ᠦᠪᠡᠷᠳᠡᠭᠡᠨ ᠵᠠᠰᠠᠬᠤ ᠤᠷᠤᠨ ᠤ᠋ ᠲᠡᠥᠬᠡ ᠶ᠋ᠢᠨ ᠲᠤᠷᠠᠰᠬᠠᠯᠳᠦ ᠵᠦᠢᠯᠡᠰ ᠤ᠋ᠨ ᠲᠤᠪᠴᠢᠶ᠎ᠠ ᠡᠴᠡ ᠤᠢᠯᠠᠭᠠᠭᠰᠠᠨ ᠢ᠋ᠶ᠋ᠡᠷ᠂ ᠮᠠᠨ ᠤ᠋ ᠤᠷᠤᠨ ᠲᠦᠷᠪᠡᠳᠦᠭᠡᠷ ᠤᠳᠠᠭ᠎ᠠ ᠵᠢᠨ ᠪᠦᠬᠦ ᠤᠯᠤᠰ ᠤ᠋ᠨ ᠲᠡᠥᠬᠡ ᠶ᠋ᠢᠨ ᠲᠤᠷᠠᠰᠬᠠᠯᠳᠦ ᠵᠦᠢᠯᠡᠰ ᠤ᠋ᠨ ᠨᠡᠢᠳᠡᠮ ᠪᠠᠢᠴᠠᠭᠠᠯᠳᠠ ᠶ᠋ᠢᠨ ᠡᠯ᠎ᠡ ᠳᠠᠯ᠎ᠠ ᠶ᠋ᠢᠨ ᠠᠵᠢᠯ ᠢ᠋ ᠯᠠᠪᠳᠠᠭᠤᠨ ᠪᠠᠳᠤᠳᠠᠢ ᠠᠬᠢᠭᠤᠯᠵᠤ᠂ ᠤᠳᠤᠬᠠᠨ ᠪᠤᠯᠳᠠᠯ᠎ᠠ ᠭᠤᠷᠪᠠᠳᠤᠭᠠᠷ ᠤᠳᠠᠭ᠎ᠠ ᠵᠢᠨ ᠨᠡᠢᠳᠡᠮ ᠪᠠᠢᠴᠠᠭᠠᠭᠰᠠᠨ 18655 ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠪᠠᠭᠤᠷᠢ ᠵᠢ ᠬᠢᠨᠠᠨ ᠬᠠᠷᠭᠤᠭᠤᠯᠵᠦ᠂ ᠬᠠᠷᠭᠤᠭᠤᠯᠤᠭᠰᠠᠨ ᠨᠣᠷᠮ᠎ᠠ ᠨᠢ 88.43%ᠳ᠋ᠤ ᠬᠦᠷᠴᠦ᠍᠂ 1045 ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠪᠠᠭᠤᠷᠢ ᠵᠢ ᠱᠢᠨ᠎ᠡ ᠪᠡᠷ ᠢᠯᠡᠷᠡᠭᠦᠯᠵᠦ᠍᠂ 65 ᠬᠣᠱᠢᠭᠤ ᠱᠢᠶᠠᠨ ᠲᠣᠭᠣᠷᠢᠭ ᠨᠢᠭᠡᠨᠲᠡ ᠲᠤᠬᠠᠶ ᠶ᠋ᠢᠨ ᠭᠠᠵᠠᠷ ᠲᠤᠨᠢ ᠪᠠᠢᠴᠠᠭᠠᠯᠲᠠ ᠬᠢᠬᠦ᠌ ᠡᠭᠦᠷᠭᠡ ᠪᠡᠨ ᠪᠡᠶᠡᠯᠡᠭᠦᠯᠪᠠ᠃
9 ᠰᠠᠷ᠎ᠠ ᠡᠴᠡ ᠨᠠᠭᠠᠰᠢ ᠮᠠᠨ ᠤ ᠤᠷᠤᠨ ᠤ᠋ ᠣᠷᠳᠣ ᠴᠠᠭᠠᠨ ᠬᠡᠷᠡᠮ ᠤ᠋ᠨ ᠲᠤᠰᠭᠠᠶ ᠪᠠᠢᠴᠠᠭᠠᠯᠲᠠ ᠵᠢ ᠥᠷᠨᠢᠭᠦᠯᠵᠦ᠂ ᠡᠯ᠎ᠡ ᠠᠢᠮᠠᠭ ᠬᠣᠲᠠ ᠦᠳᠲᠡᠷ ᠲᠦᠷᠭᠡᠨ ᠬᠥᠳᠡᠯᠦᠯᠴᠡᠵᠦ᠍ ᠨᠡᠢᠳᠡᠮ ᠪᠠᠢᠴᠠᠭᠠᠯᠲᠠ ᠶ᠋ᠢᠨ ᠠᠵᠢᠯ ᠢ᠋ ᠪᠥᠬᠥ᠌ ᠲᠠᠯ᠎ᠠ ᠪᠠᠷ ᠤᠷᠤᠭᠰᠢᠳᠠᠢ ᠶᠠᠪᠤᠭᠳᠠᠭᠤᠯᠪᠠ᠃ ᠡᠯ᠎ᠡ ᠭᠠᠵᠠᠷ ᠤ᠋ᠨ ᠲᠡᠦᠬᠡ ᠶ᠋ᠢᠨ ᠳᠤᠷᠠᠰᠭᠠᠯᠲᠤ ᠵᠦᠢᠯᠡᠰ ᠤ᠋ᠨ ᠰᠠᠯᠠᠭ᠎ᠠ ᠮᠥᠴᠢᠷ ᠲᠸ᠋ ᠲᠠᠨᠢᠯᠲᠠ ᠪᠠᠨ ᠤᠯᠠᠮ ᠳᠡᠭᠡᠭ᠌ᠰᠢᠯᠡᠭᠦᠯᠤᠨ ᠬᠥᠮᠦᠨ ᠤ᠋ ᠬᠦᠴᠦ᠂ ᠪᠣᠳᠠᠰ ᠤ᠋ᠨ ᠬᠦᠴᠦ᠂ ᠡᠳ᠋ ᠤ᠋ᠨ ᠬᠦᠴᠦ ᠪᠠᠨ ᠲᠥᠪᠯᠡᠷᠡᠭᠦᠯᠦᠨ ᠳᠥᠷᠪᠡᠳᠦᠭᠡᠷ ᠤᠳᠠᠭ᠎ᠠ ᠶ᠋ᠢᠨ ᠪᠦᠬᠦ᠌ ᠤᠯᠤᠰ ᠤ᠋ᠨ ᠲᠡᠦᠬᠡ ᠶ᠋ᠢᠨ ᠳᠤᠷᠠᠰᠭᠠᠯᠲᠤ ᠵᠦᠢᠯᠡᠰ ᠤ᠋ᠨ ᠨᠡᠢᠳᠡᠮ ᠪᠠᠢᠴᠠᠭᠠᠯᠲᠠ ᠶ᠋ᠢᠨ ᠲᠤᠬᠠᠢ ᠶ᠋ᠢᠨ ᠭᠠᠵᠠᠷ ᠤ᠋ᠨ ᠪᠠᠢᠴᠠᠭᠠᠯᠲᠠ ᠶ᠋ᠢᠨ ᠱᠠᠲᠤᠨ ᠤ᠋ ᠪᠣᠭᠣᠮᠲᠠ ᠱᠢᠪᠲᠤᠯᠬᠤ ᠳᠠᠢᠯᠠᠯᠳᠤᠭᠠᠨ ᠢ᠋ ᠰᠠᠢᠲᠤᠷ ᠬᠢᠵᠦ᠍᠂ ᠢᠷᠡᠬᠦ᠌ ᠵᠢᠯ ᠤ᠋ᠨ 5 ᠰᠠᠷ᠎ᠠ ᠶ᠋ᠢᠨ ᠰᠡᠭᠦᠯᠴᠢ ᠡᠴᠡ ᠡᠮᠦᠨ᠎ᠡ ᠲᠤᠬᠠᠢ ᠶ᠋ᠢᠨ ᠭᠠᠵᠠᠷ ᠤ᠋ᠨ ᠪᠠᠢᠴᠠᠭᠠᠯᠲᠠ ᠶ᠋ᠢᠨ ᠡᠭᠦᠷᠭᠡ ᠵᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠬᠦ᠌ ᠵᠢ ᠪᠠᠳᠤᠯᠠᠨ᠂ ᠠᠵᠤ ᠠᠬᠤᠶ ᠶ᠋ᠢᠨ ᠪᠦᠲᠦᠭᠡᠨ ᠪᠠᠢᠭᠤᠯᠤᠯᠲᠠ᠂ ᠨᠡᠢᠭᠡᠮ ᠤ᠋ᠨ ᠬᠥᠭ᠌ᠵᠢᠯᠲᠡ ᠬᠢᠭᠡᠳ ᠲᠡᠦᠬᠡ ᠶ᠋ᠢᠨ ᠳᠤᠷᠠᠰᠭᠠᠯᠲᠤ ᠵᠦᠢᠯᠡᠰ ᠤ᠋ᠨ ᠬᠠᠮᠠᠭᠠᠯᠠᠯᠲᠠ ᠶ᠋ᠢᠨ ᠬᠠᠷᠢᠴᠠᠭ᠎ᠠ ᠵᠢ ᠵᠥᠪ ᠱᠢᠶ᠋ᠳᠪᠦᠷᠢᠯᠡᠵᠦ᠍᠂ ᠲᠦᠷᠪᠡᠳᠦᠭᠡᠷ ᠤᠳᠠᠭ᠎ᠠ ᠵᠢᠨ ᠨᠡᠢᠳᠡᠮ ᠪᠠᠢᠴᠠᠭᠠᠯᠳᠠ ᠪᠡᠷ ᠲᠡᠦᠬᠡ ᠶ᠋ᠢᠨ ᠳᠤᠷᠠᠰᠭᠠᠯᠲᠤ ᠵᠦᠢᠯᠡᠰ ᠢ᠋ ᠬᠠᠮᠠᠭᠠᠯᠠᠬᠤ ᠢᠨᠵᠧᠨᠧᠷᠢᠩ ᠤ᠋ᠨ ᠲᠥᠷᠥᠯ ᠵᠦᠢᠯ ᠤ᠋ᠨ ᠬᠥᠮᠥᠷᠭᠡ ᠪᠠᠢᠭᠤᠯᠤᠨ᠂ ᠲᠡᠦᠬᠡ ᠶ᠋ᠢᠨ ᠳᠤᠷᠠᠰᠭᠠᠯᠲᠤ ᠵᠦᠢᠯᠡᠰ ᠢ᠋ ᠬᠠᠮᠠᠭᠠᠯᠠᠬᠤ ᠢᠨᠵᠧᠨᠧᠷᠢᠩ ᠢ᠋ ᠴᠢᠭ᠌ᠯᠡᠬᠦᠯᠦᠯᠳᠤ ᠴᠢᠨᠠᠷᠲᠠᠶ ᠬᠡᠷᠡᠭ᠌ᠵᠢᠭᠦᠯᠵᠦ᠍᠂ ᠲᠡᠦᠬᠡ ᠶ᠋ᠢᠨ ᠳᠤᠷᠠᠰᠭᠠᠯᠲᠤ ᠵᠦᠢᠯᠡᠰ ᠤ᠋ᠨ ᠠᠮᠤᠷ ᠲᠦᠪᠱᠢᠨ ᠢ᠋ ᠬᠠᠮᠠᠭᠠᠯᠠᠨ᠂ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠪᠠᠭᠤᠷᠢ ᠵᠢ ᠮᠠᠭᠠᠳᠯᠠᠨ ᠲᠣᠭ᠍ᠲᠠᠭᠠᠬᠤ ᠪᠠᠷᠢᠮᠵᠢᠶ᠎ᠠ ᠵᠢ ᠣᠨᠣᠪᠴᠢᠲᠠᠶ ᠡᠵᠡᠮᠱᠢᠨ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠪᠠᠭᠤᠷᠢ ᠶ᠋ᠢᠨ ᠲᠠᠷᠬᠠᠯᠲᠠ ᠵᠢ ᠣᠨᠣᠪᠴᠢᠲᠠᠶ ᠮᠠᠭᠠᠳᠯᠠᠵᠤ᠂ 《ᠪᠠᠢᠴᠠᠭᠠᠪᠠᠰᠤ ᠵᠣᠬᠢᠬᠤ ᠵᠢ ᠨᠢ ᠪᠦᠬᠦᠨ ᠢ᠋ ᠪᠠᠢᠴᠠᠭᠠᠬᠤ᠂ ᠪᠠᠲᠤᠯᠠᠪᠠᠰᠤ ᠵᠣᠬᠢᠬᠤ ᠵᠢ ᠨᠢ ᠪᠦᠬᠦᠨ ᠢ᠋ ᠪᠠᠲᠤᠯᠠᠬᠤ》 ᠵᠠᠷᠴᠢᠮ ᠢ᠋ᠶ᠋ᠡᠷ ᠣᠷᠣᠨ ᠪᠦᠰᠡ ᠳᠣᠲᠣᠷᠠᠬᠢ ᠡᠯ᠎ᠡ ᠲᠥᠷᠥᠯ ᠤ᠋ᠨ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠰᠦᠪᠡᠭ᠌ᠴᠢ ᠵᠢ ᠪᠥᠬᠥ᠌ ᠲᠠᠯ᠎ᠠ ᠪᠠᠷ ᠱᠢᠰᠲ᠋ᠧᠮ ᠲᠡᠶ ᠴᠤᠭ᠍ᠯᠠᠭᠤᠯᠤᠨ᠂ ᠴᠠᠭ ᠲᠤᠬᠠᠶ ᠳ᠋ᠤᠨᠢ ᠬᠠᠮᠠᠭᠠᠯᠠᠯᠲᠠ ᠶ᠋ᠢᠨ ᠵᠢᠭ᠍ᠰᠠᠭᠠᠯᠲᠠ ᠳ᠋ᠦ ᠣᠷᠣᠭᠤᠯᠵᠤ᠂ ᠪᠦᠬᠦᠨ ᠢ᠋ ᠬᠠᠮᠤᠷᠬᠤ ᠵᠢ ᠱᠠᠭᠠᠷᠳᠠᠵᠦ ᠪᠠᠢᠨ᠎ᠠ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号