 ᠵᠦᠢᠯ᠎ᠢ ᠤᠨᠴᠠᠭᠠᠢ ᠬᠥᠮᠥᠰ᠎ᠦᠨ ᠭᠡᠷ ᠲᠦ᠍ᠨᠢ ᠬᠦᠷᠴᠦ ᠦᠢᠯᠡᠴᠢᠯᠡᠬᠦ ᠵᠦᠢᠯᠡᠰ᠎ᠲᠦ ᠠᠩᠬ᠎ᠠ ᠠᠯᠬᠤᠮ ᠵᠢᠭ᠍ᠰᠠᠭᠠᠨ ᠣᠷᠣᠭᠤᠯᠬᠤ᠎ᠶᠢᠨ ᠬᠠᠮᠲᠤ᠂ ᠭᠣᠨᠢ ᠨᠠᠰᠤᠲᠠᠨ᠎ᠤ ᠣᠷᠣᠰᠢᠨ ᠲᠣᠭᠲᠠᠨᠢᠬᠤ᠎ᠶᠢ ᠭᠡᠷᠡᠴᠢᠯᠡᠬᠦ ᠵᠡᠷᠭᠡ ᠵᠦᠢᠯᠡᠰ᠎ᠢ ᠪᠠᠢᠩᠭᠤᠵᠢᠭᠤᠯᠤᠨ ᠰᠠᠨᠠᠭᠤᠯᠬᠤ ᠪᠠ ᠰᠠᠨᠠᠭᠠᠴᠢᠯᠠᠭ᠎ᠠ᠎ᠠᠴᠠ᠎ᠪᠠᠨ ᠭᠡᠷ ᠲᠦ᠍ᠨᠢ ᠬᠦᠷᠴᠦ ᠦᠢᠯᠡᠴᠢᠯᠡᠬᠦ ᠬᠥᠮᠥᠰ᠎ᠦᠨ ᠨᠡᠷᠡᠰ᠎ᠲᠦ ᠤᠷᠤᠭᠤᠯᠪᠠ᠃ ᠡᠵᠡᠨ᠎ᠡ ᠬᠣᠰᠢᠭᠤᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠲᠥᠪ 《ᠵᠠᠰᠠᠭ᠎ᠤᠨ ᠶᠠᠪᠤᠳᠠᠯ᠎ᠢ ᠰᠢᠯᠵᠢᠭᠦᠯᠬᠦ》 ᠦᠢᠯᠡᠴᠢᠯᠡᠭᠡᠨ᠎ᠦ ᠵᠠᠭᠪᠤᠷ᠎ᠢ ᠠᠪᠴᠤ᠂ ᠵᠠᠰᠠᠭ᠎ᠤᠨ ᠶᠠᠪᠤᠳᠠᠯ᠎ᠤᠨ ᠴᠣᠩᠬᠣᠪᠴᠢ᠎ᠶᠢ ᠤᠷᠤᠭᠰᠢ ᠰᠢᠯᠵᠢᠭᠦᠯᠵᠦ᠂ ᠨᠠᠰᠤᠲᠠᠢᠴᠤᠳ ᠵᠡᠷᠭᠡ ᠣᠨᠴᠠᠭᠠᠶ ᠬᠥᠮᠥᠰ᠎ᠲᠦ ᠭᠡᠷ ᠲᠦ᠍ᠨᠢ ᠬᠦᠷᠴᠦ ᠦᠢᠯᠡᠴᠢᠯᠡᠨ᠂ 《ᠬᠥᠮᠥᠨ ᠦᠢᠯᠡᠴᠢᠯᠡᠭᠡ ᠡᠷᠢᠵᠦ》 ᠪᠠᠢᠭᠰᠠᠨ᠎ᠢ 《ᠦᠢᠯᠡᠴᠢᠯᠡᠭᠡ ᠬᠦᠮᠦᠨ᠎ᠢ ᠡᠷᠢᠬᠦ》 ᠪᠣᠯᠭᠠᠨ ᠬᠤᠪᠢᠷᠠᠭᠤᠯᠪᠠ᠃