《ᠤᠳᠤ ᠲᠤᠬᠠᠢᠯᠠᠭ᠍ᠰᠠᠨ ᠠᠵᠢᠯ ᠭᠦᠢᠴᠡᠳᠭᠡᠬᠦ᠌ ᠦᠷᠡ ᠪᠦᠲᠦᠮᠵᠢ ᠨᠡᠭᠡᠷᠡᠨ ᠬᠤᠷᠳᠤᠨ ᠪᠤᠯᠵᠡᠢ᠂ ᠨᠢᠭᠡ ᠴᠣᠩᠬᠣᠪᠴᠢ ᠪᠡᠷ ᠠᠯᠢᠪᠠ ᠲᠤᠬᠠᠢᠯᠠᠭ᠍ᠰᠠᠨ ᠠᠵᠢᠯ ᠢ᠋ ᠪᠦᠷ ᠰᠢᠢᠳᠪᠤᠷᠢᠯᠡᠴᠢᠬᠡᠨᠡ᠂ ᠪᠢᠳᠡᠨ ᠳ᠋ᠤ᠌ ᠴᠠᠭ ᠢ᠋ ᠶᠡᠬᠡᠬᠡᠨ ᠠᠷᠪᠢᠯᠠᠵᠤ ᠦᠭᠬᠦᠭᠰᠡᠨ ᠮᠥᠷᠲᠡᠭᠡᠨ ᠦᠶ᠋ᠯᠡᠴᠢᠯᠡᠭᠡ ᠴᠦ᠍ ᠬᠠᠯᠠᠭᠤᠮᠰᠤᠭ ᠪᠤᠯᠵᠡᠢ》᠃ ᠲᠦᠷᠦᠬᠦᠬᠡᠨ ᠂ ᠠᠯᠠᠱᠠ ᠢ᠋ᠢᠨ ᠳᠡᠭᠡᠳᠦ ᠱᠢᠨᠡ ᠮᠡᠷᠭᠡᠵᠢᠯ ᠤ᠋ᠨ ᠲᠣᠭᠣᠷᠢᠭ ᠤ᠋ᠨ ᠮᠥᠩᠭᠥᠨ ᠭᠦᠶ᠋ᠯᠭᠡᠭᠡᠨ ᠤ᠋ ᠪᠠᠯᠠ ᠣᠷᠣᠭᠤᠯᠤᠯᠲᠠ ᠢ᠋ᠢᠨ ᠺᠣᠮᠫᠠᠨᠢ ᠢ᠋ᠢᠨ ᠠᠵᠢᠯᠳᠠᠨ ᠴᠢᠤᠸᠠᠨ ᠢᠦᠶ ᠠᠯᠠᠱᠠ ᠢ᠋ᠢᠨ ᠳᠡᠭᠡᠳᠦ ᠱᠢᠨᠡ ᠮᠡᠷᠭᠡᠵᠢᠯ ᠤ᠋ᠨ ᠲᠣᠭᠣᠷᠢᠭ ᠤ᠋ᠨ ᠵᠠᠰᠠᠭ ᠤ᠋ᠨ ᠶᠠᠪᠤᠳᠠᠯ ᠤ᠋ᠨ ᠦᠶ᠋ᠯᠡᠴᠢᠯᠡᠭᠡᠨ ᠤ᠋ ᠲᠢᠩᠬᠢᠮ ᠤ᠋ᠨ 《 ᠨᠢᠭᠡ ᠯᠡ ᠤᠳᠠᠭᠠ ᠳ᠋ᠤ᠌ ᠭᠦᠶ᠋ᠴᠡᠳᠭᠡᠬᠦ᠌ 》 ᠴᠣᠩᠬᠤᠪᠴᠢ ᠳ᠋ᠤ᠌ ᠺᠢᠨᠣ᠋ ᠲᠢᠶᠠᠲ᠋ᠷ ᠤ᠋ᠨ ᠬᠠᠮᠢᠶᠠ ᠪᠥᠬᠥᠶ ᠲᠤᠬᠠᠢᠯᠠᠭ᠍ᠰᠠᠨ ᠠᠵᠢᠯ ᠢ᠋ ᠬᠦᠢᠴᠡᠳᠬᠡᠬᠦ ᠳ᠋ᠤ᠌ ᠠᠵᠢᠯᠲᠠᠳ ᠲᠡᠭᠦᠨ ᠳ᠋ᠤ᠌ ᠺᠢᠨᠣ᠋ ᠭᠠᠷᠭᠠᠬᠤ 《 ᠨᠢᠭᠡ ᠯᠡ ᠤᠳᠠᠭᠠ ᠳ᠋ᠤ᠌ ᠭᠦᠶ᠋ᠴᠡᠳᠭᠡᠬᠦ᠌ 》 ᠶᠠᠪᠤᠴᠠ ᠪᠠ ᠬᠡᠷᠡᠭᠰᠡᠬᠦ ᠮᠠᠲ᠋ᠧᠷᠢᠶᠠᠯ ᠢ᠋ ᠲᠠᠨᠢᠯᠴᠠᠭᠤᠯᠵᠡᠢ᠃ ᠲᠡᠷᠡ ᠱᠠᠭᠠᠷᠳᠠᠯᠭᠠ ᠶᠣᠰᠣᠭᠠᠷ ᠭᠤᠶᠤᠴᠢᠯᠠᠯ ᠤ᠋ᠨ ᠮᠠᠲ᠋ᠧᠷᠢᠶᠠᠯ ᠢ᠋ᠢᠡᠨ ᠲᠤᠱᠢᠶᠠᠭ᠍ᠰᠠᠨᠤ ᠳᠠᠷᠠᠭᠠ᠂ ᠬᠠᠭᠠᠰ ᠡᠳᠦᠷ ᠪᠣᠯᠤᠯ ᠥᠬᠡᠶ ᠪᠡᠷ 《 ᠺᠢᠨᠣ᠋ ᠭᠠᠷᠭᠠᠬᠤ ᠵᠥᠪᠱᠢᠶᠡᠷᠡᠯ ᠤ᠋ᠨ ᠦᠨᠡᠮᠯᠡᠯ》᠂ 《ᠠᠵᠢᠯ ᠲᠥᠷᠥᠯ ᠤ᠋ᠨ ᠶᠡᠷᠦᠩᠬᠡᠢᠯᠡᠭ᠌ᠰᠡᠨ ᠵᠥᠪᠱᠢᠶᠡᠷᠡᠯ ᠤ᠋ᠨ ᠦᠨᠡᠮᠯᠡᠯ》 ᠵᠡᠷᠭᠡ ᠣᠯᠠᠨ ᠬᠠᠮᠢᠶᠠ ᠪᠥᠬᠥᠶ ᠭᠡᠷᠡᠴᠢ ᠦᠨᠡᠮᠯᠡᠯ ᠢ᠋ᠢᠡᠨ ᠤᠯᠤᠬᠰᠠᠨ ᠴᠢᠤᠸᠠᠨ ᠢᠦᠶ ᠲᠤᠬᠠᠢᠯᠠᠭᠰᠠᠨ ᠠᠵᠢᠯ ᠬᠦᠢᠴᠡᠳᠬᠡᠬᠦ ᠤᠢᠯᠡᠴᠢᠯᠡᠬᠡ ᠢ᠋ᠢ ᠮᠠᠭᠳᠠᠨ ᠰᠠᠢᠰᠢᠶᠠᠵᠤ ᠪᠠᠢᠯᠡ ᠃
