3.95 ᠳ᠋ᠦᠩᠰᠢᠭᠤᠷ ᠵᠤᠷᠪᠤᠰ ᠢᠳᠡᠭᠡᠮᠵᠢ ᠶ᠋ᠢᠨ ᠮᠡᠳᠡᠭᠡ ᠵᠠᠩᠬᠢ ᠴᠤᠭᠯᠠᠭᠤᠯᠤᠨ 332 ᠳ᠋ᠦᠩᠰᠢᠭᠤᠷ ᠲᠦᠭᠦᠷᠢᠭ ᠤ᠋ᠨ ᠴᠤᠯ ᠢᠳᠡᠭᠡᠮᠵᠢ ᠶ᠋ᠢᠨ ᠵᠢᠭᠡᠯᠡᠯᠭᠡ ᠲᠠᠯᠪᠢᠵᠤ ᠮᠠᠨ ᠤ᠋ ᠤᠷᠤᠨ ᠤ᠋ ᠬᠤᠳᠠᠯᠳᠤᠭᠠᠨ ᠤ᠋ ᠶᠠᠪᠤᠳᠠᠯ ᠤ᠋ᠨ ᠦᠨᠡᠨᠴᠢ ᠢᠳᠡᠭᠡᠮᠵᠢ ᠶ᠋ᠢᠨ ᠪᠠᠢᠭᠤᠯᠤᠯᠳᠠ ᠱᠠᠳᠤᠴᠢ ᠴᠢᠨᠠᠷᠳᠠᠢ ᠦᠷ᠎ᠠ ᠪᠦᠲᠦᠭᠡᠯ ᠤᠯᠪᠠ
2024-12-04 16:45:22
ᠵᠣᠬᠢᠶᠠᠭ᠍ᠴᠢ᠄
​ᠡᠷᠳᠡᠨᠢᠬᠤᠸᠠᠷ
ᠣᠩᠱᠢᠭ᠍ᠰᠠᠨ ᠣᠳᠠᠭ᠎ᠠ᠄
★★★☆☆

ᠦᠪᠡᠷᠳᠡᠭᠡᠨ ᠵᠠᠰᠠᠬᠤ ᠤᠷᠤᠨ ᠤ᠋ ᠬᠦᠭᠵᠢᠭᠦᠯᠦᠯᠳᠡ ᠪᠠ ᠦᠭᠡᠷᠡᠴᠢᠯᠡᠯᠳᠡ ᠶ᠋ᠢᠨ ᠵᠦᠪᠯᠡᠯ ᠡᠴᠡ ᠤᠢᠯᠠᠭᠠᠭᠰᠠᠨ ᠶ᠋ᠢᠡᠷ᠂ ᠵᠢᠯ ᠤ᠋ᠨ ᠡᠬᠢᠨ ᠡᠴᠡ ᠨᠠᠭᠠᠰᠢ ᠦᠪᠡᠷᠳᠡᠭᠡᠨ ᠵᠠᠰᠠᠬᠤ ᠤᠷᠤᠨ ᠤ᠋ ᠬᠦᠭᠵᠢᠭᠦᠯᠦᠯᠳᠡ ᠪᠠ  ᠦᠭᠡᠷᠡᠴᠢᠯᠡᠯᠳᠡ ᠶ᠋ᠢᠨ ᠵᠦᠪᠯᠡᠯ ᠦᠪᠡᠷᠳᠡᠭᠡᠨ ᠵᠠᠰᠠᠬᠤ ᠤᠷᠤᠨ ᠤ᠋ ᠨᠠᠮ ᠤ᠋ᠨ ᠬᠤᠷᠢᠶ᠎ᠠ ᠵᠠᠰᠠᠭ ᠤ᠋ᠨ ᠤᠷᠳᠤᠨ ᠤ᠋ ᠦᠨᠡᠨᠴᠢ  ᠢᠳᠡᠭᠡᠮᠵᠢ ᠶ᠋ᠢᠨ ᠪᠠᠢᠭᠤᠯᠤᠯᠳᠠ ᠶ᠋ᠢᠨ ᠢᠨᠵᠧᠨᠧᠷᠢᠩ ᠤ᠋ᠨ ᠲᠤᠬᠠᠢ ᠪᠠᠢᠷᠢᠯᠠᠭᠤᠯᠤᠯᠳᠠ ᠱᠠᠭᠠᠷᠳᠠᠯᠭ᠎ᠠ ᠶ᠋ᠢ ᠪᠦᠬᠦ ᠲᠠᠯ᠎ᠠ ᠪᠡᠷ ᠨᠠᠢᠳᠠᠪᠤᠷᠢᠵᠢᠭᠤᠯᠵᠤ ᠂ ᠤᠳᠤᠬᠠᠨ ᠳ᠋ᠤ ᠪᠦᠬᠦ ᠤᠷᠤᠨ ᠤ᠋ ᠬᠤᠳᠠᠯᠳᠤᠭᠠᠨ ᠤ᠋ ᠶᠠᠪᠤᠳᠠᠯ ᠤ᠋ᠨ ᠦᠨᠡᠨᠴᠢ ᠢᠳᠡᠭᠡᠮᠵᠢ ᠶ᠋ᠢᠨ ᠪᠠᠢᠭᠤᠯᠤᠯᠳᠠ ᠶ᠋ᠢᠨ 7 ᠲᠠᠯ᠎ᠠ ᠶ᠋ᠢᠨ ᠠᠵᠢᠯ ᠳ᠋ᠤ ᠱᠠᠳᠤᠴᠢ  ᠴᠢᠨᠠᠷᠳᠠᠢ  ᠦᠷ᠎ᠠ  ᠪᠦᠲᠦᠭᠡᠯ ᠤᠯᠤᠭᠰᠠᠨ ᠪᠠᠢᠨ᠎ᠠ᠃

— ᠡᠵᠡᠩᠨᠡᠯᠳᠡ ᠶ᠋ᠢᠨ ᠭᠤᠤᠯ ᠴᠤᠭᠴᠠ ᠶ᠋ᠢᠨ ᠦᠨᠡᠨᠴᠢ ᠢᠳᠡᠭᠡᠮᠵᠢ ᠶ᠋ᠢᠨ ᠳᠠᠩᠰᠠ ᠡᠪᠬᠡᠮᠡᠯ ᠢ᠋ ᠪᠠᠢᠭᠤᠯᠪᠠ᠃ ᠡᠨᠡ ᠵᠢᠯ ᠤ᠋ᠨ 7 ᠰᠠᠷ᠎ᠠ ᠳ᠋ᠤ ᠦᠪᠡᠷᠳᠡᠭᠡᠨ ᠵᠠᠰᠠᠬᠤ ᠤᠷᠤᠨ ᠤ᠋ ᠬᠦᠭᠵᠢᠭᠦᠯᠦᠯᠳᠡ ᠪᠠ ᠦᠭᠡᠷᠡᠴᠢᠯᠡᠯᠳᠡ ᠶ᠋ᠢᠨ ᠵᠦᠪᠯᠡᠯ 《ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠤᠯᠠᠨ ᠨᠡᠢᠳᠡ ᠶ᠋ᠢᠨ ᠢᠳᠡᠭᠡᠮᠵᠢ ᠶ᠋ᠢᠨ ᠮᠡᠳᠡᠭᠡ ᠵᠠᠩᠬᠢ ᠶ᠋ᠢᠨ ᠭᠠᠷᠴᠠᠭ(2024 ᠤᠨ ᠤ᠋ ᠬᠡᠪ)》 ᠢ᠋ ᠳᠠᠷᠤᠮᠠᠯᠯᠠᠨ ᠲᠠᠷᠬᠠᠭᠠᠵᠤ᠂ ᠤᠳᠤᠬᠠᠨ ᠪᠤᠯᠳᠠᠯ᠎ᠠ ᠦᠪᠡᠷᠳᠡᠭᠡᠨ ᠵᠠᠰᠠᠬᠤ ᠤᠷᠤᠨ ᠤ᠋ ᠨᠡᠢᠭᠡᠮ ᠤ᠋ᠨ ᠢᠳᠡᠭᠡᠮᠵᠢ ᠶ᠋ᠢᠨ ᠮᠡᠳᠡᠭᠡ ᠵᠠᠩᠬᠢ ᠶ᠋ᠢᠨ ᠳᠠᠪᠴᠠᠩ ᠶ᠋ᠢᠡᠷ  ᠳᠠᠮᠵᠢᠨ ᠪᠦᠬᠦ ᠤᠷᠤᠨ ᠤ᠋ 656.76 ᠲᠦᠮᠡᠨ ᠡᠵᠡᠩᠨᠡᠯᠳᠡ ᠶ᠋ᠢᠨ ᠪᠡᠶᠡᠴᠢ ᠴᠤᠭᠴᠠ᠂ 3.1 ᠲᠦᠮᠡᠨ ᠪᠠᠢᠭᠤᠯᠭ᠎ᠠ ᠠᠵᠢᠯ ᠦᠢᠯᠡᠰ ᠤ᠋ᠨ ᠨᠢᠭᠡᠴᠢ᠂ 3.43 ᠲᠦᠮᠡᠨ ᠨᠡᠢᠭᠡᠮ ᠤ᠋ᠨ ᠵᠤᠬᠢᠶᠠᠨ ᠪᠠᠢᠭᠤᠯᠤᠯᠳᠠ᠂ 2400 ᠲᠦᠮᠡᠨ ᠬᠦᠮᠦᠨ ᠤ᠋ ᠨᠡᠢᠳᠡ 3.95 ᠳ᠋ᠦᠩᠰᠢᠭᠤᠷ  ᠵᠤᠷᠪᠤᠰ ᠢᠳᠡᠭᠡᠮᠵᠢ ᠶ᠋ᠢᠨ ᠮᠡᠳᠡᠭᠡ ᠵᠠᠩᠬᠢ  ᠶ᠋ᠢ  ᠴᠤᠭᠯᠠᠭᠤᠯᠪᠠ᠃

— ᠢᠳᠡᠭᠡᠮᠵᠢ ᠶ᠋ᠢ ᠳᠡᠰ ᠬᠤᠪᠢᠶᠠᠨ ᠲᠦᠷᠦᠯ ᠬᠤᠪᠢᠶᠠᠨ ᠬᠢᠨᠠᠨ ᠬᠠᠮᠢᠶᠠᠷᠬᠤ ᠶ᠋ᠢ ᠠᠬᠢᠭᠤᠯᠪᠠ᠃ ᠡᠨᠡ ᠵᠢᠯ ᠤ᠋ᠨ 5 ᠰᠠᠷ᠎ᠠ ᠳ᠋ᠤ ᠦᠪᠡᠷᠳᠡᠭᠡᠨ ᠵᠠᠰᠠᠬᠤ ᠤᠷᠤᠨ ᠤ᠋ ᠬᠦᠭᠵᠢᠭᠦᠯᠦᠯᠳᠡ ᠪᠠ ᠦᠭᠡᠷᠡᠴᠢᠯᠡᠯᠳᠡ ᠶ᠋ᠢᠨ ᠵᠦᠪᠯᠡᠯ 《ᠠᠵᠢᠯ ᠲᠦᠷᠦᠯ ᠤ᠋ᠨ ᠢᠳᠡᠭᠡᠮᠵᠢ ᠶ᠋ᠢ ᠦᠨᠡᠯᠡᠬᠦ ᠠᠵᠢᠯ ᠢ᠋ ᠤᠯᠠᠮ ᠨᠢᠭᠡ  ᠠᠯᠬᠤᠮ ᠴᠢᠩᠭᠠᠳᠬᠠᠬᠤ ᠲᠤᠬᠠᠢ ᠮᠡᠳᠡᠭᠳᠡᠯ》 ᠢ᠋ ᠳᠠᠷᠤᠮᠠᠯᠯᠠᠨ ᠲᠠᠷᠬᠠᠭᠠᠵᠤ᠂ ᠤᠳᠤᠬᠠᠨ ᠪᠤᠯᠳᠠᠯ᠎ᠠ 26 ᠲᠢᠩᠬᠢᠮ ᠲᠤᠪᠴᠢᠶ᠎ᠠ ᠶ᠋ᠢᠨ ᠬᠢᠨ ᠵᠠᠮ ᠬᠠᠷᠢᠯᠴᠠᠭ᠎ᠠ᠂ ᠠᠮᠢ ᠠᠬᠤᠢ ᠤᠷᠴᠢᠨ ᠲᠤᠭᠤᠷᠢᠨ᠂ ᠠᠶᠤᠯᠭᠦᠢ ᠦᠢᠯᠡᠳᠪᠤᠷᠢᠯᠡᠯ ᠵᠡᠷᠭᠡ 24 ᠭᠤᠤᠯᠳᠠᠯᠭ᠎ᠠ ᠲᠠᠢ ᠬᠦᠷᠢᠶᠡᠨ ᠳ᠋ᠤ ᠢᠳᠡᠭᠡᠮᠵᠢ ᠶ᠋ᠢ ᠳᠡᠰ ᠬᠤᠪᠢᠶᠠᠨ ᠲᠦᠷᠦᠯ ᠬᠤᠪᠢᠶᠠᠨ ᠬᠢᠨᠠᠨ ᠬᠠᠮᠢᠶᠠᠷᠬᠤ ᠳᠦᠷᠢᠮ ᠢ᠋  ᠲᠤᠬᠳᠠᠭᠠᠬᠰᠠᠨ ᠪᠠᠢᠨ᠎ᠠ᠃

