ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢᠳ᠎ᠦᠨ ᠬᠣᠶᠠᠳᠤᠭᠠᠷ ᠬᠤᠷᠠᠯ ᠬᠤᠷᠠᠯᠳᠤᠪᠠ
2024-03-11 11:24:38
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠵᠣᠣ ᠯᠸ ᠵᠢᠶ ᠬᠤᠷᠠᠯ᠎ᠢ ᠡᠷᠭᠢᠯᠡᠵᠠᠢ


ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ ᠤ᠋ᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢᠳ᠎ᠦᠨ ᠬᠣᠶᠠᠳᠤᠭᠠᠷ ᠬᠤᠷᠠᠯ 10 ᠤ᠋ ᠦᠳᠡ᠎ᠶ᠋ᠢᠨ ᠬᠣᠢᠨ᠎ᠠ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠬᠤᠷᠠᠯᠳᠤᠪᠠ᠃ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠬᠤᠷᠢᠶᠠᠨ ᠳᠠᠷᠤᠭ᠎ᠠ ᠵᠤᠤ ᠯᠸ ᠵᠶ᠋ᠢ ᠬᠤᠷᠠᠯ᠎ᠢ ᠡᠷᠬᠢᠯᠡᠵᠠᠢ᠃

ᠬᠤᠷᠠᠯ ᠡᠴᠡ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠦᠨᠳᠦᠰᠦᠨ ᠬᠠᠤᠯᠢ ᠪᠠ ᠬᠠᠤᠯᠢ ᠴᠠᠭᠠᠵᠠ᠎ᠶ᠋ᠢᠨ ᠵᠥᠪᠯᠡᠯ᠎ᠦᠨ ᠡᠷᠬᠢᠯᠡᠭ᠌ᠴᠢ ᠭᠡᠱᠢᠭᠦᠨ ᠱᠢᠨ ᠴᠦᠨ ᠶᠢᠩ᠎ᠦᠨ ᠬᠢᠭ᠌ᠰᠡᠨ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠵᠣᠬᠢᠶᠠᠨ ᠪᠠᠢᠭᠤᠯᠬᠤ ᠬᠠᠤᠯᠢ᠎ᠳᠤ ᠵᠠᠰᠠᠪᠤᠷᠢ ᠣᠷᠣᠭᠤᠯᠬᠤ ᠲᠥᠰᠦᠯ ᠳ᠋ᠤ ᠵᠠᠰᠠᠪᠤᠷᠢ ᠣᠷᠣᠭᠤᠯᠬᠤ ᠨᠤᠤᠷᠠᠭ᠎ᠲᠤ ᠵᠠᠰᠠᠪᠤᠷᠢ ᠣᠷᠣᠭᠤᠯᠬᠤ ᠰᠠᠨᠠᠯ᠎ᠤᠨ ᠲᠤᠬᠠᠢ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠦᠨᠳᠦᠰᠦᠨ ᠬᠠᠤᠯᠢ ᠪᠠ ᠬᠠᠤᠯᠢ ᠴᠠᠭᠠᠵᠠ᠎ᠶ᠋ᠢᠨ ᠵᠥᠪᠯᠡᠯ᠎ᠦᠨ ᠮᠡᠳᠡᠭᠦᠯᠦᠯᠲᠡ᠎ᠶ᠋ᠢ ᠰᠣᠨᠣᠰᠴᠤ᠌᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠵᠣᠬᠢᠶᠠᠨ ᠪᠠᠢᠭᠤᠯᠬᠤ ᠬᠠᠤᠯᠢ᠎ᠳᠤ ᠵᠠᠰᠠᠪᠤᠷᠢ ᠣᠷᠣᠭᠤᠯᠬᠤ ᠲᠥᠰᠦᠯ᠎ᠦᠨ ᠪᠠᠲᠤᠯᠠᠭᠤᠯᠬᠤ ᠨᠤᠤᠷᠠᠭ᠎ᠢ ᠬᠢᠨᠠᠨ ᠵᠥᠪᠯᠡᠪᠡ᠃

ᠬᠤᠷᠠᠯ ᠡᠴᠡ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ᠂ ᠶᠡᠬᠡ ᠬᠤᠷᠠᠯ᠎ᠤᠨ ᠳᠡᠳ᠋ ᠨᠠᠷᠢᠨ ᠪᠢᠴᠢᠭ᠎ᠦᠨ ᠳᠠᠷᠤᠭ᠎ᠠ᠂ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠨᠠᠷᠢᠨ ᠪᠢᠴᠢᠭ᠎ᠦᠨ ᠳᠠᠷᠤᠭ᠎ᠠ ᠯᠢᠦ ᠴᠢ᠎ᠶ᠋ᠢᠨ ᠬᠢᠭ᠌ᠰᠡᠨ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ᠂ ᠠᠷᠠᠳ᠎ᠤᠨ ᠳᠡᠭᠡᠳᠦ ᠱᠢᠭᠦᠬᠦ᠌ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ᠂ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ᠎ᠶ᠋ᠢ ᠬᠢᠨᠠᠨ ᠵᠥᠪᠯᠡᠭ᠌ᠰᠡᠨ ᠪᠠ ᠵᠠᠰᠠᠪᠤᠷᠢ ᠣᠷᠣᠭᠤᠯᠤᠭ᠍ᠰᠠᠨ ᠪᠠᠢᠳᠠᠯ᠎ᠤᠨ ᠲᠤᠬᠠᠶ ᠶᠡᠬᠡ ᠬᠤᠷᠠᠯ᠎ᠤᠨ ᠨᠠᠷᠢᠨ ᠪᠢᠴᠢᠭ᠎ᠦᠨ ᠭᠠᠵᠠᠷ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ ᠭᠤᠷᠪᠠᠨ ᠮᠡᠳᠡᠭᠦᠯᠦᠯᠲᠡ᠎ᠶ᠋ᠢᠨ ᠱᠢᠶ᠋ᠳᠪᠦᠷᠢ᠎ᠶ᠋ᠢᠨ ᠲᠥᠰᠦᠯ᠎ᠦᠨ ᠤᠷᠤᠯᠠᠨ ᠲᠤᠭᠤᠷᠪᠢᠭᠰᠠᠨ ᠨᠤᠤᠷᠠᠭ᠎ᠢ ᠲᠤᠰ ᠲᠤᠰ ᠬᠢᠨᠠᠨ ᠵᠥᠪᠯᠡᠪᠡ᠃

ᠬᠤᠷᠠᠯ ᠡᠴᠡ ᠶᠡᠬᠡ ᠬᠤᠷᠠᠯ᠎ᠤᠨ ᠳᠡᠳ᠋ ᠨᠠᠷᠢᠨ ᠪᠢᠴᠢᠭ᠎ᠦᠨ ᠳᠠᠷᠤᠭ᠎ᠠ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠳᠡᠳ᠋ ᠨᠠᠷᠢᠨ ᠪᠢᠴᠢᠭ᠎ᠦᠨ ᠳᠠᠷᠤᠭ᠎ᠠ ᠯᠢᠦ ᠵᠢᠶᠦ᠋ᠨ ᠴᠧᠨ᠎ᠦ ᠬᠢᠭ᠌ᠰᠡᠨ ᠲᠥᠯᠥᠭᠡᠯᠡᠭ᠌ᠴᠢᠳ᠎ᠦᠨ ᠳᠤᠷᠠᠳᠤᠭ᠍ᠰᠠᠨ ᠰᠠᠨᠠᠯ ᠵᠥᠪᠯᠡᠯᠭᠡ᠎ᠶ᠋ᠢ ᠱᠢᠢᠳᠪᠦᠷᠢᠯᠡᠬᠦ᠌ ᠰᠠᠨᠠᠯ᠎ᠤᠨ ᠲᠤᠬᠠᠢ ᠶᠡᠬᠡ ᠬᠤᠷᠠᠯ᠎ᠤᠨ ᠨᠠᠷᠢᠨ ᠪᠢᠴᠢᠭ᠎ᠦᠨ ᠭᠠᠵᠠᠷ᠎ᠤᠨ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠵᠥᠪᠯᠡᠪᠡ᠃

