ᠳᠣᠯᠣᠳᠤᠭᠠᠷ ᠬᠤᠭᠤᠴᠠᠭᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠠᠷᠠᠳ ᠲᠦᠮᠡᠨ᠎ᠳᠦ ᠬᠠᠨᠤᠮᠵᠢᠳᠠᠢ ᠠᠯᠪᠠᠲᠠᠨ》 ᠪᠣᠯᠤᠨ 《ᠠᠷᠠᠳ ᠲᠦᠮᠡᠨ᠎ᠳᠦ ᠬᠠᠨᠤᠮᠵᠢᠲᠠᠶ ᠠᠯᠪᠠᠲᠠᠨ᠎ᠤ ᠬᠠᠮᠲᠤ》᠎ᠶ᠋ᠢ ᠱᠢᠯᠭᠠᠷᠠᠭᠤᠯᠤᠨ ᠬᠥᠬᠢᠭᠦᠯᠬᠦ᠌ ᠠᠵᠢᠯ᠎ᠤᠨ ᠲᠣᠬᠢᠷᠠᠭᠤᠯᠤᠯᠲᠠ᠎ᠶ᠋ᠢ ᠦᠨᠳᠦᠰᠦᠯᠡᠨ᠂ ᠠᠩᠬ᠎ᠠ ᠠᠯᠬᠤᠮ ᠲᠠᠨᠢᠯᠴᠠᠭᠤᠯᠬᠤ᠂ ᠠᠩᠬ᠎ᠠ ᠬᠢᠨᠠᠬᠤ᠂ ᠵᠢᠩᠬᠢᠨᠢ᠎ᠪᠡᠷ ᠲᠠᠨᠢᠯᠴᠠᠭᠤᠯᠬᠤ᠂ ᠳᠠᠬᠢᠨ ᠬᠢᠨᠠᠬᠤ᠂ ᠰᠠᠨᠠᠯ ᠬᠤᠷᠢᠶᠠᠬᠤ᠂ ᠱᠢᠨᠵᠢᠯᠡᠨ ᠪᠠᠢᠴᠠᠭᠠᠬᠤ ᠵᠡᠷᠭᠡ᠎ᠪᠡᠷ ᠳᠠᠮᠵᠢᠨ᠂ ᠳᠣᠯᠣᠳᠤᠭᠠᠷ ᠬᠤᠭᠤᠴᠠᠭᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠠᠷᠠᠳ ᠲᠦᠮᠡᠨ᠎ᠳᠦ ᠬᠠᠨᠤᠮᠵᠢᠳᠠᠢ ᠠᠯᠪᠠᠲᠠᠨ》 ᠢ᠋ᠶ᠋ᠡᠷ ᠬᠥᠬᠢᠭᠦᠯᠦᠨ ᠰᠠᠢᠱᠢᠶᠠᠬᠤ ᠪᠡᠷ ᠪᠠᠢᠭ᠎ᠠ ᠡᠲᠡᠭᠡᠳ 40 ᠨᠡᠷᠡᠰ᠂ 《ᠠᠷᠠᠳ ᠲᠦᠮᠡᠨ᠎ᠳᠦ ᠬᠠᠨᠤᠮᠵᠢᠲᠠᠶ ᠠᠯᠪᠠᠲᠠᠨ᠎ᠤ ᠬᠠᠮᠲᠤ 》 ᠪᠡᠷ ᠬᠥᠬᠢᠭᠦᠯᠦᠨ ᠰᠠᠢᠱᠢᠶᠠᠬᠤ ᠪᠡᠷ ᠪᠠᠢᠭ᠎ᠠ ᠡᠲᠡᠭᠡᠳ20 ᠨᠡᠷᠡᠰ᠎ᠢ ᠰᠤᠳᠤᠯᠤᠨ ᠲᠣᠭ᠍ᠲᠠᠭᠠᠪᠠ᠃
ᠠᠷᠠᠳᠴᠢᠯᠠᠯ᠎ᠢ ᠭᠦᠶ᠋ᠴᠡᠳ ᠪᠠᠳᠠᠷᠠᠭᠤᠯᠵᠤ᠂ ᠨᠡᠢᠭᠡᠮ᠎ᠦᠨ ᠬᠢᠨᠠᠯᠲᠠ᠎ᠶ᠋ᠢ ᠬᠦᠯᠢᠶᠡᠬᠦ᠌᠎ᠶ᠋ᠢᠨ ᠲᠥᠯᠥᠭᠡ᠂ ᠣᠲᠣ ᠬᠥᠬᠢᠭᠦᠯᠦᠨ ᠰᠠᠢᠱᠢᠶᠠᠬᠤ᠎ᠪᠠᠷ ᠪᠠᠢᠭ᠎ᠠ ᠡᠲᠡᠭᠡᠳ᠎ᠢ ᠢᠯᠡ ᠨᠡᠢᠲᠡᠯᠡᠶ᠎ᠡ᠂ ᠢᠯᠨ ᠨᠡᠢᠲᠡᠯᠡᠬᠦ᠌ ᠴᠠᠭ᠎ᠨᠢ 2024 ᠣᠨ᠎ᠤ 12 ᠰᠠᠷ᠎ᠠ᠎ᠶ᠋ᠢᠨ 10 ᠤ᠋ ᠡᠳᠦᠷ ᠡᠴᠡ 12 ᠰᠠᠷ᠎ᠠ᠎ᠶ᠋ᠢᠨ 16 ᠤ᠋ ᠡᠳᠦᠷ ᠪᠣᠯᠲᠠᠯ᠎ᠠ᠃ ᠡᠨᠡ ᠬᠤᠭᠤᠴᠠᠭᠠᠨ᠎ᠳᠤ᠂ ᠬᠥᠬᠢᠭᠦᠯᠦᠨ ᠰᠠᠢᠱᠢᠶᠠᠬᠤ᠎ᠪᠠᠷ ᠪᠠᠢᠭ᠎ᠠ ᠡᠲᠡᠭᠡᠳ᠎ᠲᠦ ᠣᠨᠳᠣᠣ ᠰᠠᠨᠠᠯ᠎ᠲᠠᠶ ᠪᠣᠯ ᠰᠤᠷᠪᠤᠯᠵᠢᠯᠠᠷ᠎ᠠ ᠢᠷᠡᠬᠦ᠌᠂ ᠵᠠᠬᠢᠳᠠᠯ ᠢᠷᠡᠭᠦᠯᠬᠦ᠌ (ᠵᠠᠬᠢᠳᠠᠯ ᠢ᠋ ᠬᠦᠷᠴᠦ ᠢᠷᠡᠭᠰᠡᠨ ᠡᠳᠦᠷ᠎ᠤᠨ ᠱᠢᠦᠳᠠᠨ᠎ᠤ ᠲᠠᠮᠠᠭ᠎ᠠ᠎ᠪᠠᠷ ᠪᠠᠷᠢᠮᠵᠢᠶ᠎ᠠ ᠪᠣᠯᠭᠠᠨ᠎ᠠ)᠂ ᠤᠲᠠᠰᠤᠳᠠᠬᠤ ᠵᠡᠷᠭᠡ ᠬᠡᠯᠪᠡᠷᠢ᠎ᠪᠡᠷ ᠲᠤᠰᠭᠠᠵᠤ ᠪᠣᠯᠤᠨ᠎ᠠ᠃ ᠠᠰᠠᠭᠤᠳᠠᠯ᠎ᠢ ᠲᠤᠰᠭᠠᠬᠤ ᠦᠶ᠎ᠡ᠎ᠳᠦ ᠬᠣᠯᠪᠣᠭ᠍ᠳᠠᠯ ᠪᠦᠬᠦᠢ ᠰᠦᠪᠡᠭ᠌ᠴᠢ ᠵᠢᠴᠢ ᠥᠪᠡᠷ ᠤᠨ ᠦᠨᠡᠨ ᠤᠪᠤᠭ ᠨᠡᠷ᠎ᠡ᠂ ᠠᠵᠢᠯᠯᠠᠵᠤ ᠪᠠᠢᠭ᠎ᠠ ᠨᠢᠭᠡᠴᠢ ᠪᠠ ᠬᠠᠷᠢᠯᠴᠠᠬᠤ ᠠᠷᠭ᠎ᠠ ᠬᠡᠯᠪᠡᠷᠢ᠎ᠪᠡᠨ ᠬᠠᠩᠭᠠᠵᠤ᠂ ᠪᠠᠢᠴᠠᠭᠠᠨ ᠬᠠᠷᠭᠤᠭᠤᠯᠬᠤ ᠪᠠ ᠪᠠᠢᠳᠠᠯ᠎ᠢ ᠬᠠᠷᠢᠭᠤ ᠲᠤᠰᠭᠠᠬᠤ᠎ᠳᠤ ᠳᠥᠭᠥᠮ ᠪᠣᠯᠭᠠᠭᠠᠷᠠᠶ᠃
