ᠰᠤᠷᠪᠤᠯᠵᠢᠯᠠᠬᠴᠢ ᠦᠪᠡᠷᠳᠡᠭᠡᠨ ᠵᠠᠰᠠᠬᠤ ᠤᠷᠤᠨ ᠤ᠋ ᠰᠤᠶᠤᠯ ᠪᠠ ᠵᠢᠭᠤᠯᠴᠢᠯᠠᠯ ᠤ᠋ᠨ ᠲᠢᠩᠬᠢᠮ ᠡᠴᠡ ᠤᠢᠯᠠᠭᠠᠭᠰᠠᠨ ᠢ᠋ᠶ᠋ᠡᠷ᠂ ᠤᠯᠠᠭᠠᠨᠬᠠᠳᠠ ᠬᠣᠲᠠ ᠶ᠋ᠢᠨ ᠳᠥᠷᠪᠡᠳᠦᠭᠡᠷ ᠤᠳᠠᠭᠠᠨ ᠤ᠋ ᠪᠥᠬᠥ᠌ ᠤᠯᠤᠰ ᠤ᠋ᠨ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠨᠡᠢᠳᠡᠮ ᠪᠠᠢᠴᠠᠭᠠᠯᠲᠠ ᠶ᠋ᠢᠨ ᠠᠵᠢᠯ ᠡᠷᠴᠢᠮᠳᠠᠢ ᠶᠠᠪᠤᠭᠳᠠᠵᠦ᠂ ᠬᠢᠨᠠᠨ ᠬᠠᠷᠭᠤᠭᠤᠯᠬᠤ ᠠᠵᠢᠯ ᠲᠦᠷᠦᠬᠦᠬᠡᠨ ᠠᠮᠵᠢᠯᠲᠠ ᠲᠠᠶ ᠳᠠᠭᠤᠰᠴᠦ᠂ 7340 ᠪᠠᠭᠤᠷᠢ ᠦᠯᠡᠳᠡᠭ᠌ᠳᠡᠯ ᠢ᠋ ᠳᠠᠬᠢᠨ ᠬᠠᠷᠭᠤᠭᠤᠯᠵᠦ᠂ 217 ᠪᠠᠭᠤᠷᠢ (ᠣᠷᠳᠣ ᠴᠠᠭᠠᠨ ᠬᠡᠷᠡᠮ ᠪᠠᠭ᠍ᠲᠠᠬᠤ ᠥᠬᠡᠶ) ᠵᠢ ᠱᠢᠨ᠎ᠡ ᠪᠡᠷ ᠢᠯᠡᠷᠡᠭᠦᠯᠪᠠ᠃
ᠭᠤᠷᠪᠠᠳᠤᠭᠠᠷ ᠤᠳᠠᠭᠠᠨ ᠤ᠋ ᠪᠥᠬᠥ᠌ ᠤᠯᠤᠰ ᠤ᠋ᠨ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠨᠡᠢᠳᠡᠮ ᠪᠠᠢᠴᠠᠭᠠᠯᠲᠠ ᠵᠢ ᠦᠨᠳᠦᠰᠦᠯᠡᠪᠡᠯ᠂ ᠤᠯᠠᠭᠠᠨᠬᠠᠳᠠ ᠬᠣᠲᠠ ᠳ᠋ᠦ ᠨᠡᠢᠲᠡ 7340 ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠪᠠᠭᠤᠷᠢ ᠪᠠᠢᠵᠤ᠂ ᠪᠦᠬᠦ ᠣᠷᠣᠨ ᠤ᠋ ᠶᠡᠷᠦᠩᠬᠡᠶ ᠲᠣᠭᠠᠨ ᠤ᠋ ᠭᠤᠷᠪᠠᠨ ᠤ᠋ ᠨᠢᠭᠡ ᠵᠢ ᠡᠵᠡᠯᠡᠪᠠ᠃ 2024 ᠤᠨ ᠤ᠋ 4 ᠰᠠᠷ᠎ᠠ ᠶ᠋ᠢᠨ 26 ᠤ᠋ ᠡᠳᠦᠷ ᠡᠴᠡ ᠡᠬᠢᠯᠡᠨ ᠤᠯᠠᠭᠠᠨᠬᠠᠳᠠ ᠬᠣᠲᠠ ᠶ᠋ᠢᠨ ᠳᠥᠷᠪᠡᠳᠦᠭᠡᠷ ᠤᠳᠠᠭᠠᠨ ᠤ᠋ ᠪᠥᠬᠥ᠌ ᠤᠯᠤᠰ ᠤ᠋ᠨ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠨᠡᠢᠳᠡᠮ ᠪᠠᠢᠴᠠᠭᠠᠯᠲᠠ ᠶ᠋ᠢᠨ ᠬᠢᠨᠠᠨ ᠬᠠᠷᠭᠤᠭᠤᠯᠬᠤ ᠠᠵᠢᠯ ᠪᠥᠬᠥ᠌ ᠲᠠᠯ᠎ᠠ ᠪᠠᠷ ᠦᠷᠨᠢᠵᠦ᠂ ᠨᠡᠢᠲᠡ 41 ᠡᠩᠨᠡᠭᠡ ᠵᠢ ᠵᠣᠬᠢᠶᠠᠨ ᠪᠠᠢᠭᠤᠯᠵᠤ 161 ᠬᠥᠮᠦᠨ ᠲᠤᠬᠠᠶ ᠶ᠋ᠢᠨ ᠭᠠᠵᠠᠷ ᠲᠦ ᠪᠠᠢᠴᠠᠭᠠᠯᠲᠠ ᠥᠷᠨᠢᠭᠦᠯᠵᠠᠢ᠃ ᠤᠯᠠᠭᠠᠨᠬᠠᠳᠠ ᠬᠤᠳᠠ ᠵᠢᠨ ᠬᠢᠨ ᠤᠯᠤᠰ ᠤ᠋ᠨ ᠨᠡᠢᠭᠡᠮ ᠤ᠋ᠨ ᠱᠢᠨᠵᠢᠯᠡᠬᠦ᠌ ᠤᠬᠠᠭᠠᠨ ᠤ᠋ ᠬᠦᠷᠢᠶᠡᠯᠡᠩ᠂ ᠳᠤᠮᠳᠠᠳᠤ ᠤᠯᠤᠰ ᠤ᠋ᠨ ᠱᠢᠨᠵᠢᠯᠡᠬᠦ᠌ ᠤᠬᠠᠭᠠᠨ ᠤ᠋ ᠬᠦᠷᠢᠶᠡᠯᠡᠩ᠂ ᠥᠪᠡᠷᠲᠡᠭᠡᠨ ᠵᠠᠰᠠᠬᠤ ᠣᠷᠣᠨ ᠤ᠋ ᠲᠡᠦᠬᠡ ᠶ᠋ᠢᠨ ᠳᠤᠷᠠᠰᠭᠠᠯᠲᠤ ᠵᠦᠶ᠋ᠯᠡᠰ ᠬᠠᠭᠤᠴᠢ ᠰᠤᠳᠤᠯᠤᠯ ᠤ᠋ᠨ ᠬᠦᠷᠢᠶᠡᠯᠡᠩ᠂ ᠭᠢᠷᠢᠨ ᠶᠡᠬᠡ ᠰᠤᠷᠭᠠᠭᠤᠯᠢ ᠵᠡᠷᠭᠡ ᠪᠠᠢᠭᠤᠯᠭ᠎ᠠ ᠶ᠋ᠢᠨ ᠨᠠᠷᠠᠲᠤ ᠲᠤᠰᠭᠠᠶ ᠮᠡᠷᠭᠡᠵᠢᠯᠲᠡᠨ ᠡᠷᠳᠡᠮᠲᠡᠨ ᠢ᠋ ᠤᠷᠢᠵᠤ᠂ ᠲᠤᠰᠬᠠᠢ ᠮᠡᠷᠭᠡᠵᠢᠯ ᠤ᠋ᠨ ᠬᠦᠴᠦᠨ ᠢ᠋ᠶ᠋ᠡᠨ ᠴᠢᠩᠭᠠᠳᠬᠠᠨ᠂ ᠨᠡᠢᠳᠡᠮ ᠪᠠᠢᠴᠠᠭᠠᠯᠲᠠ ᠶ᠋ᠢᠨ ᠤᠨᠤᠪᠴᠢ ᠵᠢᠨ ᠬᠡᠮᠵᠢᠶ᠎ᠠ ᠪᠠ ᠦᠷ᠎ᠠ ᠠᠰᠢᠭ ᠢ᠋ ᠳᠡᠭᠡᠭᠰᠢᠯᠡᠬᠦᠯᠵᠦ᠂ ᠬᠦᠴᠢᠷᠳᠡᠯ ᠢ᠋ ᠴᠠᠭ ᠲᠤᠬᠠᠢ ᠳ᠋ᠤᠨᠢ ᠰᠢᠢᠳᠪᠦᠷᠢᠯᠡᠭᠰᠡᠨ ᠪᠠᠢᠨ᠎ᠠ᠃ ᠭᠤᠷᠪᠠᠳᠤᠭᠠᠷ ᠤᠳᠠᠭᠠᠨ ᠤ᠋ ᠪᠥᠬᠥ᠌ ᠤᠯᠤᠰ ᠤ᠋ᠨ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠨᠡᠢᠳᠡᠮ ᠪᠠᠢᠴᠠᠭᠠᠯᠲᠠ ᠵᠢᠨ ᠠᠵᠢᠯ ᠳ᠋ᠦ ᠣᠷᠣᠯᠴᠠᠭ᠍ᠰᠠᠨ ᠠᠬᠠᠮᠠᠳ ᠨᠥᠬᠥᠳ ᠢ᠋ ᠤᠷᠢᠵᠤ ᠣᠷᠣᠯᠴᠠᠭᠤᠯᠤᠨ᠂ ᠰᠢᠨ᠎ᠠ ᠪᠡᠷ ᠠᠵᠢᠯ ᠳ᠋ᠦ ᠭᠠᠷᠤᠭᠰᠠᠨ ᠵᠠᠯᠠᠭᠤ ᠠᠵᠢᠯᠳᠠᠳ ᠢ᠋ ᠳᠠᠭᠠᠭᠤᠯᠤᠨ ᠪᠤᠯᠪᠠᠰᠤᠷᠠᠭᠤᠯᠵᠦ᠂ ᠴᠢᠳᠠᠪᠤᠷᠢᠳᠠᠨ ᠤ᠋ ᠡᠩᠨᠡᠭᠡ ᠪᠠᠨ ᠬᠦᠴᠦᠷᠭᠡᠭᠵᠢᠬᠦᠯᠵᠡᠢ᠃ ᠪᠠᠰᠠ ᠵᠢᠯᠣᠭᠣᠴᠢ ᠥᠬᠡᠶ ᠨᠢᠰᠭᠡᠯ᠂ ᠳᠣᠬᠢᠭᠤᠷ ᠲᠤᠯᠤᠭᠠᠨ ᠣᠲᠣ ᠵᠠᠮᠴᠢᠯᠠᠬᠤ ᠱᠢᠰᠲ᠋ᠧᠮ᠂ 5G ᠵᠡᠷᠭᠡ ᠲᠡᠷᠢᠭᠦᠨᠦ ᠮᠡᠷᠭᠡᠵᠢᠯ ᠤ᠋ᠨ ᠠᠷᠭ᠎ᠠ ᠪᠠᠷᠢᠯ ᠢ᠋ ᠭᠦᠶ᠋ᠴᠡᠳ ᠬᠡᠷᠡᠭ᠌ᠯᠡᠨ ᠨᠡᠢᠳᠡᠮ ᠪᠠᠢᠴᠠᠭᠠᠯᠲᠠ ᠶ᠋ᠢᠨ ᠠᠵᠢᠯ ᠥᠷᠨᠢᠭᠦᠯᠵᠦ᠂ ᠲᠠᠷᠠᠭᠠᠴᠢ ᠶ᠋ᠢᠨ ᠮᠠᠲ᠋ᠧᠷᠢᠶᠠᠯ ᠡᠮᠬᠢᠯᠡᠬᠦ᠌᠂ ᠵᠢᠷᠤᠭ ᠲᠥᠯᠥᠪᠯᠡᠭᠡ ᠵᠣᠬᠢᠶᠠᠬᠤ᠂ ᠲᠣᠭ᠎ᠠ ᠪᠠᠷᠢᠮᠲᠠ ᠵᠢ ᠱᠢᠩᠭᠡᠭᠡᠨ ᠣᠷᠣᠭᠤᠯᠬᠤ᠂ ᠶᠠᠰᠤ ᠴᠢᠨᠠᠷ ᠢ᠋ ᠬᠢᠨᠠᠨ ᠬᠠᠷᠭᠤᠭᠤᠯᠬᠤ ᠳ᠋ᠦ ᠪᠠᠳᠤ ᠰᠠᠭᠤᠷᠢ ᠳᠠᠯᠪᠢᠵᠦ᠂ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠦᠶ᠋ᠯᠡᠰ ᠤ᠋ᠨ ᠴᠢᠨᠠᠷ ᠰᠠᠢᠲᠠᠶ ᠬᠥᠭ᠌ᠵᠢᠯᠲᠡ ᠵᠢᠴᠢ ᠰᠣᠶᠣᠯ ᠤ᠋ᠨ ᠥᠪ ᠢ᠋ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠠᠵᠢᠯ ᠢ᠋ ᠠᠬᠢᠭᠤᠯᠬᠤ ᠳ᠋ᠦ ᠴᠢᠬᠤᠯᠠ ᠦᠢᠯᠡᠳᠦᠯ ᠦᠵᠡᠬᠦᠯᠪᠠ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号