ᠬᠤᠷᠠᠯ ᠡᠴᠡ ᠳᠡᠭᠡᠷ᠎ᠡ ᠳᠤᠷᠠᠳᠤᠭ᠍ᠰᠠᠨ ᠵᠠᠰᠠᠪᠤᠷᠢ ᠣᠷᠣᠭᠤᠯᠬᠤ ᠰᠠᠨᠠᠯ᠎ᠤᠨ ᠮᠡᠳᠡᠭᠦᠯᠦᠯᠲᠡ ᠵᠢᠴᠢ ᠲᠥᠰᠦᠯ᠎ᠦᠨ ᠪᠠᠲᠤᠯᠠᠭᠤᠯᠬᠤ ᠨᠤᠤᠷᠠᠭ᠂ ᠱᠢᠢᠳᠪᠦᠷᠢ᠎ᠶ᠋ᠢᠨ ᠲᠥᠰᠦᠯ ᠪᠣᠯᠤᠨ ᠮᠡᠳᠡᠭᠦᠯᠦᠯᠲᠡ᠎ᠶ᠋ᠢ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠭᠤᠷᠪᠠᠳᠤᠭᠠᠷ ᠬᠤᠷᠠᠯ᠎ᠳᠤ ᠳᠡᠪᠱᠢᠭᠦᠯᠵᠦ᠍ ᠬᠢᠨᠠᠨ ᠵᠥᠪᠯᠡᠭᠦᠯᠬᠦ᠌᠎ᠶ᠋ᠢ ᠵᠥᠪᠱᠢᠶᠡᠷᠡᠪᠡ᠃

ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠳᠡᠳ᠋ ᠬᠤᠷᠢᠶᠠᠨ ᠳᠠᠷᠤᠭ᠎ᠠ ᠯᠢ ᠬᠣᠩ ᠵᠦᠩ᠂ ᠸᠠᠩ ᠳ᠋ᠦᠩ ᠮᠢᠩ᠂ ᠱᠢᠶᠤᠤ ᠵᠢᠶ᠍ᠸ᠂ ᠵᠧᠩ ᠵᠢᠶᠠᠨ ᠪᠠᠩ᠂ ᠳ᠋ᠢᠩ ᠵᠦᠩ ᠯᠢ᠂ ᠬᠤᠤ ᠮᠢᠩ ᠵᠢᠨ᠂ ᠼᠠᠢ ᠳ᠋ᠠ ᠹᠸᠩ᠂ ᠾᠧ ᠸᠧᠢ᠂ ᠦ᠋ ᠸᠧᠢ ᠬᠤᠸᠠ᠂ ᠲᠢᠶ᠍ᠸ ᠨᠢᠩ᠂ ᠫᠸᠩ ᠴᠢᠩ ᠬᠤᠸᠠ᠂ ᠵᠠᠩ ᠴᠢᠩ ᠸᠧᠢ᠂ ᠯᠣᠪᠰᠠᠩᠵᠠᠯᠰᠠᠨ᠂ᠱᠢᠤᠸᠠᠢᠺᠧᠯᠠᠢ᠌ᠲ᠋ᠢ· ᠵᠠᠺᠸᠯ ᠬᠤᠷᠠᠯ᠎ᠳᠤ ᠣᠷᠣᠯᠴᠠᠪᠠ᠃


ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ 10 ᠤ᠋ ᠦᠳᠡ᠎ᠶ᠋ᠢᠨ ᠬᠣᠢᠨ᠎ᠠ ᠪᠡᠭᠡᠵᠢᠩ ᠤ᠋ᠨ ᠠᠷᠠᠳ ᠤ᠋ᠨ ᠶᠡᠭᠡ ᠬᠤᠷᠠᠯ ᠤ᠋ᠨ ᠲᠠᠩᠭᠢᠮ ᠳ᠋ᠤ ᠭᠤᠷᠪᠠᠳᠤᠭᠠᠷ ᠤᠳᠠᠭ᠎ᠠ ᠵᠢᠨ ᠬᠤᠷᠠᠯ ᠬᠢᠪᠠ᠃

ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠵᠤᠤ ᠯᠸ ᠵᠶ᠋ᠢ ᠬᠤᠷᠠᠯ᠎ᠢ ᠡᠷᠬᠢᠯᠡᠪᠡ᠃

ᠬᠤᠷᠠᠯ᠎ᠳᠤ ᠣᠷᠣᠯᠴᠠᠬᠤ ᠶᠣᠰᠣᠲᠠᠢ ᠬᠦᠮᠦᠨ181 ᠪᠠᠢᠵᠤ᠂ 177 ᠬᠥᠮᠦᠨ ᠣᠷᠣᠯᠴᠠᠵᠤ᠂ 4 ᠬᠥᠮᠦᠨ ᠣᠷᠣᠯᠴᠠᠭ᠍ᠰᠠᠨ ᠦᠭᠡᠢ ᠂ ᠬᠤᠷᠠᠯ᠎ᠳᠤ ᠣᠷᠣᠯᠴᠠᠭ᠍ᠰᠠᠨ ᠬᠥᠮᠦᠨ᠎ᠦ ᠲᠣᠭ᠎ᠠ ᠬᠠᠤᠯᠢ᠎ᠳᠤ ᠲᠣᠭ᠍ᠲᠠᠭᠠᠭ᠍ᠰᠠᠨ ᠬᠥᠮᠦᠨ᠎ᠦ ᠲᠣᠭ᠎ᠠ᠎ᠳᠤ ᠨᠡᠢᠴᠡᠪᠠ᠃

