《ᠪᠢ ᠠᠯᠪᠠᠨ ᠠᠵᠢᠯ᠎ᠢᠶᠠᠷ ᠭᠠᠳᠠᠭ᠍ᠰᠢ ᠭᠠᠷᠤᠭᠰᠠᠨ ᠬᠤᠭᠤᠴᠠᠭᠠᠨ᠎ᠳᠤ ᠪᠠᠢᠴᠠᠭᠠᠨ ᠰᠤᠳᠤᠯᠤᠯᠲᠠ ᠶ᠋ᠢᠨ ᠪᠠᠢᠳᠠᠯ ᠪᠣᠯᠣᠨ ᠠᠵᠢᠯ ᠲᠥᠷᠥᠯ᠎ᠦᠨ ᠳᠣᠲᠣᠷᠠᠬᠢ ᠲᠤᠰᠬᠠᠢ ᠮᠡᠷᠭᠡᠵᠢᠯᠲᠡᠨ ᠡᠷᠳᠡᠮᠲᠡᠳ᠎ᠦᠨ ᠰᠠᠨᠠᠭᠤᠯᠭ᠎ᠠ ᠶ᠋ᠢ ᠦᠨᠳᠦᠰᠦᠯᠡᠨ᠂ ᠰᠠᠨᠠᠯ ᠲᠤᠷᠠᠳᠤᠯᠭ᠎ᠠ ᠶ᠋ᠢᠨ ᠠᠭᠤᠯᠭ᠎ᠠ ᠪᠠᠨ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠭᠰᠡᠨ ᠴᠢᠨᠠᠷ ᠰᠠᠢᠲᠠᠢ ᠬᠠᠷᠢᠭᠤᠯᠲᠠ ᠶ᠋ᠢᠨ ᠬᠠᠭᠤᠳᠠᠰᠤ ᠲᠤᠰᠢᠶᠠᠬᠤ᠎ᠪᠠᠷ ᠴᠢᠷᠮᠠᠢᠭᠰᠠᠭᠠᠷ ᠢᠷᠡᠵᠡᠶ᠃》2 ᠰᠠᠷ᠎ᠠ᠎ᠶᠢᠨ 27᠎ᠤ᠋ ᠡᠳᠦᠷ᠂ ᠰᠤᠷᠪᠤᠯᠵᠢᠯᠠᠭ᠍ᠴᠢ ᠤᠲᠠᠰᠤ᠎ᠪᠠᠷ ᠰᠤᠷᠪᠤᠯᠵᠢᠯᠠᠬᠤ ᠶᠠᠪᠤᠴᠠ᠎ᠳᠤ᠂ ᠪᠥᠬᠥ ᠤᠯᠤᠰ᠎ᠤᠨ ᠤᠯᠤᠰ ᠲᠥᠷᠥ᠎ᠶᠢᠨ ᠵᠥᠪᠯᠡᠯᠭᠡᠨ᠎ᠦ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶᠢᠨ ᠳᠡᠳ᠋ ᠲᠡᠷᠢᠭᠦᠯᠡᠭᠴᠢ᠂ ᠭᠦᠸᠧ ᠴᠧᠩ ᠬᠤᠪᠢ ᠡᠵᠡᠮᠳᠡᠭᠰᠡᠨ ᠪᠦᠯᠦᠭᠯᠡᠯ᠎ᠦᠨ ᠬᠢᠵᠠᠭᠠᠷᠲᠤ ᠺᠣᠮᠫᠠᠨᠢ᠎ᠶᠢᠨ ᠬᠡᠷᠡᠭ ᠮᠡᠳᠡᠭᠴᠢᠳ᠎ᠦᠨ ᠳᠠᠷᠤᠭ᠎ᠠ ᠦ᠋ ᠴᠧᠩ ᠬᠡᠯᠡᠪᠡ᠃
ᠦ᠋ ᠴᠧᠩ᠂ ᠲᠤᠬᠠᠢᠯᠠᠭᠰᠠᠨ ᠠᠵᠢᠯ ᠪᠣᠯ ᠭᠡᠰᠢᠭᠦᠳ᠎ᠦᠨ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ《ᠪᠠᠶᠠᠨ ᠠᠭᠤᠷᠬᠠᠢ》ᠮᠥᠨ᠂ ᠭᠡᠰᠢᠭᠦᠳ᠎ᠦᠨ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠨᠢ ᠲᠤᠬᠠᠢᠯᠠᠭᠰᠠᠨ ᠠᠵᠢᠯ᠎ᠢᠶᠠᠨ ᠰᠠᠢᠲᠤᠷ ᠬᠢᠬᠦ᠎ᠶᠢ ᠠᠬᠢᠭᠤᠯᠵᠤ ᠪᠣᠯᠣᠨ᠎ᠠ᠂ ᠬᠣᠶᠠᠭᠤᠯᠠ᠎ᠶᠢ ᠬᠠᠷᠢᠯᠴᠠᠨ ᠠᠬᠢᠭᠤᠯᠤᠨ ᠠᠭᠤᠰᠤᠯᠴᠠᠭᠤᠯᠵᠤ᠂ ᠬᠠᠷᠢᠯᠴᠠᠨ ᠬᠠᠪᠰᠤᠷᠤᠯᠴᠠᠵᠤ ᠬᠠᠷᠢᠯᠴᠠᠨ ᠳᠣᠪᠣᠶ᠋ᠢᠯᠭᠠᠬᠤ ᠴᠢᠬᠤᠯᠠᠲᠠᠢ ᠭᠡᠵᠦ ᠢᠯᠡᠷᠬᠡᠢᠯᠡᠪᠡ᠃ ᠣᠯᠠᠨ ᠵᠢᠯ᠎ᠦᠨ ᠠᠭᠤᠷᠬᠠᠢ᠎ᠶᠢᠨ ᠦᠢᠯᠡᠰ᠎ᠦᠨ ᠠᠵᠢᠯ ᠡᠷᠭᠢᠯᠡᠭᠰᠡᠨ ᠥᠩᠭᠡᠷᠡᠯᠲᠡ᠎ᠳᠡᠭᠡᠨ ᠰᠠᠭᠤᠷᠢᠯᠠᠨ᠂ ᠦ᠋ ᠴᠧᠩ ᠠᠭᠤᠷᠬᠠᠢ᠎ᠶᠢᠨ ᠦᠢᠯᠡᠰ᠎ᠦᠨ ᠬᠦᠷᠢᠶ᠎ᠠ ᠴᠠᠷᠠᠭᠠᠨ᠎ᠳᠡᠬᠢ ᠨᠡᠢᠭᠡᠮ᠎ᠦᠨ ᠬᠥᠷᠥᠩᠭᠡ᠎ᠶᠢᠨ ᠦᠢᠯᠡᠳᠦᠯ ᠪᠠ ᠬᠥᠳᠡᠯᠭᠡᠭᠴᠢ ᠡᠨᠧᠷᠭᠢ᠎ᠶᠢ ᠭᠦᠢᠴᠡᠳ ᠬᠥᠭᠵᠢᠭᠡᠬᠦ ᠴᠢᠬᠤᠯᠠᠲᠠᠢ ᠪᠠᠢᠬᠤ᠎ᠶᠢ ᠣᠯᠵᠤ ᠮᠠᠲᠠᠵᠠᠢ᠃ ᠡᠭᠦᠨ᠎ᠦ ᠲᠤᠯᠠᠳᠠ᠂ ᠲᠡᠷᠡ ᠲᠤᠬᠠᠢ᠎ᠶᠢᠨ ᠭᠠᠵᠠᠷ ᠲᠤᠨᠢ ᠬᠦᠷᠴᠦ ᠰᠤᠷᠪᠤᠯᠵᠢᠯᠠᠨ᠂ ᠭᠦᠨᠵᠡᠭᠡᠢ ᠪᠠᠢᠴᠠᠭᠠᠨ ᠰᠤᠳᠤᠯᠤᠯᠲᠠ ᠬᠢᠵᠦ᠂ ᠥᠷᠭᠡᠨ᠎ᠢᠶᠡᠷ ᠰᠠᠨᠠᠯ ᠰᠠᠨᠠᠭᠤᠯᠭ᠎ᠠ ᠬᠤᠷᠢᠶᠠᠵᠤ᠂ ᠨᠢᠳᠤᠨᠤᠨ《ᠠᠭᠤᠷᠬᠠᠢ᠎ᠶᠢᠨ ᠭᠠᠷᠤᠯᠲᠠ᠎ᠶᠢᠨ ᠡᠬᠢ ᠪᠠᠶᠠᠯᠢᠭ᠋᠎ᠢ ᠬᠠᠢᠨ ᠰᠢᠨᠵᠢᠯᠡᠵᠦ ᠨᠡᠭᠡᠭᠡᠨ ᠠᠰᠢᠭ᠍ᠯᠠᠬᠤ᠎ᠳᠤ ᠨᠡᠢᠭᠡᠮ᠎ᠦᠨ ᠬᠥᠷᠥᠩᠭᠡ᠎ᠶᠢᠨ ᠣᠷᠣᠯᠴᠠᠬᠤ᠎ᠶᠢ ᠵᠣᠷᠢᠭ᠍ᠵᠢᠭᠤᠯᠬᠤ ᠲᠤᠬᠠᠢ ᠰᠠᠨᠠᠯ ᠳᠤᠷᠠᠳᠤᠯᠭ᠎ᠠ》ᠵᠢ ᠳᠡᠪᠰᠢᠭᠦᠯᠦᠨ ᠲᠤᠰᠢᠶᠠᠵᠤ᠂ ᠠᠭᠤᠷᠬᠠᠢ᠎ᠶᠢᠨ ᠭᠠᠷᠤᠯᠲᠠ᠎ᠶᠢ ᠬᠠᠢᠨ ᠪᠠᠢᠴᠠᠭᠠᠵᠤ ᠨᠡᠭᠡᠭᠡᠨ ᠠᠰᠢᠭ᠍ᠯᠠᠬᠤ ᠬᠦᠷᠢᠶ᠎ᠠ ᠴᠠᠷᠠᠭᠠᠨ᠎ᠳᠡᠬᠢ ᠵᠠᠷᠢᠮ ᠬᠢᠵᠠᠭᠠᠷᠯᠠᠬᠤ ᠬᠦᠴᠦᠨ ᠵᠦᠢᠯ᠎ᠢ ᠠᠷᠢᠯᠭᠠᠵᠤ᠂ ᠪᠠᠢᠯᠳᠤᠬᠤ ᠪᠣᠳᠣᠯᠭ᠎ᠠ᠎ᠶᠢᠨ ᠴᠢᠨᠠᠷᠲᠠᠢ ᠡᠬᠢ ᠪᠠᠶᠠᠯᠢᠭ᠋᠎ᠤᠨ ᠬᠠᠩᠭᠠᠯᠭ᠎ᠠ᠎ᠶᠢ ᠪᠠᠲᠤᠯᠠᠬᠤ ᠴᠢᠳᠠᠪᠤᠷᠢ᠎ᠶᠢ ᠳᠡᠭᠡᠭᠰᠢᠯᠡᠭᠦᠯᠵᠦ᠂ ᠡᠨᠧᠷᠭᠢ᠎ᠶᠢᠨ ᠰᠤᠷᠪᠤᠯᠵᠢ ᠡᠬᠢ ᠪᠠᠶᠠᠯᠢᠭ᠋᠂ ᠴᠢᠬᠤᠯᠠ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ ᠵᠢᠨ ᠬᠡᠯᠬᠢᠶ᠎ᠡ᠎ᠶᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ᠎ᠶᠢ ᠬᠦᠰᠡᠪᠡ᠃ ᠲᠤᠰ ᠰᠠᠨᠠᠯ ᠳᠤᠷᠠᠳᠤᠯᠭ᠎ᠠ᠎ᠳᠤ ᠪᠠᠢᠭᠠᠯᠢ᠎ᠶᠢᠨ ᠡᠬᠢ ᠪᠠᠶᠠᠯᠢᠭ᠋᠎ᠤᠨ ᠶᠠᠮᠤᠨ ᠵᠠᠬᠢᠳᠠᠯ᠎ᠢᠶᠡᠷ ᠬᠠᠷᠢᠭᠤ ᠦᠭᠬᠦᠭᠰᠡᠨ ᠲᠤᠯᠠ ᠬᠣᠯᠪᠣᠭᠳᠠᠯ ᠪᠦᠬᠦᠢ ᠲᠠᠯ᠎ᠠ᠎ᠶᠢᠨ ᠬᠢᠨ᠎ᠦ ᠳᠡᠭᠡᠳᠦ ᠬᠡᠮᠵᠢᠶᠡᠨ᠎ᠦ ᠠᠩᠬᠠᠷᠤᠯ᠎ᠢ ᠲᠠᠲᠠᠵᠠᠢ᠃ 《 ᠭᠡᠰᠢᠭᠦᠳ᠎ᠦᠨ ᠲᠤᠰᠢᠶᠠᠯ ᠬᠠᠷᠢᠭᠤᠴᠠᠯᠭ᠎ᠠ᠎ᠶᠢ ᠪᠢ ᠰᠠᠢᠨ ᠣᠢᠯᠠᠭᠠᠵᠤ᠂ 〈ᠪᠠᠢᠴᠠᠭᠠᠨ ᠰᠤᠳᠤᠯᠤᠯᠲᠠ ᠬᠢᠬᠦ ᠦᠭᠡᠢ ᠪᠤᠯ ᠰᠠᠨᠠᠯ ᠲᠤᠷᠠᠲᠤᠯᠭ᠎ᠠ ᠲᠡᠪᠰᠢᠬᠦᠯᠬᠦ ᠦᠭᠡᠢ 〉 ᠵᠠᠷᠴᠢᠮ᠎ᠢ ᠢᠮᠠᠭᠲᠠ ᠪᠠᠷᠢᠮᠲᠠᠯᠠᠵᠤ᠂ ᠤᠳᠠᠭ᠎ᠠ ᠪᠦᠷᠢ ᠰᠠᠨᠠᠯ ᠳᠤᠷᠠᠳᠤᠯᠭ᠎ᠠ ᠳᠡᠪᠰᠢᠬᠦᠯᠬᠦ᠎ᠡᠴᠡ ᠪᠠᠨ ᠡᠮᠦᠨ᠎ᠡ ᠴᠥᠮ ᠭᠦᠢᠴᠡᠳ ᠪᠡᠯᠡᠳᠭᠡᠯ ᠬᠢᠳᠡᠭ》ᠭᠡᠵᠦ ᠦ᠋ ᠴᠧᠩ ᠰᠤᠷᠪᠤᠯᠵᠢᠯᠠᠭ᠍ᠴᠢ᠎ᠳᠤ ᠬᠡᠯᠡᠪᠡ᠃ ᠳᠤᠷᠠᠳᠤᠭᠰᠠᠨ ᠰᠠᠨᠠᠯ ᠪᠠ ᠲᠤᠷᠠᠲᠤᠯᠭ᠎ᠠ ᠶᠢ ᠨᠡᠩ ᠢᠯᠡᠭᠦᠦ ᠪᠠᠷᠠᠯᠠᠯᠲᠦ ᠴᠢᠨᠠᠷ ᠪᠠ ᠪᠣᠯᠣᠮᠵᠢᠲᠤ ᠴᠢᠨᠠᠷᠲᠠᠢ ᠪᠠᠢᠯᠭᠠᠬᠤ᠎ᠶᠢ ᠪᠠᠲᠤᠯᠠᠬᠤ᠎ᠶᠢᠨ ᠲᠥᠯᠥᠭᠡ᠂ ᠲᠡᠷᠡ ᠳᠡᠭᠡᠳᠦ ᠱᠠᠲᠤᠨ᠎ᠤ ᠪᠠᠢᠳᠠᠯ᠎ᠢ ᠲᠤᠭᠤᠷᠠᠲᠠᠯ᠎ᠠ ᠣᠢᠯᠠᠭᠠᠬᠤ᠂ ᠳᠣᠣᠷᠠᠳᠤ ᠱᠠᠲᠤᠨ᠎ᠤ ᠪᠠᠢᠳᠠᠯ᠎ᠢ ᠲᠣᠳᠣᠷᠬᠠᠢ ᠣᠢᠯᠠᠭᠠᠬᠤ᠂ ᠪᠣᠳᠠᠲᠤ ᠪᠠᠢᠳᠠᠯ᠎ᠢ ᠡᠵᠡᠮᠰᠢᠬᠦ ᠲᠠᠯ᠎ᠠ᠎ᠪᠠᠷ ᠭᠦᠢᠴᠡᠳ ᠪᠡᠯᠡᠳᠭᠡᠯ ᠬᠢᠵᠦ᠂ ᠤᠨᠤᠯ᠎ᠤᠨ ᠰᠤᠷᠤᠯᠴᠠᠯᠭ᠎ᠠ᠎ᠪᠠᠨ ᠴᠢᠩᠭᠠᠳᠬᠠᠨ᠂ ᠤᠯᠤᠰ ᠲᠦᠷᠦ᠎ᠶᠢᠨ ᠵᠥᠪᠯᠡᠯᠭᠡᠨ᠎ᠦ ᠡᠯ᠎ᠡ ᠵᠦᠢᠯ᠎ᠦᠨ ᠠᠵᠢᠯᠯᠠᠭ᠎ᠠ᠎ᠳᠤ ᠢᠳᠡᠪᠬᠢᠲᠡᠢ ᠣᠷᠣᠯᠴᠠᠪᠠ; ᠠᠷᠠᠳ᠎ᠤᠨ ᠡᠵᠡᠩᠨᠡᠯᠲᠡ᠎ᠶᠢᠨ ᠠᠵᠤ ᠠᠬᠤᠢ᠎ᠶᠢᠨ ᠬᠥᠮᠥᠰ ᠯᠦ᠍ᠭᠡ᠎ᠶᠢᠨ ᠬᠠᠷᠢᠯᠴᠠᠭ᠎ᠠ᠎ᠪᠠᠨ ᠴᠢᠩᠭᠠᠳᠬᠠᠵᠤ᠂ ᠦᠨᠳᠦᠰᠦᠨ ᠱᠠᠲᠤ᠂ ᠠᠵᠤ ᠠᠬᠤᠢᠯᠠᠯ ᠪᠠ ᠬᠤᠳᠠᠯᠳᠤᠭᠠᠨ᠎ᠤ ᠡᠪᠯᠡᠯ᠎ᠳᠦ ᠭᠦᠨᠵᠡᠭᠡᠢᠷᠡᠵᠦ᠂ ᠠᠷᠠᠳ᠎ᠤᠨ ᠡᠵᠡᠩᠨᠡᠯᠲᠡ᠎ᠶᠢᠨ ᠠᠵᠤ ᠠᠬᠤᠢᠯᠠᠯ᠎ᠤᠨ ᠴᠢᠨᠠᠷ ᠰᠠᠢᠲᠠᠢ ᠬᠥᠭᠵᠢᠯᠲᠡ᠂ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠎ᠢ ᠰᠢᠯᠢᠳᠡᠭᠵᠢᠭᠦᠯᠬᠦ ᠵᠡᠷᠭᠡ᠎ᠲᠠᠢ ᠤᠶᠠᠯᠳᠤᠭᠤᠯᠤᠨ ᠪᠠᠢᠴᠠᠭᠠᠨ ᠰᠤᠳᠤᠯᠤᠯᠲᠠ ᠥᠷᠨᠢᠭᠦᠯᠵᠦ᠂ ᠪᠠᠢᠳᠠᠯ᠎ᠢ ᠲᠣᠳᠣᠷᠬᠠᠢ ᠣᠢᠯᠠᠭᠠᠵᠤ᠂ ᠠᠰᠠᠭᠤᠳᠠᠯ᠎ᠢ ᠣᠨᠣᠪᠴᠢᠲᠠᠢ ᠡᠷᠢᠵᠦ᠂ ᠠᠷᠭᠠᠴᠠᠭᠠᠬᠤ ᠠᠷᠭ᠎ᠠ ᠪᠣᠳᠣᠯᠭ᠎ᠠ᠎ᠶᠢ ᠪᠣᠳᠠᠲᠠᠢ ᠳᠤᠷᠠᠳᠤᠪᠠ᠃ ᠰᠠᠨᠠᠯ᠎ᠢ ᠥᠷᠭᠡᠨ᠎ᠢᠶᠡᠷ ᠰᠣᠨᠣᠰᠤᠭᠰᠠᠨ ᠰᠠᠭᠤᠷᠢᠨ ᠳᠡᠭᠡᠷ᠎ᠡ᠂ ᠲᠡᠷᠡ ᠰᠠᠨᠠᠯ ᠳᠤᠷᠠᠳᠤᠯᠭ᠎ᠠ᠎ᠶᠢ ᠨᠠᠷᠢᠨ ᠬᠢᠨᠠᠮᠠᠭᠠᠢ ᠪᠡᠯᠡᠳᠬᠡᠵᠦ᠂ ᠰᠠᠨᠠᠯ ᠳᠤᠷᠠᠳᠤᠯᠭ᠎ᠠ᠎ᠶᠢᠨ ᠠᠭᠤᠯᠭ᠎ᠠ᠎ᠶᠢ ᠲᠠᠬᠢᠨ ᠳᠠᠪᠲᠠᠨ ᠲᠤᠩᠭᠠᠨ ᠪᠣᠳᠣᠯᠬᠢᠯᠠᠪᠠ᠃ 《ᠡᠨᠡ ᠵᠢᠯ ᠠᠭᠤᠷᠬᠠᠢ᠎ᠶᠢᠨ ᠦᠢᠯᠡᠰ᠎ᠦᠨ ᠡᠷᠬᠡ᠎ᠶᠢᠨ ᠬᠢᠨᠠᠨ ᠵᠥᠪᠰᠢᠶᠡᠷᠡᠯ᠎ᠢ ᠴᠢᠨᠠᠬᠰᠢᠳᠠ ᠰᠢᠯᠢᠳᠡᠭᠵᠢᠭᠦᠯᠬᠦ᠂ ᠮᠥᠩᠭᠥᠨ ᠭᠦᠢᠯᠭᠡᠭᠡᠨ᠎ᠦ ᠠᠭᠤᠷᠬᠠᠢ᠎ᠶᠢᠨ ᠦᠢᠯᠡᠰ᠎ᠲᠤ ᠡᠨᠧᠷᠭᠢ ᠣᠯᠭᠣᠬᠤ ᠣᠷᠳᠣ᠌ ᠬᠤᠭᠤᠴᠠᠭᠠᠨ᠎ᠤ ᠪᠦᠲᠦᠮᠵᠢᠲᠡᠶ ᠲᠣᠭᠲᠠᠴᠠ᠎ᠶᠢ ᠪᠠᠶ᠋ᠢᠭᠤᠯᠬᠤ ᠪᠠ ᠰᠣᠶᠣᠯ ᠵᠢᠭᠤᠯᠴᠢᠯᠠᠯ᠎ᠤᠨ ᠠᠭᠤᠷᠬᠠᠢ᠎ᠶᠢ ᠪᠣᠶ ᠪᠣᠯᠭᠠᠵᠤ ᠬᠥᠳᠡᠭᠡ ᠲᠣᠰᠬᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ ᠵᠡᠷᠭᠡ ᠲᠠᠯ᠎ᠠ᠎ᠪᠠᠷ ᠰᠠᠨᠠᠯ ᠳᠤᠷᠠᠳᠤᠯᠭ᠎ᠠ ᠳᠡᠪᠰᠢᠭᠦᠯᠵᠦ᠂ ᠠᠭᠤᠷᠬᠠᠢ᠎ᠶᠢᠨ ᠦᠢᠯᠡᠰ᠎ᠦᠨ ᠴᠢᠨᠠᠷ ᠰᠠᠢᠲᠠᠢ ᠬᠥᠭᠵᠢᠯᠲᠡ᠂ ᠤᠯᠤᠰ᠎ᠤᠨ ᠡᠨᠧᠷᠭᠢ᠎ᠶᠢᠨ ᠰᠤᠷᠪᠤᠯᠵᠢ ᠡᠬᠢ ᠪᠠᠶᠠᠯᠢᠭ᠋᠎ᠤᠨ ᠠᠮᠤᠷ ᠲᠦᠪᠰᠢᠨ᠎ᠢ ᠪᠠᠲᠤᠯᠠᠬᠤ᠎ᠳᠤ ᠢᠳᠡᠪᠬᠢᠲᠡᠢ᠎ᠪᠡᠷ ᠠᠷᠭ᠎ᠠ ᠤᠬᠠᠭᠠᠨ ᠭᠠᠷᠭᠠᠵᠦ ᠠᠷᠭ᠎ᠠ ᠪᠤᠳᠤᠯᠭ᠎ᠠ ᠳᠡᠪᠰᠢᠬᠦᠯᠬᠦ᠎ᠪᠠᠷ ᠪᠠᠢᠨ᠎ᠠ》 ᠭᠡᠵᠦ ᠦ᠋ ᠴᠧᠩ ᠡᠷᠡᠰ ᠰᠢᠭᠤᠷᠬᠠᠢ ᠪᠡᠷ ᠬᠡᠯᠡᠪᠡ᠃
