ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠣᠷᠢᠶ᠎ᠠ ᠵᠢᠨ ᠬᠣᠶᠠᠳᠤᠭᠠᠷ ᠬᠤᠷᠠᠯ᠎ᠤᠨ ᠲᠡᠭᠦᠰᠭᠦ ᠬᠤᠷᠠᠯ ᠳᠡᠭᠡᠷᠡᠬᠢ ᠶᠠᠷᠢᠶ᠎ᠠ (2024 ᠤᠨ ᠤ᠋ 3 ᠰᠠᠷ᠎ᠠ ᠵᠢᠨ 10 ᠤ᠋ ᠡᠳᠦᠷ)
2024-03-11 11:34:02
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ 

ᠬᠣᠷᠢᠶ᠎ᠠ  ᠵᠢᠨ  ᠬᠣᠶᠠᠳᠤᠭᠠᠷ  ᠬᠤᠷᠠᠯ ᠎ᠤᠨ  ᠲᠡᠭᠦᠰᠭᠦ  ᠬᠤᠷᠠᠯ  ᠳᠡᠭᠡᠷᠡᠬᠢ  ᠶᠠᠷᠢᠶ᠎ᠠ        

           (2024 ᠤᠨ ᠤ᠋ 3 ᠰᠠᠷ᠎ᠠ ᠵᠢᠨ 10 ᠤ᠋ ᠡᠳᠦᠷ)


              ᠸᠠᠩ ᠬ᠍ᠤ᠌ ᠨᠢᠩ


ᠭᠡᠰᠢᠭᠦᠳ ᠡ᠂ ᠨᠦᠬᠦᠳ ᠡ᠄

ᠲᠤᠮᠳᠠᠳᠤ ᠤᠯᠤᠰ ᠤ᠋ᠨ ᠠᠷᠠᠳ ᠤ᠋ᠨ ᠤᠯᠤᠰ ᠲᠦᠷᠦ ᠵᠢᠨ ᠵᠦᠪᠯᠡᠯᠭᠡᠨ ᠤ᠋ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ ᠤ᠋ᠨ ᠬᠣᠷᠢᠶ᠎ᠠ ᠵᠢᠨ ᠬᠣᠶᠠᠳᠤᠭᠠᠷ ᠬᠤᠷᠠᠯ ᠪᠦᠬᠦ ᠭᠡᠰᠢᠭᠦᠳ ᠤ᠋ᠨ ᠬᠠᠮᠳᠤ ᠵᠢᠨ ᠴᠢᠷᠮᠠᠢᠯᠭ᠎ᠠ ᠪᠡᠷ ᠡᠯ᠎ᠡ ᠵᠦᠢᠯ ᠤ᠋ᠨ ᠵᠦᠪᠯᠡᠬᠦ ᠵᠦᠢᠯ ᠵᠢᠡᠨ ᠲᠡᠭᠦᠰ ᠠᠮᠵᠢᠯᠳᠠ ᠲᠠᠢ ᠪᠡᠶᠡᠯᠡᠭᠦᠯᠪᠡ᠃

ᠲᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠡᠨᠡ ᠤᠳᠠᠭ᠎ᠠ᠎ᠶ᠋ᠢᠨ ᠬᠤᠷᠠᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭ᠌ᠴᠢ ᠰᠢ ᠵᠢᠨ ᠫᠢᠩ ᠵᠡᠷᠭᠡ ᠨᠠᠮ ᠪᠣᠯᠤᠨ ᠤᠯᠤᠰ᠎ᠤᠨ ᠤᠳᠤᠷᠢᠳᠭᠤ ᠨᠥᠬᠥᠳ ᠶᠡᠬᠡ ᠬᠤᠷᠠᠯ᠎ᠤᠨ ᠡᠬᠢᠯᠡᠯᠲᠡ᠎ᠶ᠋ᠢᠨ ᠬᠤᠷᠠᠯ ᠪᠣᠯᠤᠨ ᠲᠡᠭᠦᠰᠭᠦ ᠬᠤᠷᠠᠯ᠎ᠳᠤ ᠣᠷᠣᠯᠴᠠᠵᠤ᠂ ᠭᠡᠱᠢᠭᠦᠳ᠎ᠢ ᠡᠷᠬᠢᠨ ᠦᠵᠡᠭ᠌ᠰᠡᠨ ᠪᠥᠭᠡᠳ ᠳᠤᠭᠤᠢᠯᠠᠩ ᠬᠠᠮᠲᠤᠷᠠᠭ᠍ᠰᠠᠨ ᠶᠠᠷᠢᠯᠴᠠᠭ᠎ᠠ᠎ᠳᠤ ᠣᠷᠣᠯᠴᠠᠵᠤ᠂ ᠭᠡᠱᠢᠭᠦᠳ᠎ᠲᠡᠶ ᠤᠯᠤᠰ᠎ᠤᠨ ᠶᠡᠬᠡ ᠪᠤᠳᠤᠯᠭ᠎ᠠ ᠵᠢ ᠬᠠᠮᠲᠤ᠎ᠪᠠᠷ ᠵᠥᠪᠯᠡᠪᠡ᠃

ᠪᠦᠬᠦ᠌ ᠭᠡᠱᠢᠭᠦᠳ ᠥᠩᠭᠡᠷᠡᠭ᠌ᠰᠡᠨ ᠨᠢᠭᠡ ᠵᠢᠯ᠎ᠳᠦ ᠰᠢ ᠵᠢᠨ ᠫᠢᠩ ᠨᠥᠬᠥᠷ᠎ᠢᠶᠡᠷ ᠭᠣᠣᠯ ᠪᠤᠯᠭᠠᠭᠰᠠᠨ ᠨᠠᠮ᠎ᠤᠨ ᠲᠥᠪ ᠬᠣᠷᠢᠶ᠎ᠠ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠡᠷᠡᠯᠬᠡᠭ᠌ᠯᠡᠨ ᠲᠡᠮᠡᠴᠡᠵᠦ᠍᠂ ᠡᠷᠡᠮᠡᠬᠡᠢᠯᠡᠨ ᠤᠷᠤᠭ᠍ᠰᠢᠯᠠᠵᠤ᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠭᠣᠣᠯ ᠵᠢᠱ᠌ᠢᠭ᠌ᠰᠡᠨ ᠬᠠᠷᠠᠯᠲᠠ᠎ᠪᠠᠨ ᠲᠡᠭᠦᠰ ᠠᠮᠵᠢᠯᠲᠠ᠎ᠲᠠᠶ ᠪᠡᠶᠡᠯᠡᠭᠦᠯᠵᠦ᠍᠂ 《ᠳᠤᠮᠳᠠᠳᠤ ᠤᠯᠤᠰ ᠨᠡᠷᠡᠮᠵᠢᠲᠦ》 ᠲᠤᠮᠤ ᠬᠥᠯᠭᠡ ᠣᠩᠭᠣᠴᠠ᠎ᠶ᠋ᠢ ᠵᠢᠯᠣᠭᠣᠳᠤᠨ ᠳᠠᠪᠠᠯᠭᠠᠨ᠎ᠢ ᠵᠦᠰᠦᠨ ᠡᠷᠡᠯᠬᠡᠭ᠌ᠯᠡᠨ ᠤᠷᠤᠭ᠍ᠰᠢᠯᠠᠭ᠍ᠰᠠᠨ᠎ᠢ ᠳᠡᠭᠡᠳᠦ ᠬᠡᠮᠵᠢᠶ᠎ᠡ᠎ᠪᠡᠷ ᠦᠨᠡᠯᠡᠪᠡ᠃ ᠪᠦᠬᠦ᠌ ᠭᠡᠱᠢᠭᠦᠳ 《ᠬᠣᠶᠠᠷ᠎ᠢ ᠲᠣᠭ᠍ᠲᠠᠭᠠᠬᠰᠠᠨ》 ᠨᠢ ᠪᠢᠳᠡᠨ᠎ᠦ ᠡᠯ᠎ᠡ ᠵᠦᠢᠯ᠎ᠦᠨ ᠠᠶᠤᠯ ᠲᠦᠭ᠌ᠰᠢᠭᠦᠷᠢ ᠥᠷᠢᠰᠥᠯᠳᠦᠭᠡᠨ᠎ᠢ ᠠᠷᠭᠠᠴᠠᠭᠠᠬᠤ᠂ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠎ᠶ᠋ᠢ ᠠᠬᠢᠭᠤᠯᠬᠤ᠎ᠳᠤ ᠱᠢᠢᠳᠪᠦᠷᠢᠯᠡᠭ᠌ᠴᠢ ᠴᠢᠨᠠᠷᠲᠠᠢ ᠠᠴᠢ ᠬᠣᠯᠪᠣᠭ᠍ᠳᠠᠯ᠎ᠲᠠᠶ ᠭᠡᠳᠡᠭ᠎ᠢ ᠨᠡᠩ ᠭᠦᠨᠵᠡᠭᠡᠢ ᠣᠢᠯᠠᠭᠠᠪᠠ᠃

ᠬᠤᠷᠠᠯ᠎ᠤᠨ ᠬᠤᠭᠤᠴᠠᠭᠠᠨ᠎ᠳᠤ᠂ ᠪᠥᠬᠥ᠌ ᠭᠡᠱᠢᠭᠦᠳ ᠶᠡᠷᠦᠩᠬᠡᠶ ᠱᠦᠵᠢ ᠰᠢ ᠵᠢᠨ ᠫᠢᠩ᠎ᠦᠨ ᠭᠣᠮᠢᠨᠳᠠᠩ᠎ᠤᠨ ᠬᠤᠪᠢᠰᠭᠠᠯᠲᠤ ᠬᠣᠷᠢᠶ᠎ᠠ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠡᠲᠡᠭᠡᠳ ᠂ ᠣᠷᠴᠢᠨ ᠲᠣᠭᠣᠷᠢᠨ ᠡᠬᠢ ᠪᠠᠶᠠᠯᠢᠭ᠎ᠤᠨ ᠡᠲᠡᠭᠡᠳ᠎ᠦᠨ ᠭᠡᠱᠢᠭᠦᠳ᠎ᠦᠨ ᠳᠤᠭᠤᠢᠯᠠᠩ ᠬᠠᠮᠲᠤᠷᠠᠭ᠍ᠰᠠᠨ ᠬᠤᠷᠠᠯ ᠵᠡᠷᠭᠡ᠎ᠳᠦ ᠣᠷᠣᠯᠴᠠᠭ᠍ᠰᠠᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠰᠤᠷᠤᠯᠴᠠᠵᠤ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠪᠣᠯᠤᠨ ᠪᠤᠰᠤᠳ ᠮᠡᠳᠡᠭᠦᠯᠦᠯᠲᠡ᠎ᠶ᠋ᠢ ᠭᠦᠨᠵᠡᠭᠡᠶ ᠶᠠᠷᠢᠯᠴᠠᠵᠤ᠂ ᠤᠯᠤᠰ ᠲᠥᠷᠥ᠎ᠶ᠋ᠢᠨ ᠵᠥᠪᠯᠡᠯᠭᠡᠨ᠎ᠦ ᠪᠠᠢᠩᠭᠤ᠎ᠶ᠋ᠢᠨ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ ᠪᠣᠯᠤᠨ ᠰᠠᠨᠠᠯ ᠳᠤᠷᠠᠳᠤᠯᠭ᠎ᠠ᠎ᠶ᠋ᠢᠨ ᠠᠵᠢᠯ᠎ᠤᠨ ᠪᠠᠢᠳᠠᠯ᠎ᠤᠨ ᠮᠡᠳᠡᠭᠦᠯᠦᠯᠲᠡ ᠵᠡᠷᠭᠡ ᠪᠢᠴᠢᠭ ᠮᠠᠲ᠋ᠧᠷᠢᠶᠠᠯ᠎ᠢ ᠨᠠᠷᠢᠨ ᠬᠢᠨᠠᠮᠠᠭᠠᠶ ᠬᠢᠨᠠᠨ ᠵᠥᠪᠯᠡᠵᠦ᠍᠂ ᠢᠳᠡᠪᠬᠢᠲᠡᠶ᠎ᠪᠡᠷ ᠠᠷᠭ᠎ᠠ ᠤᠬᠠᠭᠠᠨ ᠭᠠᠷᠭᠠᠨ ᠵᠠᠰᠠᠭ᠎ᠲᠤ ᠲᠤᠰᠠᠯᠠᠵᠤ᠂ ᠬᠠᠮᠲᠤ᠎ᠶ᠋ᠢᠨ ᠲᠠᠨᠢᠯᠲᠠ᠎ᠶ᠋ᠢ ᠥᠷᠭᠡᠨ᠎ᠢᠶᠡᠷ ᠨᠢᠭ᠍ᠲᠠᠷᠠᠭᠤᠯᠵᠤ᠂ ᠲᠥᠷᠥ᠎ᠶ᠋ᠢᠨ ᠶᠠᠪᠤᠳᠠᠯ᠎ᠢ ᠵᠥᠪᠯᠡᠭ᠌ᠰᠡᠨ ᠡᠯᠪᠡᠭ ᠦᠷ᠎ᠡ ᠪᠦᠲᠦᠭᠡᠯ ᠤᠯᠪᠠ᠃ ᠡᠨᠡ ᠪᠣᠯ ᠨᠢᠭᠡ ᠤᠳᠠᠭ᠎ᠠ᠎ᠶ᠋ᠢᠨ ᠲᠤᠭ᠎ᠢ ᠥᠨᠳᠥᠷ ᠮᠠᠨᠳᠤᠭᠤᠯᠤᠭ᠍ᠰᠠᠨ᠂ ᠦᠨᠡᠨ ᠬᠦ᠌ ᠠᠳᠭᠤᠨ ᠪᠣᠳᠠᠲᠠᠢ ᠠᠵᠢᠯᠯᠠᠭ᠍ᠰᠠᠨ᠂ ᠪᠦᠯᠬᠦᠮᠳᠡᠨ ᠲᠡᠮᠡᠴᠡᠭ᠌ᠰᠡᠨ ᠶᠡᠬᠡ ᠬᠤᠷᠠᠯ ᠮᠥᠨ᠂ ᠢᠳᠡᠪᠬᠢ ᠬᠦᠴᠦᠨ᠎ᠢ ᠨᠢᠭ᠍ᠲᠠᠷᠠᠭᠤᠯᠵᠤ᠂ ᠴᠤᠭ ᠰᠦᠯᠳᠡ᠎ᠶ᠋ᠢ ᠬᠥᠭ᠌ᠵᠢᠭᠡᠪᠡ᠃

ᠭᠡᠱᠢᠭᠦᠳ ᠡ᠂ ᠨᠥᠬᠥᠳ ᠡ!

ᠡᠨᠡ ᠵᠢᠯ ᠪᠣᠯ ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭ᠍ᠳᠠᠭ᠍ᠰᠠᠨ 75 ᠵᠢᠯ᠎ᠦᠨ ᠣᠶ ᠪᠣᠯᠤᠨ᠎ᠠ᠃ 75 ᠵᠢᠯ᠎ᠦᠨ ᠲᠤᠷᠰᠢ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠣᠣᠷ᠎ᠠ᠂ ᠮᠠᠨ᠎ᠤ ᠤᠯᠤᠰ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠭ᠍ᠰᠠᠨ ᠠᠭᠤᠤ ᠶᠡᠬᠡ ᠠᠮᠵᠢᠯᠲᠠ ᠎ᠶᠢ ᠣᠯᠵᠤ ᠂ ᠳᠤᠮᠳᠠᠳᠤ᠎ᠶ᠋ᠢᠨ ᠦᠨᠳᠦᠰᠦᠲᠡᠨ ᠪᠣᠰᠴᠤ᠌ ᠵᠣᠭ᠍ᠰᠣᠭ᠍ᠰᠠᠨ ᠪᠠ ᠪᠠᠶᠠᠵᠢᠭ᠍ᠰᠠᠨ᠎ᠡᠴᠡ᠎ᠪᠠᠨ ᠬᠦᠴᠦᠷᠬᠡᠭ᠌ᠵᠢᠭ᠌ᠰᠡᠨ ᠠᠭᠤᠤ ᠶᠡᠬᠡ ᠦᠰᠦᠷᠦᠯᠲᠡ᠎ᠶ᠋ᠢ ᠤᠭ᠍ᠲᠤᠨ ᠠᠪᠴᠢᠷᠠᠪᠠ᠃ ᠢᠯᠠᠩᠭᠤᠶ᠎ᠠ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠱᠢᠨ᠎ᠡ ᠴᠠᠭ ᠦᠶ᠎ᠡ᠎ᠳᠦ ᠡᠷᠡᠮᠡᠬᠡᠢᠯᠡᠨ ᠤᠷᠤᠭ᠍ᠰᠢᠯᠠᠵᠤ᠂ ᠳᠤᠮᠳᠠᠳᠤ᠎ᠶ᠋ᠢᠨ ᠡᠬᠡ ᠭᠠᠵᠠᠷ᠎ᠲᠤ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠵᠦ᠍᠂ ᠨᠢᠭᠡᠳᠦᠭᠡᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠵᠦ᠍᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌ ᠱᠢᠨ᠎ᠡ ᠠᠶᠠᠨ᠎ᠢᠶᠠᠨ ᠣᠮᠣᠭ ᠲᠡᠭᠦᠯᠳᠡᠷ᠎ᠢᠶᠡᠷ ᠡᠬᠢᠯᠡᠭᠦᠯᠵᠡᠢ᠃

ᠡᠨᠡ ᠵᠢᠯ ᠪᠣᠯ ᠮᠦᠨ ᠴᠤ᠌ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠪᠠᠢᠭᠤᠯᠤᠭ᠍ᠳᠠᠭ᠍ᠰᠠᠨ 75 ᠵᠢᠯ᠎ᠦᠨ ᠤᠢ ᠪᠣᠯᠤᠨ᠎ᠠ᠃ 75 ᠵᠢᠯ᠎ᠦᠨ ᠲᠤᠷᠰᠢ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠱᠢᠨ᠎ᠡ ᠳᠤᠮᠳᠠᠳᠤ ᠤᠯᠤᠰ᠎ᠢ ᠪᠠᠢᠭᠤᠯᠬᠤ ᠂ ᠱᠢᠨ᠎ᠡ ᠳᠤᠮᠳᠠᠳᠤ ᠤᠯᠤᠰ᠎ᠢ ᠪᠦᠳᠦᠭᠡᠨ ᠪᠠᠢᠭᠤᠯᠬᠤ᠂ ᠥᠭᠡᠷᠡᠴᠢᠯᠡᠯᠲᠡ᠎ᠶ᠋ᠢᠨ ᠵᠠᠮ᠎ᠢ ᠰᠦᠪᠡᠭ᠌ᠴᠢᠯᠡᠬᠦ᠌ ᠂ ᠳᠤᠮᠳᠠᠳᠤ᠎ᠵᠢᠨ ᠵᠡᠭᠦᠳᠦ᠍᠎ᠶ᠋ᠢ ᠲᠡᠷᠭᠡᠯᠰᠢᠭᠦᠯᠬᠦ ᠠᠭᠤᠤ ᠶᠡᠬᠡ ᠦᠢᠯᠡᠳᠦᠯᠭᠡ᠎ᠳᠦ ᠢᠳᠡᠪᠬᠢᠲᠡᠢ ᠣᠷᠣᠯᠴᠠᠵᠤ᠂ ᠭᠡᠷᠡᠯ ᠰᠠᠴᠤᠷᠠᠩᠭᠤᠢ ᠲᠡᠦᠬᠡᠨ ᠶᠠᠪᠤᠴᠠ᠎ᠶ᠋ᠢ ᠥᠩᠭᠡᠷᠡᠭᠦᠯᠪᠡ᠃

