ᠯᠢ ᠪᠢᠨ ᠭᠡᠱᠢᠭᠦᠨ ᠄ ᠯᠠᠪᠳᠠᠭᠤᠨ ᠪᠠᠲᠤᠲᠠᠶ ᠪᠠᠢᠴᠠᠭᠠᠨ ᠰᠤᠳᠤᠯᠵᠦ᠍ ᠰᠡᠳᠭᠢᠯ ᠲᠠᠯᠪᠢᠵᠦ ᠰᠠᠨᠠᠯ ᠳᠤᠷᠠᠳᠤᠯᠭ᠎ᠠ ᠪᠠᠨ ᠳᠡᠬᠦᠯᠳᠡᠷᠵᠢᠬᠦᠯᠦᠨ᠎ᠡ
2024-02-26 10:06:22
ᠵᠣᠬᠢᠶᠠᠭ᠍ᠴᠢ᠄
ᠰᠦᠩ ᠱᠤᠸᠠᠩ
ᠣᠩᠱᠢᠭ᠍ᠰᠠᠨ ᠣᠳᠠᠭ᠎ᠠ᠄
★★★☆☆

《ᠯᠢ ᠭᠡᠱᠢᠭᠦᠨ᠂ ᠲᠠ ᠬᠡᠵᠢᠶ᠎ᠡ ᠰᠤᠷᠪᠤᠯᠵᠢᠯᠠᠭ᠎ᠠ ᠬᠦᠯᠢᠶᠡᠵᠤ ᠲᠡᠢᠯᠬᠦ  ᠪᠤᠢ? 》

《ᠰᠤᠷᠪᠤᠯᠵᠢᠯᠠᠭ᠍ᠴᠢ ᠨᠥᠬᠥᠷ ᠰᠠᠢᠨ ᠦᠦ᠂ ᠡᠨᠡ ᠡᠳᠦᠷ ᠦᠨᠡᠬᠡᠷ ᠡᠪ ᠦᠭᠡᠢ ᠪᠤᠯᠤᠯ᠎ᠠ᠂ ᠪᠢ ᠣᠳᠣ ᠪᠠᠢᠴᠠᠭᠠᠨ ᠰᠤᠳᠤᠯᠤᠯᠲᠠ ᠬᠢᠬᠦ᠌ ᠵᠠᠮ᠎ᠳᠠᠭᠠᠨ ᠪᠠᠢᠨ᠎ᠠ᠂ ᠵᠠᠪ ᠭᠠᠷᠤᠭᠰᠠᠭᠠᠷ ᠲᠠᠨ᠎ᠤ ᠠᠰᠠᠭᠤᠯᠲᠠ᠎ᠶ᠋ᠢ ᠬᠠᠷᠢᠭᠤᠯᠤᠶ᠎ᠠ ᠁》

ᠥᠪᠡᠷ᠎ᠦᠨ ᠰᠠᠨᠠᠯ ᠳᠤᠷᠠᠳᠤᠯᠭ᠎ᠠ᠎ᠪᠠᠨ ᠨᠡᠩ ᠯᠠᠪᠳᠠᠭᠤᠨ ᠣᠨᠣᠴᠠᠳᠠᠢ᠂ ᠨᠡᠩ ᠶᠠᠪᠤᠭᠳᠠᠭᠤᠰᠢᠳᠠᠢ ᠬᠡᠷᠡᠭ᠌ᠵᠢᠭᠦᠯᠦᠰᠢᠳᠡᠢ ᠪᠣᠯᠭᠠᠬᠤ᠎ᠶ᠋ᠢᠨ ᠲᠥᠯᠥᠭᠡ᠂《ᠪᠠᠢᠴᠠᠭᠠᠨ ᠰᠤᠳᠤᠯᠤᠯᠲᠠ ᠦᠭᠡᠢ ᠪᠣᠯ ᠰᠠᠨᠠᠯ ᠳᠤᠷᠠᠳᠤᠯᠭ᠎ᠠ ᠳᠤᠷᠠᠳᠭᠤ ᠦᠭᠡᠢ》 ᠪᠠᠢᠬᠤ ᠨᠢ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠱᠢᠭ᠍ᠯᠠᠯᠲᠠ᠎ᠶ᠋ᠢᠨ ᠲᠢᠩᠬᠢᠮ᠎ᠦᠨ ᠳᠡᠳ᠋ ᠳᠠᠷᠤᠭ᠎ᠠ ᠯᠢ ᠪᠢᠨ᠎ᠤ ᠰᠠᠨᠠᠯ ᠳᠤᠷᠠᠳᠤᠯᠭ᠎ᠠ᠎ᠶ᠋ᠢᠨ《ᠬᠡᠮᠵᠢᠭᠦᠷ》 ᠪᠣᠯᠤᠭ᠍ᠰᠠᠨ ᠪᠠᠢᠨ᠎ᠠ᠃ 《ᠤᠰᠤ ᠪᠡᠷ ᠬᠤᠳᠠ ᠵᠢ ᠲᠤᠭᠳᠠᠭᠠᠬᠤ᠂ ᠤᠰᠤ ᠪᠡᠷ ᠭᠠᠵᠠᠷ ᠢ᠋ ᠲᠤᠭᠳᠠᠭᠠᠬᠤ᠂ ᠤᠰᠤ ᠪᠡᠷ ᠬᠦᠮᠦᠨ ᠢ᠋ ᠲᠤᠭᠳᠠᠭᠠᠬᠤ᠂ ᠤᠰᠤ ᠪᠡᠷ ᠭᠠᠷᠤᠯᠳᠠ ᠵᠢ ᠲᠤᠭᠳᠠᠭᠠᠬᠤ》 ᠂ 《ᠤᠰᠤ᠎ᠪᠠᠷ ᠪᠤᠬᠢᠷᠳᠤᠯ ᠦᠭᠡᠢ ᠵᠢ ᠲᠣᠭ᠍ᠲᠠᠭᠠᠬᠤ》 ᠂ 《 ᠤᠰᠤ᠎ᠶᠢ ᠭᠦᠨᠵᠡᠭᠡᠢ ᠠᠷᠪᠢᠯᠠᠵᠤ ᠡᠵᠡᠮᠳᠡᠬᠦ᠌》  ᠁ ᠯᠢ ᠪᠢᠨ᠎ᠤ ᠥᠩᠭᠡᠷᠡᠭ᠌ᠰᠡᠨ ᠵᠢᠯ᠎ᠦᠳ᠎ᠦᠨ ᠰᠠᠨᠠᠯ ᠳᠤᠷᠠᠳᠤᠯᠭ᠎ᠠ᠎ᠶ᠋ᠢ ᠤᠷᠪᠠᠭᠤᠯᠵᠤ ᠦᠵᠡᠪᠡᠯ᠂ ᠡᠳᠡᠭᠡᠷ ᠵᠠᠩᠭᠢᠯᠠᠭ᠎ᠠ᠎ᠶ᠋ᠢᠨ ᠦᠭᠡ ᠨᠢ ᠪᠦᠬᠦ᠌ ᠤᠯᠤᠰ᠎ᠢ ᠪᠣᠳᠣᠯᠬᠢᠯᠠᠭ᠍ᠰᠠᠨ ᠪᠥᠭᠡᠳ ᠪᠣᠳᠠᠲᠠᠢ ᠵᠢ ᠪᠤᠳᠤᠯᠬᠢᠯᠠᠭᠰᠠᠨ ᠪᠠᠢᠵᠤ᠂ ᠲᠡᠭᠦᠨ᠎ᠦ ᠯᠠᠪᠳᠠᠭᠤᠨ ᠪᠠᠲᠤᠲᠠᠢ ᠪᠠᠢᠴᠠᠭᠠᠨ ᠰᠤᠳᠤᠯᠤᠯᠲᠠ ᠬᠢᠭ᠌ᠰᠡᠨ᠎ᠦ ᠳᠠᠷᠠᠭᠠᠬᠢ ᠤᠯᠠᠨ ᠬᠠᠷᠠᠭᠠᠰᠤ ᠪᠣᠯᠤᠨ ᠭᠦᠨᠵᠡᠭᠡᠢ ᠪᠣᠳᠣᠯᠬᠢᠯᠠᠯ᠎ᠢ ᠢᠯᠡᠷᠡᠭᠦᠯᠪᠡ᠃

