《ᠥᠪᠡᠷ᠎ᠦᠨ ᠲᠤᠰᠭᠠᠶ ᠮᠡᠷᠭᠡᠵᠢᠯ᠎ᠦᠨ ᠬᠦᠷᠢᠶᠡᠨ᠎ᠳᠡᠭᠡᠨ ᠰᠠᠭᠤᠷᠢᠯᠠᠨ᠂ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠎ᠦᠨ ᠣᠷᠣᠨ ᠪᠦᠰᠡ᠎ᠶ᠋ᠢᠨ ᠲᠡᠩᠴᠡᠭᠦᠷᠢᠲᠡᠶ ᠬᠥᠭ᠌ᠵᠢᠯᠲᠡ ᠵᠢᠴᠢ ᠥᠪᠥᠷ ᠮᠣᠩᠭᠣᠯ᠎ᠤᠨ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠬᠡᠷᠬᠢᠨ ᠪᠦᠲᠦᠮᠵᠢᠲᠡᠶ ᠠᠬᠢᠭᠤᠯᠬᠤ ᠪᠤᠯ ᠮᠢᠨᠦ ᠠᠷᠠᠳ᠎ᠤᠨ ᠲᠥᠯᠥᠭᠡᠯᠡᠭ᠌ᠴᠢ᠎ᠶ᠋ᠢᠨ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠭ᠌ᠰᠡᠨᠦ ᠳᠠᠷᠠᠭ᠎ᠠ ᠢᠮᠠᠭ᠍ᠲᠠ ᠪᠣᠳᠣᠯᠬᠢᠯᠠᠨ ᠠᠩᠬᠠᠷᠤᠭ᠍ᠰᠠᠭᠠᠷ ᠢᠷᠡᠭ᠌ᠰᠡᠨ ᠠᠰᠠᠭᠤᠳᠠᠯ ᠮᠥᠨ᠃》 2024 ᠣᠨ᠎ᠤ ᠪᠥᠬᠥ᠌ ᠤᠯᠤᠰ᠎ᠤᠨ ᠬᠣᠶᠠᠷ ᠬᠤᠷᠠᠯ ᠤᠳᠠᠯ ᠥᠬᠡᠶ ᠬᠤᠷᠠᠯᠳᠤᠬᠤ ᠭᠡᠵᠦ᠍ ᠪᠠᠢᠭ᠎ᠠ ᠳᠠᠰᠢᠷᠠᠮ᠎ᠳᠦ᠂ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢ᠂ ᠥᠪᠥᠷ ᠮᠣᠩᠭᠣᠯ᠎ᠤᠨ ᠦᠨᠳᠦᠰᠦᠲᠡᠨ᠎ᠦ ᠶᠡᠬᠡ ᠰᠤᠷᠭᠠᠭᠤᠯᠢ᠎ᠶ᠋ᠢᠨ ᠠᠵᠤ ᠠᠬᠤᠶ᠎ᠶ᠋ᠢᠨ ᠳᠡᠭᠡᠳᠦ ᠰᠤᠷᠭᠠᠭᠤᠯᠢ᠎ᠶ᠋ᠢᠨ ᠵᠠᠬᠢᠷᠤᠯ ᠴᠧᠨ ᠠᠶ ᠱᠢᠤᠸᠠᠢ ᠥᠩᠭᠡᠷᠡᠭ᠌ᠰᠡᠨ᠎ᠦ ᠪᠠᠢᠴᠠᠭᠠᠨ ᠰᠤᠳᠤᠯᠤᠯᠲᠠᠳ᠋ᠠᠭᠠᠨ ᠦᠨᠳᠦᠰᠦᠯᠡᠨ ᠳᠤᠷᠠᠳᠬᠤ᠎ᠪᠠᠷ ᠪᠠᠢᠭ᠎ᠠ ᠰᠠᠨᠠᠭᠤᠯᠭ᠎ᠠ᠎ᠪᠠᠨ ᠲᠠᠰᠤᠷᠠᠯᠲᠠ ᠥᠬᠡᠶ ᠨᠥᠬᠥᠪᠥᠷᠢᠯᠡᠨ ᠲᠡᠭᠦᠯᠳᠡᠷᠵᠢᠭᠦᠯᠵᠦ ᠪᠠᠢᠨ᠎ᠡ᠃
2023 ᠣᠨ ᠪᠣᠯ ᠴᠧᠨ ᠠᠢ ᠱᠢᠤᠸᠠᠢ ᠥᠪᠥᠷ ᠮᠣᠩᠭᠣᠯ᠎ᠤᠨ ᠦᠨᠳᠦᠰᠦᠲᠡᠨ᠎ᠦ ᠶᠡᠬᠡ ᠰᠤᠷᠭᠠᠭᠤᠯᠢ᠎ᠳᠤ ᠠᠵᠤ ᠠᠬᠤᠢ᠎ᠶ᠋ᠢᠨ ᠤᠬᠠᠭᠠᠨ᠎ᠤ ᠵᠢᠭᠠᠨ ᠰᠤᠷᠭᠠᠯᠲᠠ ᠬᠢᠭ᠌ᠰᠡᠨ ᠬᠤᠷᠢᠳᠠᠬᠢ ᠵᠢᠯ ᠪᠠᠢᠵᠦ᠂ ᠮᠦᠨ ᠴᠤ᠌ ᠲᠡᠭᠦᠨ᠎ᠦ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢ᠎ᠪᠡᠷ ᠰᠣᠩᠭᠣᠭ᠍ᠳᠠᠵᠤ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ ᠠᠩᠬᠠᠨ᠎ᠤ ᠵᠢᠯ ᠶᠤᠮ᠃ ᠨᠢᠭᠡ ᠵᠢᠯ᠎ᠦᠨ ᠲᠤᠷᠰᠢ᠂ ᠲᠡᠷᠡ ᠲᠤᠰᠭᠠᠢ ᠮᠡᠷᠭᠡᠵᠢᠯ᠎ᠦᠨ ᠴᠢᠳᠠᠪᠤᠷᠢ᠎ᠳᠠᠭᠠᠨ ᠲᠦᠰᠢᠭᠯᠡᠵᠤ ᠠᠷᠠᠳ᠎ᠤᠨ ᠲᠥᠯᠥᠭᠡ ᠦᠬᠡ ᠬᠡᠯᠡᠵᠦ᠂ ᠡᠭᠦᠷᠭᠡ ᠬᠠᠷᠢᠭᠤᠴᠠᠯᠭ᠎ᠠ᠎ᠪᠠᠨ ᠰᠠᠢᠳᠤᠷ ᠭᠦᠢᠴᠡᠳᠭᠡᠬᠦ ᠪᠡᠷ ᠲᠠᠰᠤᠷᠠᠯᠳᠠ ᠦᠬᠡᠢ ᠴᠢᠷᠮᠠᠢᠪᠠ᠃
ᠴᠧᠨ ᠠᠢ ᠱᠢᠤᠸᠠᠢ ᠵᠢᠭᠠᠨ ᠰᠤᠷᠭᠠᠯᠲᠠ᠎ᠶ᠋ᠢᠨ ᠠᠵᠢᠯ ᠪᠣᠯᠤᠨ ᠲᠤᠰᠭᠠᠢ ᠮᠡᠷᠭᠡᠵᠢᠯ᠎ᠦᠨ ᠰᠤᠳᠤᠯᠭᠠᠨ᠎ᠳᠤ ᠰᠠᠭᠤᠷᠢᠯᠠᠵᠤ᠂ ᠴᠢᠳᠠᠪᠤᠷᠢᠲᠠᠨ᠎ᠢ ᠬᠥᠮᠦᠵᠢᠭᠦᠯᠬᠦ᠌ ᠪᠠ ᠠᠷᠠᠳ ᠲᠦᠮᠡᠨ᠎ᠤ ᠲᠦᠯᠦᠭᠡ ᠰᠠᠨᠠᠯ ᠰᠠᠨᠠᠭᠤᠯᠭ᠎ᠠ ᠳᠤᠷᠠᠳᠬᠤ ᠠᠵᠢᠯ᠎ᠢ ᠴᠢᠬᠤᠯᠠᠴᠢᠯᠠᠵᠤ᠂ ᠰᠤᠳᠤᠯᠭᠠᠨ᠎ᠤ ᠴᠢᠭ᠌ᠯᠡᠯ ᠪᠣᠯᠤᠨ ᠬᠦᠷᠢᠢ᠎ᠡ ᠴᠠᠷᠠᠭ᠎ᠠ ᠵᠢᠨ ᠪᠠᠢᠷᠢ ᠳᠤᠭᠳᠠᠭᠠᠯᠳᠠ ᠪᠠᠨ ᠭᠠᠵᠠᠷ ᠣᠷᠣᠨ᠎ᠤ ᠠᠵᠤ ᠠᠬᠤᠢ᠎ᠶ᠋ᠢᠨ ᠬᠥᠭ᠌ᠵᠢᠯᠲᠡ᠎ᠳᠦ ᠬᠡᠷᠡᠭ᠌ᠵᠢᠭᠦᠯᠵᠦ ᠪᠤᠯᠬᠤᠢᠴᠡ ᠴᠢᠨᠠᠷ᠎ᠢᠶᠠᠷ ᠴᠢᠩᠭ᠎ᠠ ᠰᠠᠨᠠᠯ ᠰᠠᠨᠠᠭᠤᠯᠭ᠎ᠠ ᠬᠠᠩᠭᠠᠬᠤ᠎ᠳᠦ ᠳᠠᠯᠪᠢᠵᠠᠢ᠃ 《〈ᠨᠢᠭᠡ ᠪᠦᠰᠡ ᠨᠢᠭᠡ ᠵᠠᠮ〉 ᠤ᠋ᠨ ᠠᠬᠤᠢ ᠪᠠᠢᠳᠠᠯ ᠳᠣᠣᠷᠠᠬᠢ ᠥᠪᠥᠷ ᠮᠣᠩᠭᠣᠯ᠎ᠤᠨ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠳᠠᠪᠠᠭᠤᠯᠢᠭ᠎ᠢ ᠲᠤᠷᠱᠢᠨ ᠥᠭᠦᠯᠡᠬᠦ᠌ ᠨᠢ》᠂ 《ᠱᠢᠨ᠎ᠡ᠎ᠶ᠋ᠢ ᠡᠭᠦᠳᠬᠦ᠌ ᠬᠠᠷᠠᠭᠠᠰᠤ ᠳᠣᠣᠷᠠᠬᠢ ᠲᠦᠩᠯᠢᠶᠣᠤ ᠬᠤᠳᠠ᠎ᠶ᠋ᠢᠨ ᠮᠣᠩᠭᠣᠯ ᠡᠮ᠎ᠦᠨ ᠠᠵᠤ ᠦᠢᠯᠡᠰ᠎ᠦᠨ ᠬᠥᠭ᠌ᠵᠢᠯᠲᠡ᠎ᠶ᠋ᠢᠨ ᠰᠤᠳᠤᠯᠭᠠᠨ》 ᠵᠡᠷᠭᠡ ᠤᠯᠠᠨ ᠤᠨᠤᠯ᠎ᠤᠨ ᠰᠤᠳᠤᠯᠭᠠᠨ᠎ᠤ ᠵᠣᠬᠢᠶᠠᠯ ᠨᠡᠢᠲᠡᠯᠡᠭᠦᠯᠵᠦ᠂ ᠣᠷᠣᠨ ᠨᠤᠲᠤᠭ᠎ᠤᠨ ᠠᠵᠤ ᠠᠬᠤᠢ᠎ᠶ᠋ᠢᠨ ᠬᠥᠭ᠌ᠵᠢᠯᠲᠡ᠎ᠳᠦ ᠡᠷᠳᠡᠮ ᠱᠢᠨᠵᠢᠯᠡᠭᠡᠨ᠎ᠦ ᠰᠤᠳᠤᠯᠭᠠᠨ᠎ᠤ ᠯᠠᠪᠯᠠᠭ᠎ᠠ ᠬᠠᠩᠭᠠᠪᠠ᠃
ᠨᠢᠳᠤᠨᠤᠨ᠎ᠤ ᠪᠦᠬᠦ᠌ ᠤᠯᠤᠰ᠎ᠤᠨ ᠬᠣᠶᠠᠷ ᠬᠤᠷᠠᠯ ᠳᠡᠭᠡᠷ᠎ᠡ᠂ ᠲᠡᠷᠡ 《ᠥᠪᠥᠷ ᠮᠣᠩᠭᠣᠯ᠎ᠤᠨ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠎ᠦᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠲᠤᠬᠠᠢ ᠰᠠᠨᠠᠭᠤᠯᠭ᠎ᠠ》 ᠳᠡᠪᠱᠢᠭᠦᠯᠵᠦ᠍᠂ ᠥᠪᠥᠷ ᠮᠣᠩᠭᠣᠯ᠎ᠤᠨ ᠴᠢᠳᠠᠪᠤᠷᠢᠲᠠᠨ᠎ᠢ ᠬᠥᠮᠦᠵᠢᠭᠦᠯᠬᠦ᠌ ᠡᠭᠦᠷᠭᠡ ᠵᠢᠴᠢ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠎ᠦᠨ ᠬᠥᠭ᠌ᠵᠢᠯᠲᠡ᠎ᠶ᠋ᠢᠨ ᠣᠳᠣᠬᠢ ᠪᠠᠢᠳᠠᠯ ᠵᠡᠷᠭᠡ ᠪᠣᠳᠠᠲᠤ ᠪᠠᠢᠳᠠᠯ ᠲᠠᠶ ᠤᠶᠠᠯᠳᠤᠭᠤᠯᠵᠤ᠂ ᠥᠪᠥᠷ ᠮᠣᠩᠭᠣᠯ᠎ᠤᠨ ᠶᠡᠬᠡ ᠳᠡᠭᠡᠳᠦ ᠰᠤᠷᠭᠠᠭᠤᠯᠢ᠎ᠶ᠋ᠢᠨ ᠬᠢᠨ᠎ᠤ ᠲᠤᠱᠢᠶᠠᠯ ᠬᠠᠪᠰᠤᠷᠭᠠᠬᠤ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠯᠠᠪᠯᠠᠭ᠎ᠠ ᠥᠭ᠌ᠬᠦ᠂ ᠲᠣᠭ᠍ᠲᠠᠮᠠᠯ ᠬᠤᠭᠤᠴᠠᠭ᠎ᠠ ᠲᠠᠶ᠎ᠪᠠᠷ ᠦᠢᠯᠡᠴᠢᠯᠡᠬᠦ᠌ ᠵᠡᠷᠭᠡ ᠬᠡᠯᠪᠡᠷᠢ ᠪᠡᠷ ᠳᠡᠭᠡᠳᠦ ᠲᠡᠰ ᠳᠠᠪᠬᠤᠷᠭ᠎ᠠ᠎ᠶ᠋ᠢᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ᠎ᠶ᠋ᠢ ᠴᠢᠨᠠᠭ᠍ᠰᠢᠳᠠ ᠳᠡᠮᠵᠢᠵᠦ᠍᠂ ᠥᠪᠥᠷ ᠮᠣᠩᠭᠣᠯ᠎ᠤᠨ ᠨᠢᠭᠡ ᠪᠦᠯᠦᠭ ᠤᠯᠤᠰ᠎ᠤᠨ ᠭᠣᠣᠯᠳᠠᠯᠭ᠎ᠠ᠎ᠲᠠᠶ ᠲᠤᠷᠱᠢᠯᠲᠠ᠎ᠶ᠋ᠢᠨ ᠲᠠᠰᠤᠭ᠂ ᠬᠠᠮᠵᠢᠯᠴᠠᠨ ᠱᠢᠨ᠎ᠡ᠎ᠶ᠋ᠢ ᠡᠭᠦᠳᠬᠦ᠌ ᠲᠥᠪ ᠵᠡᠷᠭᠡ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠠᠪᠴᠠᠩ᠎ᠢ ᠪᠠᠢᠷᠢᠱᠢᠭᠤᠯᠤᠨ ᠪᠠᠢᠭᠤᠯᠬᠤ᠎ᠶ᠋ᠢ ᠳᠡᠮᠵᠢᠵᠦ᠍᠂ ᠠᠵᠢᠯ ᠲᠦᠷᠦᠯ᠎ᠤᠨ ᠰᠢᠰᠲᠸᠮ ᠵᠢᠡᠷ ᠵᠢᠡᠨ ᠬᠠᠮᠵᠢᠯᠴᠠᠬᠤ᠂ ᠴᠡᠭ ᠲᠤᠬᠳᠠᠭᠠᠨ ᠬᠠᠪᠰᠤᠷᠤᠨ ᠲᠡᠳᠭᠦᠭᠦ ᠲᠤᠬᠳᠠᠴᠠ ᠵᠢ ᠰᠢᠯᠢᠳᠡᠭᠵᠢᠭᠦᠯᠵᠦ᠂ ᠵᠢᠩᠬᠢᠨᠢ ᠠᠩᠬᠢ ᠵᠢᠨ ᠲᠡᠰ ᠲᠠᠪᠬᠤᠷᠭ᠎ᠠ ᠵᠢᠨ ᠠᠵᠢᠯ ᠮᠡᠷᠭᠡᠵᠢᠯ᠎ᠤᠨ ᠶᠡᠭᠡ ᠰᠤᠷᠭᠠᠭᠤᠯᠢ ᠵᠢᠨ ᠲᠤᠭ᠎ᠠ ᠵᠢ ᠨᠡᠮᠡᠭᠳᠡᠭᠦᠯᠬᠦ ᠵᠡᠷᠭᠡ ᠲᠠᠯ᠎ᠠ ᠵᠢᠨ ᠰᠠᠨᠠᠭᠤᠯᠭ᠎ᠠ ᠲᠤᠷᠠᠳᠴᠤ᠂ ᠠᠷᠠᠳ ᠲᠦᠮᠡᠨ᠎ᠳᠤ ᠬᠠᠨᠤᠮᠵᠢᠲᠠᠢ ᠰᠤᠷᠭᠠᠨ ᠬᠦᠮᠦᠵᠢᠯ᠎ᠢ ᠰᠠᠢᠲᠤᠷ ᠡᠷᠭᠢᠯᠡᠬᠦ ᠵᠢ ᠠᠬᠢᠭᠤᠯᠪᠠ᠃
《ᠠᠷᠠᠳ᠎ᠤᠨ ᠲᠥᠯᠥᠭᠡᠯᠡᠭ᠌ᠴᠢ ᠬᠦᠨᠳᠦ ᠬᠠᠷᠢᠭᠤᠴᠠᠯᠭ᠎ᠠ ᠵᠢ ᠡᠬᠦᠷᠬᠡᠯᠡᠵᠤ ᠪᠠᠢᠳᠠᠭ᠃ ᠬᠢᠷᠢ ᠲᠡᠩᠴᠡᠭ᠌ᠰᠡᠨ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢ ᠪᠤᠯ ᠢᠯᠡᠭᠦᠬᠡᠨ ᠪᠠᠢᠴᠠᠭᠠᠨ ᠰᠤᠳᠤᠯᠵᠤ᠂ ᠢᠯᠡᠭᠦᠬᠡᠨ ᠰᠡᠳᠭᠢᠨ ᠪᠣᠳᠣᠯᠬᠢᠯᠠᠵᠤ᠂ ᠠᠷᠠᠳ᠎ᠤᠨ ᠰᠠᠨᠠᠭ᠎ᠠ᠎ᠶ᠋ᠢ ᠰᠣᠨᠣᠰᠴᠤ᠌᠂ ᠪᠣᠳᠠᠲᠠᠶ ᠠᠵᠢᠯ ᠬᠢᠵᠦ᠍᠂ ᠥᠪᠡᠷ᠎ᠦᠨ ᠳᠤᠷᠠᠳᠤᠭ᠍ᠰᠠᠨ ᠰᠠᠨᠠᠭᠤᠯᠭ᠎ᠠ᠎ᠪᠠᠨ ᠨᠠᠩ ᠴᠢᠨᠠᠷᠲᠠᠶ ᠪᠣᠯᠭᠠᠬᠤ ᠴᠢᠬᠤᠯᠠᠳᠠᠢ》 ᠭᠡᠵᠦ᠍ ᠴᠧᠨ ᠠᠢ ᠱᠢᠤᠸᠠᠢ ᠭᠦᠨ ᠲᠥᠷᠥᠭ᠌ᠳᠡᠯ᠎ᠲᠡᠶ ᠬᠡᠯᠡᠨ᠎ᠡ᠃