ᠢᠯᠡ ᠨᠡᠢᠲᠡᠯᠡᠬᠦ᠌ ᠠᠯᠪᠠᠨ ᠬᠡᠷ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ ᠵᠠᠰᠠᠭ᠎ᠤᠨ ᠪᠠᠢᠭᠤᠯᠭ᠎ᠠ᠎ᠶ᠋ᠢᠨ ᠠᠯᠪᠠᠯᠠᠬᠤ ᠠᠰᠠᠷ᠎ᠤᠨ 401 ᠦᠷᠦᠭᠡ᠎ᠳᠦ ᠳᠣᠭᠢᠷᠠᠭᠤᠯᠪᠠ᠃
ᠬᠦᠯᠢᠶᠡᠨ ᠠᠪᠴᠤ ᠰᠢᠢᠳᠪᠦᠷᠢᠯᠡᠬᠦ ᠤᠲᠠᠰᠤ ᠄ 0471 - 12380
ᠬᠦᠯᠢᠶᠡᠨ ᠠᠪᠴᠤ ᠰᠢᠢᠳᠪᠦᠷᠢᠯᠡᠬᠦ ᠴᠠᠭ ᠄ ᠠᠵᠢᠯᠯᠠᠬᠤ ᠡᠳᠦᠷ ᠦᠳᠡ᠎ᠶ᠋ᠢᠨ ᠡᠮᠦᠨ᠎ᠠ 9᠄ 00 —12 ᠄ 00
ᠦᠳᠡ᠎ᠶ᠋ᠢᠨ ᠬᠤᠢᠨ᠎ᠠ 13᠄ 30 — 17᠄ 30
ᠵᠠᠬᠢᠳᠠᠯ ᠤᠨ ᠬᠠᠶᠢᠭ᠄ ᠬᠥᠬᠡᠬᠣᠲᠠ᠎ᠶ᠋ᠢᠨ ᠰᠠᠢᠬᠠᠨ ᠲᠣᠭᠣᠷᠢᠭ᠎ᠤᠨ ᠴᠡᠯᠡᠭᠡᠷ ᠲᠠᠯ᠎ᠠ ᠵᠡᠭᠡᠯᠢ᠎ᠶ᠋ᠢᠨ 1 ᠳ᠋ᠤᠭᠡᠷ ᠨᠣᠮᠧᠷᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ ᠵᠠᠰᠠᠭ᠎ᠤᠨ ᠪᠠᠢᠭᠤᠯᠭ᠎ᠠ᠎ᠶ᠋ᠢᠨ ᠠᠯᠪᠠᠯᠠᠬᠤ ᠠᠰᠠᠷ᠎ᠤᠨ 401 ᠦᠷᠦᠭᠡ᠂ ᠱᠢᠤᠳᠠᠨ ᠨᠣᠮᠧᠷ᠄ 010096᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠵᠣᠬᠢᠶᠠᠨ ᠪᠠᠢᠭᠤᠯᠬᠤ ᠬᠡᠯᠲᠡᠰ
2024 ᠣᠨ᠎ᠤ 12 ᠰᠠᠷ᠎ᠠ᠎ᠶ᠋ᠢᠨ 10 ᠤ᠋ ᠡᠳᠦᠷ