ᠡᠨᠡ ᠵᠢᠯᠡᠴᠡ ᠨᠠᠭᠠᠰᠢ᠂ ᠠᠯᠠᠱᠠ ᠢ᠋ᠢᠨ ᠳᠡᠭᠡᠳᠦ ᠱᠢᠨᠡ ᠮᠡᠷᠭᠡᠵᠢᠯ ᠤ᠋ᠨ ᠲᠣᠭᠣᠷᠢᠭ ᠤᠨ ᠬᠢᠨ ᠣᠯᠠᠨ ᠵᠦᠶ᠋ᠯ ᠤ᠋ᠨ ᠠᠷᠭᠠ ᠠᠪᠴᠤ᠂ ᠵᠠᠰᠠᠭ ᠤ᠋ᠨ ᠶᠠᠪᠤᠳᠠᠯ ᠤ᠋ᠨ ᠦᠶ᠋ᠯᠡᠴᠢᠯᠡᠭᠡᠨ ᠤ᠋ ᠥᠭᠡᠷᠡᠴᠢᠯᠡᠯᠲᠡ ᠢ᠋ᠢ ᠠᠬᠢᠭᠤᠯᠵᠤ᠂ ᠦᠶ᠋ᠯᠡᠴᠢᠯᠡᠭᠡᠨ ᠤ᠋ ᠬᠡᠯᠪᠡᠷᠢ ᠢ᠋ᠢᠨ ᠵᠠᠰᠠᠭ ᠤ᠋ᠨ ᠣᠷᠳᠣᠨ ᠪᠠ ᠤᠶᠤᠨᠲᠤ ᠵᠠᠰᠠᠭ ᠤ᠋ᠨ ᠶᠠᠪᠤᠳᠠᠯ ᠤ᠋ᠨ ᠪᠠᠢᠭᠤᠯᠤᠯᠲᠠ ᠢ᠋ᠢ ᠲᠦᠷᠭᠡᠳᠭᠡᠬᠦ᠌ ᠪᠡᠷ ᠭᠠᠷᠳᠠᠴᠡ ᠪᠣᠯᠭᠠᠵᠤ᠂ ᠡᠵᠡᠩᠨᠡᠯᠲᠡ ᠢ᠋ᠢᠨ ᠭᠤᠤᠯ ᠴᠣᠭ᠍ᠴᠠ ᠢ᠋ᠢᠨ ᠠᠮᠢᠵᠢᠷᠠᠯ ᠤ᠋ᠨ ᠬᠦᠴᠦᠨ ᠢ᠋ ᠨᠠᠩ ᠰᠠᠢᠲᠤᠷ ᠬᠥᠭ᠌ᠵᠢᠭᠡᠬᠦ᠌ ᠢ᠋ᠢᠨ ᠲᠣᠭᠣᠷᠢᠨ ᠳ᠋ᠤ᠌᠂ ᠦᠨᠡᠨ ᠬᠦ᠌ ᠠᠳᠭᠤᠨ ᠪᠣᠳᠠᠲᠠᠶ ᠠᠵᠢᠯᠯᠠᠵᠤ᠂ ᠪᠣᠳᠠᠲᠤ ᠦᠷᠡ ᠪᠦᠲᠦᠮᠵᠢ ᠢ᠋ᠢ ᠡᠷᠬᠢᠮᠯᠡᠨ᠂ ᠵᠠᠰᠠᠭ ᠵᠠᠬᠢᠷᠭᠠᠨᠤ ᠬᠢᠨᠠᠨ ᠵᠥᠪᠱᠢᠶᠡᠷᠡᠬᠦ᠌ ᠱᠢᠨᠡ ᠵᠠᠭ᠍ᠪᠤᠷ ᠢ᠋ ᠢᠳᠡᠪᠬᠢᠲᠡᠶ ᠡᠭᠦᠳᠴᠦ᠍᠂ ᠬᠤᠳᠠᠯᠳᠤᠭᠠ ᠡᠷᠬᠢᠯᠡᠬᠦ ᠣᠷᠴᠢᠨ ᠨᠥᠬᠥᠴᠡᠯ ᠢ᠋ ᠱᠢᠯᠢᠳᠡᠭ᠌ᠵᠢᠭᠦᠯᠬᠦ᠌ ᠱᠢᠨᠡ ᠥᠨᠳᠥᠷᠯᠢᠭ ᠢ᠋ ᠪᠠᠢᠭᠤᠯᠬᠤ ᠳ᠋ᠤ᠌ ᠬᠦᠴᠦᠨ ᠨᠡᠮᠡᠷᠢᠯᠡᠵᠤ ᠪᠠᠢᠨᠡ᠃ ᠲᠣᠰ ᠳᠡᠭᠡᠳᠦ ᠱᠢᠨᠡ ᠮᠡᠷᠭᠡᠵᠢᠯ ᠤ᠋ᠨ ᠲᠣᠭᠣᠷᠢᠭᠤᠨ ᠬᠢᠨ ᠦᠶ᠋ᠯᠡᠴᠢᠯᠡᠭᠡᠨ ᠤ᠋ ᠱᠢᠨᠡ ᠢ᠋ᠢ ᠡᠭᠦᠳᠬᠦ᠌ ᠢ᠋ᠢ ᠭᠦᠨᠵᠡᠭᠡᠢᠷᠡᠭᠦᠯᠬᠦ᠌ ᠪᠡᠷ 《 ᠨᠢᠭᠡ ᠶᠠᠪᠤᠳᠠᠯ ᠢ᠋ ᠥᠨᠳᠥᠷ ᠪᠦᠲᠦᠮᠵᠢᠲᠡᠶ ᠪᠡᠷ ᠭᠦᠶ᠋ᠴᠡᠳᠭᠡᠬᠦ᠌ 》 ᠥᠭᠡᠷᠡᠴᠢᠯᠡᠯᠲᠡ ᠪᠡᠷ ᠭᠤᠤᠯᠳᠠᠯᠭᠠ ᠪᠤᠯᠭᠠᠨ 《 ᠳᠡᠭᠡᠳᠦ ᠱᠢᠨᠡ ᠮᠡᠷᠭᠡᠵᠢᠯ ᠤ᠋ᠨ ᠲᠣᠭᠣᠷᠢᠭ ᠤ᠋ᠨ ᠠᠷᠠᠳ ᠤ᠋ᠨ ᠠᠮᠢᠳᠤᠷᠠᠯ ᠤ᠋ᠨ ᠬᠦᠷᠢᠶᠡᠨᠳᠡᠬᠢ 〈 ᠨᠢᠭᠡ ᠶᠠᠪᠤᠳᠠᠯ 〉 ᠤ᠋ᠨ ᠬᠡᠪ ᠳᠠᠭᠤᠷᠢᠶᠠᠯ ᠢ᠋ ᠪᠣᠶ ᠪᠣᠯᠭᠠᠵᠤ ᠵᠠᠰᠠᠭ ᠤ᠋ᠨ ᠶᠠᠪᠤᠳᠠᠯ ᠤ᠋ᠨ ᠦᠶ᠋ᠯᠡᠴᠢᠯᠡᠭᠡᠨ ᠤ᠋ ᠦᠷᠡ ᠪᠦᠲᠦᠮᠵᠢ ᠢ᠋ᠢ ᠳᠡᠭᠡᠭ᠌ᠰᠢᠯᠡᠭᠦᠯᠬᠦ᠌ ᠠᠵᠢᠯ ᠤ᠋ᠨ ᠲᠥᠰᠦᠯ 》 ᠢ᠋ ᠲᠤᠭᠳᠠᠭᠠᠵᠤ᠂ 《 2024 ᠣᠨᠤ ᠭᠤᠤᠯᠳᠠᠯᠭᠠᠲᠠᠶ ᠢᠨᠵᠧᠨᠧᠷᠢᠩ ᠤ᠋ᠨ ᠲᠥᠷᠥᠯ ᠵᠦᠶ᠋ᠯ ᠤ᠋ᠨ ᠪᠥᠲᠥᠭᠡᠨ ᠪᠠᠢᠭᠤᠯᠤᠯᠲᠠ ᠢ᠋ᠢᠨ ᠲᠥᠯᠥᠪᠯᠡᠭᠡ ᠢ᠋ᠢᠨ ᠪᠢᠴᠢᠭ 》 ᠢ᠋ ᠨᠠᠢᠷᠠᠭᠤᠯᠤᠨ ᠵᠣᠬᠢᠶᠠᠵᠤ᠂ ᠠᠵᠢᠯ ᠤ᠋ᠨ ᠡᠭᠦᠷᠭᠡ᠂ ᠠᠬᠢᠭᠤᠯᠬᠤ ᠠᠷᠭᠠ ᠬᠡᠮᠵᠢᠶᠡ᠂ ᠬᠠᠷᠢᠭᠤᠴᠠᠬᠤ ᠰᠠᠯᠠᠭᠠ ᠮᠥᠴᠢᠷ ᠪᠠ ᠪᠡᠶᠡᠯᠡᠭᠦᠯᠬᠦ᠌ ᠴᠠᠭ ᠤ᠋ᠨ ᠬᠢᠵᠠᠭᠠᠷ ᠢ᠋ ᠤᠯᠠᠮ ᠨᠢᠭᠡ ᠠᠯᠬᠤᠮ ᠲᠣᠳᠣᠷᠬᠠᠢᠯᠠᠨ᠂ ᠡᠯᠡ ᠰᠠᠯᠠᠭᠠ ᠮᠥᠴᠢᠷ ᠢ᠋ ᠬᠦᠳᠦᠯᠦᠨ ᠳᠠᠭᠠᠭᠤᠯᠵᠤ 《 ᠨᠢᠭᠡ ᠶᠠᠪᠤᠳᠠᠯ 》 ᠤ᠋ᠨ ᠭᠤᠤᠯ ᠰᠡᠳᠦᠪ ᠢ᠋ ᠨᠢᠭᠡᠳᠭᠡᠨ ᠦᠶ᠋ᠯᠡᠴᠢᠯᠡᠭᠡ ᠭᠦᠶ᠋ᠴᠡᠳᠭᠡᠬᠦ᠌ ᠶᠠᠪᠤᠴᠡ ᠢ᠋ᠢ ᠲᠠᠰ ᠳᠡᠪᠱᠢᠭᠦᠯᠵᠤ᠂ ᠲᠤᠭᠠ ᠪᠠᠷᠢᠮᠳᠠ ᠢ᠋ᠢ ᠬᠠᠮᠲᠤ ᠪᠡᠷ ᠡᠳ᠋ᠯᠡᠬᠦ᠂ ᠲᠠᠬᠢᠨ ᠬᠡᠷᠡᠭᠯᠡᠬᠦ ᠵᠡᠷᠭᠡ ᠬᠡᠯᠪᠡᠷᠢ ᠪᠡᠷ ᠲᠠᠮᠵᠢᠨ 《 ᠨᠢᠭᠡ ᠶᠠᠪᠤᠳᠠᠯ 》 ᠳ᠋ᠤ᠌ ᠬᠣᠯᠪᠣᠭ᠍ᠳᠠᠭ᠍ᠰᠠᠨ 《 ᠨᠢᠭᠡ ᠬᠠᠭᠤᠳᠠᠰᠤ ᠬᠦᠰᠦᠨᠦᠭ᠌ᠲᠦ᠂ ᠨᠢᠭᠡ ᠢᠵᠢ ᠮᠠᠲ᠋ᠧᠷᠢᠶᠠᠯ 》 ᠢ᠋ ᠳᠠᠬᠢᠨ ᠴᠣᠮᠬᠠᠳᠭᠠᠠ ᠰᠢᠯᠢᠳᠡᠭᠵᠢᠬᠦᠯᠵᠤ᠂ ᠨᠠᠩ ᠭᠦᠨ ᠳᠠᠪᠬᠤᠷᠭᠠ᠂ ᠥᠨᠳᠥᠷ ᠲᠦᠪᠱᠢᠨ ᠤ᠋ 《 ᠬᠦᠰᠦᠨᠦᠭᠳᠤ ᠲᠠᠭᠯᠠᠬᠤ ᠢ᠋ᠢ ᠪᠠᠭᠠᠰᠬᠠᠬᠤ᠂ ᠮᠠᠲ᠋ᠧᠷᠢᠶᠠᠯ ᠢ᠋ ᠪᠠᠭᠠᠰᠬᠠᠬᠤ᠂ ᠲᠤᠳᠠᠭᠤ ᠬᠦᠶᠤᠯᠬᠡᠬᠦ》 ᠪᠤᠯᠭᠠᠪᠠ᠃ ᠣᠳᠣᠬᠠᠨ ᠪᠣᠯᠲᠠᠯᠠ᠂ ᠲᠣᠰ ᠳᠡᠭᠡᠳᠦ ᠱᠢᠨᠡ ᠮᠡᠷᠭᠡᠵᠢᠯ ᠤ᠋ᠨ ᠲᠣᠭᠣᠷᠢᠭ 《 ᠵᠥᠪᠱᠢᠶᠡᠷᠡᠯ ᠤ᠋ᠨ ᠦᠨᠡᠮᠯᠡᠯ ᠢ᠋ ᠬᠠᠮᠲᠤᠷᠠᠨ ᠭᠦᠶ᠋ᠴᠡᠳᠭᠡᠬᠦ᠌ 》 ᠪᠠ 《ᠡᠵᠡᠩᠨᠡᠯᠲᠡ ᠢ᠋ᠢᠨ ᠦᠨᠡᠮᠯᠡᠯ + ᠵᠥᠪᠱᠢᠶᠡᠷᠡᠯ ᠤ᠋ᠨ ᠦᠨᠡᠮᠯᠡᠯ ᠢ᠋ ᠬᠦᠴᠦᠨ ᠥᠬᠡᠶ ᠪᠣᠯᠭᠠᠬᠤ ᠢ᠋ᠢ ᠬᠠᠮᠲᠤᠷᠠᠨ ᠭᠦᠶ᠋ᠴᠡᠳᠭᠡᠬᠦ᠌ 》 ᠥᠭᠡᠷᠡᠴᠢᠯᠡᠯᠲᠡ ᠢ᠋ᠢ ᠬᠡᠷᠡᠭ᠌ᠵᠢᠭᠦᠯᠬᠦ᠌ ᠪᠡᠷ ᠳᠠᠮᠵᠢᠭᠤᠯᠤᠨ᠂ ᠡᠵᠡᠩᠨᠡᠯᠲᠡ ᠢ᠋ᠢᠨ ᠭᠤᠤᠯ ᠴᠣᠭ᠍ᠴᠠ ᠢ᠋ᠢᠨ 《 ᠤᠯᠠᠨ ᠭᠠᠵᠠᠷ ᠲᠦ᠍ ᠬᠦᠶᠦᠬᠦ᠂ ᠣᠯᠠᠨ ᠤᠳᠠᠭᠠ ᠭᠦᠶᠦᠬᠦ᠌᠂ ᠨᠠᠭᠠᠰᠢ ᠴᠠᠭᠠᠰᠢ ᠭᠦᠶᠦᠬᠦ᠌》 ᠬᠦᠴᠢᠷ ᠠᠰᠠᠭᠤᠳᠡᠯ ᠢ᠋ ᠪᠦᠲᠦᠮᠵᠢᠲᠡᠶ ᠱᠢᠶ᠋ᠳᠪᠦᠷᠢᠯᠡᠵᠦ᠍᠂ 《 ᠨᠢᠭᠡ ᠤᠴᠢᠷ ᠢ᠋ ᠥᠨᠳᠥᠷ ᠪᠦᠲᠦᠮᠵᠢᠲᠡᠶ ᠪᠡᠷ ᠬᠦᠢᠴᠡᠳᠬᠡᠬᠦ》 ᠦᠶ᠋ᠯᠡᠴᠢᠯᠡᠭᠡ ᠪᠡᠷ ᠠᠷᠠᠳᠲᠤ ᠨᠠᠩ ᠢᠯᠡᠭᠦᠦ ᠠᠱᠢᠭ ᠬᠦᠷᠳᠡᠬᠡᠵᠤ᠂ ᠦᠨᠡᠮᠯᠡᠯ ᠢ᠋ ᠬᠠᠮᠲᠤᠷᠠᠨ ᠭᠦᠶ᠋ᠴᠡᠳᠭᠡᠬᠦ᠌ ᠵᠦᠶ᠋ᠯᠡᠰ ᠢ᠋ 58 ᠬᠤᠪᠢ ᠭᠦᠶ᠋ᠴᠡᠳᠭᠡᠵᠦ᠍ ᠳᠠᠭᠤᠰᠭᠠᠭ᠍ᠰᠠᠨ ᠪᠠᠢᠨᠠ᠃
ᠵᠠᠰᠠᠭ ᠵᠠᠬᠢᠷᠭᠠᠨᠤ ᠬᠢᠨᠠᠨ ᠵᠥᠪᠱᠢᠶᠡᠷᠡᠬᠦ᠌ ᠦᠶ᠋ᠯᠡᠴᠢᠯᠡᠭᠡ ᠢ᠋ᠢ ᠪᠥᠬᠥ᠌ ᠲᠠᠯᠠ ᠪᠡᠷ ᠱᠢᠯᠢᠳᠡᠭ᠌ᠵᠢᠭᠦᠯᠦᠨ᠂ 《 ᠬᠠᠪᠰᠤᠷᠤᠨ ᠭᠦᠶ᠋ᠴᠡᠳᠭᠡᠬᠦ᠌ ᠣᠷᠣᠯᠠᠨ ᠭᠦᠶ᠋ᠴᠡᠳᠭᠡᠬᠦ᠌ 》 ᠱᠢᠰᠲ᠋ᠧᠮ ᠢ᠋ ᠪᠠᠢᠭᠤᠯᠵᠤ ᠂ ᠠᠵᠤ ᠠᠬᠤᠢᠯᠠᠯ ᠳ᠋ᠤ᠌ ᠠᠱᠢᠭ᠍ᠲᠠᠶ ᠦᠶ᠋ᠯᠡᠴᠢᠯᠡᠭᠡ ᠢ᠋ᠢ ᠦᠷᠬᠡᠳᠬᠡᠵᠤ᠂ ᠲᠤᠰ ᠳᠡᠭᠡᠳᠦ ᠱᠢᠨᠡ ᠮᠡᠷᠭᠡᠵᠢᠯ ᠤ᠋ᠨ ᠲᠣᠭᠣᠷᠢᠭ ᠨᠢ ᠥᠪᠡᠷᠲᠡᠭᠡᠨ ᠵᠠᠰᠠᠬᠤ ᠣᠷᠣᠨᠤ ᠠᠩᠬᠠᠳᠠᠭ᠍ᠴᠢ ᠮᠢᠩᠭᠠᠨ ᠬᠥᠮᠦᠨ ᠤ᠋ 《ᠬᠠᠪᠰᠤᠷᠤᠨ ᠭᠦᠶ᠋ᠴᠡᠳᠭᠡᠬᠦ᠌ ᠣᠷᠣᠯᠠᠨ ᠭᠦᠶ᠋ᠴᠡᠳᠭᠡᠬᠦ᠌ ᠪᠦᠯᠬᠦᠮ 》 ᠢ᠋ ᠪᠠᠢᠭᠤᠯᠵᠤ ᠂ ᠵᠦᠨᠭ ᠶᠠᠨ ᠬᠢᠮᠢ ᠢ᠋ᠢᠨ ᠠᠵᠤ ᠦᠶ᠋ᠯᠡᠳᠪᠦᠷᠢ᠂ ᠬ᠍ᠦ ᠮᠸᠨᠭ ᠡᠨᠧᠷᠭᠢ ᠢ᠋ᠢᠨ ᠪᠦᠯᠦᠭᠯᠡᠯ ᠵᠡᠷᠭᠡ 40 ᠭᠠᠷᠤᠶ ᠭᠤᠤᠯᠳᠠᠯᠭᠠᠲᠠᠶ ᠠᠵᠤ ᠠᠬᠤᠢᠯᠠᠯ ᠳ᠋ᠤ᠌ 《 ᠠᠵᠤ ᠠᠬᠤᠢᠯᠠᠯ ᠳ᠋ᠤ᠌ ᠬᠦᠨᠵᠡᠬᠡᠢᠷᠡᠬᠦ》 ᠵᠠᠰᠠᠭ ᠤ᠋ᠨ ᠶᠠᠪᠤᠳᠠᠯ ᠤ᠋ᠨ ᠦᠶ᠋ᠯᠡᠴᠢᠯᠡᠭᠡᠨ ᠤ᠋ ᠴᠡᠭ ᠪᠠᠢᠭᠤᠯᠵᠤ᠂ 《ᠲᠣᠪᠴᠢᠶᠠᠨ ᠳᠠᠷᠤᠭᠠ ᠬᠠᠪᠰᠤᠷᠤᠨ ᠬᠦᠢᠴᠡᠳᠬᠡᠬᠦ ᠣᠷᠣᠯᠠᠨ ᠭᠦᠶ᠋ᠴᠡᠳᠭᠡᠬᠦ᠌ ᠴᠣᠩᠬᠣᠪᠴᠢ 》 ᠵᠢᠴᠢ 《 ᠬᠠᠪᠰᠤᠷᠤᠨ ᠭᠦᠶ᠋ᠴᠡᠳᠭᠡᠬᠦ᠌ ᠣᠷᠣᠯᠠᠨ ᠭᠦᠶ᠋ᠴᠡᠳᠭᠡᠬᠦ᠌ 》 ᠦᠶ᠋ᠯᠡᠴᠢᠯᠡᠭᠡᠨ ᠤ᠋ ᠬᠠᠯᠠᠮᠱᠢᠯ ᠤᠲᠠᠰᠤ ᠢ᠋ᠢ ᠨᠡᠪᠲᠡᠷᠡᠭᠦᠯᠦᠨ᠂ 1221 ᠵᠦᠶ᠋ᠯᠡᠰ ᠢ᠋ ᠠᠵᠤ ᠠᠬᠤᠢᠯᠠᠯ᠂ ᠪᠠᠩᠬᠢ᠂ ᠭᠠᠴᠠᠭᠠ (ᠨᠡᠢᠭᠡᠮ ᠲᠣᠭᠣᠷᠢᠭ ) ᠬᠦᠷᠳᠡᠯᠡ ᠤᠷᠳᠤᠳᠬᠠᠭᠰᠠᠨ ᠢ᠋ᠢᠡᠷ ᠪᠠᠷᠠᠬᠤ ᠦᠬᠡᠢ ᠪᠠᠰᠠ ᠨᠡᠬᠦᠳᠡᠯ ᠠᠯᠪᠠᠨ ᠲᠡᠷᠭᠡ ᠢ᠋ᠢ ᠠᠱᠢᠭ᠍ᠯᠠᠨ᠂ ᠣᠯᠠᠨ ᠲᠦᠮᠡᠨ ᠤ᠋ ᠲᠤᠬᠠᠢᠯᠠᠭ᠍ᠰᠠᠨ ᠠᠵᠢᠯ ᠵᠢᠨᠨ 《ᠭᠡᠷᠡᠴᠡᠪᠡᠨ ᠭᠠᠷᠬᠤ ᠦᠭᠡᠢ 》 ᠪᠡᠷ ᠬᠦᠢᠴᠡᠳᠬᠡᠬᠦ ᠳ᠋ᠤ᠌ ᠳᠥᠭᠥᠮ ᠦᠵᠡᠭᠦᠯᠤᠨ ᠠᠯᠤᠰ ᠡᠴᠡ ᠠᠵᠢᠯᠯᠠᠬᠤ ᠢ᠋ᠢ ᠪᠡᠶᠡᠯᠡᠬᠦᠯᠵᠤ᠂ ᠲᠤᠳᠤᠨᠤᠰᠤᠭ᠂ ᠬᠤᠷᠳᠤᠴᠠᠲᠠᠶ ᠳᠡᠭᠡᠳᠦ ᠱᠢᠨᠡ ᠮᠡᠷᠭᠡᠵᠢᠯ ᠤ᠋ᠨ ᠲᠣᠭᠣᠷᠢᠭ ᠤ᠋ᠨ 《ᠬᠠᠪᠰᠤᠷᠤᠨ ᠭᠦᠶ᠋ᠴᠡᠳᠭᠡᠬᠦ᠌ ᠣᠷᠣᠯᠠᠨ ᠭᠦᠶ᠋ᠴᠡᠳᠭᠡᠬᠦ᠌ 》 ᠦᠶ᠋ᠯᠡᠴᠢᠯᠡᠭᠡᠨ ᠤ᠋ ᠲᠦᠷᠦᠯ ᠲᠡᠮᠳᠡᠭ ᠢ᠋ ᠡᠬᠦᠳᠴᠤ ᠪᠤᠢ ; ᠲᠣᠰ ᠳᠡᠭᠡᠳᠦ ᠱᠢᠨᠡ ᠮᠡᠷᠭᠡᠵᠢᠯ ᠤ᠋ᠨ ᠲᠣᠭᠣᠷᠢᠭ ᠤ᠋ᠨ ᠵᠠᠰᠠᠭ ᠵᠠᠬᠢᠷᠭᠠᠨᠤ ᠬᠢᠨᠠᠨ ᠵᠥᠪᠱᠢᠶᠡᠷᠡᠬᠦ᠌ ᠪᠠ ᠵᠠᠰᠠᠭ ᠤ᠋ᠨ ᠶᠠᠪᠤᠳᠠᠯ ᠤ᠋ᠨ ᠦᠶ᠋ᠯᠡᠴᠢᠯᠡᠭᠡᠨ ᠤ᠋ ᠲᠣᠪᠴᠢᠶᠠ ᠵᠢᠨ ᠬᠢᠨ ᠡᠯᠡ ᠠᠵᠢᠯ ᠲᠥᠷᠥᠯ ᠤ᠋ᠨ ᠭᠤᠤᠯᠯᠠᠨ ᠬᠠᠮᠢᠶᠠᠷᠬᠤ ᠰᠠᠯᠠᠭᠠ ᠮᠥᠴᠢᠷᠲᠡᠶ ᠬᠠᠮᠲᠤᠷᠠᠨ ᠲᠥᠷᠥᠯ ᠵᠦᠶ᠋ᠯ ᠢ᠋ ᠢᠳᠡᠪᠬᠢᠲᠡᠶ ᠮᠥᠷᠳᠡᠵᠦ᠍᠂ ᠪᠠᠷᠢᠯᠭᠠ ᠢ᠋ᠢᠨ ᠪᠥᠲᠥᠭᠡᠨ ᠪᠠᠢᠭᠤᠯᠤᠯᠲᠠ ᠢ᠋ᠢᠨ ᠲᠥᠷᠥᠯ ᠵᠦᠶ᠋ᠯ ᠤ᠋ᠨ ᠭᠠᠷᠳᠠᠮ ᠭᠦᠶ᠋ᠴᠡᠳᠭᠡᠬᠦ᠌ ᠳᠤᠮᠳᠠ ᠣᠷᠣᠱᠢᠵᠤ ᠪᠠᠢᠭᠠ ᠠᠰᠠᠭᠤᠳᠠᠯ ᠢ᠋ ᠱᠢᠶ᠋ᠳᠪᠦᠷᠢᠯᠡᠨ᠂ ᠪᠠᠷᠢᠯᠭᠠ ᠢ᠋ᠢᠨ ᠪᠥᠲᠥᠭᠡᠨ ᠪᠠᠢᠭᠤᠯᠤᠯᠲᠠ ᠢ᠋ᠢᠨ ᠲᠥᠷᠥᠯ ᠵᠦᠶ᠋ᠯ ᠤ᠋ᠨ ᠭᠠᠷᠳᠠᠮ ᠭᠦᠶ᠋ᠴᠡᠳᠭᠡᠬᠦ᠌ ᠴᠠᠭ ᠤ᠋ᠨ ᠬᠢᠵᠠᠭᠠᠷ ᠢ᠋ ᠤᠯᠠᠮ ᠨᠢᠭᠡ ᠠᠯᠬᠤᠮ ᠪᠣᠭᠣᠨᠢᠰᠭᠠᠵᠤ᠂ ᠬᠢᠨᠠᠨ ᠵᠥᠪᠱᠢᠶᠡᠷᠡᠬᠦ᠌ ᠬᠦᠴᠢᠷᠳᠡᠯ ᠢ᠋ ᠰᠢᠢᠳᠪᠤᠷᠢᠯᠡᠵᠤ᠂ ᠬᠢᠨᠠᠨ ᠵᠥᠪᠱᠢᠶᠡᠷᠡᠬᠦ᠌ ᠢ᠋ᠢ ᠨᠠᠩ ᠥᠨᠳᠥᠷ ᠪᠦᠲᠦᠮᠵᠢᠲᠡᠶ ᠪᠣᠯᠭᠠᠵᠤ᠂ ᠠᠵᠤ ᠠᠬᠤᠢᠯᠠᠯ ᠳ᠋ᠤ᠌ ᠨᠡᠨᠭ ᠠᠰᠢᠭᠳᠡᠢ ᠪᠤᠯᠭᠠᠪᠠ᠃ ᠣᠢᠯᠠᠭᠠᠭ᠍ᠰᠠᠨ ᠢ᠋ᠶᠠᠷ᠂ ᠡᠨᠡ ᠵᠢᠯ ᠤ᠋ᠨ ᠲᠡᠬᠡᠷᠡ ᠬᠠᠭᠠᠰ ᠵᠢᠯ ᠳ᠋ᠤ᠌᠂ 27 ᠠᠵᠤ ᠠᠬᠤᠢᠯᠠᠯ ᠳ᠋ᠤ᠌ 《 ᠬᠠᠪᠰᠤᠷᠤᠨ ᠬᠦᠢᠴᠡᠳᠬᠡᠬᠦ ᠣᠷᠣᠯᠠᠨ ᠭᠦᠶ᠋ᠴᠡᠳᠭᠡᠬᠦ᠌ 》 92 ᠬᠤᠪᠢ ᠦᠶ᠋ᠯᠡᠴᠢᠯᠡᠭᠡ ᠬᠠᠨᠭᠭᠠᠵᠡᠢ᠃ ᠦᠶ᠋ᠯᠡᠴᠢᠯᠡᠭᠡᠨ ᠤ᠋ ᠦᠷᠡ ᠪᠦᠲᠦᠮᠵᠢ ᠢ᠋ᠢ ᠳᠡᠭᠡᠭ᠌ᠰᠢᠯᠡᠭᠦᠯᠬᠦ᠌᠂ ᠲᠥᠷᠥᠯ ᠵᠦᠶ᠋ᠯ ᠤ᠋ᠨ ᠠᠵᠢᠯ ᠵᠢᠡᠨ ᠡᠬᠢᠯᠡᠭᠦᠯᠬᠦ᠌ ᠢ᠋ᠢ ᠲᠦᠷᠭᠡᠳᠭᠡᠬᠦ᠌ ᠪᠡᠷ ᠲᠤᠰᠤᠯᠲᠠ ᠪᠣᠯᠭᠠᠵᠤ᠂ ᠲᠣᠰ ᠳᠡᠭᠡᠳᠦ ᠱᠢᠨᠡ ᠮᠡᠷᠭᠡᠵᠢᠯ ᠤ᠋ᠨ ᠲᠣᠭᠣᠷᠢᠭᠤᠨ ᠬᠢᠨ 《ᠤᠷᠢᠳᠴᠢᠯᠠᠨ ᠣᠷᠣᠯᠴᠠᠬᠤ᠂ ᠰᠠᠨᠠᠭᠠᠴᠢᠯᠠᠭᠠ ᠡᠴᠡᠪᠠᠨ ᠵᠣᠯᠭᠠᠭᠤᠯᠬᠤ᠂ ᠬᠠᠨᠤᠮᠵᠢᠳᠡᠢ ᠦᠶ᠋ᠯᠡᠴᠢᠯᠡᠬᠦ᠌ 》 ᠠᠵᠢᠯ ᠵᠢᠨᠨ ᠠᠷᠭᠠ ᠬᠡᠯᠪᠡᠷᠢ ᠢ᠋ᠢ ᠠᠪᠴᠤ᠌᠂ ᠲᠥᠷᠥᠯ ᠵᠦᠶ᠋ᠯ ᠤ᠋ᠨ ᠠᠵᠤ ᠠᠬᠤᠢᠯᠠᠯᠲᠠᠶ ᠬᠠᠮᠲᠤ ᠪᠡᠷ ᠲᠥᠷᠥᠯ ᠵᠦᠶ᠋ᠯ ᠢ᠋ ᠲᠥᠰᠦᠪᠯᠡᠬᠦ᠌ ᠢ᠋ᠢ ᠲᠡᠭᠦᠯᠳᠡᠷᠵᠢᠭᠦᠯᠵᠦ᠍᠂ ᠲᠥᠷᠥᠯ ᠵᠦᠶ᠋ᠯ ᠤ᠋ᠨ ᠪᠣᠯᠤᠮᠵᠢᠲᠤ ᠴᠢᠨᠠᠷ ᠪᠠ ᠡᠯᠡ ᠲᠥᠷᠥᠯ ᠤ᠋ᠨ ᠭᠠᠷᠳᠠᠮ ᠭᠦᠶ᠋ᠴᠡᠳᠭᠡᠭ᠌ᠰᠡᠨ ᠠᠮᠵᠢᠯᠲᠠ ᠢ᠋ᠢᠨ ᠨᠣᠷᠮᠠ ᠢ᠋ᠢ ᠪᠠᠲᠤᠯᠠᠪᠠ ; ᠡᠭᠦᠨ ᠤ᠋ ᠬᠠᠮᠲᠤ ᠬᠢᠨᠠᠨ ᠵᠥᠪᠱᠢᠶᠡᠷᠡᠬᠦ᠌ ᠠᠵᠢᠯᠲᠠᠳ ᠢ᠋ ᠵᠣᠬᠢᠶᠠᠨ ᠪᠠᠢᠭᠤᠯᠤᠨ ᠠᠵᠤ ᠠᠬᠤᠢᠯᠠᠯ ᠳ᠋ᠤ᠌ ᠬᠦᠷᠴᠦ᠍ ᠲᠥᠷᠥ ᠢ᠋ᠢᠨ ᠪᠣᠳᠣᠯᠭᠠ ᠢ᠋ᠢᠨ ᠤᠬᠠᠭᠤᠯᠭᠠ ᠬᠢᠵᠦ᠍᠂ ᠱᠢᠨᠡ ᠪᠡᠷ ᠪᠠᠢᠭᠤᠯᠬᠤ ᠪᠡᠷ ᠪᠠᠢᠭᠠ ᠲᠥᠷᠥᠯ ᠵᠦᠶ᠋ᠯ ᠳ᠋ᠤ᠌ ᠬᠣᠯᠪᠣᠭ᠍ᠳᠠᠭ᠍ᠰᠠᠨ ᠠᠵᠤ ᠦᠶ᠋ᠯᠡᠰ ᠤ᠋ᠨ ᠲᠥᠷᠥ ᠢ᠋ᠢᠨ ᠪᠣᠳᠣᠯᠭᠠ᠂ ᠡᠨᠧᠷᠭᠢ ᠢ᠋ᠢᠨ ᠬᠣᠷᠣᠭ᠍ᠳᠠᠯ ᠤ᠋ᠨ ᠣᠷᠣᠨ ᠵᠠᠶ᠂ ᠡᠨᠧᠷᠭᠢ ᠢ᠋ᠢᠨ ᠬᠣᠷᠣᠭ᠍ᠳᠠᠯ ᠤ᠋ᠨ ᠬᠦᠴᠦᠯᠡᠴᠡ᠂ ᠭᠠᠳᠠᠭ᠍ᠰᠢᠯᠠᠭᠤᠯᠬᠤ ᠬᠦᠴᠦᠯᠡᠴᠡ᠂ ᠠᠶᠤᠯᠬᠦᠢ ᠦᠶ᠋ᠯᠡᠳᠪᠦᠷᠢᠯᠡᠯ᠂ ᠭᠠᠵᠠᠷ ᠱᠢᠷᠣᠶ ᠢ᠋ᠢ ᠲᠣᠭ᠍ᠲᠠᠭᠠᠯ ᠳ᠋ᠤ᠌ ᠨᠡᠢᠴᠡᠭᠦᠯᠦᠨ ᠵᠣᠬᠢᠰᠲᠠᠶ ᠬᠡᠷᠡᠭ᠌ᠯᠡᠬᠦ᠌ ᠵᠡᠷᠭᠡ ᠠᠰᠠᠭᠤᠳᠠᠯ ᠢ᠋ ᠶᠡᠷᠦᠩᠬᠡᠢᠯᠡᠨ ᠰᠤᠳᠤᠯᠤᠨ ᠮᠠᠭᠠᠳᠯᠠᠪᠠ; ᠳᠡᠭᠡᠳᠦ ᠱᠢᠨᠡ ᠮᠡᠷᠭᠡᠵᠢᠯ ᠤ᠋ᠨ ᠲᠣᠭᠣᠷᠢᠭ ᠤ᠋ᠨ ᠠᠵᠤ ᠦᠶ᠋ᠯᠡᠳᠪᠦᠷᠢ ᠢ᠋ᠢᠨ ᠲᠥᠷᠥᠯ ᠵᠦᠶ᠋ᠯ ᠳᠡᠭᠡᠳᠦ ᠬᠡᠮᠵᠢᠶᠡ ᠪᠡᠷ ᠲᠥᠪᠯᠡᠷᠡᠭ᠌ᠰᠡᠨ ᠣᠨᠴᠠᠯᠢᠭᠲᠤ ᠰᠠᠭᠤᠷᠢᠯᠠᠨ᠂ 《ᠨᠢᠭᠡ ᠴᠣᠩᠬᠤᠪᠴᠢ ᠪᠡᠷ ᠭᠥᠯᠢᠶᠡᠨ ᠠᠪᠴᠤ᠌ ᠱᠢᠶ᠋ᠳᠪᠦᠷᠢᠯᠡᠬᠦ᠌ 》 ᠪᠡᠷ ᠳᠠᠮᠵᠢᠭᠤᠯᠤᠨ᠂ 《 ᠠᠵᠤ ᠦᠶ᠋ᠯᠡᠳᠪᠦᠷᠢ ᠢ᠋ᠢᠨ ᠲᠥᠷᠥᠯ ᠵᠦᠶ᠋ᠯ ᠤ᠋ᠨ ᠰᠠᠭᠠᠳ ᠥᠬᠡᠶ ᠨᠡᠪᠳᠡᠷᠡᠬᠦ ᠵᠠᠮ 》᠂ ᠠᠵᠢᠯ ᠡᠴᠡ ᠪᠠᠭᠤᠬᠤ ᠴᠠᠭ ᠢ᠋ ᠤᠷᠲᠤᠳᠭᠠᠬᠤ᠂ ᠪᠠᠶᠠᠷ ᠳᠤᠷᠠᠰᠭᠠᠯ ᠠᠮᠠᠷᠠᠯᠲᠠ ᠢ᠋ᠢᠨ ᠡᠳᠦᠷ ᠢ᠋ᠢᠡᠷ ᠤᠷᠢᠳᠴᠢᠯᠠᠨ ᠪᠣᠯᠵᠣᠬᠤ᠂ ᠤᠳᠠᠰᠤ ᠪᠡᠷ ᠬᠠᠷᠢᠭᠤ ᠰᠤᠷᠪᠤᠯᠵᠢᠯᠠᠬᠤ ᠵᠡᠷᠭᠡ ᠦᠶ᠋ᠯᠡᠴᠢᠯᠡᠭᠡ ᠢ᠋ᠢ ᠵᠡᠷᠭᠡ ᠪᠡᠷ ᠨᠡᠪᠲᠡᠷᠡᠭᠦᠯᠵᠦ᠍᠂ ᠬᠢᠨᠠᠨ ᠵᠥᠪᠱᠢᠶᠡᠷᠡᠬᠦ᠌ ᠴᠢᠬᠤᠯᠠ ᠨᠥᠬᠥᠴᠡᠯ ᠢ᠋ ᠳᠥᠭᠥᠮᠴᠢᠯᠡᠵᠦ᠍᠂ ᠭᠤᠤᠯᠳᠠᠯᠭᠠᠲᠠᠶ ᠲᠥᠷᠥᠯ ᠵᠦᠶ᠋ᠯ ᠳ᠋ᠤ᠌ ᠥᠨᠳᠥᠷ ᠪᠦᠲᠦᠮᠵᠢᠲᠡᠶ ᠪᠥᠬᠥ᠌ ᠶᠠᠪᠤᠴᠠ ᠪᠡᠷ ᠨᠢᠭᠤᠷᠲᠠᠨ ᠦᠶ᠋ᠯᠡᠴᠢᠯᠡᠬᠦ᠌ ᠦᠶ᠋ᠯᠡᠴᠢᠯᠡᠭᠡ ᠢ᠋ᠢ ᠤᠷᠢᠳᠠᠪᠠᠷ ᠬᠦᠷᠲᠡᠭᠡᠵᠦ᠍᠂ ᠲᠥᠷᠥᠯ ᠵᠦᠶ᠋ᠯ ᠤ᠋ᠨ ᠡᠷᠲᠡᠬᠡᠨ ᠠᠵᠢᠯ ᠡᠬᠢᠯᠡᠭᠦᠯᠦᠨ ᠪᠥᠲᠥᠭᠡᠨ ᠪᠠᠢᠭᠤᠯᠬᠤ ᠢ᠋ᠢ ᠦᠨᠡᠨ ᠬᠦ᠌ ᠪᠠᠳᠤᠯᠠᠪᠠ᠃ ᠡᠨᠡ ᠵᠢᠯᠡᠴᠡ ᠨᠠᠭᠠᠰᠢ᠂ ᠦᠶ᠋ᠯᠡᠴᠢᠯᠡᠭᠡᠨ ᠤ᠋ ᠪᠦᠯᠬᠦᠮ ᠪᠠᠢᠭᠤᠯᠬᠤ ᠪᠡᠷ ᠳᠠᠮᠵᠢᠭᠤᠯᠤᠨ᠂ 《 ᠪᠥᠬᠥ᠌ ᠶᠠᠪᠤᠴᠠ ᠳ᠋ᠤ᠌ ᠮᠦᠷᠳᠡᠬᠦ᠂ ᠬᠡᠷᠡᠭ᠌ᠴᠡᠭᠡ ᠱᠠᠭᠠᠷᠳᠠᠯᠭᠠ ᠢ᠋ᠢ ᠴᠢᠩᠭᠠ ᠠᠨᠭᠬᠠᠷᠬᠤ᠂ ᠲᠤᠰᠭᠠᠶ ᠠᠵᠢᠯᠲᠠᠨ ᠲᠠᠭᠠᠬᠤ᠂ ᠲᠤᠰᠭᠠᠶ ᠠᠩᠭᠢ ᠦᠶ᠋ᠯᠡᠴᠢᠯᠡᠬᠦ᠂ ᠬᠠᠮᠵᠢᠯᠴᠠᠨ ᠬᠠᠮᠲᠤᠷᠠᠨ ᠬᠥᠳᠡᠯᠦᠯᠴᠡᠬᠦ᠌》 ᠦᠶ᠋ᠯᠡᠴᠢᠯᠡᠭᠡᠨ ᠤ᠋ ᠶᠠᠪᠤᠴᠡ ᠶᠤᠰᠤᠭᠠᠷ᠂ ᠨᠢᠭᠡᠳᠦᠭᠡᠷ ᠹᠷᠣᠨᠲᠲᠤ 903 ᠠᠵᠤ ᠠᠬᠤᠢᠯᠠᠯ ᠳ᠋ᠤ᠌ ᠦᠶ᠋ᠯᠡᠴᠢᠯᠡᠪᠡ ᠃