《ᠡᠨᠡ ᠬᠣᠶᠠᠷ ᠡᠳᠦᠷ ᠪᠢ ᠲᠤᠱᠢᠶᠠᠬᠤ᠎ᠪᠠᠷ ᠪᠠᠢᠭ᠎ᠠ ᠰᠠᠨᠠᠯ ᠳᠤᠷᠠᠳᠤᠯᠭ᠎ᠠ᠎ᠪᠠᠨ ᠱᠠᠯᠠᠪᠳᠠᠨ ᠵᠠᠰᠠᠵᠤ ᠲᠡᠭᠦᠯᠳᠡᠷᠵᠢᠭᠦᠯᠵᠦ ᠪᠠᠢᠨ᠎ᠠ》 ᠃ ᠥᠩᠭᠡᠷᠡᠭ᠌ᠰᠡᠨ ᠨᠢᠭᠡ ᠵᠢᠯ᠎ᠦᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ ᠳᠠᠪᠲᠠᠯᠲᠠ ᠨᠢ ᠯᠢ ᠪᠢᠨ᠎ᠢ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠎ᠦ ᠡᠨᠡ ᠬᠦ᠌ ᠲᠤᠱᠢᠶᠠᠯ ᠬᠠᠷᠢᠭᠤᠴᠠᠯᠭ᠎ᠠ᠎ᠶ᠋ᠢᠨ ᠲᠤᠬᠠᠢ ᠨᠡᠩ ᠭᠦᠨᠵᠡᠭᠡᠢ ᠲᠠᠨᠢᠯᠲᠠ ᠪᠠ ᠲᠦᠷᠦᠭ᠌ᠳᠡᠯ᠎ᠲᠡᠶ ᠪᠣᠯᠭᠠᠵᠠᠢ᠂ ᠲᠡᠭᠦᠨ᠎ᠦ ᠠᠵᠢᠯ᠎ᠤᠨ ᠲᠡᠮᠳᠡᠭ᠌ᠯᠡᠯ᠎ᠳᠦ ᠲᠤᠬᠠᠢᠯᠠᠭ᠍ᠰᠠᠨ ᠠᠵᠢᠯ᠎ᠤᠨ ᠰᠠᠯᠠᠭ᠎ᠠ ᠮᠥᠴᠢᠷ᠂ ᠡᠮᠦᠨ᠎ᠡ ᠹᠷᠣᠨᠲ᠎ᠤᠨ ᠤᠰᠤᠨ ᠠᠱᠢᠭ᠍ᠯᠠᠯᠲᠠ᠎ᠶ᠋ᠢᠨ ᠠᠵᠢᠯᠲᠠᠳ᠎ᠲᠠᠶ ᠰᠣᠯᠢᠯᠴᠠᠬᠤ ᠳᠤᠮᠳᠠ ᠴᠤᠭ᠍ᠯᠠᠭᠤᠯᠤᠭ᠍ᠰᠠᠨ ᠰᠠᠨᠠᠯ ᠰᠠᠨᠠᠭᠤᠯᠭ᠎ᠠ᠎ᠶ᠋ᠢ ᠨᠠᠷᠢᠯᠢᠬ ᠲᠣᠳᠣᠷᠬᠠᠢ ᠲᠡᠮᠳᠡᠭ᠌ᠯᠡᠵᠦ᠍ ᠪᠤᠢ᠃ ᠲᠡᠷᠡ᠂ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ᠎ᠦᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠶ᠋ᠢ ᠲᠤᠬᠠᠢᠯᠠᠭ᠍ᠰᠠᠨ ᠠᠵᠢᠯ᠎ᠲᠠᠶ᠎ᠪᠠᠨ ᠤᠶᠠᠯᠳᠤᠭᠤᠯᠵᠤ᠂ ᠲᠤᠰᠭᠠᠢ ᠮᠡᠷᠭᠡᠵᠢᠯ᠎ᠦᠨ ᠬᠦᠷᠢᠶ᠎ᠡ ᠪᠠ ᠠᠷᠠᠳ ᠤᠯᠠᠨ᠎ᠤ ᠪᠤᠳᠤᠯ ᠰᠠᠨᠠᠯ ᠯᠤᠭ᠎ᠠ ᠵᠢᠨ ᠤᠶᠠᠯᠳᠤᠯ᠎ᠤᠨ ᠴᠡᠭ᠎ᠢ ᠡᠷᠢᠵᠦ᠍ ᠣᠯᠪᠠᠯ᠂ ᠰᠠᠨᠠᠯ ᠳᠤᠷᠠᠳᠤᠯᠭ᠎ᠠ ᠰᠠᠶᠢ ᠨᠡᠩ ᠬᠦᠴᠦᠨ᠎ᠲᠡᠶ ᠪᠤᠯᠵᠤ ᠤᠯᠠᠨ ᠲᠦᠮᠡᠨ᠎ᠲᠡᠶ  ᠨᠡᠩ  ᠣᠢᠷᠠᠳᠴᠤ᠌ ᠴᠢᠳᠠᠨ᠎ᠠ ᠭᠡᠵᠦ ᠦᠵᠡᠵᠦ ᠪᠠᠢᠨ᠎ᠠ᠃

ᠴᠢᠭ᠌ᠯᠡᠯ᠎ᠢᠶᠡᠨ ᠲᠣᠭ᠍ᠲᠠᠭᠠᠬᠤ᠎ᠳᠤ ᠠᠰᠠᠭᠤᠳᠠᠯ᠎ᠢ ᠨᠡᠪᠲᠡ ᠵᠠᠳᠠᠯᠬᠤ ᠬᠡᠷᠡᠭ᠌ᠲᠡᠢ᠃ ᠯᠢ ᠪᠢᠨ ᠥᠪᠥᠷ ᠮᠣᠩᠭᠣᠯ᠎ᠤᠨ ᠤᠯᠠᠨ ᠭᠠᠵᠠᠷ ᠲᠦ᠍ ᠬᠦᠷᠴᠤ ᠪᠤᠳᠠᠳᠠᠢ ᠲᠣᠭᠣᠷᠢᠨ ᠦᠵᠡᠬᠦ ᠪᠡᠷ ᠲᠠᠮᠵᠢᠨ ᠡᠮᠦᠨ᠎ᠡ ᠹᠷᠣᠨᠲ ᠡᠴᠡ ᠪᠣᠷᠣ ᠮᠠᠲ᠋ᠧᠷᠢᠶᠠᠯ ᠡᠷᠢᠵᠦ᠍᠂ ᠠᠵᠢᠯ᠎ᠤᠨ ᠰᠠᠭᠤᠷᠢ᠎ᠪᠠᠨ ᠪᠡᠬᠢᠵᠢᠭᠦᠯᠵᠦ᠍᠂ ᠰᠠᠨᠠᠯ ᠳᠤᠷᠠᠳᠤᠯᠭ᠎ᠠ᠎ᠶ᠋ᠢᠨ ᠵᠢᠡᠨ ᠶᠠᠰᠤ ᠴᠢᠨᠠᠷ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠪᠡ᠃ ᠲᠡᠷᠡ᠂ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠲᠣᠮᠣ ᠲᠠᠩᠰᠠ᠂ ᠠᠯᠤᠰ ᠬᠡᠲᠦ᠍᠎ᠶ᠋ᠢᠨ ᠲᠠᠩᠰᠠ᠂ ᠶᠡᠷᠦᠩᠬᠡᠢᠯᠡᠭ᠌ᠰᠡᠨ ᠲᠠᠩᠰᠠ᠎ᠶ᠋ᠢ ᠰᠠᠢᠲᠤᠷ ᠪᠤᠳᠤᠪᠠᠯ ᠰᠠᠶᠢ ᠬᠥᠬᠡᠮᠳᠦᠭ ᠨᠣᠭᠣᠭᠠᠨ ᠠᠭᠤᠯᠠ ᠤᠰᠤ᠎ᠶ᠋ᠢ ᠬᠠᠮᠠᠭᠠᠯᠠᠬᠤ ᠪᠥᠭᠡᠳ ᠠᠯᠲᠠ ᠮᠥᠩᠭᠥᠨ ᠠᠭᠤᠯᠠ᠎ᠶ᠋ᠢ ᠴᠤᠭᠴᠠᠯᠠᠵᠤ  ᠴᠢᠳᠠᠨ᠎ᠠ ᠭᠡᠵᠦ ᠦᠵᠡᠵᠦ ᠪᠠᠢᠨ᠎ᠠ᠃ 《ᠨᠢᠳᠤᠨᠤᠨ᠎ᠤ ᠬᠣᠶᠠᠷ ᠬᠤᠪᠢ ᠰᠠᠨᠠᠯ ᠳᠤᠷᠠᠳᠤᠯᠭ᠎ᠠ᠎ᠳᠤ᠂ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠨ ᠬᠢᠨ ᠴᠥᠮ ᠪᠢᠴᠢᠭ᠎ᠦᠨ ᠬᠡᠯᠪᠡᠷᠢ᠎ᠪᠡᠷ ᠰᠠᠨᠠᠯ᠎ᠳᠤ ᠬᠠᠷᠢᠭᠤᠯᠳᠠ ᠦᠭᠴᠤ᠂ ᠡᠨᠡ ᠬᠤᠭᠤᠴᠠᠭᠠᠨ᠎ᠳᠤᠨᠢ ᠤᠯᠠᠨ ᠤᠳᠠᠭ᠎ᠠ ᠨᠠᠳᠠ᠎ᠲᠠᠶ ᠤᠲᠠᠰᠤ᠎ᠪᠠᠷ ᠶᠠᠷᠢᠯᠴᠠᠪᠠ᠃ ᠪᠣᠳᠠᠲᠠᠶ ᠪᠠᠢᠳᠠᠯ᠎ᠡᠴᠡ ᠦᠵᠡᠪᠡᠯ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠎ᠶ᠋ᠢᠨ ᠡᠷᠴᠢᠮ ᠲᠠᠰᠤᠷᠠᠯᠲᠠ ᠥᠬᠡᠶ ᠴᠢᠩᠭᠠᠷᠠᠵᠤ᠂ ᠲᠠᠷᠢᠶᠠᠨ ᠭᠠᠵᠠᠷ᠎ᠤᠨ ᠤᠰᠤᠯᠠᠯᠲᠠ᠎ᠶ᠋ᠢᠨ ᠤᠰᠤ᠎ᠶ᠋ᠢ ᠠᠷᠪᠢᠯᠠᠨ ᠬᠡᠷᠡᠭ᠌ᠯᠡᠬᠦ᠌ ᠲᠦᠪᠱᠢᠨ ᠦᠷᠭᠦᠯᠵᠢᠯᠡᠨ ᠳᠡᠭᠡᠭ᠌ᠰᠢᠯᠡᠵᠠᠢ᠂ ᠰᠠᠨᠠᠯ ᠲᠤᠷᠠᠳᠤᠯᠭ᠎ᠠ ᠳᠤᠷᠠᠳᠭᠤ ᠬᠦᠴᠦᠨ ᠴᠢᠳᠠᠯ᠎ᠨᠢ ᠨᠠᠮᠠᠶ᠋ᠢ  ᠵᠤᠷᠢᠭᠵᠢᠭᠤᠯᠵᠤ ᠂ ᠬᠣᠢᠱᠢᠳᠠ᠎ᠶ᠋ᠢᠨ ᠠᠵᠢᠯ᠎ᠤᠨ ᠴᠢᠭ᠌ᠯᠡᠬᠦᠯᠤᠯᠲᠦ ᠴᠢᠨᠠᠷ ᠪᠠ ᠢᠳᠡᠪᠬᠢᠵᠢᠯ ᠨᠠᠩ ᠴᠢᠩᠭᠠᠷᠠᠭ᠍ᠰᠠᠨ ᠪᠠᠢᠨ᠎ᠠ》᠃ ᠯᠢ ᠪᠢᠨ᠂ ᠠᠵᠢᠯ᠎ᠤᠨ ᠥᠩᠭᠡᠷᠡᠯᠲᠡ ᠪᠠ ᠶᠡᠬᠡ ᠬᠡᠮᠵᠢᠶᠡᠨ᠎ᠦ ᠪᠠᠢᠴᠠᠭᠠᠨ ᠰᠤᠳᠤᠯᠤᠯᠲᠠ᠎ᠶ᠋ᠢᠨ ᠲᠣᠭ᠎ᠠ ᠪᠠᠷᠢᠮᠲᠠ᠎ᠲᠠᠶ ᠪᠠᠨ ᠤᠶᠠᠯᠳᠤᠭᠤᠯᠤᠨ᠂ ᠡᠨᠡ ᠵᠢᠯ ᠲᠡᠷᠡ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ᠎ᠦᠨ ᠭᠤᠷᠪᠠᠨ ᠶᠡᠬᠡ ᠪᠡᠯᠭᠡ ᠲᠡᠮᠳᠡᠭ᠎ᠦᠨ ᠴᠢᠨᠠᠷᠲᠠᠶ ᠳᠠᠢᠯᠠᠯᠳᠤᠭᠠᠨ᠎ᠤ《ᠤᠰᠤ᠎ᠪᠠᠷ ᠪᠤᠬᠢᠷᠳᠤᠯ ᠦᠭᠡᠢ᠎ᠶ᠋ᠢ ᠲᠣᠭ᠍ᠲᠠᠭᠠᠬᠤ》 ᠪᠠ ᠤᠰᠤ ᠬᠡᠷᠡᠭ᠌ᠯᠡᠬᠦ᠌ ᠡᠷᠬᠡ᠎ᠶ᠋ᠢᠨ ᠲᠦᠷᠢᠮ᠎ᠢ ᠲᠤᠬᠳᠠᠭᠠᠬᠤ ᠲᠤᠬᠠᠶ ᠰᠠᠨᠠᠯ ᠳᠤᠷᠠᠳᠤᠯᠭ᠎ᠠ ᠳᠡᠪᠱᠢᠭᠦᠯᠬᠦ᠌᠎ᠪᠡᠷ ᠪᠠᠢᠨ᠎ᠠ ᠭᠡᠵᠦ ᠲᠠᠨᠢᠯᠴᠠᠭᠤᠯᠪᠠ᠃

《ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠎ᠦ ᠲᠤᠱᠢᠶᠠᠯ᠎ᠢ ᠡᠭᠦᠷᠭᠡᠯᠡᠬᠦ᠌ ᠨᠢ ᠡᠷᠬᠢᠮ ᠳᠡᠭᠡᠳᠦ ᠢᠷᠠᠭᠤ ᠠᠯᠳᠠᠷ ᠪᠣᠯᠬᠤ ᠪᠥᠭᠡᠳ ᠪᠠᠰᠠ ᠬᠦᠨᠳᠦ ᠴᠢᠬᠤᠯᠠ ᠬᠠᠷᠢᠭᠤᠴᠠᠯᠭ᠎ᠠ ᠪᠣᠯᠤᠨ᠎ᠠ᠃ ᠨᠢᠭᠡ ᠵᠢᠯ᠎ᠦᠨ ᠲᠤᠷᠰᠢ᠂ ᠪᠢ 〈ᠤᠯᠤᠰ ᠲᠦᠷᠦ᠍᠎ᠶ᠋ᠢᠨ ᠵᠥᠪᠯᠡᠯᠭᠡᠨ᠎ᠢ ᠣᠢᠯᠠᠭᠠᠬᠤ᠂ ᠵᠥᠪᠯᠡᠯᠭᠡ ᠬᠢᠵᠦ᠍ ᠴᠢᠳᠠᠬᠤ᠂ ᠲᠦᠷᠦ᠍᠎ᠶ᠋ᠢᠨ ᠶᠠᠪᠤᠳᠠᠯ᠎ᠢ ᠵᠥᠪᠯᠡᠬᠦ᠌᠎ᠳᠡᠭᠡᠨ ᠴᠢᠳᠠᠮᠠᠭᠠᠢ ᠪᠤᠯᠬᠤ᠂ ᠰᠠᠬᠢᠯᠭ᠎ᠠ ᠪᠠᠲᠤ᠎ᠶ᠋ᠢ ᠰᠠᠬᠢᠬᠤ᠂ ᠶᠣᠰᠣ ᠲᠦᠷᠢᠮ᠎ᠢ ᠡᠷᠬᠢᠮᠯᠡᠬᠦ᠌᠂ ᠵᠠᠩ ᠰᠤᠷᠲᠠᠯ᠎ᠢ ᠴᠢᠬᠤᠯᠠᠴᠢᠯᠠᠬᠤ 〉 ᠱᠠᠭᠠᠷᠳᠠᠯᠭ᠎ᠠ᠎ᠶ᠋ᠢ ᠴᠠᠭ ᠢᠮᠠᠭ᠍ᠲᠠ ᠪᠠᠲᠤ ᠴᠡᠭᠡᠵᠢᠯᠡᠵᠦ᠍᠂ ᠤᠯᠤᠰ᠎ᠤᠨ ᠲᠥᠯᠥᠭᠡ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠠᠷᠠᠳ᠎ᠤᠨ ᠲᠥᠯᠥᠭᠡ ᠬᠠᠷᠢᠭᠤᠴᠠᠯᠭ᠎ᠠ᠎ᠪᠠᠨ ᠭᠦᠢᠴᠡᠳᠭᠡᠪᠡ᠃ ᠬᠣᠢᠱᠢᠳᠠ ᠲᠤᠰ ᠪᠡᠶ᠎ᠡ᠎ᠶ᠋ᠢᠨ ᠳᠠᠪᠠᠭᠤᠯᠢᠭ᠎ᠢᠶᠠᠨ ᠦᠷᠭᠦᠯᠵᠢᠯᠡᠨ ᠪᠠᠳᠠᠷᠠᠭᠤᠯᠵᠤ᠂ ᠠᠷᠠᠳ ᠤᠯᠠᠨ᠎ᠤ ᠰᠡᠳᠭᠢᠯ᠎ᠦᠨ ᠦᠭᠡ᠎ᠶ᠋ᠢ ᠶᠠᠷᠢᠵᠤ᠂ ᠢᠲᠡᠭᠡᠯ ᠬᠦᠰᠡᠯ᠎ᠢ ᠳᠠᠮᠵᠢᠭᠤᠯᠵᠤ᠂ ᠭᠡᠱᠢᠭᠦᠳ᠎ᠦᠨ ᠳᠠᠰᠭᠠᠯ᠎ᠢ ᠰᠠᠢᠲᠤᠷ ᠬᠢᠵᠦ᠍᠂ ᠴᠠᠭ ᠦᠶ᠎ᠡ᠎ᠶ᠋ᠢᠨ ᠬᠠᠷᠢᠭᠤᠯᠲᠠ᠎ᠶ᠋ᠢᠨ ᠬᠠᠭᠤᠳᠠᠰᠤ᠎ᠶ᠋ᠢ ᠰᠠᠢᠲᠤᠷ  ᠪᠢᠴᠢᠭᠯᠡᠨ᠎ᠠ 》 ᠬᠡᠵᠦ ᠤᠳᠠᠯ ᠦᠭᠡᠢ ᠬᠤᠷᠠᠯᠳᠤᠬᠤ ᠭᠡᠵᠦ᠍ ᠪᠠᠢᠭ᠎ᠠ ᠪᠦᠬᠦ᠌ ᠤᠯᠤᠰ᠎ᠤᠨ ᠬᠣᠶᠠᠷ ᠬᠤᠷᠠᠯ᠎ᠳᠤ ᠯᠢ ᠪᠢᠨ ᠮᠠᠰᠢ ᠶᠡᠬᠡ ᠬᠦᠰᠡᠯ ᠡᠷᠡᠮᠡᠯᠵᠡᠯ ᠲᠠᠯᠪᠢᠵᠤ ᠪᠠᠢᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号