ᠳᠦ ᠭᠠᠩ ᠲᠥᠯᠥᠭᠡᠯᠡᠭᠴᠢ ᠄ ᠦᠨᠡᠨᠴᠢ ᠡᠬᠦᠷᠬᠡᠯᠡᠯ ᠰᠢᠷᠭᠠᠭᠤ ᠴᠢᠷᠮᠠᠢᠯᠭ᠎ᠠ ᠪᠡᠷ ᠠᠷᠠᠳ ᠲᠦᠮᠡᠨ᠎ᠦ ᠬᠦᠰᠡᠯ ᠨᠠᠢᠳᠠᠯᠭ᠎ᠠ ᠵᠢ ᠦᠯᠦ ᠬᠥᠰᠡᠷᠳᠡᠭᠦᠯᠤᠨ᠎ᠠ
2024-02-27 10:31:15
ᠵᠣᠬᠢᠶᠠᠭ᠍ᠴᠢ᠄
ᠬᠤᠤ ᠵᠢᠶᠠ ᠯᠢ
ᠣᠩᠱᠢᠭ᠍ᠰᠠᠨ ᠣᠳᠠᠭ᠎ᠠ᠄
★★★☆☆

ᠡᠰᠢ ᠰᠦᠷᠡᠯ᠎ᠢ ᠠᠷᠢᠯᠭᠠᠨ᠂ ᠲᠠᠷᠢᠶᠠᠯᠠᠩ᠎ᠤᠨ ᠮᠠᠰᠢᠨ ᠵᠢᠨᠨ ᠰᠡᠯᠪᠢᠨ ᠵᠠᠰᠠᠵᠤ ᠂ ᠲᠠᠷᠢᠶᠠᠨ ᠦᠷ᠎ᠡ᠎ᠰᠣᠩᠭᠣᠨ᠎ᠠ ᠁ ᠴᠠᠭᠠᠨ ᠰᠠᠷ᠎ᠠ᠎ᠶᠢᠨ ᠰᠢᠨ᠎ᠡ᠎ᠶᠢᠨ ᠲᠤᠯᠤᠭᠠᠨ᠎ᠳᠤ᠂ ᠤᠯᠠᠨ᠎ᠢᠶᠠᠷ᠎ᠢᠶᠠᠨ ᠶᠠᠭ ᠰᠠᠶ᠍ᠢᠬᠠᠨ ᠴᠠᠭᠠᠨ ᠰᠠᠷ᠎ᠠ᠎ᠶᠢᠨ ᠠᠭᠤᠷ ᠠᠮᠢᠰᠬᠤᠯ᠎ᠳᠤ ᠰᠣᠭᠲᠣᠭᠤᠷᠠᠵᠤ ᠪᠠᠢᠬᠤ ᠦᠶ᠎ᠡ᠎ᠳᠦ᠂ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢ᠂ ᠬᠢᠩᠭᠠᠨ ᠠᠢᠮᠠᠭ᠎ᠤᠨ ᠵᠠᠯᠠᠢᠳ ᠬᠣᠰᠢᠭᠤᠨ᠎ᠤ ᠬᠤᠯᠪᠤᠭ᠎ᠠ ᠪᠠᠯᠭᠠᠰᠤᠨ᠎ᠤ ᠦ᠋ ᠳ᠋ᠣᠣ ᠾᠧ ᠽᠢ ᠲᠠᠷᠢᠶᠠᠯᠠᠩ ᠮᠠᠯ ᠠᠵᠤ ᠠᠬᠤᠢ᠎ᠶᠢᠨ ᠲᠤᠰᠬᠠᠢ ᠬᠤᠷᠰᠢᠶ᠎ᠠ᠎ᠶᠢᠨ ᠬᠡᠷᠡᠭ ᠡᠷᠬᠢᠯᠡᠭᠴᠢᠳ᠎ᠦᠨ ᠳᠠᠷᠤᠭ᠎ᠠ ᠳᠦ ᠭᠠᠩ ᠬᠠᠪᠤᠷ᠎ᠤᠨ ᠲᠠᠷᠢᠶᠠᠯᠠᠭ᠎ᠠ᠎ᠶᠢᠨ ᠠᠵᠢᠯ ᠳ᠋ᠠᠭᠠᠨ ᠪᠡᠯᠡᠳᠬᠡᠵᠦ ᠶᠠᠭᠠᠷᠠᠨ᠎ᠠ᠃ 《ᠡᠷᠲᠡ᠎ᠡᠴᠡ ᠲᠥᠯᠥᠪᠯᠡᠵᠦ᠂ ᠡᠷᠲᠡ᠎ᠡᠴᠡ ᠠᠵᠢᠯ᠎ᠢᠶᠠᠨ ᠡᠬᠢᠯᠡᠭᠦᠯᠦᠨ᠎ᠡ᠂ ᠢᠩᠭᠢᠪᠡᠯ ᠰᠠᠶ᠍ᠢ ᠠᠵᠢᠯ᠎ᠤᠨ ᠳᠤᠮᠳᠠ᠎ᠪᠠᠨ ᠲᠣᠰᠬᠣᠨ᠎ᠤ ᠠᠷᠠᠳ᠎ᠤᠨ ᠬᠦᠰᠡᠯ ᠱᠠᠭᠠᠷᠳᠠᠯᠭ᠎ᠠ᠎ᠶᠢ ᠣᠢᠯᠠᠭᠠᠵᠤ᠂ ᠤᠯᠠᠨ ᠲᠦᠮᠡᠨ᠎ᠦ ᠰᠡᠳᠬᠢᠯ᠎ᠦᠨ ᠦᠭᠡ᠎ᠶᠢ ᠬᠣᠶᠠᠷ ᠬᠤᠷᠠᠯ ᠳᠡᠭᠡᠷ᠎ᠡ ᠳᠠᠮᠵᠢᠭᠤᠯᠵᠤ ᠲᠠᠶ᠋ᠢᠯᠤᠨ᠎ᠠ》᠃ ᠲᠠᠷᠢᠶᠠᠨ ᠠᠵᠢᠯ᠎ᠳᠠᠭᠠᠨ ᠶᠠᠭᠠᠷᠠᠬᠤ ᠵᠢᠨ ᠲᠠᠭᠠᠥ ᠳᠦ ᠭᠠᠩ ᠠᠷᠠᠳ᠎ᠤᠨ ᠪᠠᠢᠳᠠᠯ᠎ᠢ ᠣᠢᠯᠠᠭᠠᠬᠤ᠂ ᠠᠷᠠᠳ᠎ᠤᠨ ᠬᠦᠰᠡᠯ ᠰᠠᠨᠠᠭ᠎ᠠ᠎ᠶᠢ ᠴᠤᠭᠯᠠᠭᠤᠯᠬᠤ᠎ᠪᠠᠨ ᠮᠠᠷᠲᠠᠯ ᠦᠭᠡᠢ ᠪᠡᠷ  ᠬᠣᠶᠠᠷ ᠬᠤᠷᠠᠯ᠎ᠤᠨ ᠰᠠᠨᠠᠭᠤᠯᠭ᠎ᠠ᠎ᠪᠠᠨ ᠲᠠᠰᠤᠷᠠᠯᠲᠠ ᠦᠭᠡᠢ ᠲᠡᠭᠦᠯᠳᠡᠷᠵᠢᠭᠦᠯᠦᠨ᠎ᠠ᠃