ᠨᠠᠮ ᠪᠠ ᠤᠯᠤᠰ᠎ᠤᠨ ᠭᠣᠣᠯ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠦᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠪᠣᠯ ᠶᠡᠷᠦᠩᠬᠡᠢ ᠱᠦᠵᠢ ᠰᠢ ᠵᠢᠨ ᠫᠢᠩ᠎ᠦᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠳᠤ ᠳᠤᠷᠠᠳᠤᠭ᠍ᠰᠠᠨ ᠴᠢᠬᠤᠯᠠ ᠱᠠᠭᠠᠷᠳᠠᠯᠭ᠎ᠠ ᠮᠥᠨ᠃ ᠪᠢᠳᠡ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠶᠡᠷᠦᠩᠬᠡᠶ ᠱᠦᠵᠢ ᠰᠢ ᠵᠢᠨ ᠫᠢᠩ᠎ᠦᠨ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠢᠯᠠᠭᠠᠵᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠵᠤ᠂ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠬᠤ᠂ ᠨᠢᠭᠡᠳᠦᠮᠡᠯ ᠹᠷᠣᠨᠲ᠂ ᠵᠥᠪᠯᠡᠬᠦ᠌ ᠠᠷᠠᠳᠴᠢᠯᠠᠯ᠎ᠢ ᠣᠷᠭᠠᠨᠢᠭ᠎ᠢᠶᠠᠷ ᠤᠶᠠᠯᠳᠤᠭᠤᠯᠵᠤ᠂ ᠪᠦᠯᠬᠦᠮᠳᠡᠯ ᠪᠠ ᠠᠷᠠᠳᠴᠢᠯᠠᠯ᠎ᠤᠨ ᠬᠣᠶᠠᠷ ᠶᠡᠬᠡ ᠭᠣᠣᠯ ᠰᠡᠳᠦᠪ᠎ᠢ ᠪᠠᠷᠢᠮᠲᠠᠯᠠᠵᠤ᠂ ᠱᠢᠯᠢᠳᠡᠭ ᠤᠯᠠᠮᠵᠢᠯᠠᠯ᠎ᠢᠶᠠᠨ ᠪᠠᠳᠠᠷᠠᠭᠤᠯᠵᠤ᠂ ᠤᠯᠤᠰ ᠲᠥᠷᠥ᠎ᠶ᠋ᠢᠨ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠤᠯᠤᠰ ᠲᠥᠷᠥ᠎ᠶ᠋ᠢᠨ ᠵᠥᠪᠯᠡᠯᠭᠡ᠎ᠪᠡᠨ ᠳᠡᠭᠡᠭ᠌ᠰᠢᠯᠡᠭᠦᠯᠬᠦ᠂ ᠠᠷᠠᠳᠴᠢᠯᠠᠯ᠎ᠢᠶᠠᠷ ᠬᠢᠨᠠᠯᠲᠠ ᠲᠠᠯᠪᠢᠬᠤ᠂ ᠲᠦᠷᠦ᠎ᠵᠢᠨ ᠶᠠᠪᠤᠳᠠᠯ᠎ᠳᠤ ᠣᠷᠣᠯᠴᠠᠵᠤ ᠲᠦᠷᠦ᠎ᠵᠢᠨ ᠶᠠᠪᠤᠳᠠᠯ᠎ᠢ ᠵᠥᠪᠯᠡᠬᠦ᠌ ᠬᠢᠷᠢ ᠲᠦᠪᠰᠢᠨ᠎ᠵᠢᠡᠨ ᠳᠡᠭᠡᠭᠰᠢᠯᠡᠭᠦᠯᠵᠦ᠂ ᠢᠮᠠᠭ᠍ᠲᠠ ᠨᠠᠮ ᠪᠠ ᠤᠯᠤᠰ᠎ᠤᠨ ᠠᠵᠢᠯ᠎ᠤᠨ ᠶᠡᠬᠡ ᠲᠠᠯ᠎ᠠ᠎ᠶ᠋ᠢ ᠪᠣᠳᠣᠯᠬᠢᠯᠠᠨ ᠠᠵᠢᠯ᠎ᠢᠶᠠᠨ ᠥᠷᠨᠢᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠲᠠᠶ ᠨᠢᠭ᠍ᠲᠠ ᠤᠶᠠᠯᠳᠤᠭᠤᠯᠤᠨ ᠡᠭᠦᠷᠭᠡ ᠴᠢᠳᠠᠪᠤᠷᠢ᠎ᠪᠠᠨ ᠭᠦᠢᠴᠡᠳᠭᠡᠵᠦ᠂ ᠰᠡᠳᠭᠢᠯ᠎ᠢᠶᠡᠨ ᠨᠢᠭᠡᠳᠭᠡᠨ ᠬᠦᠴᠦ᠍᠎ᠪᠡᠨ ᠬᠠᠮᠲᠤᠳᠭᠠᠬᠤ ᠬᠡᠷᠡᠭᠲᠡᠢ᠃