3 ᠰᠠᠷ᠎ᠠ᠎ᠶ᠋ᠢᠨ 9 ᠤ᠋ ᠦᠳᠡ᠎ᠶ᠋ᠢᠨ ᠡᠮᠦᠨ᠎ᠡ᠂ ᠡᠯ᠎ᠡ ᠲᠥᠯᠥᠭᠡᠯᠡᠭ᠌ᠴᠢᠳ᠎ᠦᠨ ᠪᠦᠯᠬᠦᠮ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠵᠣᠬᠢᠶᠠᠨ ᠪᠠᠢᠭᠤᠯᠬᠤ ᠬᠠᠤᠯᠢ᠎ᠳᠤ ᠵᠠᠰᠠᠪᠤᠷᠢ ᠣᠷᠣᠭᠤᠯᠬᠤ ᠲᠥᠰᠦᠯ᠎ᠦᠨ ᠵᠠᠰᠠᠪᠤᠷᠢ ᠣᠷᠣᠭᠤᠯᠬᠤ ᠨᠤᠤᠷᠠᠭ᠎ᠢ ᠨᠠᠷᠢᠨ ᠬᠢᠨᠠᠮᠠᠭᠠᠢ ᠬᠢᠨᠠᠨ ᠵᠥᠪᠯᠡᠪᠡ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠦᠨᠳᠦᠰᠦᠨ ᠬᠠᠤᠯᠢ ᠪᠠ ᠬᠠᠤᠯᠢ ᠴᠠᠭᠠᠵᠠ᠎ᠶ᠋ᠢᠨ ᠵᠥᠪᠯᠡᠯ ᠡᠯ᠎ᠡ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠭ᠌ᠰᠡᠨ ᠰᠠᠨᠠᠯ᠎ᠢ ᠦᠨᠳᠦᠰᠦᠯᠡᠨ᠂ ᠵᠠᠰᠠᠪᠤᠷᠢ ᠣᠷᠣᠭᠤᠯᠬᠤ ᠲᠥᠰᠦᠯ᠎ᠦᠨ ᠵᠠᠰᠠᠪᠤᠷᠢ ᠣᠷᠣᠭᠤᠯᠬᠤ ᠨᠤᠤᠷᠠᠭ᠎ᠢ ᠬᠢᠨᠠᠨ ᠵᠥᠪᠯᠡᠵᠦ᠍᠂ ᠵᠠᠰᠠᠪᠤᠷᠢ ᠣᠷᠣᠭᠤᠯᠬᠤ ᠲᠥᠰᠦᠯ᠎ᠦᠨ ᠪᠠᠲᠤᠯᠠᠭᠤᠯᠬᠤ ᠨᠤᠤᠷᠠᠭ ᠢ᠋ ᠲᠤᠷᠠᠳᠪᠠ᠃ ᠲᠡᠷᠢᠭᠦᠯᠡᠭ᠌ᠴᠢᠳ᠎ᠦᠨ ᠪᠦᠯᠬᠦᠮ᠎ᠦᠨ ᠬᠤᠷᠠᠯ᠎ᠡᠴᠡ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠦᠨᠳᠦᠰᠦᠨ ᠬᠠᠤᠯᠢ ᠪᠠ ᠬᠠᠤᠯᠢ ᠴᠠᠭᠠᠵᠠ᠎ᠶ᠋ᠢᠨ ᠵᠥᠪᠯᠡᠯ᠎ᠦᠨ ᠡᠷᠬᠢᠯᠡᠭ᠌ᠴᠢ ᠭᠡᠱᠢᠭᠦᠨ ᠱᠢᠨ ᠴᠦᠨ ᠶᠢᠩ᠎ᠦᠨ ᠬᠢᠭ᠌ᠰᠡᠨ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠵᠣᠬᠢᠶᠠᠨ ᠪᠠᠢᠭᠤᠯᠬᠤ ᠬᠠᠤᠯᠢ᠎ᠳᠤ ᠵᠠᠰᠠᠪᠤᠷᠢ ᠣᠷᠣᠭᠤᠯᠬᠤ ᠲᠥᠰᠦᠯ᠎ᠦᠨ ᠵᠠᠰᠠᠪᠤᠷᠢ ᠣᠷᠣᠭᠤᠯᠬᠤ ᠨᠤᠤᠷᠠᠭ᠎ᠲᠤ ᠵᠠᠰᠠᠪᠤᠷᠢ ᠣᠷᠣᠭᠤᠯᠬᠤ ᠰᠠᠨᠠᠯ᠎ᠤᠨ ᠲᠤᠬᠠᠢ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠦᠨᠳᠦᠰᠦᠨ ᠬᠠᠤᠯᠢ ᠪᠠ ᠬᠠᠤᠯᠢ ᠴᠠᠭᠠᠵᠠ᠎ᠶ᠋ᠢᠨ ᠵᠥᠪᠯᠡᠯ᠎ᠦᠨ ᠮᠡᠳᠡᠬᠦᠯᠦᠯᠳᠠ ᠵᠢ ᠰᠤᠨᠤᠰᠪᠠ᠃ ᠬᠤᠷᠠᠯ᠎ᠡᠴᠡ ᠪᠠᠲᠤᠯᠠᠯᠲᠠ ᠬᠢᠬᠦ᠌᠎ᠪᠡᠷ ᠳᠠᠮᠵᠢᠨ᠂ ᠳᠡᠭᠡᠷ᠎ᠡ ᠳᠤᠷᠠᠳᠤᠭ᠍ᠰᠠᠨ ᠮᠡᠳᠡᠭᠦᠯᠦᠯᠲᠡ ᠪᠣᠯᠤᠨ ᠵᠠᠰᠠᠪᠤᠷᠢ ᠣᠷᠣᠭᠤᠯᠬᠤ ᠲᠥᠰᠦᠯ᠎ᠦᠨ ᠪᠠᠲᠤᠯᠠᠭᠤᠯᠬᠤ ᠨᠤᠤᠷᠠᠭ᠎ᠢ ᠪᠠᠲᠤᠯᠠᠵᠤ᠂ ᠵᠠᠰᠠᠪᠤᠷᠢ ᠣᠷᠣᠭᠤᠯᠬᠤ ᠲᠥᠰᠦᠯ᠎ᠦᠨ ᠪᠠᠲᠤᠯᠠᠭᠤᠯᠬᠤ ᠨᠤᠤᠷᠠᠭ᠎ᠢ ᠶᠡᠬᠡ ᠬᠤᠷᠠᠯ᠎ᠤᠨ ᠪᠦᠬᠦᠳᠡ ᠬᠤᠷᠠᠯ᠎ᠳᠤ ᠳᠡᠪᠱᠢᠭᠦᠯᠵᠦ᠍ ᠪᠠᠲᠤᠯᠠᠭᠤᠯᠬᠤ᠎ᠪᠠᠷ ᠲᠣᠭ᠍ᠲᠠᠪᠠ᠃

3 ᠰᠠᠷ᠎ᠠ᠎ᠶ᠋ᠢᠨ 8 ᠤ᠋ ᠦᠳᠡ᠎ᠶ᠋ᠢᠨ ᠬᠣᠢᠨ᠎ᠠ ᠪᠠ 10 ᠤ᠋ ᠦᠳᠡ᠎ᠶ᠋ᠢᠨ ᠡᠮᠦᠨ᠎ᠡ᠂ ᠡᠯ᠎ᠡ ᠲᠥᠯᠥᠭᠡᠯᠡᠭ᠌ᠴᠢᠳ᠎ᠦᠨ ᠪᠦᠯᠬᠦᠮ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠨᠭᠭᠤ ᠵᠢᠨ ᠬᠤᠷᠢᠶ᠎ᠠ ᠵᠢᠨ ᠠᠵᠢᠯ ᠤ᠋ᠨ ᠮᠡᠳᠡᠬᠦᠯᠦᠯᠳᠠ ᠵᠢ ᠨᠠᠷᠢᠨ ᠬᠢᠨᠠᠮᠠᠭᠠᠢ ᠬᠢᠨᠡᠨ ᠵᠦᠪᠯᠡᠪᠡ᠃ ᠲᠥᠯᠥᠭᠡᠯᠡᠭ᠌ᠴᠢᠳ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠥᠩᠭᠡᠷᠡᠭ᠌ᠰᠡᠨ ᠨᠢᠭᠡ ᠵᠢᠯ᠎ᠦᠨ ᠠᠵᠢᠯ᠎ᠢ ᠭᠦᠢᠴᠡᠳ ᠨᠤᠲᠠᠯᠠᠵᠤ᠂ ᠬᠣᠢᠱᠢᠳᠠ᠎ᠶ᠋ᠢᠨ ᠨᠢᠭᠡ ᠵᠢᠯ᠎ᠦᠨ ᠠᠵᠢᠯ᠎ᠤᠨ ᠲᠤᠬᠢᠷᠠᠭᠤᠯᠤᠯᠳᠠ᠎ᠶ᠋ᠢ ᠵᠥᠪᠱᠢᠶᠡᠷᠡᠵᠦ᠍ ᠪᠠᠢᠬᠤ᠎ᠪᠠᠨ ᠢᠯᠡᠳᠭᠡᠵᠡᠭᠡᠪᠡ᠃ ᠬᠢᠨᠠᠨ ᠵᠥᠪᠯᠡᠬᠦ᠌ ᠶᠠᠪᠤᠴᠠ᠎ᠳᠤ᠂ ᠲᠥᠯᠥᠭᠡᠯᠡᠭ᠌ᠴᠢᠳ ᠮᠡᠳᠡᠬᠦᠯᠦᠯᠳᠠ ᠪᠠ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠤᠨ ᠲᠤᠬᠠᠢ ᠵᠠᠷᠢᠮ ᠰᠠᠨᠠᠯ ᠰᠠᠨᠠᠭᠤᠯᠭ᠎ᠠ ᠳᠤᠷᠠᠳᠴᠠᠢ᠃ ᠬᠤᠷᠢᠶᠠᠨ ᠳᠠᠷᠤᠭ᠎ᠠ᠎ᠨᠠᠷ᠎ᠤᠨ ᠬᠤᠷᠠᠯ ᠡᠴᠡ ᠲᠥᠯᠥᠭᠡᠯᠡᠭ᠌ᠴᠢᠳ᠎ᠦᠨ ᠬᠢᠨᠠᠨ ᠵᠦᠪᠯᠡᠭᠰᠡᠨ ᠰᠠᠨᠠᠯ᠎ᠢ ᠨᠠᠷᠢᠨ ᠬᠢᠨᠠᠮᠠᠭᠠᠶ ᠰᠤᠳᠤᠯᠵᠤ᠂ ᠮᠡᠳᠡᠬᠦᠯᠦᠯᠳᠠ᠎ᠳᠦ ᠵᠠᠰᠠᠪᠤᠷᠢ ᠣᠷᠣᠭᠤᠯᠪᠠ᠃ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠡᠯ᠎ᠡ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠭ᠌ᠰᠡᠨ ᠰᠠᠨᠠᠯ ᠪᠣᠯᠤᠨ ᠮᠡᠳᠡᠭᠦᠯᠦᠯᠲᠡ᠎ᠳᠦ ᠵᠠᠰᠠᠪᠤᠷᠢ ᠣᠷᠣᠭᠤᠯᠤᠭ᠍ᠰᠠᠨ ᠪᠠᠢᠳᠠᠯ᠎ᠢ ᠦᠨᠳᠦᠰᠦᠯᠡᠨ᠂ ᠪᠠᠢᠩᠭᠤ᠎ᠶ᠋ᠢᠨ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ᠎ᠶ᠋ᠢ ᠵᠥᠪᠱᠢᠶᠡᠷᠡᠬᠦ᠌᠎ᠶ᠋ᠢ ᠰᠠᠨᠠᠭᠤᠯᠬᠤ᠎ᠶ᠋ᠢᠨ ᠵᠡᠷᠭᠡ ᠪᠡᠷ ᠪᠠᠢᠩᠭᠤ᠎ᠶ᠋ᠢᠨ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ᠎ᠶ᠋ᠢᠨ ᠲᠤᠬᠠᠢ ᠱᠢᠢᠳᠪᠦᠷᠢ᠎ᠶ᠋ᠢᠨ ᠲᠥᠰᠦᠯ᠎ᠢ ᠣᠷᠣᠯᠠᠨ ᠲᠤᠭᠤᠷᠪᠢᠪᠠ᠃ ᠬᠤᠷᠠᠯ᠎ᠡᠴᠡ ᠪᠠᠲᠤᠯᠠᠯᠲᠠ ᠬᠢᠬᠦ᠌᠎ᠪᠡᠷ ᠲᠠᠮᠵᠢᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠠᠵᠢᠯ᠎ᠤᠨ ᠮᠡᠳᠡᠬᠦᠯᠦᠯᠳᠠ ᠵᠢᠨ ᠲᠤᠬᠠᠢ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ᠎ᠤᠨ ᠱᠢᠢᠳᠪᠦᠷᠢ᠎ᠶ᠋ᠢᠨ ᠲᠦᠰᠦᠯ ᠢ᠋ ᠡᠯ᠎ᠠ ᠲᠦᠯᠦᠭᠡᠯᠡᠭᠴᠢᠳ ᠤ᠋ᠨ ᠪᠦᠯᠬᠦᠮ ᠳ᠋ᠤ ᠲᠠᠪᠰᠢᠬᠦᠯᠵᠤ ᠬᠢᠨᠡᠨ ᠵᠦᠪᠯᠡᠬᠦᠯᠬᠦ ᠪᠡᠷ ᠲᠤᠬᠳᠠᠪᠠ᠃

