ᠪᠥᠬᠥ᠌ ᠤᠯᠤᠰ᠎ᠤᠨ ᠬᠣᠶᠠᠷ ᠬᠤᠷᠠᠯ᠎ᠡᠴᠡ ᠡᠮᠦᠨᠡᠬᠡᠨ᠂ ᠬᠥᠬᠡᠬᠣᠲᠠ᠎ᠶ᠋ᠢᠨ ᠢᠯᠢ ᠣᠲᠣ ᠦᠶ᠎ᠡ ᠶ᠋ᠢᠨ ᠣᠶᠤᠨᠳᠤ ᠡᠷᠡᠭᠦᠯ ᠮᠡᠨᠳᠦ᠍᠎ᠶ᠋ᠢᠨ ᠬᠥᠨᠳᠡᠶ᠎ᠶ᠋ᠢᠨ ᠤᠯᠤᠰ᠎ᠤᠨ ᠰᠦ ᠶ᠋ᠢᠨ ᠦᠶ᠋ᠯᠡᠰ᠎ᠦᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠎ᠦᠨ ᠶᠡᠷᠦᠩᠬᠡᠶ ᠬᠡᠯᠲᠡᠰ᠎ᠦᠨ ᠴᠠᠭᠠᠨ ᠢᠳᠡᠭᠡᠨ᠎ᠦ ᠤᠷ᠎ᠠ ᠮᠡᠷᠭᠡᠰᠢᠯ᠎ᠤᠨ ᠲᠤᠷᠱᠢᠯᠲᠠ᠎ᠶ᠋ᠢᠨ ᠲᠠᠰᠤᠭ᠎ᠲᠤ᠂ ᠰᠤᠷᠪᠤᠯᠵᠢᠯᠠᠭ᠍ᠴᠢ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠤᠯᠤᠰ᠎ᠤᠨ ᠰᠦ ᠶ᠋ᠢᠨ ᠦᠶ᠋ᠯᠡᠰ᠎ᠦᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠎ᠦᠨ ᠳᠡᠭᠡᠳᠦ ᠲᠠᠰ᠎ᠤᠨ ᠲᠤᠰᠭᠠᠶ ᠮᠡᠷᠭᠡᠵᠢᠯᠲᠡᠨ᠂ ᠢᠯᠢ ᠪᠦᠯᠦᠭ᠌ᠯᠡᠯ᠎ᠦᠨ ᠪᠥᠬᠥ᠌ ᠪᠥᠮᠪᠥᠷᠴᠡᠭ᠎ᠦᠨ ᠱᠢᠨ᠎ᠡ᠎ᠶ᠋ᠢ ᠡᠭᠦᠳᠬᠦ᠌ ᠲᠥᠪ᠎ᠦᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠶᠡᠷᠦᠩᠬᠡᠶ ᠬᠢᠨᠠᠭ᠍ᠴᠢ ᠸᠠᠩ ᠼᠠᠢ ᠶᠦᠨ᠎ᠲᠠᠢ ᠠᠭᠤᠯᠵᠠᠬᠤ ᠳ᠋ᠦ᠂ ᠲᠡᠷᠡ ᠶᠠᠭ ᠪᠦᠯᠬᠦᠮ᠎ᠦᠨ ᠭᠡᠱᠢᠭᠦᠳ᠎ᠲᠡᠶ᠎ᠪᠡᠨ ᠬᠠᠮᠲᠤ ᠱᠢᠨ᠎ᠡ ᠨᠢᠭᠡ ᠡᠭᠡᠯᠵᠢ᠎ᠶ᠋ᠢᠨ ᠰᠦ ᠶ᠋ᠢᠨ ᠦᠶ᠋ᠯᠡᠰ᠎ᠦᠨ ᠭᠤᠤᠯᠯᠠᠬᠤ ᠮᠡᠷᠭᠡᠵᠢᠯ᠎ᠦᠨ ᠪᠣᠭᠣᠮᠲᠠ ᠱᠢᠪᠲᠤᠯᠬᠤ ᠠᠵᠢᠯ᠎ᠳᠠᠭᠠᠨ ᠶᠠᠭᠠᠷᠠᠵᠦ ᠪᠠᠢᠯ᠎ᠠ᠃
ᠰᠤᠷᠪᠤᠯᠵᠢᠯᠠᠭ᠎ᠠ ᠵᠢᠨ ᠳᠤᠮᠳᠠ᠂ ᠸᠠᠩ ᠼᠠᠢ ᠶᠦᠨ ᠥᠪᠡᠷ᠎ᠦᠨ ᠠᠵᠢᠯ᠎ᠢᠶᠠᠨ ᠨᠢᠭᠡᠳ ᠨᠢᠭᠡ ᠪᠡᠷ ᠶᠠᠷᠢᠪᠠ᠃ ᠱᠢᠨᠵᠢᠯᠡᠬᠦ᠌ ᠤᠬᠠᠭᠠᠨ᠎ᠤ ᠰᠤᠳᠤᠯᠭᠠᠨ ᠤ ᠡᠮᠦᠨ᠎ᠡ ᠹᠷᠣᠨᠲ᠎ᠲᠤ 20 ᠱᠢᠬᠠᠮ ᠵᠢᠯ ᠠᠵᠢᠯᠯᠠᠭᠰᠠᠨ ᠲᠡᠷᠡ᠂ ᠳᠤᠮᠳᠠᠳᠤᠴᠤᠳ᠎ᠤᠨ 《ᠰᠦ ᠤᠤᠭᠤᠭ᠍ᠰᠠᠨ》 ᠡᠴᠡ 《ᠰᠠᠢᠨ ᠰᠦ ᠤᠤᠭᠤᠭ᠍ᠰᠠᠨ》 ᠥᠩᠭᠡᠷᠡᠯᠲᠡ᠎ᠶ᠋ᠢ ᠪᠡᠶ᠎ᠡ᠎ᠪᠡᠷ᠎ᠢᠶᠡᠨ ᠭᠡᠷᠡᠴᠢᠯᠡᠵᠦ᠍ ᠂ ᠪᠠᠰᠠ ᠳᠤᠮᠳᠠᠳᠤ ᠤᠯᠤᠰ᠎ᠤᠨ ᠰᠦ᠎ᠶ᠋ᠢᠨ ᠦᠢᠯᠡᠰ᠎ᠦᠨ《ᠬᠣᠴᠣᠷᠤᠩᠭᠤᠢ》 ᠡᠴᠡ《ᠣᠳᠣᠬᠢᠴᠢᠯᠠᠭ᠍ᠰᠠᠨ》 ᠲᠡᠢᠰᠢ ᠬᠡᠯᠪᠡᠷᠢ᠎ᠪᠡᠨ ᠬᠤᠪᠢᠷᠠᠭᠤᠯᠬᠤ ᠱᠢᠪᠲᠤᠯᠤᠯᠲᠠ᠎ᠳᠤ ᠪᠡᠶ᠎ᠡ᠎ᠪᠡᠷ᠎ᠢᠶᠡᠨ ᠣᠷᠣᠯᠴᠠᠭ᠍ᠰᠠᠨ ᠪᠠᠢᠨ᠎ᠠ᠃
ᠲᠡᠷᠡ ᠪᠦᠯᠭᠦᠮ᠎ᠤᠨ ᠵᠢᠡᠨ ᠭᠡᠱᠢᠭᠦᠳ᠎ᠲᠡᠶ᠎ᠪᠡᠨ ᠰᠦ ᠵᠢᠨ ᠲᠡᠮᠦᠷ᠎ᠳᠤ ᠤᠭᠤᠷᠠᠭ᠎ᠢ ᠲᠤᠬ᠍ᠳᠠᠬ᠍ᠰᠠᠨ ᠴᠢᠭ᠌ᠯᠡᠯ᠎ᠳᠤ ᠬᠠᠮᠠᠭᠠᠯᠠᠬᠤ ᠮᠡᠷᠭᠡᠵᠢᠯ᠎ᠢ ᠡᠭᠦᠳᠴᠦ᠍᠂ ᠡᠩ᠎ᠦᠨ ᠳᠤᠯᠠᠭᠠᠨ ᠳ᠋ᠤ ᠴᠡᠪᠡᠷ ᠦᠨᠢᠶᠡᠨ ᠰᠦ ᠳᠡᠬᠢ ᠰᠦ ᠵᠢᠨ ᠲᠡᠮᠦᠷ᠎ᠳᠤ ᠤᠭᠤᠷᠠᠭ ᠬᠠᠳᠠᠭᠠᠯᠠᠬᠤ ᠨᠣᠷᠮ᠎ᠠ᠎ᠶ᠋ᠢ ᠤᠤᠯ᠎ᠤᠨ 10 % ᠪᠠᠢᠭ᠍ᠰᠠᠨ᠎ᠡᠴᠡ ᠲᠡᠭᠡᠭᠰᠢᠯᠡᠭᠦᠯᠦᠭᠡᠳ 90% ᠵᠢ ᠲᠠᠪᠠᠭᠤᠯᠪᠠ᠂ ᠡᠨᠡ ᠬᠦ᠌ ᠰᠤᠳᠤᠯᠭᠠᠨ᠎ᠤ ᠦᠷ᠎ᠡ ᠪᠦᠲᠦᠭᠡᠯ᠎ᠨᠢ ᠤᠯᠤᠰ᠎ᠤᠨ ᠳᠣᠲᠣᠭᠠᠳᠤ᠎ᠶ᠋ᠢᠨ ᠬᠣᠭᠣᠰᠣᠨ᠎ᠢ ᠨᠥᠬᠥᠪᠥᠷᠢᠯᠡᠭ᠌ᠰᠡᠨ᠎ᠢᠶᠡᠷ ᠪᠠᠷᠠᠬᠤ ᠥᠬᠡᠶ᠂ ᠪᠠᠰᠠ ᠭᠠᠳᠠᠭᠠᠳᠤ᠎ᠶ᠋ᠢᠨ ᠵᠠᠩᠭᠢᠯᠠᠭ᠎ᠠ᠎ᠶ᠋ᠢᠨ ᠮᠡᠷᠭᠡᠵᠢᠯ᠎ᠦᠨ ᠪᠡᠬᠢᠯᠡᠯᠲᠡ᠎ᠶ᠋ᠢ ᠡᠩ ᠲᠡᠷᠢᠭᠦᠨ᠎ᠳᠦ ᠡᠪᠳᠡᠪᠡ᠃ ᠲᠤᠷᠱᠢᠯᠲᠠ᠎ᠶ᠋ᠢᠨ ᠲᠠᠰᠤᠭ᠎ᠤᠨ ᠰᠤᠳᠤᠯᠭᠠᠨ᠎ᠤ ᠦᠷ᠎ᠡ ᠪᠦᠲᠦᠭᠡᠯ᠎ᠨᠢ ᠦᠶ᠋ᠯᠡᠳᠪᠦᠷᠢᠯᠡᠯ᠎ᠦᠨ ᠱᠤᠭᠤᠮ ᠳᠡᠭᠡᠷᠡᠬᠢ ᠦᠶ᠋ᠯᠡᠳᠬᠦᠨ ᠪᠣᠯᠵᠣ᠂ ᠬᠡᠷᠡᠭ᠌ᠯᠡᠭ᠌ᠴᠢᠳ᠎ᠦᠨ ᠭᠠᠷ᠎ᠲᠠᠬᠢ ᠢᠳᠡᠭᠡᠨ ᠪᠣᠯᠤᠭ᠍ᠰᠠᠨ᠎ᠢ ᠦᠵᠡᠭᠡᠳ ᠸᠠᠩ ᠼᠠᠢ ᠶᠦᠨ ᠮᠠᠰᠢ ᠣᠮᠣᠭ᠍ᠰᠢᠪᠠ᠃
《ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠪᠡᠷ ᠰᠣᠩᠭᠣᠭ᠍ᠳᠠᠭ᠍ᠰᠠᠨᠤ ᠳᠠᠷᠠᠭ᠎ᠠ᠂ ᠪᠢ ᠡᠭᠦᠷᠭᠡ ᠬᠠᠷᠢᠭᠤᠴᠠᠯᠭ᠎ᠠ᠎ᠪᠠᠨ ᠬᠡᠷᠬᠢᠨ ᠭᠦᠶ᠋ᠴᠡᠳᠭᠡᠬᠦ᠌ ᠲᠤᠬᠠᠶ ᠬᠠᠮᠤᠭ᠎ᠡᠴᠡ ᠢᠯᠡᠭᠦᠦ ᠪᠣᠳᠣᠯᠬᠢᠯᠠᠵᠠᠶ》᠃ ᠥᠩᠭᠡᠷᠡᠭ᠌ᠰᠡᠨ ᠨᠢᠭᠡ ᠵᠢᠯ᠎ᠦᠨ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠭ᠌ᠰᠡᠨ᠎ᠢᠶᠠᠨ ᠡᠷᠭᠢᠴᠡᠭᠦᠯᠬᠦ᠌᠎ᠳᠦ᠂ ᠸᠠᠩ ᠼᠠᠢ ᠶᠦᠨ ᠪᠠᠴᠢᠮ ᠶᠠᠭᠠᠷᠠᠯᠲᠠᠶ ᠪᠥᠭᠡᠳ ᠤᠳᠬ᠎ᠠ ᠲᠡᠭᠦᠯᠳᠡᠷ ᠰᠠᠨᠠᠭ᠍ᠳᠠᠵᠤ᠂ ᠪᠠᠰᠠ ᠨᠠᠩ ᠣᠯᠠᠨ ᠲᠤᠷᠱᠢᠯᠭ᠎ᠠ ᠬᠤᠷᠠᠮᠳᠤᠭᠤᠯᠪᠠ᠃
ᠰᠦ ᠵᠢᠨ ᠲᠡᠮᠦᠷ᠎ᠳᠤ ᠤᠭᠤᠷᠠᠭ᠎ᠤᠨ ᠮᠡᠷᠭᠡᠵᠢᠯ᠎ᠦᠨ ᠲᠠᠯ᠎ᠠ᠎ᠪᠠᠷ ᠱᠢᠪᠲᠤᠯᠤᠯᠲᠠ ᠭᠠᠷᠭᠠᠭ᠍ᠰᠠᠨ᠎ᠡᠴᠡ ᠭᠠᠳᠠᠨ᠎ᠠ᠂ ᠸᠠᠩ ᠼᠠᠢ ᠶᠦᠨ ᠪᠦᠯᠬᠦᠮ᠎ᠢᠶᠡᠨ ᠳᠠᠭᠠᠭᠤᠯᠤᠨ ᠰᠦ ᠵᠢᠨ ᠦᠶ᠋ᠯᠡᠰ᠎ᠦᠨ ᠬᠥᠭ᠌ᠵᠢᠯᠲᠡ᠎ᠶ᠋ᠢᠨ ᠳᠤᠮᠳᠠᠬᠢ ᠡᠯ᠎ᠡ ᠲᠥᠷᠥᠯ᠎ᠦᠨ《ᠪᠣᠭᠣᠮᠢ》 