ᠨᠢᠭᠡᠳᠦᠭᠡᠷ᠎ᠲᠦ᠂ ᠪᠢᠳᠡ ᠤᠯᠤᠰ ᠲᠦᠷᠦ᠍᠎ᠶ᠋ᠢᠨ ᠵᠣᠭ᠍ᠰᠣᠴᠠ᠎ᠪᠠᠨ ᠳᠡᠭᠡᠭ᠌ᠰᠢᠯᠡᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠲᠤᠬᠠᠢ ᠦᠵᠡᠯ ᠰᠠᠨᠠᠭ᠎ᠠ ᠲᠠᠨᠢᠯᠲᠠ᠎ᠪᠠᠨ ᠭᠦᠨᠵᠡᠭᠡᠢᠷᠡᠭᠦᠯᠬᠦ᠌ ᠬᠡᠷᠡᠭ᠌ᠲᠡᠢ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠭ᠍ᠰᠠᠨ ᠨᠡᠢᠭᠡᠮ ᠵᠢᠷᠤᠮᠲᠤ ᠣᠳᠣᠬᠢᠴᠢᠯᠠᠯᠲᠠ ᠮᠥᠨ᠃ ᠭᠠᠭ᠍ᠴᠠ ᠬᠦ᠌ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶ᠋ᠢ ᠡᠷᠡᠰ ᠭᠤᠢᠪᠢᠰᠢ ᠦᠭᠡᠢ ᠪᠠᠷᠢᠮᠲᠠᠯᠠᠪᠠᠯ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠰᠠᠶᠢ ᠭᠡᠭᠡᠨ ᠰᠠᠷᠠᠭᠤᠯ ᠢᠷᠡᠭᠡᠳᠦᠢ᠎ᠲᠡᠶ ᠪᠤᠯᠵᠤ ᠂ ᠴᠡᠴᠡᠭ᠌ᠯᠡᠨ ᠬᠥᠭ᠌ᠵᠢᠵᠦ᠍ ᠴᠢᠳᠠᠨ᠎ᠠ᠃ ᠪᠢᠳᠡ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠨᠡᠢᠭᠡᠮ ᠵᠢᠷᠤᠮᠲᠤ ᠣᠳᠣᠬᠢᠴᠢᠯᠠᠯᠲᠠ᠎ᠶ᠋ᠢ ᠪᠡᠶᠡᠯᠡᠭᠦᠯᠬᠦ᠌᠎ᠶ᠋ᠢᠨ ᠲᠥᠯᠥᠭᠡ ᠴᠥᠬᠥᠷᠡᠰᠢ ᠦᠭᠡᠢ ᠲᠡᠮᠡᠴᠡᠭ᠌ᠰᠡᠨ ᠭᠡᠷᠡᠯ ᠰᠠᠴᠤᠷᠠᠩᠭᠤᠢ ᠥᠩᠭᠡᠷᠡᠯᠲᠡ᠂ ᠭᠠᠷᠭᠠᠭ᠍ᠰᠠᠨ ᠯᠤᠲᠤ ᠶᠡᠬᠡ ᠴᠢᠷᠮᠠᠢᠯᠭ᠎ᠠ᠂ ᠭᠠᠷᠭᠠᠭ᠍ᠰᠠᠨ ᠴᠢᠬᠤᠯᠠ ᠶᠡᠬᠡ ᠬᠤᠪᠢ ᠨᠡᠮᠡᠷᠢ᠎ᠶ᠋ᠢ ᠭᠦᠨᠵᠡᠭᠡᠢ ᠲᠠᠨᠢᠵᠤ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠳᠦ ᠣᠷᠣᠯᠴᠠᠭ᠍ᠰᠠᠨ ᠡᠯ᠎ᠡ ᠨᠠᠮ ᠪᠦᠯᠦᠭ ᠪᠦᠯᠬᠦᠮ᠂ ᠡᠯ᠎ᠡ ᠦᠨᠳᠦᠰᠦᠲᠡᠨ ᠡᠯ᠎ᠡ ᠡᠲᠡᠭᠡᠳ᠎ᠦᠨ ᠬᠥᠮᠦᠰ᠎ᠢ ᠪᠦᠯᠬᠦᠮᠳᠡᠭᠦᠯᠦᠨ ᠵᠢᠯᠣᠭᠣᠳᠴᠤ᠌ ᠪᠠᠢᠭᠠᠳ ᠨᠠᠮ᠎ᠤᠨ ᠦᠭᠡ᠎ᠶ᠋ᠢ ᠡᠷᠡᠰ ᠪᠠᠲᠤ ᠰᠣᠨᠣᠰᠴᠤ᠌ ᠂ ᠨᠠᠮ᠎ᠢᠶᠠᠨ ᠳᠠᠭᠠᠬᠤ ᠪᠣᠯᠭᠠᠬᠤ ᠬᠡᠷᠡᠭ᠌ᠲᠡᠢ᠃ ᠶᠡᠷᠦᠩᠬᠡᠢ ᠱᠦᠵᠢ ᠰᠢ ᠵᠢᠨ ᠫᠢᠩ᠎ᠦᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠲᠤᠬᠠᠢ ᠴᠢᠬᠤᠯᠠ ᠥᠭᠦᠯᠡᠯᠲᠡ᠎ᠶ᠋ᠢ ᠭᠦᠨᠵᠡᠭᠡᠢ ᠡᠵᠡᠮᠱᠢᠵᠦ᠍᠂ ᠤᠯᠤᠰ ᠲᠦᠷᠦ᠍᠎ᠶ᠋ᠢᠨ ᠵᠥᠪᠯᠡᠯᠭᠡᠨ᠎ᠦ ᠪᠣᠳᠠᠲᠤ ᠪᠠᠢᠳᠠᠯ᠎ᠲᠠᠶ ᠤᠶᠠᠯᠳᠤᠭᠤᠯᠤᠨ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠵᠢᠨ ᠬᠡᠷᠡᠭ᠌ᠵᠢᠭᠦᠯᠬᠦ᠌ ᠰᠠᠨᠠᠯ ᠪᠠ ᠠᠵᠢᠯ᠎ᠤᠨ ᠲᠥᠰᠦᠯ᠎ᠢ ᠲᠣᠭ᠍ᠲᠠᠭᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠬᠤ᠎ᠶ᠋ᠢ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠤᠨ ᠳᠤᠮᠳᠠ ᠨᠠᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ ᠳᠡᠭᠡᠷ᠎ᠡ᠎ᠪᠡᠨ ᠢᠯᠡᠷᠡᠭᠦᠯᠬᠦ᠌ ᠬᠡᠷᠡᠭ᠌ᠲᠡᠢ᠃