3 ᠰᠠᠷ᠎ᠠ᠎ᠶ᠋ᠢᠨ 9 ᠤ᠋ ᠪᠦᠬᠦᠯᠢ ᠡᠳᠦᠷ ᠪᠠ 10 ᠎ᠤ᠋ ᠦᠳᠡ᠎ᠶ᠋ᠢᠨ ᠡᠮᠦᠨ᠎ᠡ᠂ ᠡᠯ᠎ᠡ ᠲᠥᠯᠥᠭᠡᠯᠡᠭ᠌ᠴᠢᠳ᠎ᠦᠨ ᠪᠦᠯᠬᠦᠮ ᠠᠷᠠᠳ᠎ᠤᠨ ᠳᠡᠭᠡᠳᠦ ᠱᠢᠭᠦᠬᠦ᠌ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ᠂ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ᠎ᠶ᠋ᠢ ᠨᠠᠷᠢᠨ ᠬᠢᠨᠠᠮᠠᠭᠠᠢ ᠬᠢᠨᠠᠨ ᠵᠥᠪᠯᠡᠪᠡ᠃ ᠲᠥᠯᠥᠭᠡᠯᠡᠭ᠌ᠴᠢᠳ ᠠᠷᠠᠳ᠎ᠤᠨ ᠳᠡᠭᠡᠳᠦ ᠱᠢᠭᠦᠬᠦ᠌ ᠬᠣᠷᠢᠶ᠎ᠠ᠂ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ ᠵᠢᠨ ᠥᠩᠭᠡᠷᠡᠭ᠌ᠰᠡᠨ ᠨᠢᠭᠡ ᠵᠢᠯ᠎ᠦᠨ ᠠᠵᠢᠯ᠎ᠢ ᠭᠦᠢᠴᠡᠳ ᠨᠤᠲᠠᠯᠠᠵᠤ᠂ ᠬᠣᠢᠱᠢᠳᠠ᠎ᠶ᠋ᠢᠨ ᠨᠢᠭᠡ ᠵᠢᠯ᠎ᠦᠨ ᠠᠵᠢᠯ᠎ᠤᠨ ᠲᠤᠬᠢᠷᠠᠭᠤᠯᠤᠯᠲᠠ᠎ᠶ᠋ᠢ ᠵᠥᠪᠱᠢᠶᠡᠷᠡᠵᠦ᠍ ᠪᠠᠢᠬᠤ᠎ᠪᠠᠨ ᠢᠯᠡᠳᠭᠡᠪᠡ᠃ ᠬᠢᠨᠠᠨ ᠵᠥᠪᠯᠡᠬᠦ᠌ ᠳᠤᠮᠳᠠ᠂ ᠲᠥᠯᠥᠭᠡᠯᠡᠭ᠌ᠴᠢᠳ ᠪᠠᠰᠠ ᠵᠠᠷᠢᠮ ᠰᠠᠨᠠᠯ ᠰᠠᠨᠠᠭᠤᠯᠭ᠎ᠠ ᠳᠤᠷᠠᠳᠴᠠᠢ᠃ ᠠᠷᠠᠳ᠎ᠤᠨ ᠳᠡᠭᠡᠳᠦ ᠱᠢᠭᠦᠬᠦ᠌ ᠬᠣᠷᠢᠶ᠎ᠠ᠂ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ ᠲᠥᠯᠥᠭᠡᠯᠡᠭ᠌ᠴᠢᠳ᠎ᠦᠨ ᠬᠢᠨᠠᠨ ᠵᠦᠪᠯᠡᠭᠰᠡᠨ ᠰᠠᠨᠠᠯ᠎ᠢ ᠦᠨᠳᠦᠰᠦᠯᠡᠨ ᠮᠡᠳᠡᠭᠦᠯᠦᠯᠲᠡ᠎ᠳᠦ ᠵᠠᠰᠠᠪᠤᠷᠢ ᠣᠷᠣᠭᠤᠯᠪᠠ᠃ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠡᠯ᠎ᠡ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠭ᠌ᠰᠡᠨ ᠰᠠᠨᠠᠯ ᠪᠣᠯᠤᠨ ᠮᠡᠳᠡᠭᠦᠯᠦᠯᠲᠡ᠎ᠳᠦ ᠵᠠᠰᠠᠪᠤᠷᠢ ᠣᠷᠣᠭᠤᠯᠤᠭ᠍ᠰᠠᠨ ᠪᠠᠢᠳᠠᠯ᠎ᠢ ᠦᠨᠳᠦᠰᠦᠯᠡᠵᠦ᠍᠂ ᠠᠷᠠᠳ᠎ᠤᠨ ᠳᠡᠭᠡᠳᠦ ᠱᠢᠭᠦᠬᠦ᠌ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ᠂ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ᠎ᠶ᠋ᠢ ᠵᠥᠪᠱᠢᠶᠡᠷᠡᠬᠦ᠌᠎ᠶ᠋ᠢ ᠰᠠᠨᠠᠭᠤᠯᠤᠭ᠍ᠰᠠᠨ ᠪᠥᠭᠡᠳ ᠠᠷᠠᠳ᠎ᠤᠨ ᠳᠡᠭᠡᠳᠦ ᠱᠢᠭᠦᠬᠦ᠌ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ᠂ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ᠎ᠶ᠋ᠢᠨ ᠲᠤᠬᠠᠢ ᠬᠣᠶᠠᠷ ᠱᠢᠢᠳᠪᠦᠷᠢ᠎ᠶ᠋ᠢᠨ ᠲᠥᠰᠦᠯ᠎ᠢ ᠣᠷᠣᠯᠠᠨ ᠲᠤᠭᠤᠷᠪᠢᠪᠠ᠃ ᠬᠤᠷᠠᠯ᠎ᠡᠴᠡ ᠪᠠᠲᠤᠯᠠᠯᠲᠠ ᠬᠢᠬᠦ᠌᠎ᠪᠡᠷ ᠲᠠᠮᠵᠢᠨ ᠡᠨᠡ ᠬᠣᠶᠠᠷ ᠱᠢᠢᠳᠪᠦᠷᠢ᠎ᠶ᠋ᠢᠨ ᠲᠥᠰᠦᠯ᠎ᠢ ᠡᠯ᠎ᠡ ᠲᠥᠯᠥᠭᠡᠯᠡᠭ᠌ᠴᠢᠳ᠎ᠦᠨ ᠪᠦᠯᠬᠦᠮ᠎ᠳᠦ ᠳᠡᠪᠱᠢᠭᠦᠯᠵᠦ᠍ ᠬᠢᠨᠠᠨ ᠵᠥᠪᠯᠡᠭᠦᠯᠬᠦ᠌᠎ᠪᠡᠷ ᠲᠣᠭ᠍ᠲᠠᠪᠠ᠃

