ᠠᠳᠠᠯ ᠠᠬᠤᠢ᠎ᠶᠢᠨ ᠰᠦᠢᠳᠬᠡᠯ ᠲᠤᠰᠢᠶᠠᠬᠤ᠎ᠶᠢ ᠲᠡᠪᠴᠢᠬᠦ ᠪᠡᠷ ᠠᠰᠠᠭᠤᠳᠠᠯ ᠵᠢᠡᠨ ᠰᠢᠢᠳᠪᠦᠷᠢᠯᠡᠬᠦ ᠨᠢ ᠵᠤᠬᠢᠰᠳᠠᠢ᠎ᠤᠤ?
2024-12-02 10:48:23
ᠵᠣᠬᠢᠶᠠᠭ᠍ᠴᠢ᠄
ᠰᠢᠨᠡᠪᠢᠯᠢᠭ
ᠣᠩᠱᠢᠭ᠍ᠰᠠᠨ ᠣᠳᠠᠭ᠎ᠠ᠄
★★★☆☆

ᠠᠮᠢᠳᠤᠷᠠᠯ ᠲᠤᠮᠳᠠ ᠠᠳᠠᠯ ᠠᠬᠤᠢ ᠵᠢᠨ ᠰᠦᠢᠳᠭᠡᠯ ᠳᠤᠰᠢᠶᠠᠬᠤ ᠦᠭᠡᠢ ᠪᠡᠷ ᠡᠷᠬᠡ ᠠᠰᠢᠭ ᠵᠢᠡᠨ ᠬᠠᠮᠠᠭᠠᠯᠠᠬᠤ ᠪᠡᠷ ᠤᠷᠤᠯᠳᠤᠳᠠᠭ ᠦᠵᠡᠭᠳᠡᠯ ᠴᠦᠬᠡᠨ ᠪᠤᠰᠤ ᠬᠠᠷᠠᠬᠳᠠᠨ᠎ᠠ᠃

ᠵᠠᠷᠢᠮ ᠥᠮᠴᠢᠲᠡᠨ ᠡᠴᠨ᠂ ᠠᠳᠠᠯ ᠠᠬᠤᠢ᠎ᠶᠢᠨ ᠦᠢᠯᠡᠴᠢᠯᠡᠭᠡ ᠨᠢ ᠰᠠᠨᠠᠭᠠᠨ᠎ᠳᠦ ᠬᠦᠷᠬᠦ ᠦᠭᠡᠢ ᠪᠤᠶᠤ ᠪᠠᠷᠢᠮᠵᠢᠶ᠎ᠠ᠎ᠳᠦ ᠬᠦᠷᠬᠦ ᠦᠭᠡᠢ᠂ ᠡᠰᠡᠬᠦᠯ᠎ᠡ ᠠᠳᠠᠯ ᠠᠬᠤᠢ᠎ᠶᠢᠨ ᠺᠣᠮᠫᠠᠨᠢ᠎ᠨᠢ ᠬᠠᠷᠢᠭᠤᠴᠠᠯᠭ᠎ᠠ ᠪᠠᠨ ᠠᠯᠳᠠᠭᠰᠠᠨ᠂ ᠡᠷᠬᠡ᠎ᠳᠦ ᠬᠠᠯᠳᠠᠭᠰᠠᠨ ᠠᠵᠢᠯᠯᠠᠭ᠎ᠠ᠎ᠲᠠᠢ ᠭᠡᠮᠡᠨ ᠦᠵᠡᠵᠦ᠂ ᠠᠳᠠᠯ ᠠᠬᠤᠢ᠎ᠶᠢᠨ ᠰᠦᠢᠳᠬᠡᠯ ᠲᠤᠰᠢᠶᠠᠬᠤ ᠦᠭᠡᠢ᠎ᠪᠡᠷ 《ᠡᠰᠡᠷᠭᠦᠴᠡᠯ》 ᠲᠠᠯᠪᠢᠵᠤ᠂ ᠬᠠᠨᠤᠮᠵᠢ ᠦᠭᠡᠢ ᠪᠠᠢᠬᠤ᠎ᠪᠠᠨ ᠢᠯᠡᠳᠬᠡᠳᠡᠭ᠃ ᠥᠮᠴᠢᠲᠡᠨ ᠡᠴᠨ ᠭᠡᠷ᠎ᠡ᠎ᠳᠦ ᠳᠤᠬᠳᠠᠭᠠᠬᠰᠠᠨ ᠠᠳᠠᠯ ᠠᠬᠤᠢ᠎ᠶᠢᠨ ᠰᠦᠢᠳᠬᠡᠯ ᠲᠤᠰᠢᠶᠠᠬᠤ ᠪᠣᠯ ᠭᠡᠷ᠎ᠡ᠎ᠶᠢᠨ ᠡᠭᠦᠷᠭᠡ ᠮᠥᠨ᠂ ᠪᠠᠰᠠ ᠴᠤ᠌ ᠬᠠᠤᠯᠢ ᠴᠠᠭᠠᠵᠠ᠎ᠶᠢᠨ ᠡᠭᠦᠷᠭᠡ ᠮᠥᠨ᠃ ᠠᠳᠠᠯ ᠠᠬᠤᠢ᠎ᠶᠢᠨ ᠺᠣᠮᠫᠠᠨᠢ ᠨᠢ ᠭᠡᠷ᠎ᠡ ᠶᠣᠰᠣᠭᠠᠷ ᠦᠢᠯᠡᠴᠢᠯᠡᠭᠡ ᠬᠠᠩᠭᠠᠵᠤ᠂ ᠥᠮᠴᠢᠲᠡᠨ ᠨᠢ ᠭᠡᠷ᠎ᠡ ᠶᠣᠰᠣᠭᠠᠷ ᠠᠳᠠᠯ ᠠᠬᠤᠢ᠎ᠶᠢᠨ ᠰᠦᠢᠳᠬᠡᠯ ᠲᠤᠰᠢᠶᠠᠬᠤ ᠨᠢ ᠵᠦᠢ ᠶᠤᠰᠤᠨ᠎ᠤ ᠤᠴᠢᠷ᠃ ᠭᠠᠬᠴᠠ᠎ᠬᠦ ᠠᠳᠠᠯ ᠠᠬᠤᠢ᠎ᠶᠢᠨ ᠺᠣᠮᠫᠠᠨᠢ ᠨᠢ ᠦᠢᠯᠡᠴᠢᠯᠡᠭᠡᠨ᠎ᠦ ᠬᠠᠷᠢᠭᠤᠴᠠᠯᠭ᠎ᠠ᠎ᠪᠠᠨ ᠭᠦᠢᠴᠡᠳᠬᠡᠬᠦ ᠦᠭᠡᠢ ᠪᠤᠶᠤ ᠦᠢᠯᠡᠴᠢᠯᠡᠭᠡᠨ᠎ᠦ ᠬᠠᠷᠢᠭᠤᠴᠠᠯᠭ᠎ᠠ᠎ᠪᠠᠨ ᠭᠦᠢᠴᠡᠳᠬᠡᠬᠦ ᠨᠢ ᠪᠦᠬᠦᠯᠢ ᠴᠣᠭᠴᠠ ᠳᠡᠭᠡᠷ᠎ᠡ᠎ᠪᠡᠨ ᠪᠣᠳᠠᠲᠠᠢᠵᠢᠭᠤᠯᠤᠭᠰᠠᠨ ᠦᠭᠡᠢ᠂ ᠭᠡᠷ᠎ᠡ᠎ᠳᠦ ᠲᠣᠭᠲᠠᠭᠰᠠᠨ ᠶᠠᠰᠤ ᠴᠢᠨᠠᠷ᠎ᠤᠨ ᠱᠠᠭᠠᠷᠳᠠᠯᠭ᠎ᠠ᠎ᠳᠤ ᠨᠡᠢᠴᠡᠬᠦ ᠦᠭᠡᠢ᠎ᠡᠴᠡ ᠪᠣᠯᠵᠤ ᠠᠳᠠᠯ ᠠᠬᠤᠢ᠎ᠶᠢᠨ ᠦᠢᠯᠡᠴᠢᠯᠡᠭᠡᠨ᠎ᠦ ᠭᠡᠷ᠎ᠡ᠎ᠶᠢᠨ ᠬᠠᠷᠠᠯᠳᠠ ᠵᠣᠷᠢᠯᠳᠠ᠎ᠶᠢ ᠪᠡᠶᠡᠯᠡᠭᠦᠯᠵᠦ ᠳᠡᠶ᠋ᠢᠯᠬᠦ ᠦᠭᠡᠢ ᠪᠣᠯᠤᠭᠰᠠᠨ ᠪᠠᠢᠪᠠᠯ ᠥᠮᠴᠢᠲᠡᠨ ᠰᠠᠶᠢ ᠬᠠᠤᠯᠢ ᠶᠣᠰᠣᠭᠠᠷ ᠠᠳᠠᠯ ᠠᠬᠤᠢ᠎ᠶᠢᠨ ᠦᠢᠯᠡᠴᠢᠯᠡᠭᠡᠨ᠎ᠦ ᠭᠡᠷ᠎ᠡ᠎ᠶᠢ ᠬᠦᠴᠦᠨ ᠦᠭᠡᠢ ᠪᠣᠯᠭᠠᠬᠤ᠎ᠶᠢᠨ ᠬᠠᠮᠳᠦ᠂ ᠠᠳᠠᠯ ᠠᠬᠤᠢ᠎ᠶᠢᠨ ᠰᠦᠢᠳᠬᠡᠯ ᠲᠤᠰᠢᠶᠠᠬᠤ᠎ᠶᠢ ᠲᠡᠪᠴᠢᠬᠦ ᠡᠷᠬᠡ᠎ᠲᠠᠢ᠃ ᠬᠡᠷᠪᠡ ᠠᠳᠠᠯ ᠠᠬᠤᠢ᠎ᠶᠢᠨ ᠦᠢᠯᠡᠴᠢᠯᠡᠭᠡ ᠨᠢ ᠪᠦᠬᠦᠯᠢ ᠴᠣᠭᠴᠠ ᠳᠡᠭᠡᠷ᠎ᠡ᠎ᠪᠡᠨ ᠪᠣᠳᠠᠲᠠᠢᠵᠢᠵᠤ᠂ ᠪᠥᠬᠥ ᠲᠠᠯ᠎ᠠ᠎ᠶᠢᠨ ᠴᠢᠨᠠᠷᠲᠠᠢ ᠠᠰᠠᠭᠤᠳᠠᠯ ᠣᠷᠣᠰᠢᠬᠤ ᠦᠭᠡᠢ᠂ ᠵᠥᠪᠬᠡᠨ ᠣᠨᠴᠠ ᠵᠠᠷᠢᠮ ᠭᠣᠭᠴᠣᠭ᠎ᠠ᠎ᠳᠤ ᠵᠠᠷᠢᠮ ᠵᠢᠵᠢᠭ ᠰᠠᠵᠢᠭ ᠠᠰᠠᠭᠤᠳᠠᠯ ᠣᠷᠣᠰᠢᠵᠤ ᠪᠠᠢᠪᠠᠯ ᠥᠮᠴᠢᠲᠡᠨ ᠨᠢ ᠬᠣᠶᠠᠷ ᠲᠠᠯ᠎ᠠ᠎ᠶᠢᠨ ᠪᠣᠯᠵᠣᠨ ᠲᠣᠭᠲᠠᠭᠰᠠᠨ ᠶᠣᠰᠣᠭᠠᠷ ᠠᠳᠠᠯ ᠠᠬᠤᠢ᠎ᠶᠢᠨ ᠰᠦᠢᠳᠬᠡᠯ ᠵᠢᠡᠨ ᠲᠤᠰᠢᠶᠠᠬᠤ ᠵᠢᠨ ᠬᠠᠮᠳᠦ᠂ ᠤᠨᠴᠠ ᠵᠠᠷᠢᠮ ᠠᠰᠠᠭᠤᠳᠠᠯ᠎ᠳᠦ ᠴᠢᠭᠯᠡᠬᠦᠯᠦᠨ ᠠᠳᠠᠯ ᠠᠬᠤᠢ᠎ᠶᠢᠨ ᠺᠤᠮᠫᠠᠨᠢ ᠳᠠᠢ ᠵᠦᠪᠳᠡᠯᠴᠡᠬᠦ ᠪᠤᠶᠤ ᠬᠠᠤᠯᠢ ᠶᠤᠰᠤᠭᠠᠷ ᠡᠷᠬᠡ ᠪᠠᠨ ᠬᠠᠮᠠᠭᠠᠯᠠᠵᠦ ᠪᠤᠯᠤᠨ᠎ᠠ᠂ ᠭᠡᠪᠡᠴᠦ ᠰᠦᠢᠳᠬᠡᠯ᠎ᠢ ᠥᠷᠢᠲᠦᠬᠦ᠂ ᠰᠦᠢᠳᠬᠡᠯ᠎ᠢ ᠬᠣᠢᠰᠢᠯᠠᠭᠤᠯᠬᠤ ᠵᠡᠷᠭᠡ ᠬᠡᠯᠪᠡᠷᠢ ᠪᠡᠷ ᠤᠴᠢᠷ ᠶᠠᠪᠤᠳᠠᠯ᠎ᠢ ᠰᠢᠢᠳᠪᠦᠷᠢᠯᠡᠬᠦ ᠨᠢ ᠵᠤᠬᠢᠰ ᠦᠭᠡᠢ ᠪᠠᠢᠵᠦ ᠮᠡᠳᠡᠨ᠎ᠡ᠃

ᠠᠳᠠᠯ ᠠᠬᠤᠢ᠎ᠶᠢᠨ ᠺᠣᠮᠫᠠᠨᠢ ᠨᠢ ᠥᠮᠴᠢᠲᠡᠨ᠎ᠦ ᠬᠠᠮᠲᠤ᠎ᠪᠠᠷ ᠥᠮᠴᠢᠯᠡᠬᠦ ᠣᠷᠣᠨ ᠵᠠᠢ ᠡᠴᠨ ᠡᠬᠦᠰᠦᠭᠰᠡᠨ ᠠᠰᠢᠭ᠋ ᠣᠯᠵᠠᠪᠤᠷᠢ ᠵᠢ ᠡᠵᠡᠯᠡᠨ ᠬᠡᠷᠡᠭᠯᠡᠭᠰᠡᠨ ᠵᠡᠷᠭᠡ ᠠᠳᠠᠯ ᠠᠬᠤᠢ᠎ᠶᠢᠨ ᠦᠢᠯᠡᠴᠢᠯᠡᠭᠡᠨ᠎ᠦ ᠠᠰᠠᠭᠤᠳᠠᠯ ᠨᠢ ᠡᠷᠬᠡ᠎ᠳᠦ ᠬᠠᠯᠳᠠᠭᠰᠠᠨ ᠠᠵᠢᠯᠯᠠᠭ᠎ᠠ᠎ᠳᠤ ᠲᠣᠭᠠᠴᠠᠭᠳᠠᠨ᠎ᠠ᠂ ᠥᠮᠴᠢᠲᠡᠨ ᠨᠢ ᠡᠷᠬᠡ᠎ᠪᠡᠨ ᠬᠠᠮᠠᠭᠠᠯᠠᠬᠤ ᠶᠠᠪᠤᠴᠠ᠎ᠳᠤ ᠲᠡᠭᠦᠨ᠎ᠢ ᠵᠦᠪᠬᠡᠨ ᠠᠳᠠᠯ ᠠᠬᠤᠢ᠎ᠶᠢᠨ ᠰᠦᠢᠳᠬᠡᠯ᠎ᠲᠠᠢ ᠬᠣᠯᠪᠣᠬᠤ ᠨᠢ ᠭᠦᠢᠴᠡᠳ ᠪᠤᠰᠤ ᠪᠤᠶᠤ ᠬᠠᠤᠯᠢ ᠶᠤᠰᠤᠨ᠎ᠤ ᠬᠦᠴᠦᠨ ᠦᠭᠡᠢ ᠪᠠᠢᠵᠦ ᠮᠡᠳᠡᠨ᠎ᠡ᠂ ᠬᠠᠷᠢᠨ ᠠᠳᠠᠯ ᠠᠬᠤᠢ᠎ᠶᠢᠨ ᠦᠢᠯᠡᠴᠢᠯᠡᠭᠡᠨ᠎ᠦ ᠡᠷᠬᠡ᠎ᠳᠦ ᠬᠠᠯᠳᠠᠭᠰᠠᠨ ᠬᠠᠮᠢᠶ᠎ᠠ ᠪᠦᠬᠦᠢ ᠠᠵᠢᠯᠯᠠᠭ᠎ᠠ᠎ᠶᠢᠨ ᠰᠢᠨᠵᠢ ᠴᠢᠨᠠᠷ᠎ᠢ ᠲᠣᠳᠣᠷᠬᠠᠢ ᠲᠠᠨᠢᠵᠤ᠂ ᠵᠥᠪᠳᠡᠯᠴᠡᠬᠦ᠂ ᠢᠯᠡᠴᠢᠯᠡᠨ ᠮᠡᠳᠡᠭᠦᠯᠬᠦ᠂ ᠵᠠᠭᠠᠯᠳᠤᠬᠤ᠂ ᠬᠥᠨᠳᠡᠯᠡᠨ᠎ᠡᠴᠡ ᠲᠠᠰᠤᠯᠤᠭᠤᠯᠬᠤ ᠵᠡᠷᠭᠡ ᠬᠠᠤᠯᠢ ᠴᠠᠭᠠᠵᠠ᠎ᠶᠢᠨ ᠠᠷᠭ᠎ᠠ ᠪᠠᠷᠢᠯ᠎ᠢᠶᠠᠷ ᠳᠠᠮᠵᠢᠨ ᠡᠷᠬᠡ᠎ᠪᠡᠨ ᠬᠠᠮᠠᠭᠠᠯᠠᠬᠤ ᠨᠢ ᠨᠡᠩ ᠴᠢᠬᠤᠯᠠ᠃ ᠭᠡᠷ᠎ᠡ᠎ᠡᠴᠡ ᠵᠥᠷᠢᠴᠡᠭᠰᠡᠨ ᠠᠵᠢᠯᠯᠠᠭ᠎ᠠ᠎ᠪᠠ ᠡᠷᠬᠡ᠎ᠳᠦ ᠬᠠᠯᠳᠠᠭᠰᠠᠨ ᠠᠵᠢᠯᠯᠠᠭ᠎ᠠ ᠵᠢᠨ ᠮᠦᠨ ᠴᠢᠨᠠᠷ᠎ᠢ ᠳᠤᠳᠤᠷᠬᠠᠢ ᠤᠢᠯᠠᠭᠠᠵᠦ᠂ ᠡᠷᠬᠡ ᠪᠠ ᠬᠠᠷᠢᠭᠤᠴᠠᠯᠭ᠎ᠠ᠎ᠶᠢ ᠨᠠᠷᠢᠨ ᠰᠠᠯᠭᠠᠵᠦ᠂ ᠲᠣᠰ ᠲᠣᠰ ᠲᠤᠨᠢ ᠰᠢᠢᠳᠪᠦᠷᠢᠯᠡᠪᠡᠯ ᠰᠠᠶᠢ ᠡᠷᠬᠡ ᠠᠰᠢᠭ᠋᠎ᠢᠶᠠᠨ ᠬᠠᠤᠯᠢ ᠶᠤᠰᠤᠭᠠᠷ ᠬᠠᠮᠠᠭᠠᠯᠠᠵᠦ ᠴᠢᠳᠠᠬᠤ ᠮᠥᠷᠲᠡᠭᠡᠨ ᠭᠡᠷ᠎ᠡ᠎ᠡᠴᠡ ᠵᠥᠷᠢᠴᠡᠭᠰᠡᠨ ᠠᠵᠢᠯᠯᠠᠭ᠎ᠠ ᠵᠢ ᠰᠢᠢᠳᠪᠦᠷᠢᠯᠡᠬᠦ ᠠᠷᠭ᠎ᠠ ᠪᠠᠷ ᠡᠷᠬᠡ᠎ᠳᠦ ᠬᠠᠯᠳᠠᠭᠰᠠᠨ ᠠᠵᠢᠯᠯᠠᠭ᠎ᠠ᠎ᠶᠢ ᠰᠢᠢᠳᠪᠦᠷᠢᠯᠡᠬᠦ ᠪᠠᠢᠳᠠᠯ ᠭᠠᠷᠬᠤ ᠡᠴᠨ ᠵᠠᠢᠯᠠᠰᠬᠢᠵᠤ ᠴᠢᠳᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号