ᠰᠢᠨ᠎ᠡ ᠠᠶᠠᠨ ᠵᠠᠮ᠎ᠳᠤ ᠬᠠᠮᠲᠤ ᠪᠠᠷ ᠮᠣᠷᠳᠠᠵᠤ ᠰᠢᠨ᠎ᠡ ᠢᠷᠠᠭᠤ ᠬᠠᠭᠤᠳᠠᠰᠤ᠎ᠶᠢ ᠬᠠᠮᠲᠤ ᠪᠠᠷ ᠪᠢᠴᠢᠭᠯᠡᠨ᠎ᠡ
2024-03-11 10:06:56
ᠵᠣᠬᠢᠶᠠᠭ᠍ᠴᠢ᠄
ᠰᠥᠩ ᠱᠤᠸᠠᠩ᠂ ᠬᠠᠨ ᠴᠢᠩ ᠯᠢ᠂ ᠸᠠᠩ ᠫᠧᠩ
ᠣᠩᠱᠢᠭ᠍ᠰᠠᠨ ᠣᠳᠠᠭ᠎ᠠ᠄
★★★☆☆

ᠤᠯᠤᠰ᠎ᠤᠨ ᠶᠡᠬᠡ ᠪᠣᠳᠣᠯᠭ᠎ᠠ᠎ᠶᠢ ᠬᠠᠮᠲᠤ ᠪᠠᠷ ᠵᠥᠪᠯᠡᠨ ᠰᠠᠢᠨ ᠠᠷᠭ᠎ᠠ ᠪᠣᠳᠣᠯᠭ᠎ᠠ᠎ᠶᠢ ᠰᠦᠪᠡᠭᠴᠢᠯᠡᠵᠦ᠂ ᠪᠦᠯᠬᠦᠮᠳᠡᠨ ᠲᠡᠮᠡᠴᠡᠵᠦ ᠰᠡᠳᠬᠢᠯ᠎ᠢᠶᠡᠨ ᠨᠢᠭᠡᠳᠬᠡᠨ᠎ᠡ᠃ ᠬᠥᠮᠥᠰ᠎ᠢ ᠵᠣᠷᠢᠭ᠍ᠵᠢᠭᠤᠯᠤᠨ ᠤᠷᠤᠭᠰᠢᠯᠠᠭᠤᠯᠬᠤ ᠤᠷᠢᠬᠠᠨ ᠬᠠᠪᠤᠷ᠎ᠤᠨ ᠤᠯᠠᠷᠢᠯ᠎ᠳᠤ᠂ ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠢ᠋ᠢᠨ ᠬᠣᠶᠠᠳᠤᠭᠠᠷ ᠬᠤᠷᠠᠯ ᠵᠥᠪᠯᠡᠬᠦ ᠵᠦᠢᠯ᠎ᠤᠳ᠎ᠢᠶᠡᠨ ᠲᠡᠭᠦᠰ ᠠᠮᠵᠢᠯᠲᠠ ᠲᠠᠢ ᠳᠠᠭᠤᠰᠬᠠᠵᠤ᠂ 3 ᠰᠠᠷ᠎ᠠ᠎ᠶᠢᠨ 10 ᠤ᠋ ᠦᠳᠡ᠎ᠶᠢᠨ ᠡᠮᠦᠨ᠎ᠡ ᠪᠡᠭᠡᠵᠢᠩ᠎ᠳᠦ ᠢᠯᠠᠯᠲᠠ᠎ᠲᠠᠢ᠎ᠪᠠᠷ ᠲᠡᠭᠦᠰᠪᠡ᠃