ᠬᠤᠷᠠᠯ᠎ᠡᠴᠡ ᠶᠡᠬᠡ ᠬᠤᠷᠠᠯ᠎ᠤᠨ ᠳᠡᠳ᠋ ᠨᠠᠷᠢᠨ ᠪᠢᠴᠢᠭ᠎ᠦᠨ ᠳᠠᠷᠤᠭ᠎ᠠ ᠯᠢᠦ ᠵᠢᠶᠦ᠋ᠨ ᠴᠧᠨ᠎ᠦ ᠬᠢᠭ᠌ᠰᠡᠨ ᠲᠥᠯᠥᠭᠡᠯᠡᠭ᠌ᠴᠢᠳ᠎ᠦᠨ ᠳᠤᠷᠠᠳᠤᠭ᠍ᠰᠠᠨ ᠰᠠᠨᠠᠯ ᠵᠥᠪᠯᠡᠯᠭᠡ᠎ᠶ᠋ᠢ ᠱᠢᠶ᠋ᠳᠪᠦᠷᠢᠯᠡᠬᠦ᠌ ᠰᠠᠨᠠᠯ᠎ᠤᠨ ᠲᠤᠬᠠᠶ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ᠎ᠤᠨ ᠨᠠᠷᠢᠨ ᠪᠢᠴᠢᠭ᠎ᠦᠨ ᠭᠠᠵᠠᠷ᠎ᠤᠨ ᠮᠡᠳᠡᠭᠦᠯᠦᠯᠲᠡ᠎ᠶ᠋ᠢ ᠰᠣᠨᠣᠰᠪᠠ᠃ ᠯᠢᠦ ᠵᠢᠶᠦ᠋ᠨ ᠴᠧᠨ᠂ 3 ᠰᠠᠷ᠎ᠠ᠎ᠶ᠋ᠢᠨ 8 ᠎ᠤ᠋ ᠡᠳᠦᠷ᠎ᠦᠨ 12 ᠴᠠᠭ ᠪᠣᠯᠲᠠᠯ᠎ᠠ᠂ ᠶᠡᠬᠡ ᠬᠤᠷᠠᠯ᠎ᠤᠨ ᠨᠠᠷᠢᠨ ᠪᠢᠴᠢᠭ᠎ᠦᠨ ᠭᠠᠵᠠᠷ ᠨᠡᠢᠲᠡ 298 ᠬᠤᠪᠢ ᠰᠠᠨᠠᠯ ᠵᠥᠪᠯᠡᠯᠭᠡ᠎ᠶ᠋ᠢ ᠬᠦᠯᠢᠶᠡᠨ ᠠᠪᠴᠠᠢ᠂ ᠡᠭᠦᠨ᠎ᠳᠦ ᠲᠥᠯᠥᠭᠡᠯᠡᠭ᠌ᠴᠢᠳ᠎ᠦᠨ ᠪᠦᠯᠬᠦᠮ᠎ᠦᠨ ᠳᠤᠷᠠᠳᠤᠭ᠍ᠰᠠᠨ 26 ᠬᠤᠪᠢ᠂ 30 ᠎ᠡᠴᠡ ᠳᠡᠭᠡᠭ᠌ᠰᠢᠬᠢ ᠲᠥᠯᠥᠭᠡᠯᠡᠭ᠌ᠴᠢ ᠨᠡᠷ᠎ᠡ ᠬᠣᠯᠪᠣᠨ ᠳᠤᠷᠠᠳᠤᠭ᠍ᠰᠠᠨ 272 ᠬᠤᠪᠢ ᠪᠠᠢᠨ᠎ᠠ᠃ ᠡᠳᠡᠭᠡᠷ ᠰᠠᠨᠠᠯ ᠵᠥᠪᠯᠡᠯᠭᠡ᠎ᠶ᠋ᠢᠨ ᠳᠣᠲᠣᠷ᠎ᠠ᠂ ᠬᠠᠤᠯᠢ ᠲᠣᠭ᠍ᠲᠠᠭᠠᠬᠤ ᠲᠠᠯ᠎ᠠ᠎ᠶ᠋ᠢᠨ ᠰᠠᠨᠠᠯ ᠵᠥᠪᠯᠡᠯᠭᠡ 294 ᠬᠤᠪᠢ ᠪᠠᠢᠵᠤ᠂ ᠡᠭᠦᠨ ᠳ᠋ᠤ 292 ᠬᠤᠪᠢ ᠬᠠᠤᠯᠢ ᠴᠠᠭᠠᠵᠠ᠎ᠶ᠋ᠢᠨ ᠰᠠᠨᠠᠯ ᠵᠥᠪᠯᠡᠯᠭᠡ᠂ 2 ᠬᠤᠪᠢ ᠬᠣᠯᠪᠣᠭ᠍ᠳᠠᠯ ᠪᠦᠬᠦᠢ ᠲᠣᠭ᠍ᠲᠠᠭᠠᠯ᠎ᠤᠨ ᠵᠦᠢᠯᠡᠰ᠎ᠢ ᠪᠠᠭ᠍ᠲᠠᠭᠠᠨ᠎ᠠ;ᠬᠢᠨᠠᠯᠲᠠ ᠲᠠᠯᠪᠢᠬᠤ ᠲᠠᠯ᠎ᠠ᠎ᠶ᠋ᠢᠨ ᠰᠠᠨᠠᠯ ᠵᠥᠪᠯᠡᠯᠭᠡ 4 ᠬᠤᠪᠢ ᠪᠠᠢᠨ᠎ᠠ᠃ ᠠᠭᠤᠯᠭ᠎ᠠ ᠨᠢ ᠭᠣᠣᠯᠳᠠᠭᠤ᠄ ᠠᠷᠠᠳ ᠲᠦᠮᠡᠨ ᠡᠷᠬᠡ ᠮᠡᠳᠡᠵᠦ᠍ ᠡᠵᠡᠨ ᠰᠠᠭᠤᠬᠤ ᠳᠦᠷᠢᠮ᠎ᠦᠨ ᠱᠢᠰᠲ᠋ᠧᠮ᠎ᠢ ᠲᠡᠭᠦᠯᠳᠡᠷᠵᠢᠭᠦᠯᠵᠦ᠍᠂ ᠪᠦᠬᠦ᠌ ᠶᠠᠪᠤᠴᠠ᠎ᠶᠢᠨ ᠠᠷᠠᠳ᠎ᠤᠨ ᠠᠷᠠᠳᠴᠢᠯᠠᠯ᠎ᠢ ᠬᠥᠭ᠌ᠵᠢᠭᠦᠯᠬᠦ;ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ ᠂ ᠱᠢᠨ᠎ᠡ ᠴᠢᠨᠠᠷ ᠪᠦᠬᠦᠢ ᠦᠶ᠋ᠯᠡᠳᠪᠦᠷᠢᠯᠡᠯ᠎ᠦᠨ ᠬᠦᠴᠦᠨ᠎ᠢ ᠲᠦᠷᠭᠡᠳᠭᠡᠨ ᠬᠥᠭ᠌ᠵᠢᠭᠦᠯᠬᠦ;ᠬᠠᠤᠯᠢ ᠶᠣᠰᠣᠭᠠᠷ ᠵᠠᠰᠠᠭ ᠶᠠᠪᠤᠭᠤᠯᠬᠤ ᠪᠠ ᠲᠥᠪ ᠭᠣᠣᠯᠴᠢ᠎ᠪᠠᠷ ᠬᠠᠤᠯᠢ ᠪᠠᠷᠢᠬᠤ᠎ᠶ᠋ᠢ ᠯᠠᠪᠳᠠᠭᠤᠨ ᠪᠠᠲᠤᠲᠠᠢ ᠲᠦᠯᠬᠢᠨ ᠠᠬᠢᠭᠤᠯᠬᠤ; ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ;ᠴᠢᠨᠠᠷ ᠰᠠᠢᠲᠠᠶ ᠬᠥᠭ᠌ᠵᠢᠯᠲᠡ ᠪᠠ ᠥᠨᠳᠥᠷ ᠲᠦᠪᠱᠢᠨ ᠪᠥᠬᠥᠶ ᠠᠮᠤᠷ ᠲᠦᠪᠱᠢᠨ᠎ᠢ ᠨᠢᠭᠡᠳᠦᠯᠲᠡᠶ ᠲᠥᠯᠥᠪᠵᠢᠭᠦᠯᠬᠦ; ᠱᠢᠨᠵᠢᠯᠡᠬᠦ᠌ ᠤᠬᠠᠭᠠᠨ ᠰᠤᠷᠭᠠᠨ ᠬᠥᠮᠦᠵᠢᠯ᠎ᠢᠶᠡᠷ ᠤᠯᠤᠰ᠎ᠢᠶᠠᠨ ᠮᠠᠨᠳᠤᠭᠤᠯᠬᠤ ᠪᠠᠢᠯᠳᠤᠬᠤ ᠪᠤᠳᠤᠯᠭ᠎ᠠ ᠪᠠ ᠴᠢᠳᠠᠪᠤᠷᠢᠲᠠᠨ᠎ᠢᠶᠠᠷ ᠤᠯᠤᠰ᠎ᠢᠶᠠᠨ ᠬᠦᠴᠦᠷᠬᠡᠭ᠌ᠵᠢᠭᠦᠯᠬᠦ᠌ ᠪᠠᠢᠯᠳᠤᠬᠤ ᠪᠤᠳᠤᠯᠭ᠎ᠠ᠎ᠶ᠋ᠢ ᠬᠡᠷᠡᠭ᠌ᠵᠢᠭᠦᠯᠵᠦ᠍᠂ ᠰᠣᠶᠣᠯ᠎ᠤᠨ ᠬᠦᠴᠦᠷᠬᠡᠭ ᠤᠯᠤᠰ᠎ᠢ ᠪᠦᠳᠦᠭᠡᠨ ᠪᠠᠢᠭᠤᠯᠬᠤ; ᠪᠣᠬᠢᠷᠲᠤᠯ ᠦᠭᠡᠢ ᠬᠥᠭ᠌ᠵᠢᠯᠲᠡ᠎ᠶ᠋ᠢ ᠠᠬᠢᠭᠤᠯᠵᠤ᠂ ᠬᠥᠮᠦᠨ ᠪᠠ ᠪᠠᠢᠭᠠᠯᠢ᠎ᠶ᠋ᠢᠨ ᠡᠶ᠎ᠡ ᠵᠣᠬᠢᠴᠠᠩᠭᠤᠢ᠎ᠪᠠᠷ ᠬᠠᠮᠲᠤ ᠣᠷᠣᠱᠢᠬᠤ᠎ᠶ᠋ᠢ ᠠᠬᠢᠭᠤᠯᠬᠤ᠎ᠳᠦ ᠲᠦᠪᠯᠡᠷᠡᠪᠡ᠃ ᠶᠡᠬᠡ ᠬᠤᠷᠠᠯ᠎ᠤᠨ ᠨᠠᠷᠢᠨ ᠪᠢᠴᠢᠭ᠎ᠦᠨ ᠭᠠᠵᠠᠷ ᠡᠴᠡ ᠲᠥᠯᠥᠭᠡᠯᠡᠭ᠌ᠴᠢᠳ᠎ᠦᠨ ᠳᠤᠷᠠᠳᠤᠭ᠍ᠰᠠᠨ ᠰᠠᠨᠠᠯ ᠵᠥᠪᠯᠡᠯᠭᠡ᠎ᠶ᠋ᠢ ᠨᠢᠭᠡᠳ ᠨᠢᠭᠡ᠎ᠪᠡᠷ ᠨᠠᠷᠢᠨ ᠬᠢᠨᠠᠮᠠᠭᠠᠢ ᠵᠠᠳᠠᠯᠤᠨ ᠰᠤᠳᠤᠯᠤᠭᠠᠳ᠂ ᠲᠤᠰ ᠤᠳᠠᠭᠠᠨ᠎ᠤ ᠬᠤᠷᠠᠯᠳᠤᠭᠠᠨ᠎ᠤ ᠬᠢᠨᠠᠨ ᠶᠠᠷᠢᠯᠴᠠᠬᠤ ᠵᠦᠢᠯ᠎ᠳᠦ ᠣᠷᠣᠭᠤᠯᠬᠤ ᠴᠢᠬᠤᠯᠠᠲᠠᠢ ᠰᠠᠨᠠᠯ ᠵᠥᠪᠯᠡᠯᠭᠡ ᠪᠠᠢᠬᠤ ᠦᠭᠡᠢ ᠭᠡᠵᠦ᠍ ᠦᠵᠡᠪᠡ᠃ ᠶᠡᠬᠡ ᠬᠤᠷᠠᠯ᠎ᠤᠨ ᠨᠠᠷᠢᠨ ᠪᠢᠴᠢᠭ᠎ᠦᠨ ᠭᠠᠵᠠᠷ ᠡᠴᠡ ᠲᠥᠯᠥᠭᠡᠯᠡᠭ᠌ᠴᠢᠳ᠎ᠦᠨ ᠳᠤᠷᠠᠳᠤᠭ᠍ᠰᠠᠨ ᠵᠥᠪᠯᠡᠯᠭᠡ᠎ᠶ᠋ᠢ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠯᠪᠣᠭ᠍ᠳᠠᠯ ᠪᠦᠬᠦᠢ ᠲᠤᠰᠭᠠᠢ ᠵᠦᠪᠯᠡᠯ ᠳ᠋ᠦ ᠲᠤᠰ ᠲᠤᠰ ᠲᠤᠱᠢᠶᠠᠨ ᠥᠭ᠌ᠴᠦ ᠬᠢᠨᠠᠨ ᠶᠠᠷᠢᠯᠴᠠᠭᠤᠯᠤᠨ᠎ᠠ᠃ ᠬᠣᠯᠪᠣᠭ᠍ᠳᠠᠯ ᠪᠥᠬᠥᠶ ᠲᠤᠰᠭᠠᠶ ᠵᠦᠪᠯᠡᠯ᠎ᠡᠴᠡ ᠳᠡᠭᠡᠷ᠎ᠡ ᠳᠤᠷᠠᠳᠤᠭ᠍ᠰᠠᠨ ᠰᠠᠨᠠᠯ ᠵᠥᠪᠯᠡᠯᠭᠡ᠎ᠶ᠋ᠢ ᠬᠢᠨᠠᠨ ᠵᠥᠪᠯᠡᠭ᠌ᠰᠡᠨ᠎ᠦ ᠳᠠᠷᠠᠭ᠎ᠠ᠂ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠳᠤ ᠬᠢᠨᠠᠨ ᠵᠥᠪᠯᠡᠭ᠌ᠰᠡᠨ ᠦᠷ᠎ᠡ ᠳ᠋ᠦᠩ᠎ᠦᠨ ᠮᠡᠳᠡᠭᠦᠯᠦᠯᠲᠡ ᠳᠡᠪᠰᠢᠬᠦᠯᠵᠦ᠂ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠡᠴᠡ ᠬᠢᠨᠠᠨ ᠵᠥᠪᠯᠡᠵᠦ᠍ ᠪᠠᠲᠤᠯᠠᠭ᠍ᠰᠠᠨ᠎ᠤ ᠳᠠᠷᠠᠭ᠎ᠠ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠳᠤ ᠳᠠᠷᠤᠮᠠᠯᠯᠠᠨ ᠲᠠᠷᠬᠠᠭᠠᠬᠤ᠎ᠪᠠᠷ ᠰᠠᠨᠠᠭᠤᠯᠪᠠ᠃ ᠶᠡᠬᠡ ᠬᠤᠷᠠᠯ᠎ᠤᠨ ᠨᠠᠷᠢᠨ ᠪᠢᠴᠢᠭ᠎ᠦᠨ ᠭᠠᠵᠠᠷ ᠡᠴᠡ ᠲᠥᠯᠥᠭᠡᠯᠡᠭ᠌ᠴᠢᠳ᠎ᠦᠨ ᠰᠠᠨᠠᠯ ᠵᠥᠪᠯᠡᠯᠭᠡ᠎ᠶ᠋ᠢ ᠬᠢᠨᠠᠨ ᠵᠥᠪᠯᠡᠬᠦ᠌ ᠪᠠ ᠬᠣᠯᠪᠣᠭ᠍ᠳᠠᠯ ᠪᠦᠬᠦᠢ ᠠᠵᠢᠯ᠎ᠳᠤ ᠳᠣᠣᠷᠠᠬᠢ ᠮᠡᠲᠦ ᠰᠠᠨᠠᠭᠤᠯᠭ᠎ᠠ ᠳᠤᠷᠠᠳᠪᠠ᠄ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠬᠠᠤᠯᠢ ᠲᠣᠭ᠍ᠲᠠᠭᠠᠬᠤ ᠠᠵᠢᠯ᠎ᠢ ᠵᠢᠯᠤᠭᠤᠳᠤᠭᠤᠯᠬᠤ᠎ᠶ᠋ᠢ ᠴᠥᠬᠥᠷᠡᠰᠢ ᠦᠭᠡᠢ ᠪᠠᠷᠢᠮᠲᠠᠯᠠᠨ᠎ᠠ; ᠨᠠᠮ᠎ᠤᠨ ᠬᠠᠤᠯᠢ ᠲᠣᠭ᠍ᠲᠠᠭᠠᠬᠤ ᠠᠵᠢᠯ᠎ᠳᠠᠬᠢ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠨᠠᠮ᠎ᠤᠨ ᠲᠥᠪ ᠬᠤᠷᠢᠶ᠎ᠠ᠎ᠶᠢᠨ ᠵᠥᠪᠱᠢᠶᠡᠷᠡᠭ᠌ᠰᠡᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶᠢᠨ ᠬᠠᠤᠯᠢ ᠲᠣᠭ᠍ᠲᠠᠭᠠᠬᠤ ᠲᠥᠯᠥᠪᠵᠢᠭᠦᠯᠭᠡ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠨᠠᠮ᠎ᠤᠨ ᠲᠥᠪ ᠬᠤᠷᠢᠶ᠎ᠠ᠎ᠶᠢᠨ ᠨᠤᠳᠠᠯᠠᠭᠰᠠᠨ ᠴᠢᠬᠤᠯᠠ ᠶᠡᠬᠡ ᠬᠠᠤᠯᠢ ᠲᠣᠭ᠍ᠲᠠᠭᠠᠬᠤ ᠡᠭᠦᠷᠭᠡ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠦᠨᠡᠨ ᠬᠦ᠌ ᠰᠠᠢᠲᠤᠷ ᠠᠳᠭᠤᠨ᠎ᠠ; ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠭᠦᠨᠵᠡᠭᠡᠢ ᠦᠢᠯᠡᠳᠦᠯᠭᠡᠵᠢᠭᠦᠯᠵᠦ᠍᠂ ᠲᠥᠯᠥᠭᠡᠯᠡᠭ᠌ᠴᠢᠳ᠎ᠦᠨ ᠬᠠᠤᠯᠢ ᠲᠣᠭ᠍ᠲᠠᠭᠠᠬᠤ ᠠᠵᠢᠯ᠎ᠳᠤ ᠣᠷᠣᠯᠴᠠᠬᠤ ᠥᠷᠭᠡᠴᠡ ᠪᠠ ᠭᠦᠨᠴᠡ᠎ᠶ᠋ᠢ ᠥᠷᠭᠡᠳᠭᠡᠨ᠎ᠠ; ᠤᠯᠤᠰ᠎ᠤᠨ ᠪᠠᠢᠳᠠᠯ ᠪᠠ ᠪᠣᠳᠠᠲᠠᠶ ᠡᠴᠡ ᠡᠭᠦᠰᠭᠦ᠎ᠶ᠋ᠢ ᠪᠠᠷᠢᠮᠲᠠᠯᠠᠵᠤ᠂ ᠬᠠᠤᠯᠢ ᠴᠠᠭᠠᠵᠠ᠎ᠶ᠋ᠢᠨ ᠱᠢᠰᠲ᠋ᠧᠮ᠎ᠦᠨ ᠪᠠᠢᠭᠤᠯᠤᠯᠲᠠ ᠪᠠ ᠬᠠᠤᠯᠢ ᠲᠣᠭ᠍ᠲᠠᠭᠠᠬᠤ ᠠᠵᠢᠯ᠎ᠤᠨ ᠵᠢᠮ᠎ᠡ ᠶᠣᠰᠣᠨ᠎ᠤ ᠰᠤᠳᠤᠯᠭᠠᠨ᠎ᠢ ᠴᠢᠩᠭᠠᠳᠭᠠᠵᠤ᠂ ᠬᠠᠤᠯᠢ ᠲᠣᠭ᠍ᠲᠠᠭᠠᠬᠤ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠲᠣᠭ᠍ᠲᠠᠭᠤᠨ᠎ᠤ ᠳᠤᠮᠳᠠ ᠤᠷᠤᠭ᠍ᠰᠢᠯᠠᠨ ᠳᠡᠪᠱᠢᠵᠤ ᠪᠠᠢᠭᠠᠳ ᠠᠬᠢᠭᠤᠯᠤᠨ᠎ᠠ ᠭᠡᠵᠡᠢ᠃