ᠬᠣᠶᠠᠳᠤᠭᠠᠷ᠎ᠲᠤ ᠂ ᠪᠢᠳᠠ ᠭᠣᠣᠯᠳᠠᠯᠭ᠎ᠠ᠎ᠲᠠᠶ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠴᠢᠨᠠᠷ ᠰᠠᠢᠲᠠᠢ ᠰᠠᠨᠠᠯ ᠰᠠᠨᠠᠭᠤᠯᠭ᠎ᠠ ᠳᠤᠷᠠᠳᠭᠤ᠎ᠪᠠᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠬᠡᠷᠡᠭ᠌ᠲᠡᠢ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠤᠷᠢᠤᠨ ᠡᠮᠦᠨ᠎ᠡ ᠪᠠᠢᠭ᠎ᠠ ᠦᠭᠡᠢ ᠡᠭᠦᠳᠦᠯᠲᠡ᠎ᠶ᠋ᠢᠨ ᠴᠢᠨᠠᠷᠲᠠᠢ ᠦᠢᠯᠡᠰ ᠮᠥᠨ᠂ ᠤᠯᠠᠨ᠎ᠤ ᠰᠠᠨᠠᠯ᠎ᠢ ᠥᠷᠭᠡᠨ᠎ᠢᠶᠡᠷ ᠰᠣᠨᠣᠰᠴᠤ᠌᠂ ᠤᠯᠠᠨ᠎ᠤ ᠤᠶᠤᠨ ᠤᠬᠠᠭᠠᠨ᠎ᠢ ᠥᠷᠭᠡᠨ᠎ᠢᠶᠡᠷ ᠲᠥᠪᠯᠡᠷᠡᠭᠦᠯᠵᠦ᠍᠂ ᠰᠠᠢ᠌ᠨ ᠠᠷᠭ᠎ᠠ ᠪᠤᠳᠤᠯᠭ᠎ᠠ᠎ᠶ᠋ᠢ ᠥᠷᠭᠡᠨ᠎ᠢᠶᠡᠷ ᠰᠦᠪᠡᠭ᠌ᠴᠢᠯᠡᠬᠦ᠌ ᠬᠡᠷᠡᠭ᠌ᠲᠡᠢ᠃ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠨᠠᠮ᠎ᠤᠨ ᠲᠥᠪ ᠬᠤᠷᠢᠶ᠎ᠠ᠎ᠶᠢᠨ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠂ ᠤᠯᠤᠰ᠎ᠤᠨ ᠴᠢᠬᠤᠯᠠ ᠶᠡᠬᠡ ᠪᠠᠢᠯᠳᠤᠬᠤ ᠪᠤᠳᠤᠯᠭ᠎ᠠ᠎ᠶ᠋ᠢᠨ ᠬᠡᠷᠡᠭ᠌ᠴᠡᠭᠡ᠂ ᠬᠥᠭ᠌ᠵᠢᠯᠲᠡ᠎ᠶ᠋ᠢᠨ ᠳᠤᠮᠳᠠᠬᠢ ᠴᠢᠬᠤᠯᠠ ᠶᠡᠬᠡ ᠪᠣᠳᠠᠲᠤ ᠠᠰᠠᠭᠤᠳᠠᠯ᠎ᠲᠠᠶ ᠨᠢᠭ᠍ᠲᠠ ᠤᠶᠠᠯᠳᠤᠭᠤᠯᠤᠨ ᠭᠦᠨᠵᠡᠭᠡᠢ ᠵᠥᠪᠯᠡᠯᠭᠡ ᠬᠢᠵᠦ᠍ ᠲᠦᠷᠦ᠎ᠶᠢᠨ ᠶᠠᠪᠤᠳᠠᠯ᠎ᠢ ᠵᠥᠪᠯᠡᠨ᠂ ᠢᠳᠡᠪᠬᠢᠲᠡᠢ᠎ᠪᠡᠷ ᠰᠠᠨᠠᠯ ᠰᠠᠨᠠᠭᠤᠯᠭ᠎ᠠ ᠳᠤᠷᠠᠳᠬᠤ ᠬᠡᠷᠡᠭ᠌ᠲᠡᠢ᠃ ᠪᠠᠢᠴᠠᠭᠠᠨ ᠰᠤᠳᠤᠯᠤᠯᠲᠠ᠎ᠶ᠋ᠢ ᠴᠢᠬᠤᠯᠠᠴᠢᠯᠠᠨ᠂ ᠱᠢᠷᠭᠠᠭᠤ ᠪᠠᠢᠴᠠᠭᠠᠨ ᠰᠤᠳᠤᠯᠤᠯᠲᠠ ᠬᠢᠵᠦ᠍᠂ ᠪᠠᠢᠴᠠᠭᠠᠨ ᠰᠤᠳᠤᠯᠤᠯᠲᠠ ᠬᠢᠬᠦ᠌᠎ᠳᠡᠭᠡᠨ ᠴᠢᠳᠠᠮᠠᠭᠠᠢ ᠪᠠᠢᠵᠤ᠂ ᠠᠩᠬᠠᠨ᠎ᠤ ᠮᠠᠲ᠋ᠧᠷᠢᠶᠠᠯ᠎ᠢ ᠡᠵᠡᠮᠱᠢᠨ᠂ ᠨᠢᠭᠡᠳᠦᠭᠡᠷ ᠹᠷᠣᠨᠲ᠎ᠤᠨ ᠳᠠᠭᠤᠨ᠎ᠢ ᠰᠣᠨᠣᠰᠴᠤ᠌᠂ ᠰᠠᠨᠠᠯ ᠰᠠᠨᠠᠭᠤᠯᠭ᠎ᠠ᠎ᠶ᠋ᠢᠨ ᠬᠠᠨᠳᠤᠯᠭᠠᠲᠤ ᠴᠢᠨᠠᠷ ᠪᠠ ᠬᠡᠷᠡᠭ᠌ᠵᠢᠭᠦᠯᠵᠦ᠍ ᠪᠣᠯᠬᠤᠢᠴᠠ ᠴᠢᠨᠠᠷ᠎ᠢ ᠨᠡᠮᠡᠭ᠌ᠳᠡᠭᠦᠯᠦᠨ᠂ ᠱᠢᠨᠵᠢᠯᠡᠬᠦ᠌ ᠤᠬᠠᠭᠠᠨᠴᠢ᠎ᠪᠠᠷ ᠱᠢᠢᠳᠪᠦᠷᠢᠲᠦ ᠪᠤᠳᠤᠯᠭ᠎ᠠ ᠲᠣᠭ᠍ᠲᠠᠭᠠᠬᠤ᠂ ᠪᠦᠲᠦᠮᠵᠢᠲᠡᠢ᠎ᠪᠡᠷ ᠠᠷᠭ᠎ᠠ ᠪᠤᠳᠤᠯᠭ᠎ᠠ ᠬᠡᠷᠡᠭ᠌ᠵᠢᠭᠦᠯᠬᠦ᠌᠎ᠳᠦ ᠠᠱᠢᠭ᠍ᠲᠠᠢ ᠯᠠᠪᠯᠠᠯᠲᠠ ᠬᠠᠩᠭᠠᠬᠤ ᠬᠡᠷᠡᠭ᠌ᠲᠡᠢ᠃ ᠡᠯ᠎ᠡ ᠵᠦᠢᠯ᠎ᠦᠨ ᠵᠥᠪᠯᠡᠬᠦ᠌ ᠠᠷᠭ᠎ᠠ ᠮᠠᠶᠢᠭ᠎ᠤᠨ ᠱᠢᠨ᠎ᠡ᠎ᠶ᠋ᠢ ᠡᠭᠦᠳᠬᠦ᠌ ᠪᠠ ᠬᠡᠷᠡᠭ᠌ᠯᠡᠵᠦ᠍᠂ ᠭᠡᠱᠢᠭᠦᠳ᠎ᠦᠨ ᠣᠷᠣᠯᠴᠠᠬᠤ ᠬᠡᠪᠴᠢᠶ᠎ᠡ᠎ᠶ᠋ᠢ ᠥᠷᠭᠡᠳᠭᠡᠨ᠂ ᠦᠨᠳᠦᠰᠦ ᠪᠠᠷᠢᠮᠲᠠ᠎ᠲᠠᠶ ᠭᠦᠨᠵᠡᠭᠡᠢ ᠵᠦᠪᠯᠡᠯᠴᠡᠨ ᠦᠢᠯᠡᠳᠦᠯᠴᠡᠬᠦ᠌ ᠠᠵᠢᠯᠯᠠᠭ᠎ᠠ᠎ᠶ᠋ᠢ ᠥᠷᠨᠢᠭᠦᠯᠵᠦ᠍ ᠂ ᠭᠦᠨᠵᠡᠭᠡᠢ ᠰᠡᠳᠭᠢᠨ ᠪᠣᠳᠣᠯᠬᠢᠯᠠᠭ᠍ᠰᠠᠨ ᠰᠠᠨᠠᠯ᠎ᠢᠶᠠᠨ ᠭᠦᠢᠴᠡᠳ ᠢᠯᠡᠳᠭᠡᠬᠦ᠌᠎ᠶ᠋ᠢ ᠵᠣᠷᠢᠭ᠍ᠵᠢᠭᠤᠯᠤᠨ᠂ ᠰᠠᠨᠠᠯ ᠰᠠᠨᠠᠭᠤᠯᠭ᠎ᠠ ᠳᠤᠷᠠᠳᠤᠨ ᠵᠠᠰᠠᠭ᠎ᠲᠤ ᠲᠤᠰᠠᠯᠠᠬᠤ᠎ᠶ᠋ᠢ ᠨᠡᠩ ᠬᠡᠷᠡᠭ᠌ᠴᠡᠭᠡ᠎ᠲᠡᠶ ᠪᠣᠯᠭᠠᠵᠤ᠂ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ᠎ᠶ᠋ᠢ ᠨᠡᠩ ᠪᠦᠲᠦᠮᠵᠢᠲᠡᠢ ᠪᠣᠯᠭᠠᠬᠤ ᠬᠡᠷᠡᠭ᠌ᠲᠡᠢ᠃ ᠵᠥᠪᠯᠡᠬᠦ᠌ ᠬᠡᠯᠪᠡᠷᠢ᠎ᠶ᠋ᠢᠨ ᠬᠢᠨᠠᠯᠲᠠ ᠲᠠᠯᠪᠢᠬᠤ ᠪᠠᠢᠷᠢ ᠲᠣᠭ᠍ᠲᠠᠭᠠᠯᠲᠠ᠎ᠶ᠋ᠢ ᠡᠵᠡᠮᠳᠡᠵᠦ᠍᠂ ᠨᠠᠮ᠎ᠤᠨ ᠲᠥᠪ ᠬᠤᠷᠢᠶ᠎ᠠ᠎ᠶᠢᠨ ᠬᠣᠯᠪᠣᠭ᠍ᠳᠠᠯ ᠪᠦᠬᠦᠢ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠬᠤ᠎ᠶ᠋ᠢ ᠠᠬᠢᠭᠤᠯᠬᠤ ᠬᠡᠷᠡᠭ᠌ᠲᠡᠢ᠃

