ᠰᠦᠨ ᡁᠢ ᠬᠣᠩ ᠭᠡᠰᠢᠭᠦᠨ᠄ ᠰᠦ ᠢ᠋ᠢᠨ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠳᠦ ᠪᠣᠳᠠᠲᠠᠢ ᠠᠷᠭ᠎ᠠ ᠭᠠᠷᠭᠠᠵᠤ ᠰᠠᠢᠨ ᠪᠤᠳᠤᠯᠭ᠎ᠠ ᠰᠦᠪᠡᠭᠴᠢᠯᠡᠨ᠎ᠡ
2024-02-22 16:09:54
ᠵᠣᠬᠢᠶᠠᠭ᠍ᠴᠢ᠄
ᠪᠠᠢ ᠳ᠋ᠠᠨ
ᠣᠩᠱᠢᠭ᠍ᠰᠠᠨ ᠣᠳᠠᠭ᠎ᠠ᠄
★★★☆☆

ᠪᠤᠯᠤᠩ ᠨᠡᠭᠡᠭᠡᠬᠦ ᠦᠭᠡ᠄

2024 ᠣᠨ᠎ᠤ ᠪᠥᠬᠥ ᠤᠯᠤᠰ᠎ᠤᠨ ᠬᠣᠶᠠᠷ ᠬᠤᠷᠠᠯ ᠤᠳᠠᠯ ᠦᠭᠡᠢ ᠬᠤᠷᠠᠯᠳᠤᠬᠤ ᠭᠡᠵᠦ ᠪᠤᠢ᠃ ᠨᠢᠭᠡ ᠵᠢᠯ᠎ᠦᠨ ᠲᠤᠷᠰᠢ᠂ ᠮᠠᠨ᠎ᠤ ᠣᠷᠣᠨ᠎ᠤ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢᠳ᠂ ᠤᠯᠤᠰ ᠲᠥᠷᠥ᠎ᠶᠢᠨ ᠵᠥᠪᠯᠡᠯᠭᠡᠨ᠎ᠦ ᠭᠡᠰᠢᠭᠦᠳ ᠬᠡᠬᠦᠳᠡᠭ ᠴᠡᠭᠡᠵᠢᠨ᠎ᠳᠡᠭᠡᠨ 《ᠤᠯᠤᠰ᠎ᠤᠨ ᠶᠡᠬᠡ ᠶᠠᠪᠤᠲᠠᠯ》 ᠢ᠋ ᠪᠤᠳᠤᠯᠬᠢᠯᠠᠵᠤ᠂ ᠠᠷᠠᠳ ᠤᠯᠠᠨ᠎ᠦ ᠠᠩᠬᠠᠷᠴᠤ ᠪᠠᠢᠭ᠎ᠠ ᠵᠦᠢᠯ᠎ᠳᠤ ᠠᠩᠬᠠᠷᠤᠯ᠎ᠢᠶᠠᠨ ᠲᠥᠪᠯᠡᠷᠡᠭᠦᠯᠦᠨ᠂ ᠲᠤᠰᠢᠶᠠᠯ ᠬᠠᠷᠢᠭᠤᠴᠠᠯᠭ᠎ᠠ᠎ᠪᠠᠨ ᠦᠨᠡᠨᠴᠢ ᠰᠢᠲᠤᠷᠭᠤ ᠭᠦᠢᠴᠡᠳᠬᠡᠵᠦ ᠰᠢᠯᠢᠳᠡᠭ ᠰᠠᠢᠨ ᠰᠢᠯᠭᠠᠯᠲᠠ᠎ᠶᠢᠨ ᠬᠠᠭᠤᠳᠠᠰᠤ᠎ᠵᠢ ᠲᠤᠰᠢᠶᠠᠨ᠂ ᠰᠢᠨ᠎ᠡ ᠴᠠᠭ ᠦᠶ᠎ᠡ᠎ᠶᠢᠨ ᠲᠥᠯᠥᠭᠡᠯᠡᠭᠴᠢ ᠭᠡᠰᠢᠭᠦᠳ᠎ᠤᠨ ᠬᠠᠷᠢᠭᠤᠴᠠᠯᠭ᠎ᠠ᠎ᠡᠭᠦᠷᠭᠡᠯᠡᠯ ᠢ᠋ ᠬᠦᠢᠴᠡᠳ ᠢᠯᠡᠷᠡᠬᠦᠯᠦᠭᠰᠡᠨ ᠪᠠᠢᠨ᠎ᠠ᠃ ᠥᠨᠥᠳᠥᠷ᠎ᠡᠴᠡ ᠡᠬᠢᠯᠡᠨ᠂ ᠲᠤᠰ ᠰᠦᠯᠵᠢᠶ᠎ᠡ 《ᠲᠥᠯᠥᠭᠡᠯᠡᠭᠴᠢ ᠭᠡᠰᠢᠭᠦᠨ᠎ᠦ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠥᠯᠢᠭᠡᠷ》 ᠬᠡᠬᠦ ᠪᠤᠯᠤᠩ ᠢ᠋ ᠨᠡᠭᠡᠭᠡᠵᠦ᠂ ᠤᠳᠠᠯ ᠦᠭᠡᠢ ᠪᠥᠬᠥ ᠤᠯᠤᠰ᠎ᠤᠨ ᠬᠣᠶᠠᠷ ᠬᠤᠷᠠᠯ᠎ᠳᠤ ᠣᠷᠣᠯᠴᠠᠬᠤ ᠭᠡᠵᠦ ᠪᠠᠢᠭ᠎ᠠ ᠲᠥᠯᠥᠭᠡᠯᠡᠭᠴᠢ ᠭᠡᠰᠢᠭᠦᠨ᠎ᠢ ᠰᠤᠷᠪᠤᠯᠵᠢᠯᠠᠵᠤ᠂ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠭᠰᠡᠨ ᠤᠯᠠ ᠮᠦᠷ᠎ᠢ ᠨᠢ ᠮᠦᠷᠲᠡᠨ᠂ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠭᠰᠡᠨ ᠦᠶ᠋ᠯᠡ ᠠᠵᠢᠯᠯᠠᠭ᠎ᠠ᠎ᠶᠢ ᠨᠢ ᠳᠡᠯᠭᠡᠨ ᠦᠵᠡᠭᠦᠯᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠰᠡᠨ ᠰᠡᠳᠬᠢᠯ᠎ᠦᠨ ᠳᠠᠭᠤᠨ ᠢ᠋ ᠨᠢ ᠲᠡᠮᠳᠡᠭᠯᠡᠬᠦ ᠪᠡᠷ ᠪᠤᠯᠤᠯ᠎ᠠ᠃


2 ᠰᠠᠷ᠎ᠠ᠎ᠶᠢᠨ 19᠎ᠤ᠋ ᠡᠳᠦᠷ ᠪᠤᠶᠤ ᠴᠠᠭᠠᠨ ᠰᠠᠷ᠎ᠠ ᠢ᠋ᠢᠨ ᠠᠮᠠᠷᠠᠯᠲᠠ᠎ᠶᠢᠨ ᠳᠠᠷᠠᠭᠠᠬᠢ ᠬᠣᠶᠠᠳᠤᠭᠠᠷ ᠠᠵᠢᠯ᠎ᠤᠨ ᠡᠳᠦᠷ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶᠢᠨ ᠴᠠᠭᠠᠨ ᠢᠳᠡᠭᠡᠨ᠎ᠦ ᠠᠮᠢᠳᠤ ᠪᠣᠳᠠᠰ᠎ᠤᠨ ᠮᠡᠷᠭᠡᠵᠢᠯ ᠬᠢᠭᠡᠳ ᠢᠨᠵᠧᠨᠧᠷᠢᠩ᠎ᠦᠨ ᠰᠤᠷᠭᠠᠨ ᠬᠥᠮᠦᠵᠢᠯ᠎ᠦᠨ ᠶᠠᠮᠤᠨ᠎ᠤ ᠭᠣᠣᠯᠳᠠᠯᠭ᠎ᠠ᠎ᠲᠠᠢ ᠲᠤᠷᠰᠢᠯᠲᠠ᠎ᠶᠢᠨ ᠲᠠᠰᠤᠭ᠎ᠤᠨ ᠳᠡᠳ᠋ ᠡᠷᠬᠢᠯᠡᠭᠴᠢ ᠰᠦᠨ ᡁᠢ ᠬᠣᠩ ᠠᠯᠢ ᠡᠷᠲᠡ ᠲᠤᠷᠰᠢᠯᠲᠠ᠎ᠶᠢᠨ ᠲᠠᠰᠤᠭ᠎ᠲᠠᠭᠠᠨ ᠬᠦᠷᠴᠦ᠂ ᠡᠭᠦᠷᠭᠡ᠎ᠶᠢᠨ ᠨᠠᠷᠢᠨ ᠲᠠᠩᠰᠠ᠎ᠪᠠᠨ ᠡᠮᠬᠢᠯᠡᠵᠦ᠂ ᠭᠣᠣᠯᠳᠠᠯᠭ᠎ᠠ᠎ᠲᠠᠢ ᠠᠵᠢᠯ᠎ᠢᠶᠠᠨ ᠪᠠᠢᠷᠢᠯᠠᠭᠤᠯᠪᠠ᠃

ᠦᠨᠡᠨ᠎ᠳᠡᠭᠡᠨ ᠰᠦᠨ ᡁᠢ ᠬᠣᠩ ᠴᠠᠭᠠᠨ ᠰᠠᠷ᠎ᠠ᠎ᠶᠢᠨ ᠠᠮᠠᠷᠠᠯᠲᠠ᠎ᠶᠢᠨ ᠬᠤᠭᠤᠴᠠᠭᠠᠨ᠎ᠳᠤ ᠴᠤ᠌ ᠠᠵᠢᠯᠯᠠᠬᠤ ᠪᠠᠨ ᠵᠣᠭᠰᠣᠭᠰᠠᠨ ᠦᠭᠡᠢ᠂ ᠲᠡᠷᠡ ᠨᠢᠭᠡ ᠲᠠᠯ᠎ᠠ᠎ᠪᠠᠷ ᠭᠡᠷ᠎ᠦᠨ ᠬᠥᠮᠥᠰ᠎ᠲᠡᠬᠡᠨ ᠬᠠᠨᠢ ᠪᠣᠯᠵᠤ᠂ ᠨᠥᠭᠥᠭᠡ ᠲᠠᠯ᠎ᠠ᠎ᠪᠠᠷ ᠪᠥᠬᠥ ᠤᠯᠤᠰ᠎ᠤᠨ ᠤᠯᠤᠰ ᠲᠥᠷᠥ᠎ᠶᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠢ᠋ᠢᠨ ᠬᠣᠶᠠᠳᠤᠭᠠᠷ ᠬᠤᠷᠠᠯ᠎ᠳᠤ ᠲᠡᠪᠰᠢᠭᠦᠯᠬᠦ ᠰᠠᠨᠠᠯ ᠳᠤᠷᠠᠳᠤᠯᠭ᠎ᠠ ᠪᠠᠨ ᠪᠡᠯᠡᠳᠬᠡᠵᠠᠢ᠃ 《ᠮᠠᠨ᠎ᠤ ᠣᠷᠣᠨ᠎ᠤ ᠰᠦ ᠢ᠋ᠢᠨ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠪᠣᠯ ᠮᠢᠨᠤ ᠢᠮᠠᠭᠲᠠ ᠠᠩᠬᠠᠷᠤᠭᠰᠠᠭᠠᠷ ᠢᠷᠡᠭᠰᠡᠨ ᠠᠰᠠᠭᠤᠳᠠᠯ ᠮᠦᠨ》 ᠬᠡᠵᠦ ᠰᠦᠨ ᡁᠢ ᠬᠣᠩ ᠬᠡᠯᠡᠪᠡ᠃ ᠪᠥᠬᠥ ᠤᠯᠤᠰ᠎ᠤᠨ ᠬᠣᠶᠠᠷ ᠬᠤᠷᠠᠯ ᠤᠳᠠᠯ ᠦᠭᠡᠢ ᠬᠤᠷᠠᠯᠳᠤᠬᠤ ᠭᠡᠵᠦ ᠪᠠᠢᠭ᠎ᠠ ᠲᠠᠰᠢᠷᠠᠮ᠎ᠳᠤ᠂ ᠲᠡᠷᠡ ᠪᠠᠢᠴᠠᠭᠠᠨ ᠰᠤᠳᠤᠯᠤᠯᠲᠠ ᠳ᠋ᠠᠭᠠᠨ ᠰᠠᠭᠤᠷᠢᠯᠠᠨ ᠰᠠᠨᠠᠯ ᠳᠤᠷᠠᠳᠤᠯᠭ᠎ᠠ᠎ᠪᠠᠨ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠲᠠᠷᠢᠶᠠᠯᠠᠩ ᠮᠠᠯ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ ᠪᠠ ᠰᠦ᠎ᠶᠢᠨ ᠦᠢᠯᠡᠰ᠎ᠦᠨ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠦᠨ ᠰᠢᠨ᠎ᠡ᠎ᠶᠢ ᠡᠭᠦᠳᠬᠦ᠎ᠳᠦ ᠬᠦᠴᠦᠨ ᠴᠢᠳᠠᠯ᠎ᠢᠶᠠᠨ ᠡᠷᠭᠦᠨᠡᠮ᠃

2023 ᠣᠨ᠎ᠳᠤ᠂ ᠰᠢᠨ᠎ᠡ ᠨᠢᠭᠡ ᠬᠤᠭᠤᠴᠠᠭᠠᠨ᠎ᠤ ᠪᠥᠬᠥ ᠤᠯᠤᠰ᠎ᠤᠨ ᠤᠯᠤᠰ ᠲᠥᠷᠥ᠎ᠶᠢᠨ ᠵᠥᠪᠯᠡᠯᠭᠡᠨ᠎ᠦ ᠭᠡᠰᠢᠭᠦᠨ ᠪᠣᠯᠤᠭᠰᠠᠨ᠎ᠤ ᠬᠤᠪᠢ᠎ᠳᠤ᠂ ᠰᠦᠨ ᡁᠢ ᠬᠣᠩ ᠣᠯᠠᠨ ᠵᠢᠯ᠎ᠦᠨ ᠲᠤᠷᠰᠢᠬᠢ ᠰᠢᠨᠵᠢᠯᠡᠬᠦ ᠤᠬᠠᠭᠠᠨ᠎ᠤ ᠰᠤᠳᠤᠯᠭᠠᠨ ᠪᠠ ᠶᠡᠬᠡ ᠬᠡᠮᠵᠢᠶᠡᠨ᠎ᠦ ᠪᠠᠢᠴᠠᠭᠠᠨ ᠰᠤᠳᠤᠯᠤᠯᠲᠠ᠎ᠶᠢᠨ ᠲᠣᠭ᠎ᠠ ᠪᠠᠷᠢᠮᠲᠠ᠎ᠲᠠᠢ ᠪᠠᠨ ᠤᠶᠠᠯᠳᠤᠭᠤᠯᠤᠨ᠂ ᠮᠢᠺᠷᠣᠪ᠎ᠤᠨ ᠦᠷ᠎ᠡ ᠡᠳ᠋᠎ᠦᠨ ᠡᠬᠢ ᠪᠠᠶᠠᠯᠢᠭ᠋᠎ᠢ ᠠᠭᠤᠳᠠᠯᠬᠤ ᠲᠤᠬᠠᠢ ᠰᠠᠨᠠᠯ ᠲᠤᠷᠠᠳᠤᠯᠭ᠎ᠠ ᠪᠠ ᠰᠠᠭᠠᠯᠢ᠎ᠶᠢᠨ ᠦᠨᠢᠶ᠎ᠡ᠎ᠶᠢ ᠡᠷᠡᠭᠦᠯ᠎ᠢᠶᠡᠷ ᠲᠡᠵᠢᠭᠡᠨ ᠦᠷᠡᠵᠢᠭᠦᠯᠬᠦ ᠠᠵᠤ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠲᠤᠬᠠᠢ ᠰᠠᠨᠠᠯ ᠲᠤᠷᠠᠳᠤᠯᠭ᠎ᠠ ᠳᠡᠪᠰᠢᠭᠦᠯᠦᠭᠰᠡᠨ ᠪᠠᠢᠨ᠎ᠠ᠃

《ᠰᠦᠨ ᠬᠦᠴᠢᠯ᠎ᠦᠨ ᠪᠠᠺᠲᠧᠷᠢ᠎ᠶᠢᠨ ᠨᠠᠢᠷᠠᠯᠲᠠ ᠪᠡᠷ ᠲᠠᠮᠵᠢᠨ᠂ ᠭᠡᠳᠡᠰᠦᠨ᠎ᠦ ᠪᠠᠺᠲᠧᠷᠢ᠎ᠶᠢᠨ ᠪᠥᠭᠡᠮᠨᠡᠷᠡᠯ᠎ᠦᠨ ᠲᠡᠩᠴᠡᠭᠦᠷᠢ᠎ᠶᠢ ᠪᠠᠲᠤᠯᠠᠵᠤ᠂ ᠰᠠᠭᠠᠯᠢ᠎ᠶᠢᠨ ᠦᠨᠢᠶᠡᠨ᠎ᠦ ᠭᠡᠳᠡᠰᠦ᠎ᠶᠢ ᠨᠡᠩ ᠡᠷᠡᠭᠦᠯ ᠪᠣᠯᠭᠠᠵᠤ᠂ ᠲᠡᠵᠢᠭᠡᠯ ᠪᠤᠷᠳᠤᠭ᠎ᠠ ᠵᠢᠨ ᠤᠨᠳᠤᠤᠰᠢᠭᠤᠯᠬᠤ ᠨᠤᠷᠮ᠎ᠠ ᠵᠢ ᠲᠡᠭᠡᠭᠰᠢᠯᠡᠭᠦᠯᠵᠦ᠂ ᠰᠠᠭᠠᠯᠢ᠎ᠶᠢᠨ ᠦᠨᠢᠶᠡᠨ᠎ᠦ ᠡᠭᠡᠯᠢᠯᠡᠭᠡ᠎ᠶᠢᠨ ᠴᠢᠳᠠᠪᠤᠷᠢ᠎ᠶᠢ ᠳᠡᠭᠡᠭᠰᠢᠯᠡᠭᠦᠯᠬᠦ ᠪᠡᠷ ᠪᠠᠷᠠᠬᠤ ᠦᠭᠡᠢ ᠪᠠᠰᠠ ᠰᠠᠭᠠᠯᠢ᠎ᠶᠢᠨ ᠦᠨᠢᠶ᠎ᠡ ᠵᠢ ᠡᠷᠡᠭᠦᠯ᠎ᠢᠶᠡᠷ ᠲᠡᠵᠢᠭᠡᠨ ᠦᠷᠡᠵᠢᠭᠦᠯᠬᠦ ᠥᠪᠡᠷ᠎ᠦᠨ ᠥᠷᠲᠡᠭ᠎ᠢ ᠠᠷᠪᠢᠯᠠᠨ ᠦᠷ᠎ᠡ ᠠᠰᠢᠭ᠋᠎ᠢ ᠨᠡᠮᠡᠭᠳᠡᠭᠦᠯᠵᠦ ᠪᠤᠯᠤᠨ᠎ᠠ᠃》 ᠰᠦᠨ ᡁᠢ ᠬᠣᠩ᠂ 《ᠬᠤᠷᠠᠯ᠎ᠤᠨ ᠳᠠᠷᠠᠭ᠎ᠠ ᠪᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠨ ᠢᠳᠡᠪᠬᠢᠲᠡᠢ ᠬᠠᠷᠢᠭᠤᠯᠲᠠ᠎ᠶᠢ ᠣᠯᠵᠤ᠂ ᠠᠵᠢᠯ᠎ᠤᠨ ᠴᠢᠭᠯᠡᠬᠦᠯᠦᠯᠲᠦ ᠴᠢᠨᠠᠷ ᠪᠠ ᠢᠳᠡᠪᠬᠢᠵᠢᠯ ᠨᠠᠩ ᠴᠢᠩᠭᠠᠷᠠᠵᠠᠢ》 ᠬᠡᠵᠦ ᠬᠡᠯᠡᠵᠦ ᠪᠠᠢᠯ᠎ᠠ᠃

2023 ᠣᠨ᠎ᠳᠤ᠂ ᠰᠦᠨ ᡁᠢ ᠬᠣᠩ ᠤᠯᠤᠰ᠎ᠤᠨ 《ᠰᠣᠷᠣᠭ᠍ᠴᠢ᠎ᠶᠢᠨ ᠤᠤᠭᠤᠬᠤ ᠰᠦ᠎ᠶᠢᠨ ᠲᠥᠯᠥᠪᠯᠡᠭᠡ》 ᠵᠢ ᠳᠡᠯᠭᠡᠷᠡᠭᠦᠯᠦᠭᠰᠡᠨ ᠪᠠᠢᠳᠠᠯ᠎ᠤᠨ ᠲᠤᠬᠠᠢ ᠪᠠᠢᠴᠠᠭᠠᠨ ᠰᠤᠳᠤᠯᠤᠯᠲᠠ᠂ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ ᠤ᠋ ᠪᠦᠲᠦᠭᠡᠨ ᠪᠠᠢᠭᠤᠯᠤᠯᠲᠠ᠎ᠶᠢᠨ ᠶᠠᠪᠤᠴᠠ᠎ᠳᠠᠬᠢ ᠰᠠᠭᠠᠯᠢ᠎ᠶᠢᠨ ᠦᠨᠢᠶᠡᠨ᠎ᠦ ᠪᠠᠭᠠᠰᠤ ᠰᠢᠭᠡᠰᠦ ᠵᠢ ᠠᠷᠢᠯᠭᠠᠬᠤ ᠪᠣᠭᠣᠮᠢ ᠪᠠ ᠬᠢᠵᠠᠭᠠᠷᠯᠠᠵᠦ ᠪᠠᠢᠭ᠎ᠠ ᠠᠰᠠᠭᠤᠳᠠᠯ᠎ᠤᠨ ᠲᠤᠬᠠᠢ ᠪᠠᠢᠴᠠᠭᠠᠨ ᠰᠤᠳᠤᠯᠤᠯᠲᠠ ᠵᠡᠷᠭᠡ ᠣᠯᠠᠨ ᠵᠦᠢᠯ᠎ᠦᠨ ᠪᠠᠢᠴᠠᠭᠠᠨ ᠰᠤᠳᠤᠯᠤᠯᠲᠠ᠎ᠳᠤ ᠣᠷᠣᠯᠴᠠᠭᠰᠠᠨ ᠪᠥᠭᠡᠳ ᠠᠰᠠᠭᠤᠳᠠᠯ᠎ᠢ ᠨᠠᠷᠢᠨ ᠬᠢᠨᠠᠮᠠᠭᠠᠢ ᠴᠤᠭᠯᠠᠭᠤᠯᠤᠨ ᠲᠡᠮᠳᠡᠭᠯᠡᠵᠦ᠂ ᠢᠳᠡᠪᠬᠢᠲᠡᠢ᠎ᠪᠡᠷ ᠰᠠᠨᠠᠯ ᠰᠠᠨᠠᠭᠤᠯᠭ᠎ᠠ ᠭᠠᠷᠭᠠᠨ ᠠᠷᠭ᠎ᠠ ᠪᠤᠳᠤᠯᠭ᠎ᠠ ᠲᠡᠪᠰᠢᠭᠦᠯᠦᠭᠰᠡᠨ ᠪᠠᠢᠨ᠎ᠠ᠃ 《ᠤᠯᠤᠰ ᠲᠥᠷᠥ ᠶ᠋ᠢᠨ ᠵᠥᠪᠯᠡᠯᠭᠡᠨ᠎ᠦ ᠭᠡᠰᠢᠭᠦᠨ ᠪᠣᠯᠤᠭᠰᠠᠨ᠎ᠤ ᠬᠤᠪᠢ᠎ᠳᠤ᠂ ᠭᠠᠭᠴᠠ ᠬᠦ᠌ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠲᠤ ᠭᠦᠨᠵᠡᠭᠡᠢᠷᠡᠨ ᠯᠠᠪᠳᠠᠭᠤᠨ ᠪᠠᠲᠤᠲᠠᠢ ᠪᠠᠢᠴᠠᠭᠠᠨ ᠰᠤᠳᠤᠯᠤᠯᠲᠠ ᠬᠢᠪᠡᠯ ᠰᠠᠶᠢ ᠪᠣᠳᠠᠲᠤ ᠪᠠᠢᠳᠠᠯ ᠢ᠋ ᠡᠵᠡᠮᠰᠢᠵᠦ᠂ ᠰᠤᠳᠠᠯ᠎ᠤᠨ ᠯᠤᠭᠰᠢᠯᠲᠠ ᠶ᠋ᠢ ᠣᠨᠣᠴᠠᠲᠠᠢ ᠡᠵᠡᠮᠰᠢᠵᠦ᠂ ᠬᠠᠷᠠᠯᠲᠠ᠎ᠲᠠᠢ ᠪᠠᠷ ᠰᠤᠮᠤ ᠬᠠᠷᠪᠤᠵᠤ᠂ ᠭᠦᠨᠵᠡᠭᠡᠢ ᠵᠠᠳᠠᠯᠤᠯᠲᠠ ᠬᠢᠭᠰᠡᠨ ᠦᠨᠡᠨ ᠬᠦ᠌ ᠬᠡᠷᠡᠭᠵᠢᠭᠦᠯᠵᠦ ᠪᠣᠯᠬᠤᠢᠴᠠ ᠴᠢᠨᠠᠷ ᠰᠠᠢᠲᠠᠢ ᠰᠠᠨᠠᠯ ᠲᠤᠷᠠᠳᠤᠯᠭ᠎ᠠ ᠶ᠋ᠢ ᠳᠤᠷᠠᠳᠴᠤ ᠴᠢᠳᠠᠨ᠎ᠠ》 ᠭᠡᠵᠦ ᠰᠦᠨ ᡁᠢ ᠬᠣᠩ ᠬᠡᠯᠡᠪᠡ᠃

ᠪᠠᠢᠴᠠᠭᠠᠨ ᠰᠤᠳᠤᠯᠤᠯᠲᠠ᠎ᠶᠢᠨ ᠳᠤᠮᠳᠠ᠂ ᠰᠦᠨ ᡁᠢ ᠬᠣᠩ ᠮᠠᠨ᠎ᠤ ᠣᠷᠣᠨ᠎ᠤ ᠰᠦ᠎ᠶᠢᠨ ᠦᠢᠯᠡᠰ᠎ᠶᠠᠭ ᠴᠢᠨᠠᠷ ᠰᠠᠢᠲᠠᠢ ᠬᠥᠭᠵᠢᠬᠦ ᠳᠠᠢᠰᠢ ᠬᠤᠪᠢᠷᠠᠵᠤ᠂ ᠡᠯ᠎ᠡ ᠵᠦᠢᠯ᠎ᠦᠨ ᠠᠵᠢᠯ ᠢᠳᠡᠪᠬᠢᠲᠡᠢ ᠦᠷ᠎ᠡ ᠪᠦᠲᠦᠮᠵᠢ ᠣᠯᠣᠭᠰᠠᠨ ᠪᠣᠯᠪᠠᠴᠤ ᠪᠠᠰᠠ ᠡᠳᠦᠢ ᠲᠡᠳᠦᠢ ᠠᠰᠠᠭᠤᠳᠠᠯ ᠣᠷᠣᠰᠢᠵᠤ ᠪᠠᠢᠬᠤ᠎ᠶᠢ ᠣᠯᠵᠤ ᠮᠠᠲᠠᠵᠠᠢ᠂ ᠵᠢᠱ᠌ᠢᠶᠡᠯᠡᠪᠡᠯ ᠲᠠᠯ᠎ᠠ ᠨᠤᠲᠤᠭ᠎ᠤᠨ ᠮᠠᠯ ᠠᠵᠤ ᠠᠬᠤᠢ᠎ᠶᠢᠨ ᠤᠯᠤᠰ᠎ᠤᠨ 《ᠬᠣᠣᠰ ᠲᠡᠷᠢᠭᠦᠨ ᠵᠡᠷᠭᠡ》 ᠢ᠋ᠢᠨ ᠰᠢᠨᠵᠢᠯᠡᠭᠡᠨ᠎ᠦ ᠰᠠᠯᠠᠭ᠎ᠠ ᠳᠤᠲᠠᠭᠳᠠᠵᠤ᠂ ᠲᠤᠰᠬᠠᠢ ᠮᠡᠷᠭᠡᠵᠢᠯ᠎ᠦᠨ ᠴᠢᠳᠠᠪᠤᠷᠢᠲᠠᠨ ᠬᠡᠷᠡᠭᠴᠡᠭᠡ᠎ᠶᠢ ᠬᠠᠩᠭᠠᠵᠤ ᠳᠡᠶ᠋ᠢᠯᠬᠦ ᠦᠭᠡᠢ ᠪᠠᠢᠬᠤ ᠵᠡᠷᠭᠡ ᠪᠤᠯᠤᠨ᠎ᠠ᠃ ᠡᠢᠮᠦ᠎ᠡᠴᠡ᠂ ᠡᠨᠡ ᠵᠢᠯ᠎ᠦᠨ ᠪᠥᠬᠥ ᠤᠯᠤᠰ᠎ᠤᠨ ᠬᠣᠶᠠᠷ ᠬᠤᠷᠠᠯ᠎ᠳᠤ ᠰᠦᠨ ᡁᠢ ᠬᠣᠩ ᠲᠠᠯ᠎ᠠ ᠨᠤᠲᠤᠭ᠎ᠤᠨ ᠮᠠᠯ ᠠᠵᠤ ᠠᠬᠤᠢ᠎ᠶᠢᠨ ᠤᠯᠤᠰ᠎ᠤᠨ 《ᠬᠣᠣᠰ ᠲᠡᠷᠢᠭᠦᠨ ᠵᠡᠷᠭᠡ》 ᠢ᠋ᠢᠨ ᠰᠢᠨᠵᠢᠯᠡᠭᠡᠨ᠎ᠦ ᠰᠠᠯᠠᠭ᠎ᠠ᠎ᠶᠢ ᠪᠠᠶ᠋ᠢᠭᠤᠯᠬᠤ ᠲᠤᠬᠠᠢ ᠰᠠᠨᠠᠯ ᠳᠤᠷᠠᠳᠤᠯᠭ᠎ᠠ᠎ᠶᠢ ᠪᠡᠯᠡᠳᠬᠡᠭᠰᠡᠨ ᠪᠠᠢᠨ᠎ᠠ᠃ 《ᠥᠪᠥᠷ ᠮᠣᠩᠭᠣᠯ᠎ᠤᠨ ᠲᠠᠯ᠎ᠠ ᠨᠤᠲᠤᠭ᠎ᠤᠨ ᠮᠠᠯ ᠠᠵᠤ ᠠᠬᠤᠢ᠎ᠶᠢᠨ ᠠᠵᠤ ᠦᠢᠯᠡᠰ᠎ᠦᠨ ᠳᠠᠪᠠᠭᠤᠯᠢᠭ᠋᠎ᠲᠤ ᠰᠠᠭᠤᠷᠢᠯᠠᠨ ᠠᠮᠢ ᠠᠬᠤᠢ᠎ᠶᠢᠨ ᠤᠬᠠᠭᠠᠨ᠂ ᠡᠪᠡᠰᠦᠨ᠎ᠦ ᠤᠬᠠᠭᠠᠨ᠂ ᠮᠠᠯ ᠠᠵᠤ ᠠᠬᠤᠢ᠎ᠶᠢᠨ ᠤᠬᠠᠭᠠᠨ᠂ ᠢᠳᠡᠭᠡᠨ᠎ᠦ ᠰᠢᠨᠵᠢᠯᠡᠬᠦ ᠤᠬᠠᠭᠠᠨ ᠵᠡᠷᠭᠡ ᠰᠢᠨᠵᠢᠯᠡᠭᠡᠨ᠎ᠦ ᠰᠠᠯᠠᠭ᠎ᠠ᠎ᠶᠢᠨ ᠲᠤᠰᠬᠠᠢ ᠮᠡᠷᠭᠡᠵᠢᠯ᠎ᠦᠨ ᠪᠠᠢᠭᠤᠯᠤᠯᠲᠠ᠎ᠶᠢ ᠴᠢᠩᠭᠠᠳᠬᠠᠵᠤ᠂ ᠤᠯᠤᠰ᠎ᠤᠨ 〈ᠬᠣᠣᠰ ᠲᠡᠷᠢᠭᠦᠨ ᠵᠡᠷᠭᠡ〉 ᠢ᠋ᠢᠨ ᠰᠢᠨᠵᠢᠯᠡᠭᠡᠨ ᠎ᠦ ᠰᠠᠯᠠᠭ᠎ᠠ᠂ ᠤᠯᠤᠰ᠎ᠤᠨ 〈ᠬᠣᠣᠰ ᠲᠡᠷᠢᠭᠦᠨ ᠵᠡᠷᠭᠡ〉 ᠢ᠋ᠢᠨ ᠪᠠᠢᠭᠤᠯᠤᠯᠲᠠ᠎ᠶᠢᠨ ᠳᠡᠭᠡᠳᠦ ᠰᠤᠷᠭᠠᠭᠤᠯᠢ᠎ᠶᠢ ᠴᠢᠷᠮᠠᠢᠨ ᠪᠠᠶ᠋ᠢᠭᠤᠯᠬᠤ ᠬᠡᠷᠡᠭᠲᠡᠢ》 ᠭᠡᠵᠦ ᠰᠦᠨ ᡁᠢ ᠬᠣᠩ ᠰᠠᠨᠠᠭᠤᠯᠭ᠎ᠠ ᠭᠠᠷᠭᠠᠪᠠ᠃