《85 ᠤᠨ ᠡᠴᠡ ᠬᠤᠢᠰᠢ ᠲᠦᠷᠦᠭᠰᠡᠳ》 ᠎ᠤ᠋ᠨ ᠨᠢᠭᠡ  ᠪᠤᠯᠬᠤ  ᠳᠦ ᠭᠠᠩ ᠶᠡᠬᠡ ᠰᠤᠷᠭᠠᠭᠤᠯᠢ ᠲᠡᠭᠦᠰᠦᠭᠰᠡᠨ᠎ᠦ ᠳᠠᠷᠠᠭ᠎ᠠ ᠨᠤᠲᠤᠭ᠎ᠲᠠᠭᠠᠨ ᠦᠯᠡᠳᠡᠵᠦ᠂ ᠠᠪᠤ᠎ᠶᠢᠨ᠎ᠢᠶᠡᠨ ᠪᠤᠤᠬᠢᠶ᠎ᠠ᠎ᠶᠢ ᠵᠠᠯᠭᠠᠵᠦ᠂ ᠰᠢᠨ᠎ᠡ ᠴᠠᠭ ᠦᠶ᠎ᠡ᠎ᠶᠢᠨ ᠲᠠᠷᠢᠶᠠᠴᠢᠨ ᠪᠣᠯᠵᠤ᠂ ᠨᠤᠲᠤᠭ᠎ᠤᠨ᠎ᠢᠶᠠᠨ ᠥᠷᠭᠡᠨ ᠠᠭᠤᠳᠠᠮ ᠬᠠᠷ᠎ᠠ ᠬᠥᠷᠥᠰᠥᠨ᠎ᠳᠦ ᠬᠦᠴᠦ ᠬᠥᠯᠥᠰᠦ᠎ᠪᠡᠨ ᠤᠷᠤᠰᠬᠠᠵᠤ᠂ ᠪᠦᠬᠦ ᠰᠡᠳᠬᠢᠯ ᠪᠦᠬᠦ ᠵᠣᠷᠢᠭ᠋᠎ᠢᠶᠠᠷ᠎ᠢᠶᠠᠨ ᠨᠤᠲᠤᠭ᠎ᠤᠨ ᠠᠬ᠎ᠠ ᠳᠡᠭᠦᠦ ᠨᠠᠷ᠎ᠢᠶᠡᠨ ᠳᠠᠭᠠᠭᠤᠯᠤᠨ ᠠᠵᠢᠯᠯᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠠᠷᠠᠳ᠎ᠤᠨ ᠲᠥᠯᠥᠭᠡᠯᠡᠭᠴᠢ᠎ᠶᠢᠨ ᠬᠠᠷᠢᠭᠤᠴᠠᠯᠭ᠎ᠠ ᠪᠠ ᠡᠭᠦᠷᠭᠡᠯᠡᠯ᠎ᠢᠶᠡᠨ ᠦᠢᠯᠡᠳᠦᠯᠭᠡᠵᠢᠭᠦᠯᠵᠡᠢ᠃

ᠰᠢᠨ᠎ᠡ ᠴᠠᠭ ᠦᠶ᠎ᠡ᠎ᠶᠢᠨ 《 ᠰᠢᠨ᠎ᠡ ᠲᠠᠷᠢᠶᠠᠴᠢᠨ 》 ᠪᠣᠯᠤᠭᠰᠠᠨ᠎ᠤ ᠬᠤᠪᠢ᠎ᠳᠤ᠂ ᠳᠦ ᠭᠠᠩ ᠰᠢᠨᠵᠢᠯᠡᠬᠦ ᠤᠬᠠᠭᠠᠨᠴᠢ᠎ᠪᠠᠷ ᠲᠠᠷᠢᠶ᠎ᠠ ᠲᠠᠷᠢᠬᠤ᠎ᠶᠢ ᠥᠪᠡᠷ᠎ᠦᠨ ᠲᠤᠬᠠᠢᠯᠠᠭᠰᠠᠨ ᠠᠵᠢᠯ᠎ᠤᠨ ᠬᠥᠭᠡᠭᠡᠴᠡᠯᠳᠦᠯ᠎ᠢᠶᠡᠨ ᠪᠣᠯᠭᠠᠪᠠ᠃ ᠬᠤᠷᠰᠢᠶ᠎ᠠ ᠪᠠᠢᠭᠤᠯᠤᠭᠰᠠᠨ᠎ᠤ ᠲᠠᠷᠠᠭ᠎ᠠ᠂ ᠲᠡᠷᠡ ᠭᠡᠰᠢᠭᠦᠳ᠎ᠢᠶᠡᠨ ᠳᠠᠭᠠᠭᠤᠯᠤᠨ ᠲᠠᠷᠢᠵᠦ ᠤᠷᠭᠤᠭᠤᠯᠬᠤ ᠮᠡᠷᠭᠡᠵᠢᠯ᠎ᠢᠶᠡᠨ ᠰᠠᠢᠵᠢᠷᠠᠭᠤᠯᠵᠤ᠂ ᠠᠮᠤ ᠪᠤᠳᠠᠭᠠᠨ᠎ᠤ ᠤᠨᠠᠯᠲᠠ᠎ᠶᠢ ᠨᠡᠮᠡᠭᠳᠡᠭᠦᠯᠬᠦ᠎ᠶᠢ ᠠᠬᠢᠭᠤᠯᠪᠠ᠃ 2023 ᠣᠨ᠎ᠤ ᠡᠬᠢ᠎ᠪᠡᠷ᠂ ᠵᠠᠯᠠᠢᠳ ᠬᠣᠰᠢᠭᠤᠨ᠎ᠳᠤ ᠬᠦᠢᠲᠡᠨ ᠠᠭᠤᠷ ᠠᠮᠢᠰᠬᠤᠯ ᠢᠯᠡᠷᠡᠭᠰᠡᠨ ᠦᠶ᠎ᠡ᠎ᠳᠤ᠂ ᠠᠮᠤ ᠪᠤᠳᠠᠭᠠᠨ᠎ᠤ ᠤᠨᠠᠯᠲᠠ᠎ᠶᠢ ᠨᠥᠯᠥᠭᠡᠯᠡᠬᠦ ᠦᠭᠡᠢ ᠪᠠᠢᠬᠤ᠎ᠶᠢ ᠦᠨᠡᠨ ᠬᠦ᠌ ᠪᠠᠲᠤᠯᠠᠬᠤ᠎ᠶᠢᠨ ᠲᠥᠯᠥᠭᠡ᠂ ᠬᠣᠷᠰᠢᠶ᠎ᠠ ᠨᠢ  ᠳᠣᠣᠷ᠎ᠠ ᠳᠤᠯᠠᠭᠠᠨ᠎ᠳᠤ ᠰᠦᠯᠢᠶᠤᠤ ᠪᠦᠷᠬᠦᠪᠴᠢ ᠪᠦᠷᠬᠦᠬᠦ ᠵᠡᠷᠭᠡ ᠮᠡᠷᠭᠡᠵᠢᠯ᠎ᠢ ᠬᠡᠷᠡᠭᠯᠡᠨ ᠡᠷᠳᠡᠨᠢ ᠰᠢᠰᠢ ᠪᠣᠯᠣᠨ ᠰᠢᠷ᠎ᠠ ᠪᠤᠷᠴᠠᠭ᠎ᠤᠨ ᠤᠷᠭᠤᠯᠳᠠ ᠵᠢ ᠪᠠᠳᠤᠯᠠᠪᠠ᠃ ᠨᠠᠮᠤᠷ᠎ᠤᠨ ᠤᠯᠠᠷᠢᠯ᠎ᠳᠤ ᠤᠨᠠᠯᠲᠠ᠎ᠶᠢ ᠬᠡᠮᠵᠢᠨ ᠪᠤᠳᠤᠬᠤ ᠦᠶ᠎ᠡ᠎ᠳᠦ᠂ ᠳᠦ ᠭᠠᠩ᠎ᠤᠨ ᠳᠠᠷᠢᠭ᠍ᠰᠠᠨ ᠡᠷᠳᠡᠨᠢ ᠰᠢᠰᠢ ᠪᠣᠯᠣᠨ ᠰᠢᠷ᠎ᠠ ᠪᠤᠷᠴᠠᠭ᠎ᠤᠨ ᠤᠨᠠᠯᠲᠠ ᠨᠢ ᠴᠥᠮ ᠥᠩᠭᠡᠷᠡᠭᠰᠡᠨ᠎ᠦ ᠲᠡᠮᠳᠡᠭᠯᠡᠯ᠎ᠢᠶᠡᠨ ᠰᠢᠨᠡᠳᠬᠡᠭᠰᠡᠨ᠎ᠢ ᠣᠯᠵᠤ ᠮᠡᠳᠡᠵᠡᠢ᠃ ᠡᠯᠪᠡᠭ ᠲᠤᠷᠰᠢᠯᠭ᠎ᠠ ᠪᠠ ᠰᠢᠷᠭᠠᠭᠤ ᠴᠢᠷᠮᠠᠢᠯᠭ᠎ᠠ᠎ᠪᠠᠷ᠎ᠢᠶᠠᠨ ᠳᠦ ᠭᠠᠩ 《ᠲᠣᠮᠣ᠌ ᠤᠯᠤᠰ᠎ᠤᠨ ᠲᠠᠷᠢᠶᠠᠨ ᠳᠠᠷᠬᠠᠨ》 ᠪᠦᠬᠦ ᠤᠯᠤᠰ᠎ᠤᠨ ᠲᠠᠷᠢᠶᠠᠴᠢᠨ᠎ᠤ ᠤᠷ᠎ᠠ ᠮᠡᠷᠭᠡᠵᠢᠯ᠎ᠦᠨ ᠤᠷᠤᠯᠳᠤᠭᠠᠨ᠎ᠳᠤ ᠰᠢᠯᠢᠳᠡᠭ ᠱᠠᠩᠨᠠᠯ ᠬᠦᠷᠲᠡᠪᠡ᠂ ᠡᠨᠡ ᠨᠢ ᠮᠥᠨᠴᠦ ᠲᠡᠭᠦᠨ᠎ᠳᠦ ᠤᠯᠭᠤᠬᠰᠠᠨ ᠬᠠᠮᠤᠭ᠎ᠤᠨ ᠰᠠᠢᠨ ᠬᠥᠬᠢᠭᠦᠯᠦᠯ ᠪᠣᠯᠣᠨ᠎ᠠ᠃

ᠳᠦ ᠭᠠᠩ᠎ᠤᠨ ᠳᠠᠭᠠᠭᠤᠯᠭ᠎ᠠ᠎ᠪᠠᠷ᠂ ᠨᠤᠲᠤᠭ᠎ᠤᠨ ᠠᠬ᠎ᠠ ᠳᠡᠭᠦᠦ ᠨᠠᠷ᠎ᠦᠨ ᠬᠢᠨᠢ ᠤᠷᠤᠯᠭ᠎ᠠ ᠡᠳᠦᠷ ᠡᠴᠡ ᠡᠳᠦᠷ ᠨᠡᠮᠡᠭᠳᠡᠵᠦ ᠂ ᠠᠮᠢᠳᠤᠷᠠᠯ ᠨᠢ ᠶᠠᠪᠤᠬᠤ ᠲᠤᠲᠤᠮ ᠥᠭᠡᠳᠡᠯᠡᠯ᠎ᠠ᠃ ᠳᠦ ᠭᠠᠩ᠂ ᠤᠯᠠᠨ᠎ᠤ ᠠᠮᠢᠳᠤᠷᠠᠯ ᠰᠠᠢᠵᠢᠷᠠᠵᠤ᠂ ᠣᠷᠣᠨ ᠰᠠᠭᠤᠴᠠ᠎ᠶᠢᠨ ᠣᠷᠴᠢᠨ ᠲᠣᠭᠣᠷᠢᠨ ᠰᠠᠢᠵᠢᠷᠠᠪᠠᠯ ᠰᠠᠶᠢ ᠨᠡᠩ ᠤᠯᠠᠨ ᠵᠠᠯᠠᠭᠤᠴᠤᠳ ᠲᠠᠷᠢᠶᠠᠯᠠᠩ᠎ᠤᠨ ᠦᠢᠯᠡᠳᠪᠦᠷᠢᠯᠡᠯ᠎ᠳᠦ ᠣᠷᠣᠯᠴᠠᠬᠤ ᠳᠤᠷᠠᠲᠠᠢ ᠪᠣᠯᠵᠤ᠂ ᠤᠯᠤᠰ᠎ᠤᠨ ᠠᠮᠤ ᠪᠤᠳᠠᠭᠠᠨ᠎ᠤ ᠠᠮᠤᠷ ᠲᠦᠪᠰᠢᠨ ᠨᠡᠩ ᠪᠠᠲᠤᠯᠠᠭ᠎ᠠ᠎ᠲᠠᠢ ᠪᠣᠯᠵᠤ ᠴᠢᠳᠠᠨ᠎ᠠ ᠭᠡᠵᠦ ᠬᠡᠯᠡᠨ᠎ᠡ᠃

ᠬᠠᠷ᠎ᠠ ᠬᠥᠷᠥᠰᠥᠨ᠎ᠳᠦ ᠲᠦᠷᠦᠵᠦ ᠦᠰᠦᠭᠰᠡᠨ ᠳᠦ ᠭᠠᠩ ᠨᠤᠲᠤᠭ ᠤᠰᠤᠨ᠎ᠤ᠎ᠪᠠᠨ ᠡᠨᠡ ᠬᠦ᠌ ᠬᠠᠷ᠎ᠠ ᠬᠥᠷᠥᠰᠥᠨ᠎ᠳᠦ ᠮᠠᠰᠢ ᠬᠠᠢᠷᠠᠲᠠᠢ᠂ ᠬᠠᠷ᠎ᠠ ᠬᠥᠷᠥᠰᠥᠨ᠎ᠦ ᠬᠤᠪᠢᠷᠠᠯᠲᠠ ᠨᠢ ᠲᠡᠭᠦᠨ᠎ᠦ ᠰᠡᠳᠬᠢᠯ ᠢ᠋ ᠴᠠᠭ ᠢᠮᠠᠭᠲᠠ ᠬᠤᠯᠪᠤᠵᠦ ᠪᠠᠢᠳᠠᠭ᠃ ᠣᠢᠷ᠎ᠠ᠎ᠶᠢᠨ ᠵᠢᠯ᠎ᠦᠳ᠎ᠲᠦ᠂ ᠬᠠᠷ᠎ᠠ ᠬᠥᠷᠥᠰᠥ 《ᠬᠤᠵᠢᠷᠳᠤᠬᠤ᠂ ᠬᠠᠲᠠᠭᠤᠷᠠᠬᠤ᠂ ᠨᠢᠮᠭᠡᠷᠡᠬᠦ》 ᠦᠵᠡᠭᠳᠡᠯ ᠪᠠᠰᠠ ᠣᠷᠣᠰᠢᠵᠤ᠂ ᠬᠠᠷ᠎ᠠ ᠬᠥᠷᠥᠰᠥ᠎ᠶᠢᠨ ᠢᠲᠡᠭᠲᠡᠯ ᠬᠦᠨᠳᠦ ᠨᠣᠴᠢᠲᠠᠢ ᠪᠣᠯᠵᠤ᠂ ᠬᠠᠷ᠎ᠠ ᠬᠥᠷᠥᠰᠥ᠎ᠶᠢ ᠬᠠᠮᠠᠭᠠᠯᠠᠬᠤ ᠶᠠᠪᠤᠳᠠᠯ ᠪᠠᠴᠢᠮ ᠲᠤᠯᠭᠠᠮ᠎ᠪᠣᠯᠵᠤ ᠪᠠᠢᠨ᠎ᠠ᠃ ᠡᠢᠮᠦ᠎ᠡᠴᠡ᠂ ᠡᠨᠡ ᠵᠢᠯ ᠳᠦ ᠭᠠᠩ ᠬᠠᠷ᠎ᠠ ᠬᠥᠷᠥᠰᠥ᠎ᠶᠢᠨ ᠬᠠᠮᠠᠭᠠᠯᠠᠯᠲᠠ᠎ᠶᠢ ᠨᠠᠩ ᠢᠯᠡᠭᠦᠦ ᠠᠩᠬᠠᠷᠬᠤ ᠪᠣᠯᠵᠠᠢ᠃ ᠪᠥᠬᠥ ᠤᠯᠤᠰ᠎ᠤᠨ ᠬᠣᠶᠠᠷ ᠬᠤᠷᠠᠯ ᠤᠳᠠᠯ ᠦᠭᠡᠢ ᠬᠤᠷᠠᠯᠳᠤᠬᠤ ᠭᠡᠵᠦ ᠪᠠᠢᠭ᠎ᠠ ᠲᠠᠰᠢᠷᠠᠮ᠎ᠳᠤ ᠲᠡᠷᠡ ᠬᠠᠷ᠎ᠠ ᠬᠥᠷᠥᠰᠥ᠎ᠶᠢ ᠬᠠᠮᠠᠭᠠᠯᠠᠬᠤ ᠲᠤᠬᠠᠢ ᠬᠣᠯᠪᠣᠭᠳᠠᠯ ᠪᠦᠬᠦᠢ ᠰᠠᠨᠠᠭᠤᠯᠭ᠎ᠠ᠎ᠶᠢ ᠬᠣᠶᠠᠷ ᠬᠤᠷᠠᠯ᠎ᠳᠤ ᠲᠡᠪᠰᠢᠬᠦᠯᠦᠨ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠨ ᠴᠢᠬᠤᠯᠠᠴᠢᠯᠠᠭ᠎ᠠ ᠪᠠ ᠳᠡᠮᠵᠢᠯᠭᠡ᠎ᠶᠢ ᠣᠯᠬᠤ᠎ᠶᠢ ᠬᠦᠰᠡᠵᠦ ᠪᠠᠢᠯ᠎ᠠ᠃

ᠳᠦ ᠭᠠᠩ᠄ 《ᠠᠷᠠᠳ᠎ᠢ ᠬᠠᠯᠠᠮᠵᠢᠯᠠᠵᠤ᠂ ᠠᠷᠠᠳ᠎ᠤᠨ ᠰᠠᠨᠠᠯ᠎ᠢ ᠰᠣᠨᠣᠰᠴᠤ᠂ ᠠᠷᠠᠳ᠎ᠤᠨ ᠰᠠᠨᠠᠭ᠎ᠠ᠎ᠶᠢ ᠲᠤᠰᠬᠠᠬᠤ ᠪᠣᠯ ᠠᠷᠠᠳ᠎ᠤᠨ ᠲᠥᠯᠥᠭᠡᠯᠡᠭᠴᠢ᠎ᠶᠢᠨ ᠦᠨᠳᠦᠰᠦᠨ ᠡᠭᠦᠷᠭᠡ ᠬᠠᠷᠢᠭᠤᠴᠠᠯᠭ᠎ᠠ ᠪᠣᠯᠣᠨ᠎ᠠ᠂ ᠪᠢ ᠴᠢᠩᠭ᠎ᠠ ᠬᠠᠷᠢᠭᠤᠴᠠᠯᠭᠠᠲᠤ ᠰᠡᠳᠬᠢᠯᠭᠡ᠎ᠪᠡᠷ ᠡᠭᠦᠷᠭᠡ ᠬᠠᠷᠢᠭᠤᠴᠠᠯᠭ᠎ᠠ᠎ᠪᠠᠨ ᠦᠨᠡᠨᠴᠢ ᠰᠢᠳᠤᠷᠭᠤ᠎ᠪᠡᠷ ᠭᠦᠢᠴᠡᠳᠬᠡᠵᠦ᠂ ᠠᠷᠠᠳ ᠲᠦᠮᠡᠨ᠎ᠦ ᠬᠦᠰᠡᠯ ᠡᠷᠡᠮᠡᠯᠵᠡᠯ᠎ᠢ ᠬᠥᠰᠡᠷᠳᠡᠭᠦᠯᠬᠦ ᠦᠭᠡᠢ》  ᠭᠡᠵᠦ ᠢᠯᠡᠳᠬᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号