ᠭᠤᠷᠪᠠᠳᠤᠭᠠᠷ᠎ᠲᠤ᠂ ᠪᠢᠳᠡ ᠶᠡᠬᠡ ᠪᠦᠯᠬᠦᠮᠳᠡᠯ ᠶᠡᠬᠡ ᠬᠣᠯᠪᠣᠭᠠᠯᠠᠯ᠎ᠢ ᠪᠠᠷᠢᠮᠲᠠᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠥᠷᠭᠡᠨ᠎ᠢᠶᠡᠷ ᠰᠡᠳᠭᠢᠯ᠎ᠢ ᠨᠢᠭᠡᠳᠭᠡᠨ ᠬᠦᠴᠦ᠍ ᠵᠢ ᠬᠠᠮᠲᠤᠳᠭᠠᠬᠤ ᠬᠡᠷᠡᠭ᠌ᠲᠡᠢ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠪᠦᠬᠦ᠌ ᠳᠤᠮᠳᠠᠳᠤ ᠤᠯᠤᠰ᠎ᠤᠨ ᠠᠷᠠᠳ ᠲᠦᠮᠡᠨ᠎ᠦ ᠬᠠᠮᠲᠤ᠎ᠶ᠋ᠢᠨ ᠦᠢᠯᠡᠰ ᠮᠥᠨ᠂ ᠪᠠᠰᠠ ᠴᠤ᠌ ᠪᠦᠬᠦ᠌ ᠳᠤᠮᠳᠠᠳᠤ᠎ᠶ᠋ᠢᠨ ᠬᠥᠪᠡᠭᠦᠳ ᠥᠬᠢᠳ᠎ᠦᠨ ᠬᠠᠮᠲᠤ᠎ᠶ᠋ᠢᠨ ᠬᠦᠰᠡᠯ ᠵᠡᠭᠦᠳᠦ ᠮᠥᠨ᠃ ᠠᠷᠠᠳ᠎ᠤᠨ ᠤᠯᠤᠰ ᠲᠦᠷᠦ᠎ᠶ᠋ᠢᠨ ᠵᠥᠪᠯᠡᠯᠭᠡᠨ ᠳᠤᠮᠳᠠᠳᠤ᠎ᠶ᠋ᠢᠨ ᠬᠥᠪᠡᠭᠦᠳ ᠥᠬᠢᠳ᠎ᠦᠨ ᠶᠡᠬᠡ ᠪᠦᠯᠬᠦᠮᠳᠡᠯ᠎ᠢ ᠤᠬᠠᠮᠰᠠᠷ ᠡᠴᠡ᠎ᠪᠠᠨ ᠠᠬᠢᠭᠤᠯᠵᠤ᠂ ᠲᠡᠢ᠌ᠴᠢᠯᠡᠵᠦ᠍ ᠪᠣᠯᠬᠤ ᠢᠳᠡᠪᠬᠢ ᠬᠦᠴᠦᠨ ᠵᠦᠢᠯ ᠪᠦᠬᠦᠠ᠎ᠢ ᠲᠡᠢ᠌ᠴᠢᠯᠡᠵᠦ᠍᠂ ᠪᠦᠯᠬᠦᠮᠳᠡᠵᠦ᠍ ᠪᠣᠯᠬᠤ ᠬᠦᠴᠦᠨ ᠪᠦᠬᠦᠠ ᠲᠡᠶ ᠪᠦᠯᠬᠦᠮᠳᠡᠬᠦ᠌ ᠬᠡᠷᠡᠭ᠌ᠲᠡᠢ᠃ ᠦᠵᠡᠯ ᠰᠠᠨᠠᠭ᠎ᠠ ᠤᠯᠤᠰ ᠲᠦᠷᠦ᠍᠎ᠶ᠋ᠢᠨ ᠵᠢᠯᠣᠭᠣᠳᠤᠮᠵᠢ᠎ᠶ᠋ᠢ ᠴᠢᠩᠭᠠᠳᠭᠠᠵᠤ᠂ ᠢᠲᠡᠭᠡᠯ ᠵᠣᠷᠢᠭ᠎ᠢ ᠪᠠᠲᠤᠳᠭᠠᠬᠤ᠂ ᠠᠷᠠᠳ᠎ᠤᠨ ᠰᠡᠳᠭᠢᠯ᠎ᠢ ᠨᠢᠭ᠍ᠲᠠᠷᠠᠭᠤᠯᠬᠤ᠂ ᠬᠥᠮᠦᠰ᠎ᠦᠨ ᠰᠡᠳᠭᠢᠯ᠎ᠢ ᠳᠤᠯᠠᠭᠠᠴᠠᠭᠤᠯᠬᠤ᠂ ᠰᠡᠳᠭᠢᠯ᠎ᠢ ᠨᠢᠭᠡᠳᠭᠡᠬᠦ᠌ ᠠᠵᠢᠯ᠎ᠢ ᠢᠯᠡᠭᠦᠬᠡᠨ ᠬᠢᠵᠦ᠍ ᠂ ᠪᠦᠯᠬᠦᠮᠳᠡᠨ ᠨᠢᠭᠡᠳᠴᠦ᠍᠂ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠵᠤ᠂ ᠵᠠᠮ ᠨᠡᠭᠡᠭᠡᠨ ᠤᠷᠤᠭ᠍ᠰᠢᠯᠠᠬᠤ ᠬᠦᠴᠦᠷᠬᠡᠭ ᠶᠡᠬᠡ ᠬᠠᠮᠲᠤᠷᠠᠯ ᠬᠦᠴᠦᠨ᠎ᠢ ᠪᠦᠷᠢᠯᠳᠦᠭᠦᠯᠬᠦ᠌ ᠬᠡᠷᠡᠭ᠌ᠲᠡᠢ᠃ ᠳᠤᠮᠳᠠᠳᠤ ᠤᠯᠤᠰ᠎ᠤᠨ ᠦᠯᠢᠭᠡᠷ᠎ᠢ ᠰᠠᠢᠲᠤᠷ ᠶᠠᠷᠢᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠨᠢ ᠳᠤᠮᠳᠠᠳᠤ ᠤᠯᠤᠰ᠎ᠤᠨ ᠠᠷᠠᠳ ᠲᠦᠮᠡᠨ᠎ᠳᠦ ᠪᠤᠶᠠᠨ ᠦᠢᠯᠡᠳᠬᠦ᠌᠎ᠪᠡᠷ ᠪᠠᠷᠠᠬᠤ ᠦᠭᠡᠢ ᠪᠠᠰᠠ ᠳᠡᠯᠡᠬᠡᠢ᠎ᠶ᠋ᠢᠨ ᠡᠯ᠎ᠡ ᠤᠯᠤᠰ᠎ᠤᠨ ᠣᠳᠣᠬᠢᠴᠢᠯᠠᠯᠲᠠ᠎ᠶ᠋ᠢ ᠠᠬᠢᠭᠤᠯᠬᠤ ᠵᠢ ᠳᠤᠳᠤᠷᠬᠠᠢ ᠶᠠᠷᠢᠵᠤ᠂ ᠰᠠᠢ᠌ᠨ ᠰᠠᠢᠬᠠᠨ ᠭᠠᠳᠠᠭᠠᠳᠤ ᠣᠷᠴᠢᠨ ᠲᠣᠭᠣᠷᠢᠨ᠎ᠢ ᠪᠤᠢ ᠪᠣᠯᠭᠠᠬᠤ᠎ᠳᠤ ᠬᠦᠴᠦᠨ ᠨᠡᠮᠡᠷᠢᠯᠡᠬᠦ᠌ ᠬᠡᠷᠡᠭ᠌ᠲᠡᠢ᠃