ᠤᠳᠠᠯ ᠦᠭᠡᠢ ᠬᠤᠷᠠᠯᠳᠤᠬᠤ ᠭᠡᠵᠦ ᠪᠠᠢᠭ᠎ᠠ ᠪᠥᠬᠥ ᠤᠯᠤᠰ᠎ᠤᠨ ᠬᠣᠶᠠᠷ ᠬᠤᠷᠠᠯ᠎ᠳᠤ ᠰᠦᠨ ᡁᠢ ᠬᠣᠩ ᠬᠡᠬᠦᠳᠡᠭ ᠳᠦᠭᠦᠷᠡᠩ ᠬᠦᠰᠡᠯ ᠡᠷᠡᠮᠡᠯᠵᠡᠯ ᠲᠠᠢ ᠪᠠᠢᠵᠦ᠂ 《ᠨᠢᠭᠡ ᠵᠢᠯ᠎ᠦᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠰᠡᠨ ᠳᠠᠪᠲᠠᠨ ᠪᠤᠯᠪᠠᠰᠤᠷᠠᠯ ᠢ᠋ᠢᠡᠷ ᠳᠡᠮᠵᠢᠨ᠂ ᠪᠢ ᠤᠯᠤᠰ ᠣᠷᠣᠨ᠎ᠤ ᠪᠠᠨ ᠲᠥᠯᠥᠭᠡ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ᠂ ᠠᠷᠠᠳ ᠲᠦᠮᠡᠨ᠎ᠦ ᠲᠥᠯᠥᠭᠡ ᠰᠠᠨᠠᠭᠠᠰᠢᠷᠠᠨ ᠵᠣᠪᠠᠨᠢᠬᠤ ᠬᠠᠷᠢᠭᠤᠴᠠᠯᠭ᠎ᠠ᠎ᠪᠠᠨ ᠨᠠᠩ ᠢᠯᠡᠭᠦᠦ ᠤᠬᠠᠭᠠᠷᠠᠪᠠ᠃ ᠡᠨᠡ ᠵᠢᠯ ᠪᠢ ᠳᠠᠪᠠᠭᠤᠯᠢᠭ᠋᠎ᠢᠶᠠᠨ ᠦᠷᠭᠦᠯᠵᠢᠯᠡᠨ ᠪᠠᠳᠠᠷᠠᠭᠤᠯᠵᠦ᠂ ᠠᠷᠠᠳ᠎ᠤᠨ ᠰᠠᠨᠠᠭ᠎ᠠ᠎ᠶᠢ ᠤᠯᠠᠮᠵᠢᠯᠠᠨ᠂ ᠠᠷᠠᠳ᠎ᠤᠨ ᠬᠦᠰᠡᠯ ᠡᠷᠡᠮᠡᠯᠵᠡᠯ᠎ᠢ ᠶᠠᠷᠢᠵᠤ᠂ ᠬᠥᠭᠵᠢᠯᠲᠡ ᠳ᠋ᠤ ᠬᠦᠴᠦᠨ ᠨᠡᠮᠡᠷᠢᠢᠯᠡᠵᠦ᠂ ᠤᠮᠤᠭ ᠲᠡᠭᠦᠯᠳᠡᠷ ᠲᠦᠷᠰᠦ ᠪᠠᠢᠳᠠᠯ᠎ᠢᠶᠠᠷ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠨ᠎ᠡ》 ᠭᠡᠵᠦ ᠬᠡᠯᠠᠵᠦ ᠪᠠᠢᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号