截图20240308105359.png


ᠶᠡᠬᠡ ᠬᠤᠷᠠᠯ᠎ᠤᠨ ᠠᠬᠤᠢ ᠲᠠᠯᠠᠪᠠᠢ


截图20240308105340.png


ᠬᠤᠷᠠᠯ᠎ᠤᠨ ᠲᠠᠯᠠᠪᠠᠢ᠎ᠳᠤ ᠤᠷᠤᠨ᠎ᠠ


ᠤᠯᠠᠨ᠎ᠤ ᠰᠡᠳᠬᠢᠯ᠎ᠢ ᠨᠢᠭᠡᠳᠬᠡᠵᠦ᠂ ᠤᠯᠠᠨ᠎ᠤ ᠬᠦᠴᠦᠨ᠎ᠢ ᠬᠠᠮᠳᠤᠳᠬᠠᠨ᠂ ᠤᠯᠠᠨ᠎ᠤ ᠤᠶᠤᠨ ᠤᠬᠠᠭᠠᠨ᠎ᠢ ᠲᠥᠪᠯᠡᠷᠡᠭᠦᠯᠦᠨ᠎ᠡ᠃ 6 ᠡᠳᠦᠷ᠎ᠦᠨ ᠬᠤᠷᠠᠯ᠎ᠤᠨ ᠬᠤᠭᠤᠴᠠᠭᠠᠨ᠎ᠳᠤ᠂ ᠥᠪᠥᠷ ᠮᠣᠩᠭᠣᠯ᠎ᠳᠤ ᠰᠠᠭᠤᠭ᠎ᠠ ᠪᠦᠬᠦ ᠤᠯᠤᠰ᠎ᠤᠨ ᠤᠯᠤᠰ ᠲᠥᠷᠥ᠎ᠶᠢᠨ ᠵᠥᠪᠯᠡᠯᠭᠡᠨ᠎ᠦ ᠬᠡᠰᠢᠭᠦᠳ ᠪᠤᠰᠤᠳ ᠪᠦᠬᠦ ᠤᠯᠤᠰ᠎ᠤᠨ ᠤᠯᠤᠰ ᠲᠥᠷᠥ᠎ᠶᠢᠨ ᠵᠥᠪᠯᠡᠯᠭᠡᠨ᠎ᠦ ᠭᠡᠰᠢᠭᠦᠳ᠎ᠲᠠᠢ ᠬᠠᠮᠲᠤ᠂ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠣᠷᠭᠢᠯᠤᠮ᠎ᠠ ᠬᠠᠯᠠᠭᠤᠨ ᠰᠡᠳᠬᠢᠯᠭᠡ᠂ ᠪᠠᠲᠦ ᠴᠢᠩᠭ᠎ᠠ ᠬᠠᠷᠢᠭᠤᠴᠠᠯᠭ᠎ᠠ᠎ᠡᠭᠦᠷᠭᠡᠯᠡᠯ ᠢ᠋ᠢᠡᠷ ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠦ ᠪᠠᠢᠩᠭᠤ᠎ᠶᠢᠨ ᠬᠣᠷᠢᠶ᠎ᠠ ᠢ᠋ᠢᠨ ᠠᠵᠢᠯ᠎ᠤᠨ ᠮᠡᠳᠡᠭᠦᠯᠦᠯᠲᠡ ᠵᠡᠷᠭᠡ ᠪᠢᠴᠢᠭ ᠮᠠᠲᠧᠷᠢᠶᠠᠯ᠎ᠢ ᠨᠠᠷᠢᠨ ᠬᠢᠨᠠᠮᠠᠭᠠᠢ ᠬᠢᠨᠠᠨ ᠵᠦᠪᠯᠡᠵᠦ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ ᠪᠠ ᠪᠤᠰᠤᠳ ᠮᠡᠳᠡᠭᠦᠯᠦᠯᠲᠡ ᠵᠢ ᠭᠦᠨᠵᠡᠭᠡᠢ ᠶᠠᠷᠢᠯᠴᠠᠵᠤ᠂ ᠰᠠᠨᠠᠯ ᠲᠤᠷᠠᠳᠤᠯᠭ᠎ᠠ ᠪᠠᠨ ᠢᠳᠡᠪᠬᠢᠲᠡᠢ ᠬᠡᠷᠡᠭᠯᠡᠨ ᠰᠠᠨᠠᠯ ᠰᠠᠨᠠᠭᠤᠯᠭ᠎ᠠ ᠭᠠᠷᠭᠠᠨ ᠠᠷᠭ᠎ᠠ ᠪᠤᠳᠤᠯᠭ᠎ᠠ ᠲᠡᠪᠰᠢᠭᠦᠯᠵᠦ᠂ ᠵᠥᠪᠯᠡᠬᠦ ᠠᠷᠠᠳᠴᠢᠯᠠᠯ᠎ᠤᠨ ᠥᠷᠭᠡᠨ ᠠᠭᠤᠳᠠᠮ ᠲᠠᠪᠴᠠᠩ ᠳᠡᠭᠡᠷ᠎ᠡ ᠭᠣᠢᠳᠠ ᠰᠠᠢᠬᠠᠨ ᠰᠢᠨ᠎ᠡ ᠲᠠᠭᠤᠨ ᠢ᠋ ᠬᠠᠩᠬᠢᠨᠠᠭᠤᠯᠤᠨ ᠴᠤᠤᠷᠢᠶᠠᠲᠤᠭᠤᠯᠵᠤ᠂ ᠤᠯᠤᠰ ᠣᠷᠣᠨ᠎ᠤ ᠲᠥᠯᠥᠭᠡ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠬᠦ᠂ ᠠᠷᠠᠳ ᠲᠦᠮᠡᠨ᠎ᠦ ᠲᠥᠯᠥᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠠᠷᠢᠭᠤᠴᠠᠯᠭ᠎ᠠ ᠡᠭᠦᠷᠭᠡᠯᠡᠯ ᠢ᠋ᠢᠡᠨ ᠭᠦᠢᠴᠡᠳ ᠢᠯᠡᠷᠡᠭᠦᠯᠪᠡ᠃