ᠮᠡᠷᠭᠡᠵᠢᠯ᠎ᠦᠨ ᠠᠰᠠᠭᠤᠳᠠᠯ᠎ᠢ ᠱᠢᠶ᠋ᠳᠪᠦᠷᠢᠯᠡᠬᠦ᠌ ᠳᠡᠭᠡᠷ᠎ᠡ ᠠᠩᠬᠠᠷᠤᠯ᠎ᠢᠶᠠᠨ ᠲᠥᠪᠯᠡᠷᠡᠭᠦᠯᠵᠦ᠍᠂ ᠤᠷᠢᠳ ᠬᠣᠵᠢᠳ ᠰᠦ ᠵᠢᠨ ᠱᠢᠬᠢᠷ ᠨᠢ ᠪᠠᠭ᠎ᠠ ᠰᠦ ᠵᠢ ᠰᠤᠳᠤᠯᠤᠨ ᠭᠠᠷᠭᠠᠵᠤ᠂ ᠬᠡᠷᠡᠭ᠌ᠯᠡᠭ᠌ᠴᠢᠳ᠎ᠦᠨ ᠰᠦ ᠵᠢᠨ ᠱᠢᠬᠢᠷ ᠥᠯᠥ᠍ ᠳᠠᠭᠠᠭᠠᠬᠤ ᠪᠠᠢᠳᠠᠯ᠎ᠢ ᠱᠢᠶ᠋ᠳᠪᠦᠷᠢᠯᠡᠪᠡ; ᠰᠤᠳᠤᠯᠤᠨ ᠨᠡᠭᠡᠭᠡᠭ᠌ᠰᠡᠨ ᠠᠭᠰᠢᠷᠠᠮᠠᠯ ᠰᠢᠷᠠᠰᠤ ᠵᠢᠨ ᠤᠭᠤᠷᠠᠭ᠎ᠢ ᠪᠣᠯᠪᠠᠰᠤᠷᠠᠭᠤᠯᠬᠤ ᠮᠡᠷᠭᠡᠵᠢᠯ ᠨᠢ ᠭᠠᠳᠠᠭᠠᠳᠤ᠎ᠶ᠋ᠢᠨ ᠮᠡᠷᠭᠡᠵᠢᠯ᠎ᠦᠨ ᠭᠠᠭ᠍ᠴᠠᠭᠠᠷ ᠡᠵᠡᠮᠱᠢᠯ᠎ᠢ ᠡᠪᠳᠡᠪᠡ; ᠨᠡᠭᠡᠭᠡᠨ ᠬᠥᠭ᠌ᠵᠢᠭᠦᠯᠦᠭ᠌ᠰᠡᠨ ᠠᠱᠢᠭ᠍ᠲᠤ ᠪᠠᠺᠲ᠋ᠧᠷᠢ᠎ᠶ᠋ᠢᠨ ᠱᠢᠨ᠎ᠡ ᠬᠡᠯᠪᠡᠷᠢ᠎ᠶ᠋ᠢᠨ ᠳᠠᠮᠵᠢᠭᠤᠯᠤᠨ ᠬᠦᠷᠭᠡᠬᠦ᠌ ᠮᠡᠷᠭᠡᠵᠢᠯ ᠨᠢ ᠠᠱᠢᠭ᠍ᠲᠤ ᠪᠠᠺᠲ᠋ᠧᠷᠢ᠎ᠶ᠋ᠢᠨ ᠪᠣᠯᠪᠠᠰᠤᠷᠠᠭᠤᠯᠬᠤ ᠶᠠᠪᠤᠴᠠ ᠪᠠ ᠬᠣᠳᠣᠭᠣᠳᠣ ᠭᠡᠳᠡᠰᠦᠨ᠎ᠦ ᠱᠢᠩᠭᠡᠭᠡᠯᠲᠡ᠎ᠶ᠋ᠢᠨ ᠶᠠᠪᠤᠴᠠ᠎ᠳᠠᠬᠢ ᠬᠣᠬᠢᠷᠠᠯ᠎ᠢ ᠪᠦᠲᠦᠮᠵᠢᠲᠡᠶ ᠪᠠᠭᠤᠷᠠᠭᠤᠯᠵᠤ᠂ ᠳᠡᠯᠡᠬᠡᠶ᠎ᠶ᠋ᠢᠨ ᠲᠡᠷᠢᠭᠦᠨ᠎ᠦ ᠲᠦᠪᠱᠢᠨ ᠳ᠋ᠦ ᠬᠦᠷᠪᠠ ᠁ ᠡᠲᠡᠭᠡᠷ ᠮᠡᠷᠭᠡᠵᠢᠯ᠎ᠦᠨ ᠦᠷ᠎ᠡ ᠪᠦᠲᠦᠭᠡᠯ ᠨᠢ ᠠᠵᠢᠯ ᠲᠥᠷᠥᠯ᠎ᠦᠨ ᠭᠤᠤᠯᠯᠠᠬᠤ ᠥᠷᠢᠰᠥᠯᠳᠦᠬᠦ᠌ ᠬᠦᠴᠦᠨ᠎ᠢ ᠳᠡᠭᠡᠭ᠌ᠰᠢᠯᠡᠭᠦᠯᠬᠦ᠌᠎ᠳᠦ ᠱᠢᠨ᠎ᠡ᠎ᠶ᠋ᠢ ᠡᠭᠦᠳᠬᠦ᠌ ᠬᠥᠳᠡᠯᠭᠡᠬᠦ ᠴᠢᠳᠠᠪᠤᠷᠢ ᠨᠡᠮᠡᠷᠢᠯᠡᠭ᠌ᠰᠡᠨ ᠪᠠᠢᠨ᠎ᠠ᠃
ᠲᠤᠰᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠴᠢᠳᠠᠪᠤᠷᠢ᠎ᠪᠠᠨ ᠴᠢᠩᠭᠠᠳᠭᠠᠵᠤ᠂ ᠦᠨᠡᠨ ᠪᠣᠳᠠᠲᠠᠶ ᠪᠠᠢᠳᠠᠯ᠎ᠢ ᠪᠥᠬᠥ᠌ ᠲᠠᠯ᠎ᠠ᠎ᠪᠠᠷ ᠡᠵᠡᠮᠱᠢᠬᠦ᠌᠎ᠶ᠋ᠢᠨ ᠲᠥᠯᠥᠭᠡ᠂ ᠸᠠᠩ ᠼᠠᠢ ᠶᠦᠨ ᠲᠤᠷᠱᠢᠯᠲᠠ᠎ᠶ᠋ᠢᠨ ᠲᠠᠰᠤᠭ᠎ᠡᠴᠡ ᠭᠠᠷᠴᠤ᠌᠂ ᠲᠠᠷᠢᠶᠠᠨ ᠭᠠᠵᠠᠷ ᠮᠠᠯᠵᠢᠯ᠎ᠤᠨ ᠲᠠᠯᠠᠪᠠᠶ᠂ ᠠᠵᠤ ᠠᠬᠤᠢᠯᠠᠯ ᠶᠡᠬᠡ ᠳᠡᠭᠡᠳᠦ ᠰᠤᠷᠭᠠᠭᠤᠯᠢ᠂ ᠦᠶ᠋ᠯᠡᠳᠪᠦᠷᠢ᠎ᠶ᠋ᠢᠨ ᠲᠠᠰᠤᠭ ᠬᠥᠮᠥᠷᠭᠡ᠎ᠳᠦ ᠬᠦᠷᠴᠦ᠍ ᠰᠦ ᠶ᠋ᠢᠨ ᠦᠶ᠋ᠯᠡᠰ᠎ᠦᠨ ᠬᠥᠭ᠌ᠵᠢᠯᠲᠡ᠎ᠶ᠋ᠢᠨ ᠪᠠᠢᠳᠠᠯ᠎ᠢ ᠪᠥᠬᠥ᠌ ᠲᠠᠯ᠎ᠠ᠎ᠪᠠᠷ ᠪᠠᠢᠴᠠᠭᠠᠨ ᠰᠤᠳᠤᠯᠪᠠ᠃ ᠪᠠᠢᠴᠠᠭᠠᠨ ᠰᠤᠳᠤᠯᠤᠯᠲᠠ᠎ᠶ᠋ᠢᠨ ᠳᠤᠮᠳᠠ᠂ ᠲᠡᠷᠡ ᠰᠦ᠎ᠶ᠋ᠢᠨ ᠦᠢᠯᠡᠰ᠎ᠦᠨ ᠳᠤᠮᠳᠠ ᠴᠢᠳᠠᠪᠤᠷᠢᠲᠠᠨ᠎ᠤ ᠬᠥᠭ᠌ᠵᠢᠯᠲᠡ ᠲᠡᠩᠴᠡᠭᠦᠷᠢ ᠦᠭᠡᠢ ᠪᠠᠢᠬᠤ ᠠᠰᠠᠭᠤᠳᠠᠯ ᠣᠷᠣᠱᠢᠵᠤ᠂ ᠢᠯᠠᠩᠭᠤᠶ᠎ᠠ ᠠᠵᠤ ᠦᠢᠯᠡᠰ᠎ᠦᠨ ᠬᠡᠯᠬᠢᠶ᠎ᠡ᠎ᠶ᠋ᠢᠨ ᠡᠬᠢᠨ ᠤ᠋ ᠬᠡᠯᠬᠢᠶ᠎ᠡ ᠵᠢᠨ ᠮᠠᠯ ᠠᠵᠤ ᠠᠬᠤᠢ᠎ᠶ᠋ᠢᠨ ᠴᠢᠳᠠᠪᠤᠷᠢᠲᠠᠨ᠎ᠤ ᠪᠡᠯᠡᠳᠭᠡᠯ ᠬᠦᠴᠦᠨ ᠨᠡᠯᠢᠶᠡᠳ ᠪᠠᠭᠤᠷᠠᠢ ᠪᠠᠢᠬᠤ᠎ᠶ᠋ᠢ ᠠᠩᠬᠠᠷᠴᠤ᠌ ᠤᠯᠪᠠ᠃《ᠮᠠᠯ ᠠᠵᠤ ᠠᠬᠤᠢ᠎ᠶ᠋ᠢᠨ ᠴᠢᠳᠠᠪᠤᠷᠢᠲᠠᠨ᠎ᠢ ᠬᠥᠮᠦᠵᠢᠭᠦᠯᠬᠦ᠌᠎ᠶ᠋ᠢ ᠴᠢᠩᠭᠠᠳᠭᠠᠵᠤ᠂ ᠬᠣᠯᠪᠣᠭ᠍ᠳᠠᠯ ᠪᠦᠬᠦᠢ ᠶᠡᠬᠡ ᠳᠡᠭᠡᠳᠦ ᠰᠤᠷᠭᠠᠭᠤᠯᠢ ᠳᠤᠮᠳᠠ ᠵᠡᠷᠭᠡ᠎ᠶ᠋ᠢᠨ ᠲᠤᠰᠭᠠᠢ ᠮᠡᠷᠭᠡᠵᠢᠯ᠎ᠦᠨ ᠰᠤᠷᠭᠠᠭᠤᠯᠢ ᠮᠠᠯ ᠠᠵᠤ ᠠᠬᠤᠢ᠎ᠶ᠋ᠢᠨ ᠲᠤᠰᠭᠠᠢ ᠮᠡᠷᠭᠡᠵᠢᠯ᠎ᠢ ᠨᠠᠷᠢᠯᠢᠬ᠍ᠵᠢᠭᠤᠯᠵᠤ᠂ ᠰᠠᠭᠠᠯᠢ᠎ᠶ᠋ᠢᠨ ᠦᠨᠢᠶ᠎ᠡ ᠲᠡᠵᠢᠭᠡᠨ ᠦᠷᠡᠵᠢᠭᠦᠯᠬᠦ᠌ ᠲᠤᠰᠭᠠᠢ ᠮᠡᠷᠭᠡᠵᠢᠯ᠎ᠦᠨ ᠴᠢᠳᠠᠪᠤᠷᠢᠲᠠᠨ᠎ᠢ ᠡᠮᠦᠨ᠎ᠡ ᠹᠷᠣᠨᠲ᠎ᠲᠤ ᠣᠴᠢᠭᠤᠯᠬᠤ ᠬᠡᠷᠡᠭ᠌ᠲᠡᠢ; ᠠᠵᠤ ᠠᠬᠤᠢᠯᠠᠯ᠎ᠢ ᠬᠥᠲᠥᠯᠥᠨ ᠵᠢᠯᠣᠭᠣᠳᠴᠤ᠌ ᠪᠠᠢᠭᠠᠳ ᠲᠤᠬ᠍ᠳᠠᠬ᠍ᠰᠠᠨ ᠴᠢᠭ᠌ᠯᠡᠯ ᠲᠠᠢ ᠪᠠᠷ ᠬᠥᠮᠦᠵᠢᠭᠦᠯᠬᠦ᠌ ᠵᠠᠭ᠍ᠪᠤᠷ᠎ᠢ ᠲᠤᠷᠱᠢᠨ ᠳᠡᠯᠭᠡᠷᠡᠭᠦᠯᠵᠦ᠍᠂ ᠠᠵᠤ ᠦᠶ᠋ᠯᠡᠰ᠎ᠦᠨ ᠦᠷᠭᠦᠯᠵᠢᠯᠡᠨ ᠴᠢᠨᠠᠷ ᠰᠠᠢᠲᠠᠶ ᠬᠥᠭ᠌ᠵᠢᠬᠦ᠌᠎ᠳᠦ ᠴᠢᠳᠠᠪᠤᠷᠢᠲᠠᠨ᠎ᠤ ᠲᠤᠯᠭᠠᠭᠤᠷᠢᠯᠠᠯ ᠬᠠᠩᠭᠠᠬᠤ ᠬᠡᠷᠡᠭ᠌ᠲᠡᠶ》 ᠭᠡᠵᠦ᠍ ᠸᠠᠩ ᠼᠠᠢ ᠶᠦᠨ ᠬᠡᠯᠡᠪᠡ᠃
ᠸᠠᠩ ᠼᠠᠢ ᠶᠦᠨ ᠰᠤᠷᠪᠤᠯᠵᠢᠯᠠᠭ᠍ᠴᠢ᠎ᠳᠤ᠂ ᠱᠢᠨ᠎ᠡ ᠨᠢᠬᠡ ᠵᠢᠯ᠎ᠳᠦ᠂ ᠲᠥᠯᠥᠭᠡᠯᠡᠭ᠌ᠴᠢ᠎ᠶ᠋ᠢᠨ ᠬᠠᠷᠢᠭᠤᠴᠠᠯᠭ᠎ᠠ᠎ᠪᠠᠨ ᠦᠷᠭᠦᠯᠵᠢᠯᠡᠨ ᠰᠠᠢᠲᠤᠷ ᠭᠦᠶ᠋ᠴᠡᠳᠭᠡᠵᠦ᠍᠂ ᠠᠵᠢᠯ ᠲᠥᠷᠥᠯ᠎ᠦᠨ ᠱᠢᠨ᠎ᠡ᠎ᠶ᠋ᠢ ᠡᠭᠦᠳᠬᠦ᠌ ᠡᠮᠦᠨ᠎ᠡ ᠹᠷᠣᠨᠲ᠎ᠲᠤ ᠭᠦᠨᠵᠡᠭᠡᠢᠷᠡᠨ᠂ ᠠᠷᠠᠳ᠎ᠤᠨ ᠬᠦᠰᠡᠯ ᠪᠣᠳᠣᠯ᠎ᠢ ᠬᠢᠨᠠᠮᠠᠭᠠᠶ ᠰᠣᠨᠣᠰᠴᠤ᠌᠂ 《ᠰᠡᠳᠭᠢᠯ ᠤᠨ ᠬᠤᠯᠪᠤᠭᠠᠰᠤ》 ᠶ᠋ᠢ ᠰᠠᠢᠲᠤᠷ ᠲᠠᠯᠪᠢᠵᠤ᠂ ᠰᠦ ᠵᠢᠨ ᠦᠶ᠋ᠯᠡᠰ᠎ᠦᠨ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠤᠨ᠂ ᠣᠯᠠᠨ ᠲᠦᠮᠡᠨ᠎ᠦ ᠡᠷᠡᠭᠦᠯ ᠮᠡᠨᠳᠦ ᠠᠮᠢᠳᠤᠷᠠᠯ᠎ᠳᠤ ᠬᠦᠴᠦᠨ ᠴᠢᠳᠠᠯ᠎ᠢᠶᠠᠨ ᠡᠷᠭᠦᠨ᠎ᠡ ᠭᠡᠵᠦ ᠬᠡᠯᠡᠪᠡ᠃