ᠴᠠᠭᠠᠨ ᠰᠠᠷ᠎ᠠ ᠥᠩᠭᠡᠷᠡᠮᠡᠭ᠌ᠴᠡ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯ᠎ᠤᠨ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠪᠡᠯᠡ ᠣᠷᠣᠭᠤᠯᠤᠯᠲᠠ᠎ᠶ᠋ᠢᠨ ᠪᠦᠯᠦᠭ᠌ᠯᠡᠯ᠎ᠦᠨ ᠬᠢᠵᠠᠭᠠᠷᠲᠤ ᠺᠣᠮᠫᠠᠨᠢ᠎ᠶ᠋ᠢᠨ ᠪᠠᠢᠩᠭᠤ᠎ᠶ᠋ᠢᠨ ᠳᠡᠳ᠋ ᠶᠡᠷᠦᠩᠬᠡᠢ ᠳᠠᠭᠠᠭᠠᠮᠠᠯ ᠵᠠᠩ ᠯᠢ ᠸᠸᠨ ᠶᠠᠭᠠᠷᠠᠵᠦ ᠡᠬᠢᠯᠡᠪᠡ᠃ ᠡᠨᠡ ᠬᠡᠳᠦᠨ ᠡᠳᠦᠷ ᠲᠡᠷᠡ ᠨᠢᠭᠡ ᠵᠢᠯ᠎ᠦᠨ ᠲᠤᠷᠱᠢᠬᠢ ᠭᠡᠱᠢᠭᠦᠳ᠎ᠦᠨ ᠡᠭᠦᠷᠭᠡ ᠲᠤᠱᠢᠶᠠᠯ᠎ᠢᠶᠠᠨ ᠭᠦᠢᠴᠡᠳᠭᠡᠭ᠌ᠰᠡᠨ ᠲᠡᠮᠳᠡᠭ᠌ᠯᠡᠯ ᠪᠣᠯᠤᠨ ᠪᠠᠢᠴᠠᠭᠠᠨ ᠰᠤᠳᠤᠯᠤᠯᠲᠠ ᠵᠢᠨ ᠳ᠋ᠦᠩᠨᠡᠯᠲᠡ᠎ᠪᠠᠨ ᠨᠠᠷᠢᠨ ᠬᠢᠨᠠᠮᠠᠭᠠᠢ ᠡᠮᠬᠢᠯᠡᠵᠦ᠍᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠬᠣᠶᠠᠳᠤᠭᠠᠷ ᠬᠤᠷᠠᠯ᠎ᠳᠤ ᠳᠡᠪᠱᠢᠭᠦᠯᠬᠦ᠌ ᠰᠠᠨᠠᠯ ᠳᠤᠷᠠᠳᠤᠯᠭ᠎ᠠ᠎ᠪᠠᠨ ᠲᠡᠭᠦᠯᠳᠡᠷᠵᠢᠭᠦᠯᠵᠦ ᠪᠠᠢᠯ᠎ᠠ᠃
ᠰᠠᠶᠢᠬᠠᠨ ᠥᠩᠭᠡᠷᠡᠭ᠌ᠰᠡᠨ 2023 ᠣᠨ᠎ᠢᠶᠠᠨ ᠡᠷᠭᠢᠴᠡᠭᠦᠯᠬᠦᠶ᠎ᠡ᠂ ᠵᠠᠩ ᠯᠢ ᠸᠸᠨ 《ᠤᠯᠤᠯᠳᠠ ᠲᠦᠭᠦᠷᠡᠡᠭ 》 ᠭᠡᠵᠦ ᠳ᠋ᠦᠩᠨᠡᠪᠡ᠃ ᠨᠢᠳᠤᠨᠤᠨ᠎ᠤ ᠪᠥᠬᠥ᠌ ᠤᠯᠤᠰ᠎ᠤᠨ ᠬᠣᠶᠠᠷ ᠬᠤᠷᠠᠯ ᠳᠡᠭᠡᠷ᠎ᠡ᠂ ᠵᠠᠩ ᠯᠢ ᠸᠸᠨ᠎ᠤ ᠳᠡᠪᠱᠢᠭᠦᠯᠦᠭ᠌ᠰᠡᠨ ᠬᠡᠷᠡᠯᠴᠢ ᠴᠡᠨᠡᠭ᠎ᠦᠨ ᠠᠵᠤ ᠦᠶ᠋ᠯᠡᠰ᠎ᠦᠨ ᠪᠣᠬᠢᠷᠲᠤᠯ ᠥᠬᠡᠶ ᠪᠢᠲᠡᠭᠦᠮᠵᠢᠯᠡᠭᠰᠡᠨ ᠭᠤᠭᠴᠤᠭ᠎ᠠ ᠵᠢ ᠪᠡᠶᠡᠯᠡᠭᠦᠯᠬᠦ᠌ᠲᠤᠬᠠᠶ ᠰᠠᠨᠠᠯ ᠳᠤᠷᠠᠳᠤᠯᠭ᠎ᠠ ᠨᠢ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠤᠤᠯᠳᠠᠯᠭ᠎ᠠ᠎ᠲᠠᠶ ᠰᠠᠨᠠᠯ ᠳᠤᠷᠠᠳᠤᠯᠭ᠎ᠠ᠎ᠳᠤ ᠵᠢᠭ᠍ᠰᠠᠭᠠᠭ᠍ᠳᠠᠪᠠ᠃ ᠨᠢᠭᠡ ᠵᠢᠯ᠎ᠦᠨ ᠲᠤᠷᠰᠢ᠂ 《ᠱᠢᠨ᠎ᠡ ᠡᠨᠧᠷᠭᠢ᠎ᠶ᠋ᠢᠨ ᠠᠵᠤ ᠦᠶ᠋ᠯᠡᠰ᠎ᠦᠨ ᠳᠠᠬᠢᠨ ᠡᠭᠦᠰᠴᠦ᠍ ᠪᠣᠯᠬᠤ ᠡᠬᠢ ᠪᠠᠶᠠᠯᠢᠭ᠎ᠢ ᠬᠣᠷᠢᠶᠠᠨ ᠠᠪᠴᠤ᠌ ᠠᠱᠢᠭ᠍ᠯᠠᠬᠤ ᠱᠢᠰᠲ᠋ᠧᠮ᠎ᠢ ᠲᠦᠷᠭᠡᠳᠭᠡᠨ ᠪᠠᠢᠭᠤᠯᠬᠤ》 ᠲᠠᠶ ᠤᠶᠠᠯᠳᠤᠭᠤᠯᠤᠨ᠂ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠬᠥᠮᠦᠨ ᠠᠮᠠ ᠡᠬᠢ ᠪᠠᠶᠠᠯᠢᠭ ᠣᠷᠴᠢᠨ ᠲᠤᠭᠤᠷᠢᠨ᠎ᠤ ᠵᠥᠪᠯᠡᠯ᠎ᠡᠴᠡ ᠭᠤᠤᠯᠳᠠᠯᠭ᠎ᠠ᠎ᠲᠠᠶ ᠰᠠᠨᠠᠯ ᠲᠤᠷᠠᠳᠤᠯᠭ᠎ᠠ᠎ᠶ᠋ᠢ ᠱᠠᠯᠠᠪᠳᠠᠨ ᠱᠢᠶ᠋ᠳᠪᠦᠷᠢᠯᠡᠭᠦᠯᠬᠦ᠌᠎ᠶ᠋ᠢ ᠪᠠᠭ᠍ᠲᠠᠭᠠᠭ᠍ᠰᠠᠨ 5 ᠤᠳᠠᠭᠠᠨ᠎ᠤ ᠵᠥᠪᠳᠡᠯᠴᠡᠨ ᠶᠠᠷᠢᠯᠴᠠᠬᠤ ᠬᠤᠷᠠᠯ᠎ᠢ ᠵᠣᠬᠢᠶᠠᠨ ᠪᠠᠢᠭᠤᠯᠤᠨ ᠬᠤᠷᠠᠯᠳᠤᠭᠤᠯᠵᠤ ᠂ ᠲᠤᠰᠭᠠᠶ ᠰᠡᠳᠦᠪᠲᠦ ᠠᠵᠢᠯ᠎ᠤᠨ ᠳᠤᠭᠤᠢᠯᠠᠩ ᠪᠠᠢᠭᠤᠯᠤᠨ ᠪᠡᠭᠡᠵᠢᠩ᠂ ᠾᠸᠪᠸᠢ᠂ ᠵᠧᠵᠢᠶᠠᠩ ᠵᠡᠷᠭᠡ 7 ᠮᠤᠵᠢ ᠬᠣᠲᠠ ᠣᠷᠣᠨ᠎ᠤ 30 ᠭᠠᠷᠤᠶ ᠠᠵᠤ ᠠᠬᠤᠢᠯᠠᠯ ᠵᠢᠴᠢ ᠬᠣᠯᠪᠣᠭ᠍ᠳᠠᠯ ᠪᠥᠬᠥᠶ ᠨᠢᠭᠡᠴᠢ᠎ᠳᠦ ᠬᠦᠷᠴᠦ᠍ ᠲᠤᠬᠠᠶ᠎ᠶ᠋ᠢᠨ ᠭᠠᠵᠠᠷ᠎ᠲᠤᠨᠢ ᠪᠠᠢᠴᠠᠭᠠᠨ ᠰᠤᠳᠤᠯᠪᠡ᠃ ᠵᠠᠩ ᠯᠢ ᠸᠸᠨ ᠪᠥᠬᠥ᠌ ᠶᠠᠪᠤᠴᠠ᠎ᠳᠤ ᠣᠷᠣᠯᠴᠠᠨ᠂ ᠦᠪᠡᠷ ᠤ᠋ᠨ ᠲᠤᠰᠭᠠᠶ ᠮᠡᠷᠭᠡᠵᠢᠯ᠎ᠦᠨ ᠳᠠᠪᠠᠭᠤᠯᠢᠭ᠎ᠢᠶᠠᠨ ᠪᠠᠳᠠᠷᠠᠭᠤᠯᠤᠨ ᠦᠨᠳᠦᠰᠦᠨ ᠱᠠᠲᠤᠨ᠎ᠤ ᠠᠵᠤ ᠠᠬᠤᠢᠯᠠᠯ᠎ᠤᠨ ᠠᠵᠢᠯᠲᠠᠨ ᠠᠵᠢᠯᠴᠢᠨ᠂ ᠬᠠᠮᠢᠶᠠᠷᠤᠯᠲᠠ᠎ᠶ᠋ᠢᠨ ᠪᠦᠯᠬᠦᠮ ᠨᠡᠢᠲᠡ᠂ ᠠᠵᠢᠯ ᠲᠥᠷᠥᠯ᠎ᠦᠨ ᠨᠡᠢᠭᠡᠮᠯᠢᠭ᠂ ᠲᠤᠰᠭᠠᠶ ᠮᠡᠷᠭᠡᠵᠢᠯᠲᠡᠨ ᠡᠷᠳᠡᠮᠲᠡᠨ᠎ᠲᠡᠶ ᠭᠦᠶ᠋ᠴᠡᠳ ᠵᠥᠪᠳᠡᠯᠴᠡᠨ ᠰᠠᠨᠠᠯ ᠵᠢᠡᠨ ᠰᠣᠯᠢᠯᠴᠠᠪᠠ᠃ ᠲᠡᠷᠡ᠄ 《ᠭᠦᠨᠵᠡᠭᠡᠶ ᠪᠠᠢᠴᠠᠭᠠᠨ ᠰᠤᠳᠤᠯᠬᠤ᠎ᠪᠡᠷ ᠳᠡᠮᠵᠢᠨ᠂ ᠠᠰᠠᠭᠤᠳᠠᠯ ᠤᠯᠠᠮ᠎ᠠᠴᠠ ᠤᠯᠠᠮ ᠲᠣᠳᠣᠷᠬᠠᠶ ᠪᠣᠯᠵᠣ᠂ ᠠᠷᠭ᠎ᠠ ᠪᠣᠳᠣᠯᠭ᠎ᠠ ᠤᠯᠠᠮ᠎ᠠᠴᠠ ᠤᠯᠠᠮ ᠲᠥᠪᠯᠡᠷᠡᠵᠦ᠍᠂ ᠰᠤᠳᠤᠯᠤᠨ ᠵᠠᠳᠠᠯᠬᠤ 〈ᠬᠠᠨᠳᠤᠯᠭᠠᠲᠤ ᠴᠢᠨᠠᠷ〉 ᠢ᠋ ᠨᠠᠩ ᠴᠢᠩᠭᠠᠳᠭᠠᠵᠤ᠂ ᠠᠷᠭ᠎ᠠ ᠤᠬᠠᠭᠠᠨ ᠭᠠᠷᠭᠠᠨ ᠵᠠᠰᠠᠭ᠎ᠲᠤ ᠲᠤᠰᠠᠯᠠᠬᠤ 〈ᠦᠨ᠎ᠡ ᠥᠷᠲᠡᠭ〉 ᠢ᠋ ᠳᠡᠭᠡᠭ᠌ᠰᠢᠯᠡᠭᠦᠯᠪᠡ》 ᠭᠡᠵᠦ ᠬᠡᠯᠡᠨ᠎ᠠ᠃
ᠨᠢᠳᠤᠨᠤᠨ᠎ᠤ 11 ᠰᠠᠷ᠎ᠠ᠎ᠶ᠋ᠢᠨ 10 ᠤ᠋ ᠡᠳᠦᠷ ᠂ ᠵᠠᠩ ᠯᠢ ᠸᠸᠨ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ 《ᠱᠢᠨ᠎ᠡ ᠡᠨᠧᠷᠭᠢ᠎ᠶ᠋ᠢᠨ ᠠᠵᠤ ᠦᠶ᠋ᠯᠡᠰ᠎ᠦᠨ ᠳᠠᠬᠢᠨ ᠡᠭᠦᠰᠴᠤ ᠪᠤᠯᠬᠤ ᠡᠬᠢ ᠪᠠᠶᠠᠯᠢᠭ᠎ᠢ ᠬᠣᠷᠢᠶᠠᠨ ᠠᠪᠴᠤ᠌ ᠠᠱᠢᠭ᠍ᠯᠠᠬᠤ ᠱᠢᠰᠲ᠋ᠧᠮ᠎ᠢ ᠲᠦᠷᠭᠡᠳᠭᠡᠨ ᠪᠠᠢᠭᠤᠯᠬᠤ》 ᠬᠤᠤᠰ ᠭᠠᠷᠠᠭ᠎ᠤᠨ ᠵᠥᠪᠳᠡᠯᠴᠡᠨ ᠶᠠᠷᠢᠯᠴᠠᠬᠤ ᠬᠤᠷᠠᠯ᠎ᠳᠤ ᠣᠷᠣᠯᠴᠠᠭ᠍ᠰᠠᠨ ᠪᠥᠭᠡᠳ ᠬᠤᠷᠠᠯ ᠳᠡᠭᠡᠷ᠎ᠡ ᠭᠤᠤᠯᠳᠠᠯᠭ᠎ᠠ᠎ᠲᠠᠶ ᠢᠯᠡᠳᠬᠡᠯ ᠬᠢᠪᠡ᠃ 《ᠨᠢᠳᠤᠨᠤᠨ᠎ᠤ ᠬᠣᠶᠠᠷ ᠬᠤᠷᠠᠯ᠎ᠤᠨ ᠬᠤᠭᠤᠴᠠᠭᠠᠨ᠎ᠳᠤ᠂ ᠶᠡᠬᠡ ᠬᠤᠷᠠᠯ᠎ᠠᠴᠠ 5000 ᠭᠠᠷᠤᠢ ᠬᠤᠪᠢ ᠰᠠᠨᠠᠯ ᠳᠤᠷᠠᠳᠤᠯᠭ᠎ᠠ ᠬᠤᠷᠢᠶᠠᠵᠤ᠂ ᠮᠢᠨᠦ᠍ ᠰᠠᠨᠠᠯ ᠳᠤᠷᠠᠳᠤᠯᠭ᠎ᠠ᠎ᠶ᠋ᠢ ᠭᠣᠣᠯᠳᠠᠯᠭ᠎ᠠ᠎ᠲᠠᠶ ᠰᠠᠨᠠᠯ ᠳᠤᠷᠠᠳᠤᠯᠭ᠎ᠠ ᠪᠣᠯᠭᠠᠭ᠍ᠰᠠᠨ ᠪᠥᠭᠡᠳ ᠬᠣᠣᠰ ᠭᠠᠷᠠᠭ᠎ᠤᠨ ᠵᠥᠪᠳᠡᠯᠴᠡᠨ ᠶᠠᠷᠢᠯᠴᠠᠬᠤ ᠬᠤᠷᠠᠯ᠎ᠤᠨ ᠵᠥᠪᠯᠡᠬᠦ᠌ ᠰᠡᠳᠦᠪ ᠪᠣᠯᠭᠠᠭ᠍ᠰᠠᠨ ᠨᠢ ᠨᠠᠳᠠ᠎ᠳᠤ ᠮᠠᠰᠢ ᠶᠡᠬᠡ ᠵᠣᠷᠢᠭ᠍ᠵᠢᠭᠤᠯᠤᠯ ᠪᠤᠯᠵᠤ ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ ᠪᠣᠯᠤᠭ᠍ᠰᠠᠨ ᠡᠭᠦᠷᠭᠡᠲᠦ ᠪᠤᠳᠤᠯ ᠪᠣᠯᠤᠨ ᠬᠠᠷᠢᠭᠤᠴᠠᠯᠭᠠᠲᠤ ᠰᠡᠳᠭᠢᠯᠭᠡ᠎ᠶ᠋ᠢ ᠤᠯᠠᠮ ᠴᠢᠨᠭᠭᠠᠷᠠᠭᠤᠯᠵᠠᠢ》 ᠭᠡᠵᠦ᠍ ᠵᠠᠩ ᠯᠢ ᠸᠸᠨ ᠰᠡᠳᠭᠢᠯ ᠳᠣᠭ᠍ᠳᠣᠯᠤᠨ ᠬᠡᠯᠡᠪᠡ᠃ ᠲᠡᠭᠦᠨ᠎ᠦ ᠨᠦᠬᠦᠬᠡ 3 ᠬᠤᠪᠢ ᠰᠠᠨᠠᠯ ᠳᠤᠷᠠᠳᠤᠯᠭ᠎ᠠ ᠨᠢ ᠪᠦᠷ ᠠᠮᠢ ᠠᠬᠤᠢ ᠣᠷᠴᠢᠨ ᠲᠣᠭᠣᠷᠢᠨ᠎ᠤ ᠶᠠᠮᠤᠨ᠂ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ ᠪᠣᠯᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠶᠠᠮᠤᠨ᠎ᠤ ᠬᠠᠷᠢᠭᠤᠯᠲᠠ᠎ᠶ᠋ᠢ ᠣᠯᠵᠠᠢ᠃
《ᠦᠨᠳᠦᠰᠦᠨ ᠱᠠᠳᠤᠨ ᠡᠴᠨ ᠮᠠᠲ᠋ᠧᠷᠢᠶᠠᠯ ᠴᠤᠭ᠍ᠯᠠᠭᠤᠯᠵᠤ᠂ ᠨᠢᠭᠡᠳᠦᠭᠡᠷ ᠹᠷᠣᠨᠲ᠎ᠤᠨ ᠳᠠᠭᠤᠨ᠎ᠢ ᠰᠣᠨᠣᠰᠪᠠᠯ ᠰᠠᠶᠢ ᠬᠦᠮᠦᠰ ᠢ᠋ ᠪᠢᠰᠢᠷᠡᠬᠦᠯᠬᠦ ᠦᠭᠡ ᠬᠡᠯᠡᠵᠦ ᠲᠡᠢᠯᠦᠨ᠎ᠠ》᠃ ᠵᠠᠩ ᠯᠢ ᠸᠸᠨ 《ᠪᠠᠢᠴᠠᠭᠠᠨ ᠰᠤᠳᠤᠯᠬᠤ ᠦᠭᠡᠢ ᠪᠤᠯ ᠰᠠᠨᠠᠯ ᠳᠤᠷᠠᠳᠤᠯᠭ᠎ᠠ ᠳᠤᠷᠠᠳᠭᠤ ᠦᠭᠡᠢ᠂ ᠪᠠᠢᠴᠠᠭᠠᠨ ᠰᠤᠳᠤᠯᠬᠤ ᠦᠭᠡᠢ ᠪᠤᠯ ᠦᠭᠡ ᠬᠡᠯᠡᠬᠦ ᠦᠭᠡᠢ》 ᠪᠠᠢᠬᠤ ᠶ᠋ᠢ ᠢᠮᠠᠭ᠍ᠲᠠ ᠪᠠᠷᠢᠮᠲᠠᠯᠠᠵᠤ᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠲᠤᠬᠢᠶᠠᠯ ᠵᠢᠡᠨ ᠲᠤᠢᠯ᠎ᠢᠶᠠᠷ ᠨᠠᠨᠳᠢᠩᠨᠠᠳᠠᠭ᠃ ᠡᠨᠡ ᠵᠢᠯ ᠪᠣᠯ ᠲᠡᠭᠦᠨ᠎ᠦ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠎ᠦ ᠲᠤᠱᠢᠶᠠᠯ᠎ᠢ ᠡᠭᠦᠷᠭᠡᠯᠡᠭ᠌ᠰᠡᠨ ᠳᠣᠯᠣᠳᠤᠭᠠᠷ ᠵᠢᠯ ᠪᠣᠯᠤᠨ᠎ᠠ᠃ ᠵᠠᠩ ᠯᠢ ᠸᠸᠨ᠂ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ ᠪᠣᠯᠤᠭ᠍ᠰᠠᠨ᠎ᠤ ᠬᠤᠪᠢ᠎ᠳᠤ 《ᠤᠯᠤᠰ ᠲᠦᠷᠦ᠍᠎ᠶ᠋ᠢᠨ ᠵᠥᠪᠯᠡᠯᠭᠡᠨ᠎ᠢ ᠣᠢᠯᠠᠭᠠᠬᠤ᠂ ᠵᠥᠪᠯᠡᠯᠭᠡ ᠬᠢᠵᠦ᠍ ᠴᠢᠳᠠᠬᠤ᠂ ᠲᠦᠷᠦ᠍᠎ᠶ᠋ᠢᠨ ᠶᠠᠪᠤᠳᠠᠯ᠎ᠢ ᠵᠥᠪᠯᠡᠬᠦ᠌᠎ᠳᠡᠭᠡᠨ ᠴᠢᠳᠠᠮᠠᠭᠠᠢ ᠪᠠᠢᠬᠤ》 ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭ᠌ᠰᠢᠯᠡᠭᠦᠯᠵᠦ᠂ ᠯᠠᠪᠳᠠᠭᠤᠨ ᠪᠠᠲᠤᠲᠠᠢ᠎ᠪᠠᠷ ᠦᠨᠳᠦᠰᠦᠨ ᠱᠠᠲᠤᠨ᠎ᠳᠤ ᠭᠦᠨᠵᠡᠭᠡᠢᠷᠡᠵᠦ᠍᠂ ᠨᠠᠷᠢᠨ ᠬᠢᠨᠠᠮᠠᠭᠠᠢ ᠪᠠᠢᠴᠠᠭᠠᠨ ᠰᠤᠳᠤᠯᠪᠡᠯ ᠰᠠᠶᠢ ᠪᠠᠢᠳᠠᠯ᠎ᠢ ᠦᠨᠡᠨ ᠬᠦ᠌ ᠣᠢᠯᠠᠭᠠᠵᠤ᠂ ᠡᠭᠦᠨ᠎ᠦ ᠤᠯᠠᠮ᠎ᠢᠶᠠᠷ ᠠᠭᠤᠯᠭ᠎ᠠ᠎ᠲᠠᠶ ᠰᠠᠨᠠᠯ ᠲᠤᠷᠠᠳᠤᠯᠭ᠎ᠠ ᠲᠡᠪᠰᠢᠬᠦᠯᠵᠦ ᠴᠢᠳᠠᠨ᠎ᠠ ᠭᠡᠳᠡᠭ᠎ᠢ ᠭᠦᠨᠵᠡᠭᠡᠢ ᠣᠢᠯᠠᠭᠠᠪᠠ᠃
ᠡᠨᠡ ᠵᠢᠯ᠎ᠦᠨ ᠪᠦᠬᠦ᠌ ᠤᠯᠤᠰ᠎ᠤᠨ ᠬᠣᠶᠠᠷ ᠬᠤᠷᠠᠯ᠎ᠳᠤ ᠂ ᠵᠠᠩ ᠯᠢ ᠸᠸᠨ ᠦᠷᠭᠦᠯᠵᠢᠯᠡᠨ ᠱᠢᠨ᠎ᠡ ᠡᠨᠧᠷᠭᠢ᠎ᠶ᠋ᠢᠨ ᠬᠠᠶᠠᠭ᠍ᠳᠠᠮᠠᠯ ᠪᠣᠳᠠᠰ᠎ᠢ ᠡᠷᠭᠢᠯᠳᠦᠭᠦᠯᠦᠨ ᠠᠱᠢᠭ᠍ᠯᠠᠬᠤ ᠱᠢᠰᠲ᠋ᠧᠮ᠎ᠤᠨ ᠪᠦᠳᠦᠭᠡᠨ ᠪᠠᠢᠭᠤᠯᠤᠯᠳᠠ᠎ᠶ᠋ᠢ ᠠᠬᠢᠭᠤᠯᠬᠤ ᠲᠣᠭᠣᠷᠢᠨ᠎ᠳᠤ ᠠᠷᠭ᠎ᠠ ᠤᠬᠠᠭᠠᠨ ᠭᠠᠷᠭᠠᠵᠤ ᠵᠠᠰᠠᠭ᠎ᠲᠤ ᠲᠤᠰᠠᠯᠠᠬᠤ ᠪᠣᠯᠤᠨ᠎ᠠ᠃ 《ᠦᠪᠡᠷᠳᠡᠬᠡᠨ ᠵᠠᠰᠠᠬᠤ ᠣᠷᠣᠨ᠎ᠳᠤ ᠰᠠᠭᠤᠭ᠎ᠠ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ ᠪᠣᠯᠤᠭ᠍ᠰᠠᠨ᠎ᠤ ᠬᠤᠪᠢ᠎ᠳᠤ᠂ ᠪᠢ ᠦᠵᠡᠰᠭᠦᠯᠡᠩᠲᠦ ᠰᠠᠢᠬᠠᠨ ᠥᠪᠥᠷ ᠮᠣᠩᠭᠣᠯ ᠢ ᠪᠥᠲᠥᠭᠡᠨ ᠪᠠᠢᠭᠤᠯᠬᠤᠳ᠋ᠤ ᠦᠷᠭᠦᠯᠵᠢᠯᠡᠨ ᠠᠷᠭ᠎ᠠ ᠤᠬᠠᠭᠠᠨ ᠪᠠ ᠬᠦᠴᠦᠨ ᠴᠢᠳᠠᠯ ᠵᠢᠡᠨ ᠨᠡᠮᠡᠷᠢᠯᠡᠨ᠎ᠠ》 ᠭᠡᠵᠦ᠍ ᠵᠠᠩ ᠯᠢ ᠸᠸᠨ ᠢᠯᠡᠳᠭᠡᠪᠡ᠃