QQ截图20240311100429.png


ᠰᠠᠨᠠᠯ ᠰᠠᠨᠠᠭᠤᠯᠭ᠎ᠠ ᠭᠠᠷᠭᠠᠨ ᠠᠷᠭ᠎ᠠ ᠪᠤᠳᠤᠯᠭ᠎ᠠ ᠲᠡᠪᠰᠢᠭᠦᠯᠦᠨ᠎ᠡ


QQ截图20240311100456.png


ᠪᠤᠳᠤᠯ ᠲᠦᠷᠦᠭᠲᠡᠯ ᠢ᠋ᠢᠡᠨ ᠬᠤᠪᠢᠶᠠᠯᠴᠠᠨ᠎ᠠ


QQ截图20240311100518.png


ᠲᠤᠭᠤᠢᠯᠠᠩ ᠬᠤᠪᠢᠶᠠᠵᠦ ᠶᠠᠷᠢᠯᠴᠠᠨ᠎ᠠ


ᠲᠤᠷᠤᠨ᠎ᠠ᠎ᠶᠢᠨ ᠰᠠᠯᠬᠢ ᠡᠷᠴᠢ ᠬᠦᠴᠤᠳᠠᠢ ᠰᠠᠯᠬᠢᠯᠠᠵᠤ᠂ ᠰᠢᠨ᠎ᠡ ᠠᠶᠠᠨ᠎ᠳᠤ ᠡᠷᠡᠯᠬᠡᠭᠯᠡᠨ ᠤᠷᠤᠭᠰᠢᠯᠠᠨ᠎ᠠ; ᠰᠡᠳᠬᠢᠯ ᠨᠢᠭᠡᠲᠦᠨ ᠬᠦᠴᠦ ᠪᠡᠨ ᠬᠠᠮᠲᠤᠳᠬᠠᠵᠤ᠂ ᠳᠠᠷᠪᠠᠭᠤᠯ ᠬᠡᠢᠰᠬᠡᠨ ᠡᠷᠡᠯᠭᠡᠭᠯᠡᠨ ᠤᠷᠤᠭᠰᠢᠯᠠᠨ᠎ᠠ᠃ ᠡᠨᠡ ᠵᠢᠯ ᠪᠣᠯ ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭᠳᠠᠭᠰᠠᠨ 75 ᠵᠢᠯ᠎ᠦᠨ ᠤᠢ ᠮᠥᠨ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠦᠪᠵᠢᠭᠦᠯᠭᠡ᠎ᠶᠢᠨ ᠬᠠᠷᠠᠯᠲᠠ ᠡᠭᠦᠷᠭᠡ᠎ᠶᠢ ᠪᠡᠶᠡᠯᠡᠭᠦᠯᠬᠦ ᠵᠠᠩᠭᠢᠯᠠᠭ᠎ᠠ᠎ᠶᠢᠨ ᠨᠢᠭᠡ ᠵᠢᠯ ᠮᠥᠨ᠂ ᠪᠠᠰᠠ ᠴᠤ᠌ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ ᠪᠠᠢᠭᠤᠯᠤᠭᠳᠠᠭᠰᠠᠨ 75 ᠵᠢᠯ᠎ᠦᠨ ᠤᠢ ᠮᠥᠨ᠃ ᠭᠡᠰᠢᠭᠦᠳ᠂ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠡᠳᠬᠢᠯ ᠨᠢᠭᠡᠲᠦᠨ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠦᠪᠡᠷ ᠢ᠋ ᠪᠠᠨ ᠢᠲᠡᠭᠡᠵᠦ ᠦᠪᠡᠷ ᠢ᠋ ᠪᠠᠨ ᠬᠦᠴᠦᠷᠭᠡᠭᠵᠢᠭᠦᠯᠤᠨ᠂ ᠡᠷᠡᠰ ᠰᠢᠭᠤᠷᠬᠠᠢ ᠪᠠᠷ ᠤᠷᠤᠭᠰᠢᠯᠠᠨ ᠳᠠᠪᠰᠢᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠢ᠋ᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠬᠦ᠎ᠳᠦ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠨ᠎ᠡ ᠭᠡᠵᠦ ᠢᠯᠡᠳᠬᠡᠵᠡᠭᠡᠪᠡ᠃


QQ截图20240311100547.png


ᠬᠡᠰᠢᠭᠦᠳ᠎ᠤᠨ ᠰᠤᠷᠪᠤᠯᠵᠢᠯᠠᠭ᠎ᠠ ᠬᠦᠯᠢᠶᠡᠬᠦ ᠵᠠᠮ


QQ截图20240311100623.png


ᠬᠠᠮᠲᠦ ᠢ᠋ᠢᠨ ᠰᠡᠭᠦᠲᠡᠷ ᠲᠠᠲᠠᠭᠤᠯᠤᠨ᠎ᠠ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号