ᠦᠪᠡᠷᠳᠡᠭᠡᠨ ᠵᠠᠰᠠᠬᠤ ᠤᠷᠤᠨ ᠤ᠋ ᠰᠤᠶᠤᠯ ᠪᠠ ᠵᠢᠭᠤᠯᠴᠢᠯᠠᠯ ᠤ᠋ᠨ ᠲᠢᠩᠬᠢᠮ ᠡᠴᠡ ᠤᠢᠯᠠᠭᠠᠭᠰᠠᠨ ᠢ᠋ᠶ᠋ᠡᠷ᠂ ᠥᠪᠡᠷᠲᠡᠭᠡᠨ ᠵᠠᠰᠠᠬᠤ ᠣᠷᠣᠨ ᠤ᠋ ᠳᠥᠷᠪᠡᠳᠦᠭᠡᠷ ᠤᠳᠠᠭ᠎ᠠ ᠵᠢᠨ ᠪᠥᠬᠥ᠌ ᠤᠯᠤᠰ ᠤ᠋ᠨ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠨᠡᠢᠳᠡᠮ ᠪᠠᠢᠴᠠᠭᠠᠯᠲᠠ ᠶ᠋ᠢᠨ ᠠᠵᠢᠯ ᠤ᠋ᠨ ᠳᠤᠭᠤᠢᠯᠠᠩ ᠤ᠋ᠨ ᠬᠢᠨ ᠪᠥᠬᠥ᠌ ᠣᠷᠣᠨ ᠤ᠋ 13804 ᠬᠡᠰᠡᠭ ᠴᠡᠭ ᠤ᠋ᠨ ᠣᠷᠳᠣ ᠴᠠᠭᠠᠨ ᠬᠡᠷᠡᠮ ᠢ᠋ ᠨᠡᠢᠳᠡᠮ ᠪᠠᠢᠴᠠᠭᠠᠵᠤ ᠡᠬᠢᠯᠡᠨ᠂ ᠤᠳᠤᠬᠠᠨ ᠳ᠋ᠤ ᠮᠡᠳᠡᠭᠡ ᠵᠠᠩᠬᠢ ᠵᠢ ᠬᠠᠷᠭᠤᠭᠤᠯᠤᠨ ᠪᠠᠢᠴᠠᠭᠠᠬᠤ ᠠᠵᠢᠯ ᠢ᠋ ᠡᠷᠴᠢᠮᠳᠠᠢ ᠶᠠᠪᠤᠭᠳᠠᠭᠤᠯᠵᠦ ᠪᠠᠢᠨ᠎ᠠ᠃
ᠨᠡᠢᠳᠡᠮ ᠪᠠᠢᠴᠠᠭᠠᠯᠲᠠ ᠳ᠋ᠦ ᠮᠠᠨ ᠤ᠋ ᠣᠷᠣᠨ ᠤ᠋ ᠬᠡᠪᠴᠢᠶᠡᠨ ᠳ᠋ᠡᠬᠢ ᠪᠤᠶ ᠪᠦᠬᠦᠢ ᠤᠷᠲᠤ ᠴᠠᠭᠠᠨ ᠬᠡᠷᠡᠮ ᠪᠣᠯᠤᠨ ᠱᠢᠨ᠎ᠡ ᠪᠡᠷ ᠢᠯᠡᠷᠡᠭᠦᠯᠦᠭ᠌ᠰᠡᠨ ᠤᠷᠲᠤ ᠴᠠᠭᠠᠨ ᠬᠡᠷᠡᠮ ᠤ᠋ᠨ ᠬᠠᠨ᠎ᠠ᠂ ᠪᠡᠬᠢᠯᠡᠯᠳᠡ ᠶ᠋ᠢᠨ ᠭᠤᠤ᠂ ᠬᠡᠷᠡᠮ ᠤ᠋ᠨ ᠠᠰᠠᠷ᠂ ᠲᠤᠪᠵᠢᠶᠠ᠂ ᠬᠠᠪᠴᠢᠯ᠂ ᠴᠠᠢᠵᠠ᠂ ᠴᠣᠨᠵᠢ ᠵᠢᠴᠢ ᠬᠥᠱᠢᠶᠡ᠂ ᠰᠠᠭᠤᠷᠢᠰᠢᠯ ᠵᠡᠷᠭᠡ ᠤᠷᠲᠤ ᠴᠠᠭᠠᠨ ᠬᠡᠷᠡᠮᠯᠦᠭᠡ ᠬᠣᠯᠪᠣᠭ᠍ᠳᠠᠬᠤ ᠵᠦᠢᠯᠡᠰ ᠢ᠋ ᠪᠠᠢᠴᠠᠭᠠᠨ᠎ᠠ᠃ ᠡᠨᠡ ᠬᠣᠶᠠᠷ ᠵᠢᠯ ᠥᠪᠡᠷᠲᠡᠭᠡᠨ ᠵᠠᠰᠠᠬᠤ ᠣᠷᠣᠨ ᠤ᠋ ᠲᠡᠦᠬᠡ ᠶ᠋ᠢᠨ ᠳᠤᠷᠠᠰᠭᠠᠯᠲᠤ ᠵᠦᠶ᠋ᠯᠡᠰ ᠬᠠᠭᠤᠴᠢ ᠰᠤᠳᠤᠯᠤᠯ ᠤ᠋ᠨ ᠬᠦᠷᠢᠶᠡᠯᠡᠩ ᠡᠴᠡ ᠣᠷᠳᠣ ᠴᠠᠭᠠᠨ ᠬᠡᠷᠡᠮ ᠤ᠋ᠨ ᠲᠤᠰᠭᠠᠶ ᠪᠠᠢᠴᠠᠭᠠᠯᠲᠠ ᠶ᠋ᠢᠨ ᠲᠥᠷᠥᠯ ᠵᠦᠶ᠋ᠯ ᠢ᠋ ᠥᠷᠨᠢᠭᠦᠯᠵᠦ᠍᠂ ᠡᠭᠦᠨ ᠡᠴᠡ ᠡᠮᠦᠨᠡᠬᠢ ᠪᠥᠬᠥ᠌ ᠤᠯᠤᠰ ᠤ᠋ᠨ ᠣᠷᠳᠣ ᠴᠠᠭᠠᠨ ᠬᠡᠷᠡᠮ ᠤ᠋ᠨ ᠡᠬᠢ ᠪᠠᠶᠠᠯᠢᠭ ᠤ᠋ᠨ ᠪᠠᠢᠴᠠᠭᠠᠯᠲᠠ ᠶ᠋ᠢᠨ ᠰᠠᠭᠤᠷᠢᠨ ᠳᠡᠭᠡᠷ᠎ᠡ ᠲᠤᠰᠭᠠᠶ ᠪᠠᠢᠴᠠᠭᠠᠯᠲᠠ ᠬᠢᠵᠦ᠍᠂ ᠭᠣᠭᠣᠵᠢᠭ᠍ᠳᠠᠭ᠍ᠰᠠᠨ ᠢ᠋ ᠪᠠᠢᠴᠠᠭᠠᠨ ᠳᠤᠲᠠᠭᠤᠳᠠᠯ ᠢ᠋ ᠨᠥᠬᠥᠪᠥᠷᠢᠯᠡᠵᠦ᠍᠂ ᠣᠷᠳᠣ ᠴᠠᠭᠠᠨ ᠬᠡᠷᠡᠮ ᠤ᠋ᠨ ᠡᠬᠢ ᠪᠠᠶᠠᠯᠢᠭ ᠤ᠋ᠨ ᠲᠣᠭ᠎ᠠ ᠪᠠᠷᠢᠮᠲᠠ ᠵᠢ ᠲᠡᠭᠦᠯᠳᠡᠷᠵᠢᠭᠦᠯᠦᠨ᠂ ᠰᠡᠭᠦᠯᠴᠢ ᠶ᠋ᠢᠨ ᠬᠤᠭᠤᠴᠠᠭᠠᠨ ᠤ᠋ ᠬᠠᠮᠠᠭᠠᠯᠠᠯᠲᠠ ᠶ᠋ᠢᠨ ᠠᠵᠢᠯᠳᠤ ᠰᠠᠭᠤᠷᠢ ᠪᠡᠯᠡᠳᠭᠡᠯ ᠠᠵᠢᠯ ᠢ᠋ ᠰᠠᠢᠲᠤᠷ ᠬᠢᠵᠠᠢ᠃
ᠮᠠᠨ ᠤ᠋ ᠣᠷᠣᠨ ᠳ᠋ᠦ ᠪᠠᠢᠳᠠᠭ ᠤᠷᠲᠤ ᠴᠠᠭᠠᠨ ᠬᠡᠷᠡᠮ ᠳ᠋ᠦ ᠪᠠᠢᠯᠳᠤᠭᠠᠨᠲᠤ ᠤᠯᠤᠰ ᠤ᠋ᠨ ᠵᠤᠤ ᠤᠯᠤᠰ᠂ ᠪᠠᠢᠯᠳᠤᠭᠠᠨᠳᠦ ᠤᠯᠤᠰ ᠤ᠋ᠨ ᠶᠠᠨ ᠤᠯᠤᠰ᠂ ᠪᠠᠢᠯᠳᠤᠭᠠᠨᠲᠤ ᠤᠯᠤᠰ ᠴᠢᠨ ᠤᠯᠤᠰ ᠪᠣᠯᠤᠨ ᠴᠢᠨ᠂ ᠬᠠᠨ᠂ ᠯᠢᠶᠣᠤ᠂ ᠵᠢᠨ᠂ ᠮᠢᠩ ᠵᠡᠷᠭᠡ 6 ᠲᠡᠦᠬᠡᠨ ᠦᠶ᠎ᠡ ᠶ᠋ᠢᠨ 8 ᠲᠥᠷᠥ ᠶ᠋ᠢᠨ ᠦᠶ᠎ᠠ ᠳ᠋ᠤ ᠪᠠᠢᠭᠤᠯᠤᠭ᠍ᠰᠠᠨ ᠤᠷᠲᠤ ᠴᠠᠭᠠᠨ ᠬᠡᠷᠡᠮ ᠪᠠᠭᠳᠠᠵᠦ᠂ ᠵᠡᠭᠦᠨ ᠡᠴᠡ ᠶᠡᠬᠡ ᠬᠢᠩᠭᠠᠨ ᠳᠠᠪᠠᠭ᠎ᠠ᠂ ᠪᠠᠷᠠᠭᠤᠨᠰᠢ ᠠᠯᠠᠱᠠ ᠶ᠋ᠢᠨ ᠪᠠᠷᠠᠭᠤᠨ ᠵᠠᠬ᠎ᠠ ᠬᠦᠷᠳᠡᠯ᠎ᠠ 2000 ᠺᠢᠯᠣᠮᠧᠲᠷ ᠤᠷᠲᠦ᠂ ᠡᠮᠦᠨᠡᠰᠢ ᠤᠮᠠᠷᠠᠰᠢ 1500 ᠺᠢᠯᠣᠮᠧᠲ᠋ᠷ ᠥᠷᠭᠡᠨ ᠬᠡᠪᠴᠢᠶᠡᠨ ᠳ᠋ᠦ ᠳᠠᠷᠬᠠᠵᠦ ᠪᠤᠢ᠃ ᠣᠷᠳᠣ ᠴᠠᠭᠠᠨ ᠬᠡᠷᠡᠮ ᠨᠢ ᠲᠡᠦᠬᠡ ᠰᠣᠶᠣᠯ ᠤ᠋ᠨ ᠴᠢᠬᠤᠯᠠ ᠥᠪ ᠪᠣᠯᠤᠭ᠍ᠰᠠᠨ ᠤ᠋ ᠬᠤᠪᠢ ᠳ᠋ᠤ ᠡᠷᠲᠡᠨ ᠤ᠋ ᠴᠡᠷᠢᠭ ᠤ᠋ᠨ ᠶᠠᠪᠤᠳᠠᠯ ᠤ᠋ᠨ ᠰᠡᠷᠭᠡᠢᠯᠡᠯᠲᠡ ᠶ᠋ᠢᠨ ᠳᠠᠯ᠎ᠠ ᠪᠡᠷ ᠬᠢ ᠤᠢ ᠪᠢᠯᠢᠭ ᠢ᠋ ᠲᠤᠰᠬᠠᠨ ᠲᠡᠦᠬᠡ᠂ ᠱᠢᠨᠵᠢᠯᠡᠬᠦ᠌ ᠤᠬᠠᠭᠠᠨ᠂ ᠨᠡᠢᠭᠡᠮ ᠪᠠ ᠰᠣᠶᠣᠯ ᠤ᠋ᠨ ᠣᠷᠣᠯᠠᠭᠤᠯᠵᠤ ᠪᠣᠯᠤᠰᠢ ᠥᠬᠡᠶ ᠠᠴᠢ ᠬᠤᠯᠪᠤᠭᠳᠠᠯ ᠪᠣᠯᠤᠨ ᠣᠶᠤᠨ ᠰᠠᠨᠠᠭᠠᠨ ᠤ᠋ ᠦᠨ᠎ᠡ ᠥᠷᠲᠡᠭ ᠲᠡᠶ ᠶᠤᠮ᠃ ᠣᠷᠳᠣ ᠴᠠᠭᠠᠨ ᠬᠡᠷᠡᠮ ᠤ᠋ᠨ ᠨᠡᠢᠳᠡᠮ ᠪᠠᠢᠴᠠᠭᠠᠯᠲᠠ ᠶ᠋ᠢᠨ ᠠᠵᠢᠯ ᠢ᠋ ᠰᠠᠢᠲᠤᠷ ᠬᠢᠬᠦ᠌ ᠨᠢ ᠣᠷᠳᠣ ᠴᠠᠭᠠᠨ ᠬᠡᠷᠡᠮ ᠤ᠋ᠨ ᠬᠠᠮᠠᠭᠠᠯᠠᠯᠲᠠ ᠶ᠋ᠢᠨ ᠠᠵᠢᠯ ᠢ᠋ ᠰᠠᠢᠲᠤᠷ ᠬᠢᠬᠦ᠌ ᠳ᠋ᠦ ᠴᠢᠬᠤᠯᠠ ᠰᠠᠭᠤᠷᠢ ᠪᠤᠯᠵᠦ᠂ ᠣᠷᠳᠣ ᠴᠠᠭᠠᠨ ᠬᠡᠷᠡᠮ ᠤ᠋ᠨ ᠲᠡᠦᠬᠡ ᠪᠠ ᠰᠣᠶᠣᠯ ᠤ᠋ᠨ ᠲᠤᠬᠠᠶ ᠲᠠᠨᠢᠯᠲᠠ᠂ ᠰᠣᠶᠣᠯ ᠤ᠋ᠨ ᠥᠪ ᠤ᠋ᠨ ᠬᠠᠮᠠᠭᠠᠯᠠᠯᠲᠠ ᠵᠢ ᠠᠬᠢᠭᠤᠯᠬᠤ᠂ ᠣᠷᠣᠨ ᠨᠤᠲᠤᠭ ᠤ᠋ᠨ ᠰᠣᠶᠣᠯ ᠤ᠋ᠨ ᠬᠥᠭ᠌ᠵᠢᠯᠲᠡ ᠵᠢ ᠠᠬᠢᠭᠤᠯᠬᠤᠳᠤ ᠴᠢᠬᠤᠯᠠ ᠠᠴᠢ ᠬᠣᠯᠪᠣᠭ᠍ᠳᠠᠯ ᠲᠠᠶ ᠪᠠᠢᠵᠤ᠂ ᠳᠤᠮᠳᠠᠳᠤ ᠶ᠋ᠢᠨ ᠤᠯᠠᠮᠵᠢᠯᠠᠯᠲᠤ ᠱᠢᠯᠢᠳᠡᠭ ᠰᠣᠶᠣᠯ ᠢ᠋ ᠤᠯᠠᠮᠵᠢᠯᠠᠨ ᠪᠠᠳᠠᠷᠠᠭᠤᠯᠬᠤᠳᠤ ᠣᠷᠣᠯᠠᠭᠤᠯᠵᠤ ᠪᠣᠯᠤᠰᠢ ᠥᠬᠡᠶ ᠵᠠᠩᠭᠢᠯᠠᠭ᠎ᠠ ᠶ᠋ᠢᠨ ᠦᠢᠯᠡᠳᠦᠯ ᠦᠵᠡᠭᠦᠯᠵᠦ᠍ ᠪᠠᠢᠳᠠᠭ᠃ ᠤᠯᠤᠰ ᠪᠠ ᠦᠪᠡᠷᠳᠡᠬᠡᠨ ᠵᠠᠰᠠᠬᠤ ᠤᠷᠤᠨ ᠡᠴᠡ ᠥᠪᠥᠷ ᠮᠣᠩᠭᠣᠯ ᠤ᠋ᠨ ᠣᠷᠳᠣ ᠴᠠᠭᠠᠨ ᠬᠡᠷᠡᠮ ᠢ᠋ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠬᠠᠮᠠᠭᠠᠯᠠᠯᠲᠠ ᠶ᠋ᠢᠨ ᠨᠢᠭᠡᠴᠢ ᠪᠡᠷ ᠨᠡᠢᠲᠡᠯᠡᠵᠦ᠍᠂ ᠡᠭᠦᠨ ᠳ᠋ᠦ ᠵᠢᠤᠢ ᠶᠠᠨ ᠤ᠋ ᠪᠠᠭᠤᠷᠢ᠂ ᠵᠢᠨ ᠵᠢᠶᠧ ᠬᠤᠤ᠂ ᠴᠢᠨ ᠤᠯᠤᠰ ᠬᠠᠨ ᠤᠯᠤᠰ ᠤ᠋ᠨ ᠣᠷᠳᠣ ᠴᠠᠭᠠᠨ ᠬᠡᠷᠡᠮ ᠪᠠ ᠮᠢᠩ ᠤᠯᠤᠰ ᠤ᠋ᠨ ᠣᠷᠳᠣ ᠴᠠᠭᠠᠨ ᠬᠡᠷᠡᠮ ᠤ᠋ᠨ ᠬᠡᠰᠡᠭ ᠨᠢ ᠪᠥᠬᠥ᠌ ᠤᠯᠤᠰ ᠤ᠋ᠨ ᠭᠤᠤᠯᠳᠠᠯᠭ᠎ᠠ ᠲᠠᠶ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠬᠠᠮᠠᠭᠠᠯᠠᠯᠲᠠ ᠶ᠋ᠢᠨ ᠨᠢᠭᠡᠴᠢ ᠪᠡᠷ ᠰᠤᠩᠭᠤᠭᠳᠠᠵᠦ᠂ ᠪᠤᠰᠤᠳ ᠨᠢ ᠪᠦᠷ ᠥᠪᠡᠷᠲᠡᠭᠡᠨ ᠵᠠᠰᠠᠬᠤ ᠣᠷᠣᠨ ᠤ᠋ ᠲᠠᠰ ᠤ᠋ᠨ ᠭᠤᠤᠯᠳᠠᠯᠭ᠎ᠠ ᠲᠠᠶ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠬᠠᠮᠠᠭᠠᠯᠠᠯᠲᠠ ᠶ᠋ᠢᠨ ᠨᠢᠭᠡᠴᠢ ᠪᠡᠷ ᠲᠤᠭᠳᠠᠭᠠᠭᠳᠠᠵᠠᠢ᠃