ᠪᠥᠬᠥ ᠣᠷᠣᠨ᠎ᠤ ᠰᠢᠭᠦᠬᠦ ᠬᠣᠷᠢᠶ᠎ᠠ 《ᠬᠠᠤᠯᠢ ᠪᠠᠷᠢᠬᠤ ᠦᠨᠡᠨᠴᠢ ᠢᠲᠡᠭᠡᠮᠵᠢ᠎ᠶᠢ ᠳᠡᠭᠡᠭᠰᠢᠯᠡᠭᠦᠯᠬᠦ ᠣᠨ》 ᠤ᠋ ᠠᠵᠢᠯᠯᠠᠭ᠎ᠠ᠎ᠶᠢ ᠭᠦᠨᠵᠡᠭᠡᠢ ᠲᠦᠯᠬᠢᠨ ᠠᠬᠢᠭᠤᠯᠪᠠ
2024-12-07 12:39:36
ᠵᠣᠬᠢᠶᠠᠭ᠍ᠴᠢ᠄
​ᠸᠠᠩ ᠬᠤᠤ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶᠢᠨ ᠰᠢᠭᠦᠬᠦ ᠬᠣᠷᠢᠶ᠎ᠠ᠎ᠠᠴᠠ ᠣᠢᠯᠠᠭᠠᠭᠰᠠᠨ ᠵᠢᠡᠷ᠂ ᠡᠨᠡ ᠵᠢᠯ᠎ᠡᠴᠡ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶᠢᠨ ᠰᠢᠭᠦᠬᠦ ᠬᠣᠷᠢᠶ᠎ᠠ 《ᠬᠠᠤᠯᠢ ᠴᠠᠭᠠᠵᠠ᠎ᠶᠢᠨ ᠤᠯᠠᠨ ᠨᠡᠶ᠋ᠢᠲᠡ᠎ᠶᠢᠨ ᠢᠲᠡᠭᠡᠮᠵᠢ᠎ᠶᠢ ᠳᠡᠭᠡᠭᠰᠢᠯᠡᠭᠦᠯᠬᠦ ᠣᠨ》 ᠤ᠋ ᠠᠵᠢᠯᠯᠠᠭ᠎ᠠ᠎ᠶᠢ ᠭᠦᠨᠵᠡᠭᠡᠢ ᠠᠬᠢᠭᠤᠯᠵᠤ᠂  ᠳᠡᠭᠡᠭᠰᠢ ᠳᠣᠷᠣᠭ᠍ᠰᠢ  《ᠨᠢᠭᠡ  ᠬᠦᠯᠭᠡ ᠰᠢᠳᠠᠷ᠎ᠠ》 ᠵᠢᠨ ᠪᠠᠢᠷᠢᠰᠢᠯ᠎ᠢ ᠪᠦᠷᠢᠯᠳᠦᠬᠦᠯᠵᠦ  ᠪᠣᠳᠠᠲᠤ ᠦᠷ᠎ᠡ ᠪᠦᠲᠦᠮᠵᠢ ᠣᠯᠪᠠ᠃ ᠡᠨᠡ ᠵᠢᠯ᠎ᠦᠨ ᠲᠦᠷᠦᠭᠦᠸ᠋ 10 ᠰᠠᠷ᠎ᠠ᠎ᠳᠤ᠂ ᠪᠥᠬᠥ ᠣᠷᠣᠨ᠎ᠤ ᠰᠢᠭᠦᠬᠦ ᠬᠣᠷᠢᠶ᠎ᠠ ᠨᠡᠶ᠋ᠢᠲᠡ 82 ᠲᠦᠮᠡᠨ ᠬᠡᠷᠡᠭ᠎ᠢ ᠭᠥᠯᠢᠶᠡᠨ ᠠᠪᠴᠤ ᠰᠢᠢᠳᠪᠦᠷᠢᠯᠡᠵᠦ᠂ 70.8 ᠲᠦᠮᠡᠨ ᠬᠡᠷᠡᠭ᠎ᠢ ᠳᠠᠭᠤᠰᠬᠠᠵᠤ᠂ ᠰᠢᠭᠦᠨ ᠲᠠᠰᠤᠯᠤᠯᠲᠠ᠎ᠶᠢᠨ ᠶᠠᠪᠤᠴᠠ᠎ᠶᠢᠨ ᠮᠡᠳᠡᠭᠡ ᠵᠠᠩᠭᠢ᠎ᠶᠢ ᠢᠯᠡ ᠪᠣᠯᠭᠠᠭᠰᠠᠨ ᠨᠣᠷᠮ᠎ᠠ 99.9%᠎ᠳᠤ ᠬᠥᠷᠪᠡ᠃ ᠬᠠᠤᠯᠢ ᠴᠠᠭᠠᠵᠠ᠎ᠶᠢᠨ ᠮᠡᠳᠡᠭᠡ ᠵᠠᠩᠭᠢ᠎ᠶᠢ ᠢᠯᠡ ᠪᠣᠯᠭᠠᠬᠤ᠂ ᠪᠦᠬᠦᠨ᠎ᠢ ᠢᠯᠡ ᠪᠣᠯᠭᠠᠬᠤ᠎ᠶᠢ ᠦᠨᠳᠦᠰᠦᠨ᠎ᠳᠡᠭᠡᠨ ᠪᠡᠶᠡᠯᠡᠭᠦᠯᠵᠦ᠂ 《ᠢᠲᠡᠭᠡᠯ ᠨᠠᠢᠳᠠᠪᠤᠷᠢᠳᠠᠢ ᠪᠠᠢᠬᠤ ᠪᠤᠯ ᠢᠷᠠᠭᠤ ᠠᠯᠳᠠᠷ ᠲᠠᠢ᠂ ᠢᠲᠡᠭᠡᠯ ᠨᠠᠢᠳᠠᠪᠤᠷᠢ ᠪᠠᠨ ᠠᠯᠳᠠᠬᠤ ᠨᠢ ᠢᠴᠢᠭᠦᠷᠢ᠎ᠲᠠᠢ》 ᠪᠠᠢᠬᠤ ᠨᠡᠢᠭᠡᠮ᠎ᠦᠨ ᠶᠠᠷᠢᠶ᠎ᠠ ᠬᠡᠯᠡᠯᠴᠡᠭᠡᠨ᠎ᠦ ᠠᠭᠤᠷ ᠠᠮᠢᠰᠬᠤᠯ᠎ᠢ ᠪᠦᠬᠦ ᠲᠠᠯ᠎ᠠ᠎ᠪᠠᠷ ᠪᠤᠢ ᠪᠣᠯᠭᠠᠪᠠ᠃

ᠣᠢᠯᠠᠭᠠᠭᠰᠠᠨ᠎ᠢᠶᠠᠷ᠂ ᠦᠨᠡᠨᠴᠢ ᠢᠲᠡᠭᠡᠮᠵᠢ᠎ᠶᠢᠨ ᠪᠠᠢᠭᠤᠯᠤᠯᠲᠠ᠎ᠶᠢᠨ ᠢᠨᠵᠧᠨᠧᠷᠢᠩ᠎ᠢ ᠬᠡᠷᠡᠭᠵᠢᠭᠦᠯᠦᠭᠰᠡᠨ᠎ᠡᠴᠡ ᠨᠠᠭᠠᠰᠢ᠂ ᠪᠥᠬᠥ ᠣᠷᠣᠨ᠎ᠤ ᠰᠢᠭᠦᠬᠦ ᠬᠣᠷᠢᠶ᠎ᠠ ᠰᠢᠭᠦᠨ ᠲᠠᠰᠤᠯᠤᠯᠲᠠ᠎ᠶᠢᠨ ᠡᠭᠦᠷᠭᠡ ᠴᠢᠳᠠᠪᠬᠢ᠎ᠪᠠᠨ ᠭᠦᠢᠴᠡᠳᠬᠡᠬᠦ᠎ᠳᠦ ᠰᠠᠭᠤᠷᠢᠯᠠᠨ  ᠵᠠᠰᠠᠭ ᠵᠠᠬᠢᠷᠭᠠᠨ᠎ᠤ ᠪᠠᠢᠭᠤᠯᠭ᠎ᠠ᠎ᠶᠢᠨ ᠬᠠᠤᠯᠢ ᠶᠣᠰᠣᠭᠠᠷ ᠵᠠᠰᠠᠭ ᠶᠠᠪᠤᠭᠤᠯᠬᠤ ᠵᠢ ᠬᠦᠴᠦᠯᠡᠨ ᠲᠡᠮᠵᠢᠪᠡ᠃  ᠵᠠᠰᠠᠭ᠎ᠤᠨ ᠣᠷᠳᠣᠨ᠎ᠳᠤ ᠬᠣᠯᠪᠣᠭᠳᠠᠭᠰᠠᠨ ᠬᠡᠷᠡᠭ᠎ᠢ 767 ᠬᠤᠪᠢ ᠭᠦᠢᠴᠡᠳᠬᠡᠨ ᠳᠠᠭᠤᠰᠬᠠᠵᠤ᠂ ᠬᠡᠷᠡᠭ ᠲᠸ᠋ ᠬᠤᠯᠪᠤᠭᠳᠠᠭᠰᠠᠨ ᠵᠤᠭᠤᠰ᠎ᠤᠨ ᠲᠤᠭ᠎ᠠ ᠨᠢ 32.22 ᠳ᠋ᠦᠩᠰᠢᠭᠤᠷ ᠲᠥᠭᠥᠷᠢᠭ᠎ᠲᠦ ᠬᠦᠷᠴᠦ᠂ ᠬᠡᠷᠡᠭ᠎ᠢ ᠳᠠᠭᠤᠰᠬᠠᠭᠰᠠᠨ ᠨᠤᠷᠮ᠎ᠠ  ᠨᠢ 85. 5% ᠳ᠋ᠤ  ᠬᠦᠷᠴᠦ᠂ ᠢᠯᠡᠳᠳᠡ ᠦᠷ᠎ᠡ ᠪᠦᠲᠦᠮᠵᠢ ᠤᠯᠪᠠ᠃ 《ᠠᠵᠤ ᠠᠬᠤᠢᠯᠠᠯ᠎ᠳᠤ ᠬᠣᠯᠪᠣᠭᠳᠠᠬᠤ ᠵᠠᠰᠠᠭ ᠵᠠᠬᠢᠷᠭᠠᠨ᠎ᠤ ᠦᠢᠯᠡ ᠠᠵᠢᠯᠯᠠᠭ᠎ᠠ᠎ᠶᠢᠨ ᠬᠠᠤᠯᠢ ᠴᠠᠭᠠᠵᠠ᠎ᠶᠢᠨ ᠠᠶᠤᠯ ᠲᠦᠭᠰᠢᠭᠦᠷᠢ᠎ᠶᠢᠨ ᠰᠠᠨᠠᠭᠤᠯᠤᠮᠵᠢ᠎ᠶᠢᠨ ᠪᠢᠴᠢᠭ》 ᠢ᠋ ᠨᠠᠢᠷᠠᠭᠤᠯᠤᠨ ᠲᠠᠷᠬᠠᠭᠠᠵᠤ᠂ 《ᠵᠠᠰᠠᠭ ᠵᠠᠬᠢᠷᠭᠠᠨ᠎ᠤ ᠪᠠᠢᠭᠤᠯᠭ᠎ᠠ᠎ᠶᠢᠨ ᠬᠠᠷᠢᠭᠤᠴᠠᠯᠭᠠᠲᠠᠨ᠎ᠤ ᠰᠢᠭᠦᠯᠲᠡ᠎ᠳᠦ ᠣᠷᠣᠯᠴᠠᠵᠤ ᠵᠠᠷᠭᠤ ᠬᠦᠯᠢᠶᠡᠬᠦ ᠠᠵᠢᠯ᠎ᠢ ᠲᠦᠯᠬᠢᠨ ᠠᠬᠢᠭᠤᠯᠬᠤ ᠲᠤᠬᠠᠢ ᠵᠢᠭᠠᠨ ᠵᠢᠯᠤᠭᠣᠳᠬᠤ ᠰᠠᠨᠠᠯ》 ᠎ᠢ᠋  ᠨᠠᠢᠳᠠᠪᠤᠷᠢᠵᠢᠭᠤᠯᠬᠤ ᠵᠢ  ᠦᠷᠬᠦᠯᠵᠢᠯᠡᠨ ᠲᠦᠯᠬᠢᠨ ᠠᠬᠢᠭᠤᠯᠵᠤ᠂ ᠪᠦᠬᠦ ᠣᠷᠣᠨ᠎ᠤ ᠵᠠᠰᠠᠭ ᠵᠠᠬᠢᠷᠭᠠᠨ᠎ᠤ ᠪᠠᠢᠭᠤᠯᠭ᠎ᠠ᠎ᠶᠢᠨ ᠬᠠᠷᠢᠭᠤᠴᠠᠯᠭᠠᠲᠠᠨ᠎ᠤ ᠰᠢᠭᠦᠯᠲᠡ᠎ᠳᠦ ᠣᠷᠣᠯᠴᠠᠨ ᠵᠠᠷᠭᠤ ᠬᠦᠯᠢᠶᠡᠭᠰᠡᠨ ᠪᠠᠢᠳᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠮᠡᠳᠡᠭᠳᠡᠵᠦ᠂ ᠵᠠᠰᠠᠭ ᠵᠠᠬᠢᠷᠭᠠᠨ᠎ᠤ ᠪᠠᠢᠭᠤᠯᠭ᠎ᠠ᠎ᠶᠢᠨ ᠬᠠᠷᠢᠭᠤᠴᠠᠯᠭᠠᠲᠠᠨ᠎ᠤ ᠰᠢᠭᠦᠯᠲᠡ᠎ᠳᠦ ᠣᠷᠣᠯᠴᠠᠨ ᠵᠠᠷᠭᠤ ᠬᠦᠯᠢᠶᠡᠬᠦ᠎ᠶᠢ  ᠪᠠᠢᠩᠭᠤᠵᠢᠭᠤᠯᠪᠠ᠃ ᠡᠨᠡ ᠵᠢᠯ᠎ᠡᠴᠡ ᠨᠠᠭᠠᠰᠢ᠂ ᠪᠥᠬᠥ ᠣᠷᠣᠨ᠎ᠤ ᠰᠢᠭᠦᠬᠦ ᠬᠣᠷᠢᠶ᠎ᠠ᠎ᠶᠢᠨ ᠵᠠᠰᠠᠭ ᠵᠠᠬᠢᠷᠭᠠᠨ᠎ᠤ ᠪᠠᠢᠭᠤᠯᠭ᠎ᠠ᠎ᠶᠢᠨ ᠰᠢᠭᠦᠯᠲᠡ᠎ᠳᠦ ᠣᠷᠣᠯᠴᠠᠵᠤ ᠵᠠᠷᠭᠤ ᠬᠦᠯᠢᠶᠡᠭᠰᠡᠨ ᠨᠣᠷᠮ᠎ᠠ 99.75%᠎ᠳᠤ ᠬᠦᠷᠴᠡᠢ᠃

ᠪᠥᠬᠥ ᠣᠷᠣᠨ᠎ᠤ ᠰᠢᠭᠦᠬᠦ ᠬᠣᠷᠢᠶ᠎ᠠ᠎ᠢᠲᠡᠭᠡᠯ᠎ᠢᠶᠡᠨ ᠠᠯᠳᠠᠭᠰᠠᠨ᠎ᠢ ᠲᠤᠷᠭᠠᠬᠤ ᠪᠠ ᠦᠨᠡᠨᠴᠢ ᠢᠳᠡᠭᠡᠮᠵᠢᠲᠠᠢ ᠪᠡᠷ ᠠᠰᠢᠭ᠋ ᠭᠥᠷᠳᠡᠬᠦ᠎ᠶᠢ ᠵᠡᠷᠭᠡ᠎ᠪᠡᠷ ᠴᠢᠬᠤᠯᠠᠴᠢᠯᠠᠬᠤ᠎ᠶᠢ ᠪᠠᠷᠢᠮᠲᠠᠯᠠᠨ ᠢᠲᠡᠭᠡᠯ᠎ᠢᠶᠡᠨ ᠠᠯᠳᠠᠭᠰᠠᠳ᠎ᠢ ᠬᠠᠤᠯᠢ ᠲᠤᠭᠳᠠᠭᠠᠯ ᠶᠤᠰᠤᠭᠠᠷ  ᠵᠠᠯᠬᠠᠭᠠᠨ ᠴᠡᠭᠡᠷᠯᠡᠭᠦᠯᠵᠦ᠂ ᠢᠲᠡᠭᠡᠯ᠎ᠢᠶᠡᠨ ᠠᠯᠳᠠᠭᠰᠠᠨ ᠭᠣᠣᠯ ᠴᠣᠭᠴᠠ᠎ᠶᠢᠨ ᠢᠲᠡᠭᠡᠮᠵᠢ᠎ᠶᠢ ᠰᠡᠷᠭᠦᠭᠡᠬᠦ ᠲᠣᠭᠲᠠᠴᠠ᠎ᠶᠢ ᠲᠡᠭᠦᠯᠳᠡᠷᠵᠢᠭᠦᠯᠵᠦ᠂ ᠨᠡᠢᠭᠡᠮ᠎ᠦᠨ ᠢᠲᠡᠭᠡᠮᠵᠢ᠎ᠶᠢᠨ ᠰᠢᠰᠲᠧᠮ᠎ᠤᠨ ᠪᠠᠢᠭᠤᠯᠤᠯᠲᠠ᠎ᠶᠢᠨ ᠬᠠᠤᠯᠢᠵᠢᠯ᠎ᠤᠨ ᠬᠢᠷᠢ ᠲᠦᠪᠰᠢᠨ᠎ᠢ ᠳᠡᠭᠡᠭᠰᠢᠯᠡᠭᠦᠯᠬᠦ᠎ᠶᠢ ᠠᠬᠢᠭᠤᠯᠪᠠ᠃ ᠡᠨᠡ ᠵᠢᠯ᠎ᠡᠴᠡ ᠨᠠᠭᠠᠰᠢ᠂ ᠪᠥᠬᠥ ᠣᠷᠣᠨ᠎ᠤ ᠰᠢᠭᠦᠬᠦ ᠬᠣᠷᠢᠶ᠎ᠠ᠎ᠨᠤᠭᠤᠳ ᠥᠨᠳᠥᠷ ᠬᠡᠷᠡᠭᠯᠡᠭᠡ᠎ᠶᠢ 10.86 ᠲᠦᠮᠡᠨ ᠬᠥᠮᠥᠨ ᠤᠳᠠᠭ᠎ᠠ ᠬᠢᠵᠠᠭᠠᠷᠯᠠᠵᠤ᠂ ᠬᠢᠯᠢ᠎ᠡᠴᠡ ᠭᠠᠷᠬᠤ᠎ᠶᠢ 27 ᠲᠦᠮᠡᠨ ᠬᠥᠮᠥᠨ ᠤᠳᠠᠭ᠎ᠠ ᠬᠢᠵᠠᠭᠠᠷᠯᠠᠵᠤ᠂ ᠢᠲᠡᠭᠡᠯ ᠵᠢᠡᠨ ᠠᠯᠳᠠᠭᠰᠠᠨ ᠎ᠭᠦᠢᠴᠡᠳᠬᠡᠭᠳᠡᠭᠴᠢ ᠵᠢᠨ ᠨᠡᠷᠡᠰ᠎ᠢ 1.9 ᠲᠦᠮᠡ ᠨᠡᠢᠲᠡᠯᠡᠪᠡ ᠃ ᠠᠵᠤ ᠠᠬᠤᠢᠯᠠᠯ᠎ᠳᠤ ᠬᠣᠯᠪᠣᠭᠳᠠᠬᠤ᠂ ᠠᠷᠠᠳ᠎ᠤᠨ ᠠᠮᠢᠳᠤᠷᠠᠯ᠎ᠳᠦ ᠬᠣᠯᠪᠣᠭᠳᠠᠬᠤ᠂  ᠮᠥᠩᠭᠥᠨ ᠭᠦᠢᠯᠭᠡᠭᠡᠨ᠎ᠳᠦ ᠬᠣᠯᠪᠣᠭᠳᠠᠬᠤ ᠲᠤᠰᠬᠠᠢ ᠵᠦᠢᠯ᠎ᠦᠨ ᠭᠦᠢᠴᠡᠳᠬᠡᠬᠦ ᠠᠵᠢᠯᠯᠠᠭ᠎ᠠ᠎ᠶᠢ ᠥᠷᠨᠢᠭᠦᠯᠵᠦ᠂ ᠬᠠᠤᠯᠢ᠎ᠶᠢ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠬᠠᠮᠲᠤ ᠬᠤᠯᠪᠤᠭᠠᠯᠠᠨ ᠴᠣᠬᠢᠯᠲᠠ ᠥᠭᠬᠦ᠎ᠶᠢ ᠴᠢᠩᠭᠠᠳᠬᠠᠪᠠ; ᠪᠥᠬᠥ ᠣᠷᠣᠨ᠎ᠤ ᠰᠢᠭᠦᠬᠦ ᠬᠣᠷᠢᠶ᠎ᠠ᠎ᠨᠤᠭᠤᠳ ᠢᠲᠡᠭᠡᠯ ᠠᠯᠳᠠᠭᠰᠠᠨ ᠭᠦᠢᠴᠡᠳᠬᠡᠭᠳᠡᠭᠴᠢ᠎ᠶᠢ ᠬᠠᠤᠯᠢ ᠶᠣᠰᠣᠭᠠᠷ 32 ᠬᠥᠮᠥᠨ ᠤᠳᠠᠭ᠎ᠠ ᠵᠣᠭᠣᠰ᠎ᠢᠶᠠᠷ ᠲᠣᠷᠭᠠᠵᠤ᠂ 1927 ᠬᠥᠮᠥᠨ(ᠤᠳᠠᠭ᠎ᠠ) ᠎ᠢ᠋ ᠲᠦᠷ ᠬᠣᠷᠢᠵᠤ᠂  ᠭᠦᠢᠴᠡᠳᠬᠡᠬᠦ᠎ᠶᠢ ᠲᠡᠪᠴᠢᠭᠰᠡᠨ 127 ᠶᠠᠯ᠎ᠠ᠎ᠶᠢᠨ ᠰᠦᠪᠡᠭᠴᠢ᠎ᠶᠢ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ᠎ᠳᠦ ᠰᠢᠯᠵᠢᠭᠦᠯᠦᠨ ᠬᠦᠷᠭᠡᠵᠦ᠂ ᠭᠦᠢᠴᠡᠳᠬᠡᠬᠦ᠎ᠶᠢ ᠲᠡᠪᠴᠢᠭᠰᠡᠨ ᠶᠠᠯᠠᠳᠠᠨ᠎ᠢ 10 ᠬᠥᠮᠥᠨ ᠤᠳᠠᠭ᠎ᠠ ᠰᠢᠳᠬᠡᠪᠡ᠃ ᠡᠭᠦᠨ᠎ᠦ ᠬᠠᠮᠳᠤ᠂ ᠢᠲᠡᠭᠡᠯ ᠠᠯᠳᠠᠭᠰᠠᠨ1.94 ᠲᠦᠮᠡᠡ ᠭᠦᠢᠴᠡᠳᠬᠡᠭᠳᠡᠭᠴᠢ᠎ᠶᠢᠨ ᠮᠡᠳᠡᠭᠡ ᠵᠠᠩᠭᠢ᠎ᠶᠢ  ᠬᠠᠰᠤᠵᠤ᠂ ᠥᠨᠳᠥᠷ ᠬᠡᠷᠡᠭᠯᠡᠭᠡ᠎ᠶᠢᠨ ᠬᠢᠵᠠᠭᠠᠷᠯᠠᠯ᠎ᠢ 5.07 ᠲᠦᠮᠡ ᠬᠦᠴᠦᠨ ᠦᠭᠡᠢ ᠪᠣᠯᠭᠠᠪᠠ᠃ ᠪᠦᠬᠦ ᠥᠭᠴᠡᠭᠡ᠎ᠶᠢ ᠠᠶᠠᠨᠳᠠᠭᠠᠨ ᠭᠦᠢᠴᠡᠳᠬᠡᠬᠦ᠎ᠲᠤᠬᠠᠢ᠎ᠶᠢᠨ ᠬᠥᠮᠥᠨ ᠳ᠋ᠤ 《ᠭᠦᠢᠴᠡᠳᠬᠡᠵᠦ ᠲᠠᠭᠤᠰᠤᠭᠰᠠᠨ ᠭᠡᠷᠡᠴᠢ》 ᠭᠠᠷᠭᠠᠵᠤ ᠦᠭᠬᠦ ᠵᠡᠷᠭᠡ ᠠᠷᠭ᠎ᠠ ᠬᠡᠮᠵᠢᠶ᠎ᠡ ᠵᠢ ᠬᠡᠷᠡᠭᠵᠢᠬᠦᠯᠵᠦ᠂ ᠨᠥᠬᠥᠴᠡᠯ᠎ᠳᠦ ᠨᠡᠢᠴᠡᠭᠰᠡᠨ ᠲᠤᠬᠠᠢ᠎ᠶᠢᠨ ᠬᠥᠮᠥᠨ᠎ᠳᠦ  ᠨᠡᠢᠳᠡ1.9 ᠲᠦᠮᠡᠨ ᠬᠤᠪᠢ ᠭᠦᠢᠴᠡᠳᠬᠡᠵᠦ ᠳᠠᠭᠤᠰᠤᠭᠰᠠᠨ ᠭᠡᠷᠡᠴᠢ ᠪᠢᠴᠢᠭ ᠣᠯᠭᠣᠵᠤ᠂ ᠲᠤᠬᠠᠢ᠎ᠶᠢᠨ ᠬᠥᠮᠥᠨ᠎ᠢ ᠬᠠᠪᠰᠤᠷᠤᠨ ᠵᠣᠬᠢᠬᠤ ᠨᠡᠢᠭᠡᠮ᠎ᠦᠨ ᠢᠲᠡᠭᠡᠮᠵᠢ᠎ᠶᠢᠨ ᠦᠨᠡᠯᠡᠯᠲᠡ ᠣᠯᠭᠣᠪᠠ᠃

ᠪᠥᠬᠥ ᠣᠷᠣᠨ᠎ᠤ ᠰᠢᠭᠦᠬᠦ ᠬᠣᠷᠢᠶ᠎ᠠ᠎ᠨᠤᠭᠤᠳ ᠬᠠᠤᠯᠢ ᠪᠠᠷᠢᠬᠤ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ ᠬᠢᠭᠡᠳ ᠬᠡᠷᠡᠭ ᠰᠢᠭᠦᠬᠦ ᠮᠡᠳᠡᠭᠡ ᠵᠠᠩᠭᠢ᠎ᠶᠢ ᠢᠯᠡ ᠪᠣᠯᠭᠠᠬᠤ᠎ᠶᠢ ᠦᠷᠭᠦᠯᠵᠢᠯᠡᠨ ᠴᠢᠩᠭᠠᠳᠬᠠᠪᠠ᠃ ᠡᠨᠡ ᠵᠢᠯ᠎ᠡᠴᠡ ᠨᠠᠭᠠᠰᠢ᠂  ᠪᠥᠬᠥ ᠣᠷᠣᠨ᠎ᠤ ᠰᠢᠭᠦᠬᠦ ᠬᠣᠷᠢᠶ᠎ᠠ 33.5 ᠲᠦᠮᠡᠨ ᠬᠤᠪᠢ ᠲᠡᠰᠦᠯᠦᠨ ᠲᠣᠭᠲᠠᠭᠠᠯᠲᠠ᠎ᠶᠢᠨ ᠪᠢᠴᠢᠭ ᠬᠠᠷ᠎ᠠ᠎ᠶᠢ ᠢᠯᠡ ᠨᠡᠢᠲᠡᠯᠡᠵᠦ᠂ 22.23 ᠲᠦᠮᠡᠨ ᠭᠦᠢᠴᠡᠳᠬᠡᠭᠳᠡᠭᠴᠢ᠎ᠶᠢ ᠢᠯᠡ ᠨᠡᠢᠲᠡᠯᠡᠵᠦ᠂ 3.22 ᠲᠦᠮᠡᠨ ᠬᠤᠪᠢ ᠰᠢᠢᠳᠪᠦᠷᠢᠯᠡᠵᠦ  ᠲᠠᠭᠤᠰᠬᠠᠭᠰᠠᠨ ᠬᠡᠷᠡᠭ᠎ᠢ ᠢᠯᠡ ᠨᠡᠢᠲᠡᠯᠡᠵᠦ᠂ 