ᠬᠤᠷᠠᠯ ᠡᠴᠡ ᠪᠠᠲᠤᠯᠠᠯᠲᠠ ᠬᠢᠬᠦ᠌᠎ᠪᠡᠷ ᠲᠠᠮᠵᠢᠨ ᠲᠥᠯᠥᠭᠡᠯᠡᠭ᠌ᠴᠢᠳ᠎ᠦᠨ ᠳᠤᠷᠠᠳᠤᠭ᠍ᠰᠠᠨ ᠰᠠᠨᠠᠯ ᠵᠥᠪᠯᠡᠯᠭᠡ᠎ᠶ᠋ᠢ ᠱᠢᠢᠳᠪᠦᠷᠢᠯᠡᠬᠦ᠌ ᠰᠠᠨᠠᠯ᠎ᠤᠨ ᠲᠤᠬᠠᠢ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ᠎ᠤᠨ ᠨᠠᠷᠢᠨ ᠪᠢᠴᠢᠭ᠎ᠦᠨ ᠭᠠᠵᠠᠷ᠎ᠤᠨ ᠮᠡᠳᠡᠭᠦᠯᠦᠯᠲᠡ᠎ᠶ᠋ᠢ ᠪᠠᠲᠤᠯᠠᠪᠠ᠃

ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠯᠢ ᠬᠣᠩ ᠵᠦᠩ᠂ ᠸᠠᠩ ᠳ᠋ᠦᠩ ᠮᠢᠩ᠂ ᠱᠢᠶᠤᠤ ᠵᠢᠶ᠍ᠸ᠂ ᠵᠧᠩ ᠵᠢᠶᠠᠨ ᠪᠠᠩ᠂ ᠳ᠋ᠢᠩ ᠵᠦᠩ ᠯᠢ᠂ ᠬᠤᠤ ᠮᠢᠩ ᠵᠢᠨ᠂ ᠼᠠᠢ ᠳ᠋ᠠ ᠹᠸᠩ᠂ ᠾᠧ ᠸᠧᠢ᠂ ᠦ᠋ ᠸᠧᠢ ᠬᠤᠸᠠ᠂ ᠲᠢᠶ᠍ᠸ ᠨᠢᠩ᠂ ᠫᠸᠩ ᠴᠢᠩ ᠬᠤᠸᠠ᠂ ᠵᠠᠩ ᠴᠢᠩ ᠸᠧᠢ᠂ ᠯᠤᠪᠰᠠᠩᠵᠠᠯᠰᠠᠨ᠂ ᠰᠢᠤᠸᠠᠢᠺᠸᠯᠠᠢᠲ᠋ᠢ·ᠵᠠᠺᠸᠯ᠂ ᠯᠢᠦ ᠴᠢ ᠬᠤᠷᠠᠯ᠎ᠳᠤ ᠣᠷᠣᠯᠴᠠᠪᠠ᠃


(ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 10 ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号