ᠭᠡᠱᠢᠭᠦᠳ ᠡ᠂ ᠨᠥᠬᠥᠳ ᠡ!

ᠤᠭ ᠰᠠᠨᠠᠭ᠎ᠠ ᠬᠠᠳᠠ ᠴᠢᠯᠠᠭᠤ ᠠᠳᠠᠯᠢ᠂ ᠡᠭᠦᠷᠭᠡ ᠬᠠᠷᠢᠭᠤᠴᠠᠯᠭ᠎ᠠ ᠬᠦᠳᠡᠯᠭᠡᠭᠦ ᠬᠦᠴᠦᠨ ᠮᠡᠲᠦ᠍᠃ ᠪᠢᠳᠠ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ᠎ᠶᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍ ᠂ ᠪᠣᠳᠠᠲᠠᠢ ᠠᠵᠢᠯᠯᠠᠬᠤ᠂ ᠬᠠᠷᠢᠭᠤᠴᠠᠯᠭ᠎ᠠ  ᠡᠭᠦᠷᠭᠡᠯᠡᠬᠥ ᠵᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠱᠢᠨ᠎ᠡ ᠠᠶᠠᠨ᠎ᠳᠤ ᠪᠢᠴᠢᠭ᠌ᠯᠡᠵᠦ᠍᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ᠎ᠶ᠋ᠢᠨ ᠲᠥᠯᠥᠭᠡ ᠪᠦᠯᠬᠦᠮᠳᠡᠨ ᠲᠡᠮᠡᠴᠡᠵᠡᠭᠡᠶ᠎ᠡ!



(ᠰᠢᠨᠬᠤᠸᠠ ᠬᠤᠷᠢᠶ᠎ᠠ ᠵᠢᠨ ᠪᠡᠭᠡᠵᠢᠩ ᠤ᠋ᠨ 3 ᠰᠠᠷ᠎ᠠ ᠵᠢᠨ 10 ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号