9.27 ᠲᠦᠮᠡᠨ ᠬᠤᠪᠢ ᠬᠠᠤᠯᠢ ᠴᠠᠭᠠᠵᠠ᠎ᠶᠢᠨ ᠦᠨ᠎ᠡ ᠬᠠᠶᠠᠵᠤ ᠬᠤᠳᠠᠯᠳᠤᠬᠤ᠎ᠶᠢ ᠢᠯᠡ ᠨᠡᠢᠲᠡᠯᠡᠵᠦ᠂ ᠰᠢᠭᠦᠨ ᠲᠠᠰᠤᠯᠤᠯᠳᠠ ᠵᠢᠨ ᠪᠦᠬᠦ ᠶᠠᠪᠤᠴᠠ᠎ᠶᠢᠨ  ᠮᠡᠳᠡᠭᠡ ᠵᠠᠩᠬᠢ ᠵᠢ ᠢᠯᠡ ᠪᠣᠯᠭᠠᠬᠤ᠎ᠶᠢ ᠪᠥᠬᠥ ᠲᠠᠯ᠎ᠠ᠎ᠪᠠᠷ ᠪᠡᠶᠡᠯᠡᠭᠦᠯᠪᠡ᠃ ᠲᠥᠯᠥᠭᠡᠯᠡᠭᠴᠢ ᠭᠡᠰᠢᠭᠦᠳ᠎ᠲᠠᠢ ᠬᠠᠷᠢᠯᠴᠠᠬᠤ᠂ ᠰᠠᠨᠠᠯ ᠰᠠᠨᠠᠭᠤᠯᠭ᠎ᠠ᠎ᠶᠢ ᠰᠢᠢᠳᠪᠦᠷᠢᠯᠡᠬᠦ ᠵᠡᠷᠭᠡ ᠠᠵᠢᠯ᠎ᠤᠨ ᠳᠦᠷᠢᠮ᠎ᠢ ᠨᠠᠩ ᠵᠢᠷᠤᠮᠵᠢᠭᠤᠯᠵᠤ ᠨᠡᠩ ᠤᠨᠤᠴᠠᠳᠠᠢ ᠪᠤᠯᠭᠠᠬᠤ᠎ᠶᠢ ᠲᠦᠯᠬᠢᠨ ᠠᠬᠢᠭᠤᠯᠵᠤ᠂ 《ᠲᠥᠯᠥᠭᠡᠯᠡᠭᠴᠢ ᠭᠡᠰᠢᠭᠦᠳ᠎ᠤᠨ  ᠨᠡᠭᠡᠭᠡᠯᠳᠡ ᠵᠢᠨ ᠰᠠᠷ᠎ᠠ》᠂ 《ᠵᠠᠭᠤᠨ ᠲᠥᠯᠥᠭᠡᠯᠡᠭᠴᠢ ᠭᠡᠰᠢᠭᠦᠨ ᠵᠠᠭᠤᠨ ᠬᠡᠷᠡᠭ᠎ᠢ ᠰᠣᠨᠣᠰᠬᠤ》᠂ ᠲᠥᠯᠥᠭᠡᠯᠡᠭᠴᠢ ᠭᠡᠰᠢᠭᠦᠳ᠎ᠲᠠᠢ ᠬᠠᠷᠢᠯᠴᠠᠬᠤ 《 ᠬᠡᠷᠡᠭ ᠵᠥᠪᠯᠡᠬᠦ ᠲᠢᠩᠬᠢᠮ》 ᠵᠡᠷᠭᠡ ᠨᠢᠭᠡ ᠪᠦᠯᠦᠭ ᠣᠨᠴᠠᠯᠢᠭ᠍ᠲᠤ ᠬᠣᠯᠪᠣᠭ᠎ᠠ ᠠᠪᠬᠤ ᠨᠠᠷᠠᠲᠤ ᠲᠥᠷᠥᠯ ᠲᠡᠮᠳᠡᠭᠲᠦ᠎ᠶᠢᠨ ᠦᠷ᠎ᠡ ᠪᠦᠲᠦᠮᠵᠢ ᠢᠯᠡᠳᠲᠡ ᠪᠣᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号