ᠦᠪᠡᠷᠳᠡᠭᠡᠨ ᠵᠠᠰᠠᠬᠤ ᠤᠷᠤᠨ ᠤ᠋ ᠲᠡᠥᠬᠡ ᠶ᠋ᠢᠨ ᠲᠤᠷᠠᠰᠬᠠᠯᠳᠦ ᠵᠦᠢᠯᠡᠰ ᠤ᠋ᠨ ᠲᠤᠪᠴᠢᠶ᠎ᠠ ᠡᠴᠡ ᠤᠢᠯᠠᠭᠠᠭᠰᠠᠨ ᠢ᠋ᠶ᠋ᠡᠷ᠂ ᠮᠠᠨ ᠤ᠋ ᠤᠷᠤᠨ ᠲᠦᠷᠪᠡᠳᠦᠭᠡᠷ ᠤᠳᠠᠭ᠎ᠠ ᠵᠢᠨ ᠪᠦᠬᠦ ᠤᠯᠤᠰ ᠤ᠋ᠨ ᠲᠡᠥᠬᠡ ᠶ᠋ᠢᠨ ᠲᠤᠷᠠᠰᠬᠠᠯᠳᠦ ᠵᠦᠢᠯᠡᠰ ᠤ᠋ᠨ ᠨᠡᠢᠳᠡᠮ ᠪᠠᠢᠴᠠᠭᠠᠯᠳᠠ ᠶ᠋ᠢᠨ ᠡᠯ᠎ᠡ ᠳᠠᠯ᠎ᠠ ᠶ᠋ᠢᠨ ᠠᠵᠢᠯ ᠢ᠋ ᠯᠠᠪᠳᠠᠭᠤᠨ ᠪᠠᠳᠤᠳᠠᠢ ᠠᠬᠢᠭᠤᠯᠵᠤ᠂ ᠤᠳᠤᠬᠠᠨ ᠪᠤᠯᠳᠠᠯ᠎ᠠ 895 ᠲᠡᠦᠬᠡ ᠶ᠋ᠢᠨ ᠳᠤᠷᠠᠰᠭᠠᠯᠲᠤ ᠵᠦᠶ᠋ᠯ ᠢ᠋ ᠰᠢᠨ᠎ᠠ ᠪᠡᠷ ᠢᠯᠡᠷᠡᠬᠦᠯᠵᠤ᠂ ᠭᠤᠷᠪᠠᠳᠤᠭᠠᠷ ᠤᠳᠠᠭ᠎ᠠ ᠵᠢᠨ ᠨᠡᠢᠳᠡᠮ ᠪᠠᠢᠴᠠᠭᠠᠯᠳᠠ ᠵᠢᠨ ᠦᠶ᠎ᠡ ᠵᠢᠨ 17030 ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠪᠠᠭᠤᠷᠢ ᠵᠢ ᠬᠢᠨᠠᠨ ᠬᠠᠷᠭᠤᠭᠤᠯᠵᠦ᠂ ᠬᠢᠨᠠᠨ ᠬᠠᠷᠭᠤᠭᠤᠯᠤᠭᠰᠠᠨ ᠨᠣᠷᠮ᠎ᠠ 80.7% ᠳ᠋ᠦ᠍ ᠬᠦᠷᠴᠠᠢ᠃
ᠤᠢᠯᠠᠭᠠᠭᠰᠠᠨ ᠢ᠋ᠶ᠋ᠡᠷ᠂ ᠪᠦᠬᠦ ᠤᠷᠤᠨ ᠡᠴᠡ 53 ᠬᠣᠱᠢᠭᠤ ᠱᠢᠶᠠᠨ ᠲᠣᠭᠣᠷᠢᠭ ᠨᠢᠬᠡᠨᠳᠡ ᠭᠤᠷᠪᠠᠳᠤᠭᠠᠷ ᠤᠳᠠᠭ᠎ᠠ ᠵᠢᠨ ᠨᠡᠢᠳᠡᠮ ᠪᠠᠢᠴᠠᠭᠠᠯᠳᠠ ᠵᠢᠨ ᠦᠶ᠎ᠠ ᠵᠢᠨ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠪᠠᠭᠤᠷᠢ ᠵᠢ ᠪᠦᠬᠦᠨ ᠢ᠋ ᠬᠢᠨᠠᠨ ᠬᠠᠷᠭᠤᠭᠤᠯᠵᠦ᠂ ᠢᠯᠡᠳᠲᠡ ᠦᠷ᠎ᠡ ᠪᠦᠲᠦᠭᠡᠯ ᠣᠯᠵᠤ᠂ ᠲᠤᠬᠠᠶ ᠶ᠋ᠢᠨ ᠭᠠᠵᠠᠷ ᠤ᠋ᠨ ᠪᠠᠢᠴᠠᠭᠠᠯᠲᠠ ᠵᠢ ᠪᠡᠶᠡᠯᠡᠭᠦᠯᠬᠦ᠌ᠳᠦ ᠪᠠᠲᠤ ᠪᠠᠬᠢ ᠰᠠᠭᠤᠷᠢ ᠲᠠᠯᠪᠢᠪᠠ᠃ ᠭᠡᠪᠡᠴᠦ᠍ ᠠᠵᠢᠯ ᠤ᠋ᠨ ᠳᠤᠮᠳᠠ ᠪᠠᠰᠠ ᠰᠣᠶᠣᠯ ᠤ᠋ᠨ ᠥᠪ ᠬᠥᠷᠥᠩᠭᠡ ᠶ᠋ᠢᠨ ᠬᠠᠮᠠᠭᠠᠯᠠᠯᠲᠠ ᠲᠡᠩᠴᠡᠭᠦᠷᠢ ᠦᠭᠡᠶ ᠭᠦᠢᠴᠡᠳ ᠦᠭᠡᠶ᠂ ᠣᠷᠣᠨ ᠪᠦᠰᠡ ᠶ᠋ᠢᠨ ᠴᠢᠨᠠᠷᠲᠠᠶ ᠪᠦᠬᠦᠯᠢ ᠴᠣᠭ᠍ᠴᠠ ᠶ᠋ᠢᠨ ᠬᠠᠮᠠᠭᠠᠯᠠᠯᠲᠠ ᠬᠦᠷᠦᠯᠴᠡᠬᠦ᠌ ᠦᠭᠡᠶ᠂ ᠠᠮᠢᠳᠤᠯᠢᠭ ᠠᠱᠢᠭ᠍ᠯᠠᠬᠤ ᠲᠠᠯ᠎ᠠ ᠪᠠᠷ ᠳᠤᠳᠠᠮᠠᠭ᠂ ᠲᠤᠰᠭᠠᠶ ᠮᠡᠷᠭᠡᠵᠢᠯ ᠤ᠋ᠨ ᠬᠦᠴᠦᠨ ᠪᠠᠭᠤᠷᠠᠶ ᠪᠠᠢᠬᠤ ᠵᠡᠷᠭᠡ ᠠᠰᠠᠭᠤᠳᠠᠯ ᠣᠷᠣᠱᠢᠵᠤ ᠪᠤᠢ᠃ ᠡᠬᠦᠨ ᠳ᠋ᠤ ᠦᠪᠡᠷᠳᠡᠭᠡᠨ ᠵᠠᠰᠠᠬᠤ ᠤᠷᠤᠨ ᠡᠴᠡ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠬᠠᠷᠢᠭᠤᠴᠠᠯᠭ᠎ᠠ ᠪᠠᠨ ᠴᠢᠩᠳᠠᠯᠠᠵᠤ᠂ ᠬᠥᠮᠦᠨᠦ ᠬᠦᠴᠦ ᠪᠣᠳᠠᠰ ᠤ᠋ᠨ ᠬᠦᠴᠦ ᠡᠳ᠋ ᠤ᠋ᠨ ᠬᠦᠴᠦ ᠪᠠᠨ ᠲᠥᠪᠯᠡᠷᠡᠭᠦᠯᠦᠨ ᠳᠥᠷᠪᠡᠳᠦᠭᠡᠷ ᠤᠳᠠᠭ᠎ᠠ ᠶ᠋ᠢᠨ ᠪᠦᠬᠦ᠌ ᠤᠯᠤᠰ ᠤ᠋ᠨ ᠲᠡᠦᠬᠡ ᠶ᠋ᠢᠨ ᠳᠤᠷᠠᠰᠭᠠᠯᠲᠤ ᠵᠦᠢᠯᠡᠰ ᠤ᠋ᠨ ᠨᠡᠢᠳᠡᠮ ᠪᠠᠢᠴᠠᠭᠠᠯᠲᠠ ᠶ᠋ᠢᠨ ᠬᠣᠶᠠᠳᠤᠭᠠᠷ ᠱᠠᠲᠤᠨ ᠤ᠋ ᠲᠤᠬᠠᠢ ᠵᠢᠨ ᠭᠠᠵᠠᠷ ᠤ᠋ᠨ ᠪᠠᠢᠴᠠᠭᠠᠯᠲᠠ ᠶ᠋ᠢᠨ ᠪᠣᠭᠣᠮᠲᠠ ᠱᠢᠪᠲᠤᠯᠬᠤ ᠳᠠᠢᠯᠠᠯᠳᠤᠭᠠᠨ ᠢ᠋ ᠰᠠᠢᠲᠤᠷ ᠬᠢᠵᠦ᠍᠂ 2025 ᠤᠨ ᠤ᠋ 5 ᠰᠠᠷ᠎ᠠ ᠶ᠋ᠢᠨ ᠰᠡᠭᠦᠯᠴᠢ ᠡᠴᠡ ᠡᠮᠦᠨ᠎ᠡ ᠲᠤᠬᠠᠢ ᠶ᠋ᠢᠨ ᠭᠠᠵᠠᠷ ᠤ᠋ᠨ ᠪᠠᠢᠴᠠᠭᠠᠯᠲᠠ ᠶ᠋ᠢᠨ ᠡᠭᠦᠷᠭᠡ ᠵᠢ ᠥᠨᠳᠥᠷ ᠪᠠᠷᠢᠮᠵᠢᠶ᠎ᠠ ᠪᠠᠷ ᠴᠢᠨᠠᠷ ᠰᠠᠢᠲᠠᠢ ᠪᠡᠶᠡᠯᠡᠭᠦᠯᠬᠦ᠌ ᠵᠢ ᠱᠠᠭᠠᠷᠳᠠᠵᠦ᠂ ᠨᠡᠢᠳᠡᠮ ᠪᠠᠢᠴᠠᠭᠠᠯᠲᠠ ᠶ᠋ᠢᠨ ᠲᠣᠭ᠎ᠠ ᠪᠠᠷᠢᠮᠲᠠ ᠦᠨᠡᠨ ᠪᠣᠳᠠᠲᠠᠶ᠂ ᠣᠨᠣᠪᠴᠢᠲᠠᠶ᠂ ᠨᠠᠢᠳᠠᠪᠤᠷᠢᠲᠠᠶ ᠪᠠᠢᠬᠤ ᠵᠢ ᠦᠨᠡᠨ ᠬᠦ᠌ ᠪᠠᠲᠤᠯᠠᠨ᠂ ᠡᠯ᠎ᠡ ᠱᠠᠲᠤᠨ ᠤ᠋ ᠤᠬᠠᠭᠤᠯᠬᠤ ᠰᠠᠯᠠᠭ᠎ᠠ ᠮᠥᠴᠢᠷ ᠤ᠋ᠳ ᠤᠬᠠᠭᠤᠯᠤᠨ ᠳᠠᠢᠴᠢᠯᠠᠬᠤ ᠪᠠᠨ ᠴᠢᠩᠭᠠᠳᠭᠠᠵᠤ᠂ ᠲᠤᠬᠠᠶ ᠶ᠋ᠢᠨ ᠭᠠᠵᠠᠷ ᠤ᠋ᠨ ᠪᠠᠢᠴᠠᠭᠠᠯᠲᠠ ᠶ᠋ᠢᠨ ᠠᠵᠢᠯ ᠤ᠋ᠨ ᠱᠢᠨ᠎ᠡ ᠢᠯᠡᠷᠡᠭᠦᠯᠦᠯᠲᠡ᠂ ᠱᠢᠨ᠎ᠡ ᠦᠷ᠎ᠡ ᠪᠦᠲᠦᠭᠡᠯ ᠢ᠋ ᠴᠠᠭ ᠲᠤᠬᠠᠶ ᠳ᠋ᠤᠨᠢ ᠮᠡᠳᠡᠭᠡᠯᠡᠵᠦ᠍᠂ ᠨᠡᠢᠳᠡᠮ ᠪᠠᠢᠴᠠᠭᠠᠯᠲᠠ ᠶ᠋ᠢᠨ ᠰᠠᠢᠨ ᠰᠠᠢᠬᠠᠨ ᠠᠭᠤᠷ ᠠᠮᠢᠰᠭᠤᠯ ᠢ᠋ ᠢᠳᠡᠪᠬᠢᠲᠡᠶ ᠪᠡᠷ ᠪᠣᠶ ᠪᠣᠯᠭᠠᠬᠤ ᠵᠢ ᠱᠠᠭᠠᠷᠳᠠᠭᠰᠠᠨ ᠪᠠᠢᠨ᠎ᠠ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号