《 ᠪᠢ 〈 ᠤᠯᠤᠰ ᠲᠦᠷᠦ᠎ᠶᠢᠨ ᠵᠥᠪᠯᠡᠯᠭᠡᠨ᠎ᠢ ᠣᠢᠯᠠᠭᠠᠬᠤ᠂ ᠵᠥᠪᠯᠡᠵᠦ ᠴᠢᠳᠠᠬᠤ᠂ ᠵᠠᠰᠠᠭ᠎ᠤᠨ ᠶᠠᠪᠤᠳᠠᠯ᠎ᠢ ᠵᠥᠪᠯᠡᠬᠦ᠎ᠳᠡᠭᠡᠨ ᠴᠢᠳᠠᠮᠠᠭᠠᠢ᠂ ᠰᠠᠬᠢᠯᠭ᠎ᠠ ᠪᠠᠲᠤ᠎ᠶᠢ ᠰᠠᠬᠢᠬᠤ᠂ ᠶᠣᠰᠣ᠌ ᠳᠦᠷᠢᠮ᠎ᠢ ᠡᠷᠬᠢᠮᠯᠡᠬᠦ᠂ ᠵᠠᠩ ᠰᠤᠷᠲᠠᠯ᠎ᠢ ᠴᠢᠬᠤᠯᠠᠴᠢᠯᠠᠬᠤ 〉 ᠱᠠᠭᠠᠷᠳᠠᠯᠭ᠎ᠠ᠎ᠶᠢ ᠴᠠᠭ ᠢᠮᠠᠭᠲᠠ ᠪᠠᠲᠤ ᠴᠡᠭᠡᠵᠢᠯᠡᠵᠦ᠂ ᠲᠤᠰ ᠪᠡᠶ᠎ᠡ᠎ᠶᠢᠨ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ ᠴᠢᠳᠠᠪᠤᠷᠢ᠎ᠪᠠᠨ ᠳᠡᠭᠡᠭᠰᠢᠯᠡᠭᠦᠯᠵᠦ᠂ ᠴᠢᠨᠠᠷ ᠰᠠᠢᠲᠠᠢ ᠠᠷᠭ᠎ᠠ ᠤᠬᠠᠭᠠᠨ ᠵᠢᠡᠷ ᠴᠢᠨᠠᠷ ᠰᠠᠢᠲᠠᠢ ᠬᠥᠭᠵᠢᠯᠲᠡ᠎ᠳᠦ ᠦᠢᠯᠡᠴᠢᠯᠡᠵᠦ᠂ ᠰᠢᠨ᠎ᠡ ᠴᠠᠭ ᠦᠶ᠎ᠡ᠎ᠶᠢᠨ ᠤᠯᠤᠰ ᠲᠦᠷᠦ᠎ᠶᠢᠨ ᠵᠥᠪᠯᠡᠯᠭᠡᠨ᠎ᠦ ᠭᠡᠰᠢᠭᠦᠨ᠎ᠦ ᠡᠭᠦᠷᠭᠡ ᠬᠠᠷᠢᠭᠤᠴᠠᠯᠭ᠎ᠠ᠎ᠪᠠᠨ ᠦᠨᠡᠨᠬᠦ ᠰᠠᠢᠲᠤᠷ ᠭᠦᠢᠴᠡᠳᠬᠡᠨ᠎ᠡ》ᠭᠡᠵᠦ ᠪᠦᠬᠦ ᠤᠯᠤᠰ᠎ᠤᠨ ᠬᠣᠶᠠᠷ ᠬᠤᠷᠠᠯ ᠤᠳᠠᠯ ᠦᠭᠡᠢ ᠬᠤᠷᠠᠯᠳᠤᠬᠤ ᠭᠡᠵᠦ ᠪᠠᠢᠭ᠎ᠠ ᠦᠶ᠎ᠡ᠎ᠳᠦ ᠦ᠋ ᠴᠧᠩ ᠢᠲᠡᠭᠡᠯ ᠲᠡᠭᠦᠯᠳᠡᠷ ᠬᠡᠯᠡᠵᠤ ᠪᠠᠢᠯ᠎ᠠ᠃