ᠲᠡᠷᠡ ᠵᠢᠭᠠᠨ ᠰᠤᠷᠭᠠᠯᠲᠠ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯ ᠬᠢᠬᠦ᠌᠎ᠶ᠋ᠢᠨ ᠬᠠᠮᠲᠤ᠌᠂ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠬᠢᠶᠠᠨ ᠪᠠᠢᠭᠤᠯᠤᠯᠲᠠ᠎ᠶ᠋ᠢᠨ ᠰᠤᠷᠤᠯᠴᠠᠯᠭ᠎ᠠ ᠪᠣᠯᠪᠠᠰᠤᠷᠠᠯ᠎ᠳᠤ ᠢᠳᠡᠪᠬᠢᠲᠡᠢ ᠣᠷᠣᠯᠴᠠᠵᠤ᠂ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠬᠦ᠌ ᠴᠢᠳᠠᠪᠤᠷᠢ ᠪᠣᠯᠤᠨ ᠲᠦᠪᠱᠢᠨ᠎ᠢᠶᠡᠨ ᠴᠢᠷᠮᠠᠢᠨ ᠳᠡᠭᠡᠭ᠌ᠰᠢᠯᠡᠭᠦᠯᠵᠦ᠍᠂ ᠲᠠᠰᠤᠷᠠᠯᠳᠡ ᠦᠭᠡᠢ ᠬᠦᠴᠦᠨ ᠴᠢᠳᠠᠯ ᠬᠤᠷᠠᠮᠳᠤᠭᠤᠯᠪᠠ᠃ ᠠᠵᠤ ᠠᠬᠤᠢᠯᠠᠯ᠂ ᠬᠥᠳᠡᠭᠡ ᠲᠣᠰᠭᠣᠨ᠂ ᠨᠡᠢᠭᠡᠮ ᠲᠣᠭᠣᠷᠢᠭ᠎ᠲᠤ ᠭᠦᠨᠵᠡᠭᠡᠢᠷᠡᠨ ᠥᠷᠭᠡᠨ ᠳᠡᠯᠭᠡᠷᠡᠩᠭᠦᠶ ᠪᠠᠢᠴᠠᠭᠠᠨ ᠰᠤᠳᠤᠯᠤᠯᠲᠠ ᠬᠢᠵᠦ᠍᠂ ᠠᠵᠤ ᠠᠬᠤᠶ᠎ᠶ᠋ᠢᠨ ᠬᠥᠭ᠌ᠵᠢᠯᠲᠡ ᠪᠠ ᠠᠷᠠᠳ᠎ᠤᠨ ᠠᠮᠢᠳᠤᠷᠠᠯ᠎ᠤᠨ ᠬᠦᠷᠢᠶᠡᠨ᠎ᠳᠡᠬᠢ ᠰᠠᠭᠤᠷᠢ ᠴᠢᠨᠠᠷᠲᠠᠶ ᠮᠠᠲ᠋ᠧᠷᠢᠶᠠᠯ᠎ᠢ ᠴᠤᠭ᠍ᠯᠠᠭᠤᠯᠤᠨ ᠡᠮᠬᠢᠳᠭᠡᠪᠡ᠃
ᠴᠧᠨ ᠠᠢ ᠱᠢᠤᠸᠠᠢ ᠲᠤᠬᠠᠢᠯᠠᠭ᠍ᠰᠠᠨ ᠠᠵᠢᠯ᠎ᠳᠠᠭᠠᠨ ᠰᠠᠭᠤᠷᠢᠯᠠᠵᠤ᠂ ᠠᠷᠠᠳ᠎ᠤᠨ ᠲᠥᠯᠥᠭᠡᠯᠡᠭ᠌ᠴᠢ᠎ᠶ᠋ᠢᠨ ᠦᠢᠯᠡᠳᠦᠯ᠎ᠢ ᠨᠡᠩ ᠰᠠᠢᠲᠤᠷ ᠪᠠᠳᠠᠷᠠᠭᠤᠯᠵᠤ᠂ ᠨᠢᠬᠳᠠ ᠡᠴᠡ ᠨᠢᠬᠳᠠ ᠪᠠᠢᠬᠤ ᠵᠤᠷᠢᠭ ᠰᠠᠨᠠᠭ᠎ᠠ ᠪᠡᠷ ᠡᠭᠦᠷᠭᠡ ᠬᠠᠷᠢᠭᠤᠴᠠᠯᠭ᠎ᠠ᠎ᠪᠠᠨ ᠰᠠᠢᠳᠤᠷ ᠭᠦᠶ᠋ᠴᠡᠳᠭᠡᠨ᠎ᠡ ᠬᠡᠵᠦ ᠢᠯᠡᠷᠭᠡᠢᠯᠡᠪᠡ᠃