— ᠵᠠᠰᠠᠭ ᠵᠠᠬᠢᠷᠭᠠᠨ ᠤ᠋ ᠬᠠᠮᠢᠶᠠᠷᠤᠯᠳᠠ ᠶ᠋ᠢᠨ ᠬᠦᠷᠢᠶᠡᠨ ᠳ᠋ᠤ ᠢᠳᠡᠭᠡᠮᠵᠢ ᠶ᠋ᠢᠨ ᠠᠮᠠᠯᠠᠯᠳᠠ ᠬᠢᠬᠦ ᠳᠦᠷᠢᠮ ᠢ᠋ ᠲᠤᠬᠳᠠᠭᠠᠪᠠ᠃ ᠤᠳᠤᠬᠠᠨ ᠳ᠋ᠤ ᠮᠠᠨ ᠤ᠋ ᠤᠷᠤᠨ ᠨᠢᠭᠡᠨᠳᠡ《ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠠᠵᠤ ᠠᠬᠤᠢᠯᠠᠯ ᠳ᠋ᠤ ᠬᠤᠯᠪᠤᠭᠳᠠᠬᠤ ᠵᠠᠰᠠᠭ ᠵᠠᠬᠢᠷᠭᠠᠨ ᠤ᠋ ᠵᠦᠪᠰᠢᠶᠡᠷᠡᠯ ᠤ᠋ᠨ ᠬᠡᠷᠡᠭ ᠶᠠᠪᠤᠳᠠᠯ ᠢ᠋ ᠮᠡᠳᠡᠭᠳᠡᠬᠦ ᠠᠮᠠᠯᠠᠯᠳᠠ ᠬᠢᠬᠦ  ᠨᠠᠷᠢᠨ ᠳᠠᠩᠰᠠ (2024 ᠤᠨ ᠤ᠋ ᠬᠡᠪ)》 ᠶ᠋ᠢ  ᠪᠦᠷᠢᠯᠳᠦᠭᠦᠯᠵᠦ ᠂ ᠠᠵᠤ  ᠠᠬᠤᠢᠯᠠᠯ ᠳ᠋ᠤ  ᠬᠤᠯᠪᠤᠭᠳᠠᠬᠤ  ᠵᠠᠰᠠᠭ  ᠵᠠᠬᠢᠷᠭᠠᠨ ᠤ᠋  ᠳᠦᠷᠢᠮᠵᠢᠯ ᠤ᠋ᠨ ᠴᠢᠨᠠᠷᠳᠠᠢ 11 ᠪᠢᠴᠢᠭ ᠮᠠᠲᠧᠷᠢᠶᠠᠯ ᠢ᠋ ᠰᠢᠨ᠎ᠠ ᠪᠡᠷ ᠳᠠᠩᠰᠠᠯᠠᠨ ᠲᠡᠮᠳᠡᠭᠯᠡᠵᠦ ᠬᠢᠨᠠᠨ ᠪᠠᠢᠴᠠᠭᠠᠵᠤ᠂ ᠠᠵᠤ ᠠᠬᠤᠢᠯᠠᠯ ᠳ᠋ᠤ ᠭᠤᠤᠯᠴᠢ ᠪᠤᠰᠤ ᠪᠡᠷ ᠬᠠᠨᠳᠤᠭᠰᠠᠨ᠂ ᠳᠤᠷᠭᠠᠭᠤᠯᠢ ᠤᠯᠭᠤᠬᠤ ᠵᠡᠷᠭᠡ ᠲᠠᠢ ᠬᠤᠯᠪᠤᠭᠳᠠᠬᠤ ᠵᠠᠰᠠᠭ ᠵᠠᠬᠢᠷᠭᠠᠨ ᠤ᠋ ᠵᠢᠷᠦᠮᠵᠢᠯ ᠤ᠋ᠨ ᠴᠢᠨᠠᠷᠳᠠᠢ ᠪᠢᠴᠢᠭ ᠮᠠᠲᠧᠷᠢᠶᠠᠯ ᠢ᠋ ᠤᠷᠢᠳ ᠬᠤᠵᠢᠳ ᠨᠡᠢᠳᠡ 1.2 ᠲᠦᠮᠡᠨ ᠬᠤᠪᠢ (ᠤᠳᠠᠭ᠎ᠠ) ᠶ᠋ᠢ ᠴᠡᠪᠡᠷᠯᠡᠵᠦ᠂ 2 ᠶ᠋ᠢ ᠨᠢ ᠵᠠᠰᠠᠪᠤᠷᠢ ᠤᠷᠤᠭᠤᠯᠤᠨ ᠬᠦᠴᠦᠨ ᠦᠭᠡᠢ ᠪᠤᠯᠭᠠᠵᠠᠢ᠃

— ᠢᠳᠡᠭᠡᠮᠵᠢᠳᠠᠢ ᠪᠤᠯ ᠬᠠᠮᠳᠤ ᠪᠡᠷ ᠬᠦᠬᠢᠭᠦᠯᠦᠨ ᠵᠤᠷᠢᠭᠵᠢᠭᠤᠯᠬᠤ ᠳᠤᠭᠳᠠᠴᠠ ᠶ᠋ᠢ ᠲᠡᠭᠦᠯᠳᠡᠷᠵᠢᠭᠦᠯᠪᠡ᠃ ᠡᠨᠡ ᠵᠢᠯ ᠤ᠋ᠨ 4 ᠰᠠᠷ᠎ᠠ ᠳ᠋ᠤ ᠦᠪᠡᠷᠳᠡᠭᠡᠨ ᠵᠠᠰᠠᠬᠤ ᠤᠷᠤᠨ ᠤ᠋ ᠬᠦᠭᠵᠢᠭᠦᠯᠦᠯᠳᠡ ᠪᠠ ᠦᠭᠡᠷᠡᠴᠢᠯᠡᠯᠳᠡ ᠶ᠋ᠢᠨ ᠵᠦᠪᠯᠡᠯ《ᠦᠪᠡᠷᠳᠡᠭᠡᠨ ᠵᠠᠰᠠᠬᠤ ᠤᠷᠤᠨ ᠤ᠋ ᠦᠨᠡᠨᠴᠢ ᠢᠳᠡᠭᠡᠮᠵᠢ ᠶ᠋ᠢᠨ ᠨᠡᠢᠳᠡᠯᠢᠭ ᠵᠢᠱ᠌ᠢᠶ᠎ᠠ ᠶ᠋ᠢᠨ ᠠᠵᠤ ᠠᠬᠤᠢᠯᠠᠯ ᠳ᠋ᠤ ᠬᠡᠷᠡᠭᠵᠢᠭᠦᠯᠵᠦ ᠪᠤᠯᠬᠤ ᠬᠦᠬᠢᠭᠦᠯᠦᠨ ᠵᠤᠷᠢᠭᠵᠢᠭᠤᠯᠬᠤ ᠠᠷᠭ᠎ᠠ ᠬᠡᠮᠵᠢᠶ᠎ᠠ ᠶ᠋ᠢ ᠵᠦᠪᠳᠡᠯᠴᠡᠨ ᠡᠮᠬᠢᠯᠡᠵᠦ ᠦᠷᠭᠡᠳᠭᠡᠬᠦ ᠲᠤᠬᠠᠢ ᠮᠡᠳᠡᠭᠳᠡᠯ》 ᠢ᠋ ᠳᠠᠷᠤᠮᠠᠯᠯᠠᠨ ᠲᠠᠷᠬᠠᠭᠠᠵᠤ᠂ ᠤᠤᠯ ᠤ᠋ᠨ 13 ᠬᠦᠷᠢᠶᠡᠨ᠎ᠳᠡᠬᠢ 21 ᠵᠦᠢᠯ ᠤ᠋ᠨ ᠬᠦᠬᠢᠭᠦᠯᠦᠨ ᠵᠤᠷᠢᠭᠵᠢᠭᠤᠯᠬᠤ ᠠᠷᠭ᠎ᠠ ᠬᠡᠮᠵᠢᠶ᠎ᠠ ᠶ᠋ᠢᠨ ᠰᠠᠭᠤᠷᠢᠨ ᠳ᠋ᠤ ᠰᠤᠷᠭᠠᠨ ᠬᠦᠮᠦᠵᠢᠯ᠂ ᠠᠷᠠᠳ ᠤ᠋ᠨ ᠶᠠᠪᠤᠳᠠᠯ᠂ ᠬᠦᠮᠦᠨ ᠤ᠋ ᠬᠦᠴᠦᠨ ᠤ᠋ ᠡᠬᠢ ᠪᠠᠶᠠᠯᠢᠭ ᠪᠠ ᠨᠡᠢᠭᠡᠮ ᠤ᠋ᠨ ᠪᠠᠳᠤᠯᠠᠭ᠎ᠠ᠂ ᠤᠰᠤᠨ ᠠᠰᠢᠭᠯᠠᠯᠳᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠪᠤᠭᠤᠮᠳᠠ ᠵᠡᠷᠭᠡ 6 ᠬᠦᠷᠢᠶᠡᠨ ᠤ᠋ 6 ᠵᠦᠢᠯ ᠤ᠋ᠨ ᠬᠦᠬᠢᠭᠦᠯᠦᠨ ᠵᠤᠷᠢᠭᠵᠢᠭᠤᠯᠬᠤ ᠠᠷᠭ᠎ᠠ  ᠬᠡᠮᠵᠢᠶ᠎ᠠ ᠶ᠋ᠢ ᠰᠢᠨ᠎ᠠ ᠪᠡᠷ ᠨᠡᠮᠡᠭᠰᠡᠨ ᠪᠠᠢᠨ᠎ᠠ᠃

— ᠭᠤᠤᠯᠳᠠᠯᠭ᠎ᠠ ᠲᠠᠢ ᠬᠦᠷᠢᠶᠠᠨ ᠤ᠋ ᠢᠳᠡᠭᠡᠮᠵᠢ ᠠᠯᠳᠠᠭᠰᠠᠳ ᠢ᠋ ᠴᠡᠭᠴᠡᠯᠡᠬᠦ ᠠᠵᠢᠯᠯᠠᠭ᠎ᠠ ᠦᠷᠨᠢᠭᠦᠯᠪᠡ᠃ ᠦᠪᠡᠷᠳᠡᠭᠡᠨ ᠵᠠᠰᠠᠬᠤ ᠤᠷᠤᠨ ᠤ᠋ ᠬᠦᠭᠵᠢᠭᠦᠯᠦᠯᠳᠡ ᠪᠠ ᠦᠭᠡᠷᠡᠴᠢᠯᠡᠯᠳᠡ ᠶ᠋ᠢᠨ ᠵᠦᠪᠯᠡᠯ ᠬᠤᠳᠠᠯᠳᠤᠭᠠᠨ ᠤ᠋ ᠮᠡᠬᠡᠯᠡᠯ᠂ ᠭᠡᠷ᠎ᠠ ᠵᠢ ᠵᠦᠷᠢᠴᠡᠭᠰᠡᠨ᠂ ᠵᠤᠭᠤᠰ ᠦᠷᠢᠳᠦᠬᠦ ᠵᠡᠷᠭᠡ ᠢᠳᠡᠭᠡᠮᠵᠢ ᠠᠯᠳᠠᠭᠰᠠᠨ ᠠᠵᠢᠯᠯᠠᠭ᠎ᠠ ᠶ᠋ᠢᠨ ᠲᠤᠭᠤᠷᠢᠨ ᠳ᠋ᠤ ᠬᠤᠳᠠᠯᠳᠤᠭᠠᠨ ᠤ᠋ ᠶᠠᠪᠤᠳᠠᠯ ᠤ᠋ᠨ ᠬᠦᠷᠢᠶᠡᠨ᠎ᠳᠡᠬᠢ  ᠢᠳᠡᠭᠡᠮᠵᠢ ᠠᠯᠳᠠᠭᠰᠠᠳ ᠢ᠋ ᠴᠡᠭᠴᠡᠯᠡᠬᠦ ᠠᠵᠢᠯᠯᠠᠭ᠎ᠠ ᠶ᠋ᠢ ᠪᠦᠬᠦ ᠲᠠᠯ᠎ᠠ ᠪᠡᠷ ᠦᠷᠨᠢᠭᠦᠯᠵᠠᠢ᠃

— ᠢᠳᠡᠭᠡᠮᠵᠢ ᠪᠡᠷ ᠪᠡᠯᠡ ᠬᠤᠷᠠᠮᠳᠤᠭᠤᠯᠬᠤ ᠳᠠᠪᠴᠠᠩ ᠢ᠋ ᠨᠡᠢᠳᠭᠡᠬᠦ ᠶ᠋ᠢ ᠲᠦᠷᠭᠡᠳᠭᠡᠪᠡ᠃ ᠡᠨᠡ ᠵᠢᠯ ᠤ᠋ᠨ 7 ᠰᠠᠷ᠎ᠠ ᠳ᠋ᠤ ᠦᠪᠡᠷᠳᠡᠭᠡᠨ ᠵᠠᠰᠠᠬᠤ ᠤᠷᠤᠨ ᠤ᠋ ᠬᠦᠭᠵᠢᠭᠦᠯᠦᠯᠳᠡ ᠪᠠ ᠦᠭᠡᠷᠡᠴᠢᠯᠡᠯᠳᠡ ᠶ᠋ᠢᠨ ᠵᠦᠪᠯᠡᠯ ᠵᠡᠷᠭᠡ ᠳᠠᠪᠤᠨ ᠰᠠᠯᠠᠭ᠎ᠠ ᠮᠦᠴᠢᠷ ᠬᠠᠮᠳᠤᠷᠠᠨ 《ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠢᠳᠡᠭᠡᠮᠵᠢ ᠪᠡᠷ ᠪᠡᠯᠡ ᠬᠤᠷᠠᠮᠳᠤᠭᠤᠯᠬᠤ  ᠦᠢᠯᠡᠴᠢᠯᠡᠭᠡᠨ ᠤ᠋  ᠳᠠᠪᠴᠠᠩ ᠤ᠋ᠨ ᠪᠦᠲᠦᠭᠡᠨ  ᠪᠠᠢᠭᠤᠯᠤᠯᠳᠠ ᠶ᠋ᠢ ᠨᠢᠭᠡᠳᠦᠯᠳᠠᠢ ᠲᠦᠯᠦᠪᠵᠢᠭᠦᠯᠦᠨ ᠳᠤᠮᠳᠠ ᠪᠠᠭ᠎ᠠ ᠵᠢᠵᠢᠭ ᠠᠵᠤ ᠠᠬᠤᠢᠯᠠᠯ ᠤ᠋ᠨ ᠪᠡᠯᠡ ᠬᠤᠷᠠᠮᠳᠤᠭᠤᠯᠬᠤ ᠳᠦᠭᠦᠮ ᠳᠦᠳᠡ ᠬᠡᠮᠵᠢᠶ᠎ᠠ ᠶ᠋ᠢ ᠳᠡᠭᠡᠭᠰᠢᠯᠡᠭᠦᠯᠬᠦ ᠠᠵᠢᠯ ᠤ᠋ᠨ ᠲᠦᠰᠦᠯ》 ᠢ᠋ ᠳᠠᠷᠤᠮᠠᠯᠯᠠᠨ ᠲᠠᠷᠬᠠᠭᠠᠵᠤ᠂ ᠤᠳᠤᠬᠠᠨ ᠪᠤᠯᠳᠠᠯ᠎ᠠ ᠦᠪᠦᠷ ᠮᠤᠩᠭᠤᠯ ᠤ᠋ᠨ ᠪᠡᠯᠡ ᠬᠤᠷᠠᠮᠳᠤᠭᠤᠯᠬᠤ ᠦᠢᠯᠡᠴᠢᠯᠡᠭᠡᠨ ᠤ᠋ ᠵᠠᠩᠬᠢᠯᠠᠭ᠎ᠠ ᠶ᠋ᠢᠨ ᠴᠡᠭ ᠶ᠋ᠢᠡᠷ ᠨᠢᠭᠡᠨᠳᠡ 635 ᠳ᠋ᠦᠩᠰᠢᠭᠤᠷ ᠭᠠᠷᠤᠢ ᠲᠦᠭᠦᠷᠢᠭ ᠤ᠋ᠨ ᠵᠢᠭᠡᠯᠡᠯᠭᠡ ᠲᠠᠯᠪᠢᠪᠠ᠃ ᠡᠭᠦᠨ ᠳ᠋ᠤ ᠴᠤᠯ ᠢᠳᠡᠭᠡᠮᠵᠢ ᠶ᠋ᠢᠨ ᠵᠢᠭᠡᠯᠡᠯᠭᠡ 332 ᠳ᠋ᠦᠩᠰᠢᠭᠤᠷ ᠲᠦᠭᠦᠷᠢᠭ ᠢ᠋ ᠲᠠᠪᠠᠭᠰᠠᠨ ᠪᠠᠢᠨ᠎ᠠ᠃

— ᠦᠨᠡᠨᠴᠢ ᠢᠳᠡᠭᠡᠮᠵᠢ ᠶ᠋ᠢᠨ ᠤᠷᠴᠢᠨ ᠨᠦᠬᠦᠴᠡᠯ ᠢ᠋ ᠡᠭᠦᠳᠬᠦ ᠶ᠋ᠢ ᠴᠢᠩᠭᠠᠳᠬᠠᠪᠠ᠃ ᠦᠪᠡᠷᠳᠡᠭᠡᠨ ᠵᠠᠰᠠᠬᠤ ᠤᠷᠤᠨ ᠤ᠋ ᠬᠦᠭᠵᠢᠭᠦᠯᠦᠯᠳᠡ ᠪᠠ ᠦᠭᠡᠷᠡᠴᠢᠯᠡᠯᠳᠡ ᠶ᠋ᠢᠨ ᠵᠦᠪᠯᠡᠯ ᠵᠡᠷᠭᠡ ᠰᠠᠯᠠᠭ᠎ᠠ ᠮᠦᠴᠢᠷ ᠤ᠋ᠨ ᠬᠢᠨ ᠪᠦᠬᠦ ᠤᠷᠤᠨ ᠳ᠋ᠤ ᠢᠳᠡᠭᠡᠮᠵᠢ ᠶ᠋ᠢᠨ ᠤᠬᠠᠭᠤᠯᠭ᠎ᠠ ᠶ᠋ᠢᠨ ᠰᠠᠷ᠎ᠠ ᠶ᠋ᠢᠨ ᠠᠵᠢᠯᠯᠠᠭ᠎ᠠ ᠶ᠋ᠢ ᠦᠷᠭᠡᠨ ᠳᠡᠯᠭᠡᠷ ᠦᠷᠨᠢᠭᠦᠯᠵᠦ᠂ ᠺᠠᠳ᠋ᠷ ᠠᠵᠢᠯᠳᠠᠨ ᠤ᠋ ᠢᠳᠡᠭᠡᠮᠵᠢ ᠶ᠋ᠢᠨ ᠤᠬᠠᠮᠰᠠᠷ ᠢ᠋ ᠳᠡᠭᠡᠭᠰᠢᠯᠡᠭᠦᠯᠵᠤ᠂ ᠬᠤᠳᠠᠯᠳᠤᠭ᠎ᠠ ᠡᠷᠬᠢᠯᠡᠭᠦ ᠤᠷᠴᠢᠨ ᠨᠦᠬᠦᠴᠡᠯ ᠢ᠋ ᠤᠯᠠᠮ ᠰᠢᠯᠢᠳᠡᠭᠵᠢᠭᠦᠯᠦᠨ᠂ ᠦᠨᠡᠨᠴᠢ ᠢᠳᠡᠭᠡᠮᠵᠢ ᠶ᠋ᠢᠨ ᠪᠠᠢᠭᠤᠯᠤᠯᠳᠠ ᠶ᠋ᠢᠨ ᠢᠨᠵᠧᠨᠧᠷᠢᠩ ᠤ᠋ᠨ ᠭᠦᠨᠵᠡᠭᠡᠢᠷᠡᠨ ᠪᠤᠳᠠᠳᠠᠢᠵᠢᠬᠤ ᠶ᠋ᠢ ᠲᠠᠰᠤᠷᠠᠯᠳᠠ ᠦᠭᠡᠢ ᠠᠬᠢᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号